ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2020 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/28
     9 ᠰᠠᠷ᠎ᠠ ᠶᠢᠨ 25 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠦ᠂ ᠳᠡᠭᠡᠳᠦ ᠴᠢᠳᠠᠪᠬᠢᠲᠤ ᠨᠡᠭᠦᠷᠡᠰᠦᠨ ᠰᠢᠷᠬᠡᠭ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠵᠦᠪᠯᠡᠯᠴᠡᠭᠡᠷ ᠵᠢᠴᠢ ︽ᠴᠢᠩᠱᠠᠨ ᠲᠣᠭᠤᠷᠢᠭ ᠤᠨ ᠬᠤᠲᠠ ᠶᠢᠨ ᠠᠷᠠᠳ ᠤᠨ ᠶᠡᠭᠡ ᠲᠢᠩᠬᠢᠮ ᠢ ᠥᠭᠡᠷᠡᠴᠢᠯᠡᠨ ᠪᠠᠶᠢᠭᠤᠯᠬᠤ ᠲᠥᠰᠦᠯ︾ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠫᠧᠢ ᠸᠧᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠵᠢᠶᠦ᠋ᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠼᠠᠢ᠂ ᠰᠢᠤᠢ ᠮᠤᠤ ᠬᠤᠸᠠ᠂ ᠵᠢᠶᠠᠩ ᠪᠢᠨ᠂ ᠯᠢ ᠭᠦᠸᠧ ᠬᠤᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠾᠧᠦ ᠶᠦᠩ ᠹᠧᠩ ᠬᠤᠷᠠᠯ ᠳᠤ ᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠳᠡᠭᠡᠲᠦ ᠴᠢᠳᠠᠪᠬᠢᠲᠤ ᠨᠡᠭᠦᠷᠡᠰᠦᠨ ᠰᠢᠷᠬᠡᠭ ᠤᠨ ᠲᠥᠷᠥᠯ ᠵᠦᠢᠯ ᠬᠤᠲᠠ ᠲᠣᠭᠤᠷᠢᠭ ᠤᠨ ᠬᠤᠶᠠᠷ ᠱᠠᠲᠤᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠦᠢᠯ ᠪᠣᠯᠬᠤᠷ ᠴᠢᠩᠱᠠᠨ ᠲᠣᠭᠤᠷᠢᠭ ᠤᠨ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠨᠡᠶᠢᠴᠡᠵᠦ᠂ ᠣᠳᠣ ᠳᠤ ᠰᠤᠯᠠ ᠪᠠᠶᠢᠭ᠎ᠠ ᠭᠠᠵᠠᠷ ᠰᠢᠷᠣᠶ ᠶᠢᠨ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠭᠠᠵᠠᠷ ᠣᠷᠣᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠭᠠᠵᠠᠷ ᠰᠢᠷᠣᠶ ᠶᠢ ᠠᠷᠪᠢᠲᠠᠶ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠠᠯ ᠠᠴᠠ ᠱᠠᠭᠠᠷᠳᠠᠭᠰᠠᠨ ᠨᠢ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠯᠤᠭ᠎ᠠ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠡᠯᠡᠯᠴᠡᠭᠡᠷ ᠤᠨ ᠠᠭᠤᠯᠭ᠎ᠠ ᠶᠢ ᠲᠡᠭᠦᠯᠳᠡᠷᠵᠢᠭᠦᠯᠵᠦ᠂ ᠬᠤᠶᠠᠷ ᠲᠠᠯ᠎ᠠ ᠶᠢᠨ ᠡᠷᠬᠡ ᠡᠭᠦᠷᠭᠡ ᠶᠢ ᠲᠤᠲᠤᠷᠬᠠᠶᠢᠯᠠᠨ᠂ ᠭᠠᠷᠳᠠᠮ ᠢ ᠭᠦᠢᠴᠡᠳᠭᠡᠬᠦ ᠶᠢ ᠲᠦᠷᠭᠡᠳᠬᠡᠵᠦ᠂ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠲᠥᠷᠥᠯ ᠵᠦᠢᠯ ᠢ 2021 ᠣᠨ ᠤ 1 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠴᠢᠩᠱᠠᠨ ᠲᠣᠭᠤᠷᠢᠭ ᠤᠨ ᠬᠤᠲᠠ ᠶᠢᠨ ᠠᠷᠠᠳ ᠤᠨ ᠶᠡᠭᠡ ᠲᠢᠩᠬᠢᠮ ᠤᠨ ᠦᠭᠡᠷᠡᠴᠢᠯᠡᠯᠲᠡ ᠶᠢ ᠬᠡᠷᠡᠭᠵᠢᠭᠦᠯᠵᠦ᠂ ᠠᠵᠢᠯ ᠡᠷᠬᠢᠯᠡᠬᠦ ᠠᠵᠤ ᠠᠬᠤᠶᠢᠯᠠᠯ ᠪᠣᠯᠤᠨ ᠣᠯᠠᠨ ᠲᠦᠮᠡᠨ ᠤ ᠪᠣᠳᠠᠲᠤ ᠬᠡᠷᠡᠭᠴᠡᠭᠡ ᠶᠢ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ᠂ ᠭᠠᠵᠠᠷ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠬᠤᠷᠠᠯ ᠠᠴᠠ ᠱᠠᠭᠠᠷᠳᠠᠭᠰᠠᠨ ᠨᠢ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠯ᠎ᠡ ᠨᠢᠭᠡᠴᠡ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ︽ᠴᠢᠩᠱᠠᠨ ᠲᠣᠭᠤᠷᠢᠭ ᠤᠨ ᠬᠤᠲᠠ ᠶᠢᠨ ᠠᠷᠠᠳ ᠤᠨ ᠶᠡᠭᠡ ᠲᠢᠩᠬᠢᠮ ᠢ ᠦᠭᠡᠷᠡᠴᠢᠯᠡᠬᠦ ᠲᠥᠰᠦᠯ︾ ᠤᠨ ᠵᠢᠷᠤᠭ ᠲᠥᠯᠥᠪᠯᠡᠭᠡ ᠶᠢᠨ ᠨᠠᠷᠢᠨ ᠵᠦᠢᠯᠡᠰ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠭᠤᠴᠠᠭ᠎ᠠ ᠬᠤᠪᠢᠶᠠᠨ ᠠᠬᠢᠭᠤᠯᠵᠤ᠂ ᠲᠦᠷᠭᠡᠳᠬᠡᠨ ᠬᠡᠷᠡᠭᠵᠢᠭᠦᠯᠦᠨ᠎ᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号