ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/18
     ᠣᠶᠢᠷ᠎ᠠ ᠳᠤ᠂ ᠵᠤᠯ ᠵᠢᠷᠭᠠᠯ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭ᠎ᠠ  ᠶᠢᠨ ᠭᠤᠷᠪᠠᠳᠤᠭᠠᠷ ᠰᠤᠷᠭᠠᠭᠤᠯᠢ ᠶᠢᠨ ᠲᠣᠭᠤᠷᠢᠭ ᠲᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭᠠᠨ ᠤ ᠬᠢᠴᠢᠶᠡᠯ ᠪᠠ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ ᠬᠢᠴᠢᠶᠡᠯ ᠢᠶᠠᠷ ᠭᠤᠤᠯ ᠠᠷᠭ᠎ᠠ ᠵᠠᠮ ᠪᠣᠯᠭᠠᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠣᠭᠤᠷᠢᠨ  ᠳᠤ《ᠦᠨᠳᠦᠰᠦᠲᠡᠨ ᠤ ᠪᠦᠯᠬᠦᠮᠳᠡᠯ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ》ᠭᠤᠤᠯ ᠰᠡᠳᠦᠪᠲᠦ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠬᠢᠴᠢᠶᠡᠯ ᠢ ᠥᠷᠨᠢᠭᠦᠯᠪᠡ᠃ ᠬᠢᠴᠢᠶᠡᠯ ᠤᠨ ᠲᠠᠩᠬᠢᠮ ᠳᠤ᠂ ᠰᠤᠷᠤᠭᠴᠢᠳ ᠠᠬᠤᠶ ᠪᠠᠶᠢᠳᠠᠯ ᠢ ᠮᠠᠭᠠᠳᠯᠠᠬᠤ᠂ ᠥᠯᠢᠭᠡᠷ ᠰᠣᠨᠣᠰᠬᠤ᠂ ᠲᠥᠷᠥᠭᠳᠡᠯ ᠢᠶᠠᠨ ᠬᠡᠯᠡᠬᠦ ᠪᠠᠷ ᠳᠡᠮᠵᠢᠨ᠂ ᠦᠨᠳᠦᠰᠦᠲᠡᠨ ᠨᠦᠭᠦᠳ ᠪᠦᠯᠬᠦᠮᠳᠡᠨ ᠬᠠᠪᠰᠤᠷᠤᠯᠴᠠᠭᠰᠠᠨ ᠥᠯᠢᠭᠡᠷ ᠢ ᠣᠶᠢᠯᠠᠭᠠᠵᠤ᠂ ᠠᠳᠠᠯᠢ ᠪᠤᠰᠤ ᠦᠨᠳᠦᠰᠦᠲᠡᠨ  ᠤ ᠵᠠᠩ ᠦᠶᠯᠡ ᠰᠣᠶᠣᠯ ᠢ ᠡᠵᠡᠮᠰᠢᠪᠡ᠃ ᠲᠣᠰ ᠤᠳᠠᠭᠠᠨ ᠤ ᠭᠤᠤᠯ ᠰᠡᠳᠦᠪᠲᠦ ᠬᠢᠴᠢᠶᠡᠯ ᠨᠢ ᠰᠤᠷᠤᠭᠴᠢᠳ ᠤᠨ ᠦᠨᠳᠦᠰᠦᠲᠡᠨ ᠤ ᠥᠪᠡᠷ ᠢ ᠪᠠᠨ ᠬᠦᠨᠳᠦᠳᠬᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠵᠦ᠂《ᠲᠠᠪᠤ ᠶᠢ ᠮᠡᠳᠡᠷᠡᠬᠦ》ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ  ᠨᠦᠭᠦᠳ ᠤᠨ ᠰᠤᠷᠤᠭᠴᠢᠳ ᠤᠨ ᠪᠦᠯᠬᠦᠮᠳᠡᠯ ᠲᠠᠢ ᠨᠥᠬᠦᠷᠰᠡᠭ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠨᠳᠦᠰᠦᠲᠡᠨ ᠤ ᠶᠡᠭᠡ ᠪᠦᠯᠬᠦᠮᠳᠡᠯ ᠤᠨ ᠠᠭᠤᠷ ᠠᠮᠢᠰᠬᠤᠯ ᠢ ᠪᠣᠶ ᠪᠣᠯᠭᠠᠪᠠ᠃ᠢᠷᠡᠯᠲᠡ᠄ ᠴᠢᠩᠱᠠᠨ ᠬᠦᠮᠦᠨ ᠴᠢᠩᠱᠠᠨ ᠤ ᠶᠠᠪᠤᠳᠠᠯ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号