ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶᠠᠨ ᠤ ᠪᠦᠬᠦ ᠣᠷᠣᠨ ᠪᠦᠰᠡ ᠶᠢᠨ ᠬᠤᠳᠠᠯᠳᠤᠭᠠᠴᠢᠨ ᠤᠷᠢᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2021/1/20
     《ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠰᠲ᠋ᠧᠮ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ》ᠵᠢᠴᠢ《ᠴᠢᠩᠱᠠᠨ ᠲᠣᠭᠤᠷᠢᠭ ᠤᠨ ᠨᠠᠮ ᠎ ᠤᠨ ᠬᠤᠷᠢᠶ᠎ᠠ ᠶᠢᠨ ᠠᠯᠪᠠᠨ ᠬᠡᠷ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠎ ᠤᠨ〈ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ〉᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ》᠎ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠵᠢᠴᠢ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ  ᠲᠤᠤᠱᠯᠠᠭᠤᠯᠤᠨ ᠨᠠᠶᠢᠲᠠᠪᠦᠷᠢᠵᠢᠭᠤᠯᠵᠦ᠂ ᠮᠠᠨ ᠤ ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠤᠰᠠᠳᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠪᠴᠢᠶ᠎ᠡ ᠶᠢ ᠦᠷᠭᠡᠳᠭᠡᠨ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠡᠷᠡᠭᠦᠯ ᠮᠡᠨᠳᠦ᠂ ᠬᠤᠷᠳᠤᠨ᠂ ᠦᠷᠭᠦᠯᠵᠢᠯᠡᠬᠦ ᠬᠥᠭᠵᠢᠯᠲᠡ‌‍ᠶᠢ ᠪᠠᠲᠤᠯᠠᠵᠦ᠂ ᠮᠠᠨ ᠤ ᠲᠣᠪᠴᠢᠶᠠᠨ ᠤ ᠪᠣᠳᠠᠲᠤ ᠪᠠᠶᠳᠠᠯ ᠲᠠᠢ ᠤᠶᠠᠯᠳᠤᠭᠤᠯᠤᠨ᠂ 1 ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ ᠪᠦᠬᠦ ᠺᠠᠳ᠋ᠷ ᠠᠵᠢᠯᠲᠠᠨ ᠤ ᠶᠡᠭᠡ ᠬᠤᠷᠠᠯ ᠬᠢᠵᠦ᠂ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ 2021 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠢ ᠲᠣᠬᠢᠷᠠᠭᠤᠯᠤᠨ ᠪᠠᠶᠢᠷᠢᠯᠠᠭᠤᠯᠪᠠ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠡᠩ ᠲᠡᠷᠢᠭᠦᠨ ᠳᠤ ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠎ ᠤᠨ ᠲᠣᠪᠴᠢᠶ᠎ᠠ ᠶᠢᠨ ᠡᠷᠬᠢᠯᠡᠭᠴᠢ ᠭᠡᠰᠢᠭᠦᠴᠢ ᠬᠠᠨ ᠬᠤᠶ ᠨᠥᠬᠦᠷ《ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠭᠦᠨᠵᠡᠭᠡᠶ ᠥᠷᠨᠢᠭᠦᠯᠬᠦ ᠲᠤᠰᠬᠠᠶ ᠠᠵᠢᠯᠯᠠᠭ᠎ᠠ ᠶᠢᠨ ᠲᠥᠰᠦᠯ》᠎ ᠤᠨ ᠲᠤᠬᠠᠶ ᠠᠵᠢᠯ ᠤᠨ ᠪᠠᠶᠢᠷᠢᠯᠠᠭᠤᠯᠤᠯᠲᠠ ᠬᠢᠵᠦ᠂ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠵᠣᠣ ᠵᠢᠶᠠᠨ ᠵᠢᠶᠦ᠋ᠨ ᠨᠥᠬᠦᠷ《ᠴᠢᠨᠠᠷ ᠰᠠᠶᠢᠲᠠᠶ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠣᠷᠣᠨ ᠪᠦᠰᠡ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠶ᠎ᠠ》ᠭᠡᠬᠦ ᠨᠣᠮ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠪᠠᠶᠢᠷᠢ ᠰᠠᠭᠤᠷᠢ᠂ ᠦᠢᠯᠡᠳᠦᠯ ᠬᠢᠭᠡᠳ ᠲᠡᠭᠦᠨ ᠤ ᠣᠷᠣᠰᠢᠬᠤ ᠥᠷᠲᠡᠭ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠷᠭᠦᠯᠵᠢ ᠬᠡᠷᠡᠭᠯᠡᠬᠦ ᠠᠷᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠢᠷᠡᠭᠡᠳᠦᠶ ᠶᠢᠨ ᠬᠠᠨᠳᠤᠰᠢ᠂ ᠣᠳᠣᠬᠠᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠷᠤᠰᠢᠵᠦ ᠪᠠᠶᠢᠭ᠎ᠠ ᠠᠰᠠᠭᠤᠳᠠᠯ᠂ ᠣᠳᠣᠬᠠᠨ ᠤ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠭᠤᠣᠯ ᠪᠣᠯᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ ᠲᠤᠬᠠᠶ ᠨᠠᠶᠮᠠᠨ ᠲᠠᠯ᠎ᠠ ᠪᠠᠷ ᠲᠠᠶᠢᠯᠤᠮᠵᠢ ᠬᠢᠪᠠ᠃ ᠲᠣᠪᠴᠢᠶᠠᠨ ᠳᠠᠷᠤᠭ᠎ᠠ ᠵᠣᠣ ᠵᠢᠶᠠᠨ ᠵᠢᠶᠦ᠋ᠨ ᠬᠤᠳᠠᠯᠳᠤᠭᠠᠴᠢᠨ ᠤᠷᠢᠵᠤ ᠪᠠᠯᠠ ᠲᠠᠲᠠᠭᠰᠠᠨ ᠠᠷᠪᠠ ᠭᠠᠷᠤᠶ ᠵᠢᠯ ᠤᠨ ᠬᠤᠷᠠᠮᠳᠤᠭᠤᠯᠤᠭᠰᠠᠨ ᠠᠵᠢᠯ ᠤᠨ ᠲᠤᠷᠰᠢᠯᠭ᠎ᠠ ᠪᠠᠷ ᠳᠠᠮᠵᠢᠭᠤᠯᠤᠨ᠂ ᠮᠠᠨ ᠤ ᠲᠣᠪᠴᠢᠶ᠎ᠠ ᠶᠢᠨ ᠡᠩ ᠤᠨ ᠺᠠᠳ᠋ᠷ ᠠᠵᠢᠯᠲᠠᠨ ᠠᠵᠢᠯᠴᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠡᠭᠡ ᠣᠷᠴᠢᠨ ᠨᠥᠬᠦᠴᠡᠯ ᠳᠤ ᠲᠣᠰ ᠪᠡᠶ᠎ᠡ ᠎ ᠶᠢᠨ ᠳᠠᠪᠠᠭᠤᠯᠢᠭ ᠢᠶᠠᠨ ᠬᠡᠷᠬᠢᠨ ᠪᠠᠳᠠᠷᠠᠭᠤᠯᠵᠤ᠂ ᠮᠠᠨ ᠤ ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠬᠤᠪᠢ ᠨᠡᠮᠡᠷᠢ ᠦᠵᠡᠭᠦᠯᠬᠦ ᠲᠤᠬᠠᠶ ᠭᠤᠤᠯᠳᠠᠯᠭ᠎ᠠ ᠲᠠᠢ ᠶᠠᠷᠢᠪᠠ᠃ ᠬᠠᠮᠤᠭ ᠰᠡᠭᠦᠯ ᠳᠤ ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠬᠤᠩ ᠲᠤᠤ ᠨᠥᠬᠦᠷ ᠪᠦᠬᠦ ᠲᠠᠯ᠎ᠠ ᠶᠢᠨ ᠡᠩ ᠎ ᠤᠨ ᠺᠠᠳ᠋ᠷ ᠠᠵᠢᠯᠲᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠪᠦᠬᠦ ᠲᠠᠯ᠎ᠠ ᠶᠢᠨ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃      ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ᠂ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠰ ᠢᠯᠡᠷᠬᠡᠶᠢᠯᠡᠬᠦ ᠎ ᠳᠡᠭᠡᠨ᠂ ᠬᠡᠳᠦᠶᠢᠪᠡᠷ ᠲᠣᠰ ᠤᠳᠠᠭᠠᠨ ᠤ ᠪᠣᠯᠪᠠᠰᠤᠷᠠᠭᠤᠯᠤᠯ ᠤᠨ ᠴᠠᠭ ᠨᠢ ᠣᠬᠤᠷ ᠪᠣᠯᠪᠠᠴᠤ ᠠᠭᠤᠯᠭ᠎ᠠ ᠨᠢ ᠡᠯᠪᠡᠭ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠳᠠᠭ᠂ ᠪᠣᠯᠪᠠᠰᠤᠷᠠᠭᠤᠯᠤᠯ ᠢᠶᠠᠷ ᠳᠡᠮᠵᠢᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠡᠳᠬᠢᠮᠵᠢ ᠪᠠᠨ ᠲᠣᠳᠣᠷᠬᠠᠶᠢᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠪᠤᠴᠠ ᠶᠢ ᠤᠯᠠᠮ ᠨᠢᠭᠡ ᠠᠯᠬᠤᠮ ᠡᠵᠡᠮᠰᠢᠭᠰᠡᠨ ᠠᠴᠠ ᠮᠠᠨ ᠤ ᠲᠣᠪᠴᠢᠶ᠎ᠠ ᠶᠢᠨ ᠡᠩ ᠤᠨ ᠺᠠᠳ᠋ᠷ ᠠᠵᠢᠯᠲᠠᠨ ᠨᠢᠭᠡᠪᠦᠷᠢ ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠨᠠᠩ ᠲᠣᠳᠣᠷᠬᠠᠶ ᠲᠠᠨᠢᠯᠲᠠ ᠲᠠᠢ ᠪᠣᠯᠵᠣ᠂ ᠮᠠᠨ ᠤ ᠲᠣᠪᠴᠢᠶ᠎ᠠ ᠶᠢᠨ ᠬᠤᠶᠢᠰᠢᠳᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠨᠠᠩ ᠲᠦᠷᠭᠡᠨ ᠨᠠᠩ ᠰᠠᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠪᠡ ᠭᠡᠵᠡᠶ᠃ ᠢᠷᠡᠯᠲᠡ᠄ ᠪᠤᠭᠤᠲᠤ ᠬᠤᠲᠠ ᠶᠢᠨ  ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号