ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢ ᠤᠨᠤᠪᠴᠢᠲᠠᠢ ᠬᠡᠷᠡᠭᠵᠢᠭᠦᠯᠵᠦ᠂ ︽ᠴᠢᠩᠱᠠᠨ ᠳᠤ ᠰᠤᠷᠤᠯᠴᠠᠬᠤ︾ ᠰᠢᠨ᠎ᠡ ᠲᠤᠭᠲᠠᠮᠵᠢ ᠢ ᠴᠢᠷᠮᠠᠶᠢᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2021/10/21
     ᠰᠤᠷᠪᠤᠯᠵᠢᠯᠠᠭᠰᠠᠨ ᠭᠤᠣᠯ ᠰᠡᠳᠦᠪ᠄ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢ ᠤᠨᠤᠪᠴᠢᠲᠠᠢ ᠬᠡᠷᠡᠭᠵᠢᠭᠦᠯᠵᠦ᠂ ︽ᠴᠢᠩᠱᠠᠨ ᠳᠤ ᠰᠤᠷᠤᠯᠴᠠᠬᠤ︾ ᠰᠢᠨ᠎ᠡ ᠲᠤᠭᠲᠠᠮᠵᠢ ᠢ ᠴᠢᠷᠮᠠᠶᠢᠨ  ᠪᠠᠶᠢᠭᠤᠯᠤᠨ᠎ᠠ      ᠰᠤᠷᠪᠤᠯᠵᠢᠯᠠᠭᠰᠠᠨ ᠴᠠᠭ᠄ 2021 ᠣᠨ ᠤ 5 ᠰᠠᠷ᠎ᠠ ᠶᠢᠨ 25᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠡᠦ ᠱᠧᠩ ᠴᠢᠶᠠᠩ      ᠰᠤᠪᠤᠯᠵᠢᠯᠠᠭᠰᠠᠨ ᠠᠬᠤᠶ ᠪᠠᠶᠢᠳᠠᠯ᠄ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ︽ᠴᠢᠩᠱᠠᠨ ᠳᠤ ᠰᠤᠷᠤᠯᠴᠠᠬᠤ︾ ᠰᠢᠨ᠎ᠡ ᠪᠠᠶᠢᠷᠢᠰᠢᠯ ᠢ ᠴᠢᠷᠮᠠᠶᠢᠨ ᠴᠣᠭᠴᠠᠯᠠᠨ᠎ᠠ      ᠬᠥᠲᠥᠯᠥᠭᠴᠢ᠄      ᠲᠠ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠮᠡᠲᠦ ᠲᠤᠲᠤᠨᠦ ᠪᠠᠶᠢᠬᠤ ᠎ ᠶᠢ ᠪᠠᠬᠢᠵᠢᠭᠦᠯᠬᠦ ᠪᠣᠳᠠᠲᠠᠢ ᠠᠷᠭ᠎ᠠ ᠶᠢ ᠲᠠᠨᠢᠯᠴᠠᠭᠤᠯᠵᠦ ᠦᠭᠭᠦᠨ᠎ᠡ ᠤᠤ︖      ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄      ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠪᠠ ᠦᠨᠳᠦᠰᠦᠲᠡᠨ ᠤ ᠪᠦᠯᠬᠦᠮᠳᠡᠯ ᠤᠨ ᠨᠢᠭᠡ ᠭᠡᠷ ᠤᠨ ᠮᠡᠲᠦ ᠲᠤᠲᠤᠨᠤᠰᠤᠭ ᠪᠣᠯᠬᠤ ᠠᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠪᠠᠭᠰᠢ ᠶᠢᠨ ᠡᠩᠨᠡᠭᠡ ᠲᠠᠢ ︽ᠭᠤᠷᠪᠠᠨ ᠵᠦᠢᠯ ᠤᠨ ᠠᠭᠤᠰᠤᠯᠴᠠᠯ︾᠎ ᠢ ᠪᠡᠶᠡᠯᠡᠭᠦᠯᠬᠦ ᠪᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠪᠠ᠃      1᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠬᠢᠴᠢᠶᠡᠯ ᠤᠨ ᠥᠭᠡᠷᠡᠴᠢᠯᠡᠯᠲᠡ ᠳᠤ ᠠᠭᠤᠰᠬᠠᠨ᠎ᠠ᠃ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠬᠢᠴᠢᠶᠡᠯ ᠤᠨ ᠵᠢᠱᠢᠶ᠎ᠡ ᠪᠠᠷ ᠳᠠᠮᠵᠢᠭᠤᠯᠤᠨ᠂ ᠰᠤᠷᠤᠭᠴᠢᠳ ᠤᠨ ᠰᠢᠨ᠎ᠡ ᠣᠨᠴᠠᠯᠢᠭ ᠰᠢᠨ᠎ᠡ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ︽ᠰᠤᠷᠭᠠᠭᠤᠯᠢ ᠶᠢᠨ ᠥᠪᠡᠷ ᠤᠨ ᠬᠢᠴᠢᠶᠡᠯ︾᠎ ᠳᠤ ᠠᠭᠤᠰᠬᠠᠨ ᠣᠷᠣᠭᠤᠯᠬᠤ ᠶᠢ ᠬᠠᠶᠢᠨ ᠰᠦᠪᠡᠭᠴᠢᠯᠡᠵᠦ᠂ ᠵᠢᠭᠠᠨ ᠰᠤᠷᠭᠠᠯᠲᠠ ᠶᠢᠨ ᠲᠠᠭᠤᠨ ᠢ ᠬᠥᠭᠵᠢᠭᠡᠨ᠂ ᠦᠵᠡᠯ ᠤᠬᠠᠮᠰᠠᠷ ᠢ ᠭᠦᠨᠵᠡᠭᠡᠶᠢᠷᠡᠭᠦᠯᠦᠨ᠎ᠡ᠃ ︽ᠴᠢᠩᠱᠠᠨ ᠰᠤᠷᠭᠠᠨ ᠬᠥᠮᠦᠵᠢᠯ ᠤᠨ ᠰᠠᠶᠢᠨ ᠲᠠᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ︾᠎ ᠢᠶᠠᠷ  ᠳᠠᠮᠵᠢᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠪᠠ ᠦᠷ᠎ᠡ ᠪᠦᠲᠦᠮᠵᠢ ᠶᠢ ᠰᠠᠶᠢᠲᠤᠷ ᠤᠬᠠᠭᠤᠯᠤᠨ᠎ᠠ︔ ᠪᠠᠭᠰᠢ ᠨᠠᠷ ᠤᠨ ᠲᠥᠷᠥ ᠶᠢᠨ ᠪᠣᠳᠣᠯᠭ᠎ᠠ ᠶᠢᠨ ᠰᠡᠳᠦᠪ ᠬᠠᠷᠢᠭᠤᠯᠬᠤ᠂ ᠰᠤᠷᠤᠭᠴᠢᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ᠂ ᠠᠩᠭᠢ ᠪᠦᠯᠬᠦᠮ ᠤᠨ ᠬᠤᠷᠠᠯ ᠵᠡᠷᠭᠡ ᠬᠡᠯᠪᠡᠷᠢ ᠪᠠᠷ ᠴᠢᠳᠠᠪᠤᠷᠢᠲᠠᠨ ᠪᠣᠯᠵᠣ ᠦᠰᠦᠨ ᠪᠤᠶᠢᠵᠢᠬᠤ ᠳᠤ ᠬᠦᠴᠦᠨ ᠨᠡᠮᠡᠷᠢᠯᠡᠭᠰᠡᠨ ᠰᠠᠶᠢᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠶ︔ ︽ᠪᠠᠭᠰᠢ ᠨᠠᠷ ᠢ ᠡᠷᠦᠬᠡ ᠳᠤ ᠠᠶᠢᠯᠴᠢᠯᠠᠬᠤ︾ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤ ᠥᠭᠭᠦᠨ᠎ᠡ᠃      2᠂ ᠰᠣᠶᠣᠯ ᠤᠨ ᠲᠠᠨᠢᠨ ᠮᠡᠳᠡᠷᠡᠬᠦᠶ ᠶᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ  ᠠᠭᠤᠰᠬᠠᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠤᠨ ︽ᠴᠢᠩᠱᠠᠨ ᠳᠠᠭᠠᠨ ᠰᠤᠷᠤᠯᠴᠠᠬᠤ︾ ᠨᠡᠷᠡᠲᠦ ᠲᠡᠮᠳᠡᠭ ᠢ ᠰᠤᠷᠭᠠᠭᠤᠯᠢ ᠶᠢᠨ ᠬᠦᠷᠢᠶᠡᠨ ᠤ ᠰᠣᠶᠣᠯ ᠳᠤ ᠠᠭᠤᠰᠬᠠᠵᠤ᠂ ᠳᠤᠮᠳᠠᠲᠦ ᠶᠢᠨ ᠦᠨᠳᠦᠰᠦᠲᠡᠨ ᠤ ᠬᠠᠮᠲᠦ ᠶᠢᠨ ᠴᠤᠭᠴᠠ ᠶᠢᠨ ᠤᠬᠠᠨᠰᠠᠷ ᠢ ᠪᠠᠳᠤᠳᠬᠠᠵᠦ᠂ ᠡᠯ᠎ᠡ ᠲᠦᠷᠦᠯ ᠤᠨ ᠣᠨᠴᠠᠯᠢᠭ ᠲᠠᠢ ᠰᠣᠶᠣᠯ ᠤᠨ ᠤᠬᠠᠮᠰᠠᠷ ᠢ ᠪᠤᠢ ᠪᠣᠯᠭᠠᠵᠤ᠂ ᠪᠠᠭᠰᠢ ᠰᠤᠷᠤᠭᠴᠢᠳ ᠢ ᠬᠦᠳᠦᠯᠦᠨ ᠵᠢᠯᠣᠭᠤᠳᠴᠤ ᠠᠷᠠᠳ ᠲᠦᠮᠡᠨ ᠤ ᠵᠣᠭᠰᠣᠯᠲᠠ ᠳᠤ ᠪᠠᠲᠤ ᠵᠤᠭᠰᠤᠭᠰᠠᠨ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠪᠤᠯᠭᠠᠨ᠎ᠠ᠃        3᠂ ᠤᠯᠤᠰ ᠲᠥᠷᠥ ᠶᠢᠨ ᠤᠬᠠᠮᠰᠠᠷ ᠶᠢ ᠪᠠᠭᠰᠢ ᠶᠢᠨ ᠡᠩᠨᠡᠭᠡ ᠶᠢ ᠬᠥᠮᠦᠵᠢᠭᠦᠯᠬᠦ ᠳᠤ ᠠᠭᠤᠰᠬᠠᠨ᠎ᠠ᠃ ᠭᠤᠣᠯᠯᠠᠭᠴᠢ ᠬᠦᠴᠦᠨ ᠢᠶᠠᠷ ᠨᠥᠯᠥᠭᠡᠯᠡᠬᠦ᠂ ᠲᠤᠰᠬᠠᠢ ᠮᠡᠷᠭᠡᠵᠢᠯᠲᠡᠨ ᠢᠶᠠᠷ ᠬᠦᠳᠦᠯᠦᠨ ᠳᠠᠭᠠᠭᠤᠯᠬᠤ ︽ᠬᠤᠣᠰ ᠱᠤᠭᠤᠮ︾᠎ ᠢ ᠪᠤᠶᠢᠵᠢᠭᠤᠯᠬᠤ ᠪᠠᠷ ᠳᠠᠮᠵᠢᠭᠤᠯᠵᠤ᠂ ᠨᠡᠷᠡᠳᠦ ᠪᠠᠭᠰᠢ ᠶᠢᠨ ᠬᠦᠳᠦᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠪᠦᠬᠦ ᠰᠢᠰᠲ᠋ᠧᠮ ᠳᠤ ︽ᠤᠯᠠᠨ ᠲᠦᠮᠡᠨᠴᠢᠯᠡᠬᠦ︾ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠯᠴᠠᠯᠭ᠎ᠠ ᠶᠢᠨ ᠠᠭᠤᠯᠭ᠎ᠠ ᠶᠢ ᠨᠠᠷᠢᠨ ᠲᠠᠩᠰᠠᠴᠢᠯᠠᠬᠤ᠂ ᠰᠤᠷᠤᠯᠴᠠᠯᠭ᠎ᠠ ᠶᠢᠨ ᠳᠠᠪᠲᠠᠮᠵᠢ ᠶᠢ ᠰᠠᠷᠠᠴᠢᠯᠠᠬᠤ᠂ ᠰᠤᠷᠤᠯᠴᠠᠯᠭ᠎ᠠ ᠶᠢᠨ ᠬᠡᠪᠴᠢᠶ᠎ᠠ ᠶᠢ ᠪᠦᠬᠦ ᠠᠵᠢᠯᠳᠠᠨᠴᠢᠯᠠᠬᠤ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠰ ᠮᠡᠲᠦ ᠲᠤᠲᠤᠨᠤ ᠲᠤᠰᠬᠠᠢ ᠰᠡᠳᠦᠪᠲᠦ ᠪᠣᠯᠪᠠᠰᠤᠷᠠᠯ ᠢ ᠪᠦᠬᠦᠨ ᠢ ᠪᠦᠷᠬᠦᠬᠦᠯᠬᠦ᠂ ᠰᠢᠰᠲ᠋ᠧᠮᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠬᠥᠲᠥᠯᠥᠭᠴᠢ᠄      ᠴᠢᠩᠱᠠᠨ ᠲᠣᠭᠤᠷᠢᠭ ᠨᠢ ᠰᠤᠷᠭᠠᠨ ᠬᠥᠮᠦᠵᠢᠯ ᠤᠨ ᠲᠣᠮᠣ ᠲᠤᠭᠤᠷᠢᠭ᠂ ᠰᠤᠷᠭᠠᠨ ᠬᠥᠮᠦᠵᠢᠯ ᠤᠨ ᠬᠦᠴᠦᠷᠬᠡᠭ ᠲᠤᠭᠤᠷᠢᠭ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄      1᠂ ᠬᠤᠯᠪᠣᠭᠠᠯᠠᠨ ᠰᠤᠷᠭᠠᠭᠤᠯᠢ ᠡᠷᠭᠢᠯᠡᠬᠦ  ᠪᠠᠶᠢᠭᠤᠯᠤᠮᠵᠢ ᠶᠢ ᠰᠢᠯᠢᠳᠡᠭᠵᠢᠭᠦᠯᠦᠨ᠎ᠡ᠃ ᠨᠢᠭᠡ ᠳᠤ᠂ ᠲᠤᠭᠤᠷᠢᠭ ᠎ ᠤᠨ ᠬᠡᠪᠴᠢᠶᠡᠨ ᠳᠠᠬᠢ ᠬᠤᠯᠪᠣᠭᠠᠲᠤ ᠰᠤᠷᠭᠠᠭᠤᠯᠢ ᠶᠢ ᠵᠢᠯᠣᠭᠤᠳᠤᠨ ᠠᠵᠢᠯ ᠤᠨ ᠲᠥᠰᠦᠯ ᠢ ᠬᠠᠮᠲᠤᠪᠠᠷ ᠵᠥᠪᠳᠡᠯᠴᠡᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠭᠠᠨ ᠤ ᠬᠤᠷᠠᠯ ᠬᠤᠷᠠᠯᠳᠤᠭᠤᠯᠵᠤ᠂ ᠰᠤᠷᠭᠠᠭᠤᠯᠢ ᠶᠢᠨ ᠬᠠᠮᠢᠶᠠᠷᠤᠯᠲᠠ᠂ ᠡᠩᠨᠡᠭᠡ ᠶᠢᠨ ᠪᠠᠶᠢᠭᠤᠯᠤᠯᠲᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠭᠤᠯᠢ ᠶᠢᠨ ᠰᠣᠶᠣᠯ᠂ ᠰᠤᠷᠤᠭᠴᠢᠳ ᠤᠨ ᠠᠵᠢᠯᠯᠠᠭ᠎ᠠ ᠵᠡᠷᠭᠡ ᠲᠠᠯ᠎ᠠ ᠪᠠᠷ ᠬᠠᠷᠢᠯᠴᠠᠨ ᠰᠣᠯᠢᠯᠴᠠᠨ᠎ᠠ᠃ ᠣᠷᠣᠨ ᠪᠦᠰᠡ ᠶᠢᠨ ᠬᠡᠪᠴᠢᠶᠡᠨ ᠳᠠᠬᠢ ᠪᠠᠭᠰᠢ ᠶᠢ ᠰᠣᠯᠢᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠰᠣᠯᠢᠯᠴᠠᠬᠤ ᠡᠷᠴᠢᠮ ᠢ ᠪᠠᠶᠢᠭᠤᠯᠤᠨ᠎ᠠ᠃ ᠬᠤᠶᠠᠷ ᠲᠤ᠂ ᠵᠤᠯ ᠵᠢᠷᠭᠠᠯᠲᠦ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭ᠎ᠠ ᠶᠢᠨ ᠰᠡᠳᠬᠢᠬᠦᠶ ᠶᠢᠨ ᠬᠡᠯᠪᠡᠷᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠥᠷᠨᠢᠭᠦᠯᠬᠦ ᠶᠢ ᠳᠡᠮᠵᠢᠵᠦ᠂ ᠬᠤᠯᠪᠣᠭᠠᠨ ᠤ ᠰᠤᠷᠭᠠᠭᠤᠯᠢ ᠶᠢᠨ ᠬᠤᠭᠤᠷᠣᠨᠳᠣᠬᠢ ᠰᠤᠷᠭᠠᠨ ᠬᠥᠮᠦᠵᠢᠯ ᠤᠨ ᠬᠥᠭᠵᠢᠯᠲᠡ ᠲᠡᠩᠴᠡᠭᠦᠷᠢ ᠥᠬᠡᠶ ᠪᠠᠶᠢᠬᠤ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠮᠠᠷᠠᠲᠤ ᠶᠢᠨ ᠬᠦᠨᠳᠦ ᠠᠵᠦ ᠦᠢᠯᠡᠳᠪᠦᠷᠢ ᠶᠢᠨ ᠵᠢᠷᠭᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭ᠎ᠠ ᠶᠢ ᠬᠥᠲᠥᠯᠥᠨ ᠵᠢᠯᠣᠭᠤᠳᠴᠤ ᠨᠡᠷᠡᠳᠦ ᠪᠠᠭᠰᠢ ᠶᠢᠨ ᠠᠵᠢᠯᠯᠠᠬᠤ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠷᠡᠳᠦ ᠰᠤᠷᠭᠠᠭᠤᠯᠢ ᠶᠢᠨ ᠦᠢᠯᠡᠳᠦᠯ ᠢ ᠦᠷᠭᠦᠯᠵᠢᠯᠡᠨ ᠥᠷᠭᠡᠳᠬᠡᠨ᠎ᠡ᠃ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠤᠨ ᠲᠤᠷᠰᠢᠯᠭ᠎ᠠ ᠠᠷᠭ᠎ᠠ ᠬᠢᠳᠡᠯ ᠢ ᠪᠣᠯᠪᠠᠰᠤᠷᠠᠭᠤᠯᠤᠨ ᠳ᠋ᠦᠩᠨᠡᠵᠦ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠢᠶᠠᠨ ᠳᠡᠭᠡᠭᠰᠢᠯᠡᠭᠦᠯᠦᠨ᠂ ᠳᠡᠯᠭᠡᠷᠡᠭᠦᠯᠬᠦ ᠠᠵᠢᠯ ᠢ ᠴᠠᠭ ᠲᠤᠨᠢ ᠲᠤᠬᠢᠷᠠᠮᠵᠢᠲᠠᠢ ᠰᠠᠶᠢᠲᠤᠷ ᠬᠢᠵᠦ᠂ ᠭᠠᠵᠠᠷ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠭᠤᠷᠪᠠ ᠳᠤ᠂ ᠴᠢᠩᠳᠣᠤ᠂ ᠸᠧᠨᠵᠸᠤ ᠵᠡᠷᠭᠡ ᠭᠠᠵᠠᠷ ᠣᠷᠣᠨ ᠯᠤᠭ᠎ᠠ ᠶᠢᠨ ᠣᠷᠣᠨ ᠪᠦᠰᠡ ᠶᠢᠨ ᠬᠤᠯᠪᠣᠭ᠎ᠠ ᠵᠢᠴᠢ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠰᠤᠷᠭᠠᠭᠤᠯᠢ ᠣᠷᠣᠨ ᠨᠤᠲᠤᠭ ᠤᠨ ᠬᠤᠯᠪᠣᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠲᠤᠭᠤᠷᠢᠭ ᠤᠨ ᠬᠡᠪᠴᠢᠶᠡᠨ ᠳᠠᠬᠢ ᠡᠯ᠎ᠡ ᠰᠤᠷᠭᠠᠭᠤᠯᠢ ᠡᠷᠬᠢᠯᠡᠬᠦ ᠨᠢᠭᠡᠴᠡ ᠪᠣᠯᠤᠨ ᠤᠯᠤᠰ ᠤᠨ ᠳᠣᠲᠣᠭᠠᠳᠤ ᠶᠢᠨ ᠨᠡᠷᠡᠲᠦ ᠰᠤᠷᠭᠠᠭᠤᠯᠢ ᠶᠢᠨ ᠬᠤᠭᠤᠷᠣᠨᠳᠣᠬᠢ ᠰᠤᠯᠢᠯᠴᠠᠭᠠᠨ ᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃      2᠂ ᠨᠠᠷᠠᠲᠤ ᠰᠤᠷᠭᠠᠭᠤᠯᠢ ᠠᠴᠠ ᠡᠷᠭᠢᠯᠡᠭᠰᠡᠨ ᠬᠤᠪᠢᠶᠠᠷᠢ ᠰᠤᠷᠭᠠᠭᠤᠯᠢ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠵᠠᠯᠠᠭᠤ ᠪᠠᠭᠰᠢ ᠶᠢᠨ ᠠᠵᠢᠯ ᠤᠨ ᠪᠠᠶᠢᠷᠢ ᠶᠢᠨ ᠶᠡᠭᠡ ᠰᠤᠷᠭᠠᠭᠤᠯᠢᠯᠠᠯ ᠤᠨ ᠠᠵᠢᠯᠯᠠᠭ᠎ᠠ ᠶᠢ ᠥᠷᠨᠢᠭᠦᠯᠵᠦ᠂ ︽ᠨᠢᠭᠡ ᠬᠢᠴᠢᠶᠡᠯ ᠭᠤᠷᠪᠠᠨ ᠰᠤᠳᠤᠯᠭᠠᠨ︾᠎ ᠤ ᠰᠢᠨ᠎ᠡ ᠶᠢ ᠡᠭᠦᠳᠴᠦ᠂ ᠰᠤᠷᠭᠠᠭᠤᠯᠢ ᠨᠤᠭᠤᠳ ᠤᠨ ᠬᠤᠭᠤᠷᠣᠨᠳᠣ ᠠᠳᠠᠯᠢ ᠴᠠᠭ ᠲᠤ ᠬᠢᠴᠢᠶᠡᠯ ᠠᠳᠠᠯᠢ ᠪᠤᠰᠤ ᠪᠦᠲᠦᠴᠡ᠂ ᠪᠠᠭᠰᠢ ᠶᠢᠨ ᠬᠡᠪ ᠪᠣᠯᠪᠠᠰᠤᠷᠠᠯ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠵᠠᠮ ᠤᠨ ᠪᠠᠭ᠎ᠠ ᠰᠤᠷᠭᠠᠭᠤᠯᠢ ᠶᠢ ᠵᠢᠭᠠᠨ ᠵᠢᠯᠣᠭᠤᠳᠴᠤ ᠰᠤᠷᠭᠠᠭᠤᠯᠢ ᠪᠠᠶᠢᠭᠤᠯᠤᠭᠳᠠᠭᠰᠠᠨ ᠨᠢᠭᠡ ᠵᠢᠯ ᠤᠨ ᠤᠢ ᠶᠢᠨ ᠪᠠᠶᠠᠷ ᠪᠠ ᠨᠡᠷᠡᠲᠦ ᠰᠤᠷᠭᠠᠭᠤᠯᠢ ᠠᠴᠠ ᠡᠷᠬᠢᠯᠡᠭᠰᠡᠨ ᠬᠤᠪᠢᠶᠠᠷᠢ ᠰᠤᠷᠭᠠᠭᠤᠯᠢ ᠶᠢᠨ ᠲᠤᠬᠠᠶ ᠶᠢᠨ ᠲᠠᠯᠠᠪᠠᠢ ᠶᠢᠨ ᠬᠤᠷᠠᠯ ᠢ ᠰᠠᠶᠢᠲᠤᠷ ᠡᠷᠬᠢᠯᠡᠬᠦᠯᠦᠨ᠎ᠡ᠃ ᠦᠷ᠎ᠡ ᠪᠦᠲᠦᠭᠡᠯ ᠢᠶᠠᠨ ᠪᠠᠲᠤᠳᠬᠠᠨ᠂ ᠲᠤᠷᠰᠢᠯᠭ᠎ᠠ ᠪᠠᠨ ᠳ᠋ᠦᠩᠨᠡᠵᠦ᠂ ᠨᠡᠷᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠡᠷᠬᠢᠯᠡᠬᠦ ᠵᠠᠭᠪᠤᠷ ᠢ ᠳᠡᠯᠭᠡᠷᠡᠭᠦᠯᠦᠨ᠎ᠡ᠃      3᠂ ᠬᠤᠲᠠ ᠬᠥᠳᠡᠭᠡ ᠶᠢᠨ ᠬᠤᠰᠯᠠᠨ ᠪᠠᠶᠢᠭᠤᠯᠵᠦ ᠬᠠᠮᠲᠤᠪᠠᠷ ᠪᠠᠶᠢᠭᠤᠯᠬᠤ ᠠᠵᠢᠯ ᠢ ᠠᠬᠢᠭᠤᠯᠤᠨ᠎ᠠ᠃ ᠭᠦᠶᠡᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠲᠥᠷᠥᠯ  ᠵᠦᠢᠯ ᠤᠨ ᠠᠩᠭᠢ ᠶᠢ ᠪᠥᠬᠦ ᠬᠦᠴᠦᠨ ᠢᠶᠠᠷ ᠳᠡᠮᠵᠢᠨ᠎ᠡ᠃ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠳᠤᠯᠤᠳᠤᠭᠠᠷ ᠪᠠᠭ᠎ᠠ ᠰᠤᠷᠭᠠᠭᠤᠯᠢ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠬᠢᠭᠡᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢ ᠬᠤᠣᠰᠯᠠᠭᠤᠯᠤᠨ ᠬᠠᠮᠲᠤᠪᠠᠷ ᠪᠠᠶᠢᠭᠤᠯᠬᠤ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠤᠨ᠎ᠠ᠃ ᠴᠢᠩᠱᠠᠨ ᠲᠣᠭᠤᠷᠢᠭ ᠤᠨ 5 ᠳᠤᠮᠳᠠᠳᠤ ᠰᠤᠷᠭᠠᠭᠤᠯᠢ᠂ 7 ᠪᠠᠭ᠎ᠠ ᠰᠤᠷᠭᠠᠭᠤᠯᠢ ᠬᠢᠭᠡᠳ ᠭᠦᠶᠡᠩ ᠰᠢᠶᠠᠨ᠂ ᠪᠠᠶᠠᠨᠬᠤᠪᠤᠭ᠎ᠠ ᠠᠭᠤᠷᠬᠠᠢ ᠶᠢᠨ ᠲᠣᠭᠤᠷᠢᠭ ᠪᠠ ᠰᠢᠭᠤᠶᠢᠲᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ ᠬᠠᠮᠲᠤ ᠪᠠᠷ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃      4᠂ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠠ᠃ ᠨᠢᠭᠡ ᠳᠤ᠂ ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠤᠯᠤᠰ ᠤᠨ ᠬᠢᠨᠠᠨ ᠵᠢᠯᠣᠭᠤᠳᠴᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠤᠨ ᠲᠦᠷᠢᠮ︾ ᠵᠢᠴᠢ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠦ᠂ ᠦᠨᠳᠦᠰᠦᠨ ᠳᠡᠭᠡᠨ ᠲᠡᠩᠴᠡᠭᠦᠷᠢᠲᠡᠶ ᠬᠥᠭᠵᠢᠯᠲᠡ ᠲᠠᠢ ᠬᠠᠷᠢᠴᠠᠭᠤᠯᠵᠤ᠂ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠲᠣᠳᠣᠷᠬᠠᠶ ᠪᠣᠯᠭᠠᠵᠤ᠂ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠨ᠂ ︽ᠴᠢᠩᠱᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠲᠣᠭᠲᠠᠭᠠᠨ᠎ᠠ᠃ ᠬᠤᠶᠠᠷ ᠲᠤ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ ᠱᠠᠭᠠᠷᠳᠠᠯᠭ᠎ᠠ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠭ᠎ᠠ ᠪᠠᠷᠢᠮᠲᠠ ᠶᠢᠨ ᠪᠦᠷᠢᠳᠬᠡᠯ ᠢ ᠰᠠᠶᠢᠲᠤᠷ ᠬᠢᠵᠦ᠂ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ ᠵᠥᠷᠢᠶ᠎ᠡ ᠶᠢᠨ ᠢᠯᠡᠳᠬᠡᠮᠵᠢ ᠶᠢ ᠬᠢᠨᠠᠨ ᠡᠵᠡᠮᠳᠡᠬᠦ ᠠᠵᠢᠯ ᠢ ᠴᠠᠭ ᠲᠤᠨᠢ ᠳᠣᠭᠢᠷᠠᠭᠤᠯᠤᠨ ᠰᠠᠶᠢᠲᠤᠷ ᠬᠢᠵᠦ︔ ᠰᠤᠷᠭᠠᠨ ᠬᠥᠮᠦᠵᠢᠯ ᠤᠨ ᠦᠢᠯᠡᠰ ᠤᠨ ᠪᠦᠷᠢᠳᠬᠡᠯ ᠤᠨ ᠲᠤᠭ᠎ᠠ ᠪᠠᠷᠢᠮᠲᠠ ᠲᠠᠢ ᠬᠠᠷᠢᠴᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ 31 ᠵᠦᠢᠯ ᠤᠨ ᠦᠨᠡᠯᠡᠨ ᠵᠢᠱᠢᠬᠦ  ᠭᠦᠢᠴᠡᠳᠭᠡᠯ ᠲᠤᠭ᠎ᠠ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠭᠤᠤᠯᠳᠠᠯᠭ᠎ᠠ ᠲᠠᠢ ᠡᠷᠢᠵᠦ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ ᠠᠬᠢᠭᠤᠯᠬᠤ ᠳᠤ ᠰᠠᠭᠤᠷᠢ ᠲᠠᠯᠪᠢᠪᠠ᠃      ᠬᠥᠲᠥᠯᠥᠭᠴᠢ᠄      ᠰᠢᠨ᠎ᠡ ᠴᠠᠭ ᠦᠶ᠎ᠡ ᠶᠢᠨ ︽ᠲᠠᠪᠤᠨ ᠬᠥᠮᠦᠵᠢᠯ︾᠎ ᠢ ᠵᠡᠷᠭᠡ ᠪᠠᠷ ᠴᠢᠬᠤᠯᠠᠴᠢᠯᠠᠬᠤ ᠪᠠᠶᠢᠷᠢᠰᠢᠯ ᠠᠩᠬ᠎ᠠ ᠠᠯᠬᠤᠮ ᠪᠦᠷᠢᠯᠳᠦᠵᠦ᠂ ︽ᠲᠠᠪᠤᠨ ᠬᠥᠮᠦᠵᠢᠯ︾᠎ ᠢ ᠠᠭᠤᠰᠤᠯᠴᠠᠭᠤᠯᠬᠤ ᠦᠢᠯᠡᠳᠦᠯᠭᠡ ᠶᠢ ᠮᠥᠨ ᠬᠠᠶᠢᠨ ᠰᠦᠪᠡᠭᠴᠢᠯᠡᠵᠦ ᠪᠣᠶ᠂ ᠴᠢᠩᠱᠠᠨ ᠲᠣᠭᠤᠷᠢᠭ ᠤᠨ ᠬᠡᠷᠬᠢᠨ ᠬᠢᠭᠰᠡᠨ ᠢ ᠶᠠᠷᠢᠭᠠᠳ ᠥᠭᠭᠦᠨ᠎ᠡ ᠦᠦ︖      ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄      1᠂ ᠨᠢᠭᠡ ᠴᠤᠭᠴᠠᠵᠢᠭᠤᠯᠤᠭᠰᠠᠨ ᠶᠣᠰᠣ ᠰᠤᠷᠲᠠᠬᠤᠨ ᠤ ᠬᠥᠮᠦᠵᠢᠯ  ᠎ ᠤᠨ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠥᠯᠬᠢᠨ ᠠᠬᠢᠭᠤᠯᠤᠨ᠎ᠠ᠃ ᠨᠢᠭᠡ ᠳᠤ ᠶᠣᠰᠣ ᠰᠤᠷᠲᠠᠬᠤᠨ ᠤ ᠬᠥᠮᠦᠵᠢᠯ ᠤᠨ ᠰᠤᠷᠭᠠᠭᠤᠯᠢ ᠶᠢᠨ ᠥᠪᠡᠷ ᠤᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠬᠤᠷᠠᠯ ᠢ ᠡᠷᠭᠢᠯᠡᠵᠦ᠂ ᠣᠷᠣᠨ ᠪᠦᠰᠡ ᠶᠢᠨ ᠶᠣᠰᠣ ᠰᠤᠷᠲᠠᠬᠤᠨ ᠤ ᠠᠵᠢᠯ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠤᠶᠠᠷ ᠲᠤ᠂ ᠶᠣᠰᠣ ᠰᠤᠷᠲᠠᠬᠤᠨ ᠤ ᠬᠥᠮᠦᠵᠢᠯ ᠤᠨ ᠺᠠᠳ᠋ᠷ ᠵᠢᠴᠢ ᠠᠩᠬᠢ ᠶᠢᠨ ᠡᠷᠬᠢᠯᠡᠭᠴᠢ ᠶᠢᠨ ᠪᠣᠯᠪᠠᠰᠤᠷᠠᠯ ᠤᠨ ᠠᠩᠬᠢ ᠶᠢ ᠵᠣᠬᠢᠶᠠᠨ ᠪᠠᠶᠢᠭᠤᠯᠵᠤ᠂ ︽ᠨᠠᠮ ᠤᠨ ᠲᠡᠦᠬᠡ ᠶᠢ ᠰᠤᠷᠤᠯᠴᠠᠵᠤ ᠨᠠᠮ ᠤᠨ ᠠᠴᠢ ᠶᠢ ᠮᠠᠭᠲᠠᠵᠤ ᠨᠠᠮ ᠢᠶᠠᠨ ᠳᠠᠭᠠᠬᠤ︾ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠩᠬᠢ ᠶᠢᠨ ᠡᠷᠬᠢᠯᠡᠭᠴᠢ ᠶᠢᠨ ᠠᠩᠬᠢ ᠶᠢᠨ ᠬᠤᠷᠠᠯ ᠤᠨ ᠬᠢᠴᠢᠶᠡᠯ ᠤᠨ ᠤᠷᠤᠯᠳᠤᠭᠠᠨ ᠢ ᠡᠷᠬᠢᠯᠡᠵᠦ᠂ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠪᠣᠯᠪᠠᠰᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠡᠩᠨᠡᠭᠡ ᠶᠢᠨ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃ ᠭᠤᠷᠪᠠ ᠳᠤ᠂ ᠨᠠᠢᠮᠠᠳᠤᠭᠠᠷ ᠬᠤᠭᠤᠴᠠᠭᠠᠨ ᠤ ᠰᠣᠩᠭᠤᠳᠠᠭ ᠤᠩᠰᠢᠯᠭ᠎ᠠ ᠶᠢᠨ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠯᠦᠭ ᠳᠠᠭᠤᠯᠠᠯ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠡᠷᠬᠢᠯᠡᠵᠦ᠂ ᠶᠣᠰᠣ ᠰᠤᠷᠲᠠᠬᠤᠨ ᠤ ᠬᠥᠮᠦᠵᠢᠯ ᠤᠨ ᠲᠠᠪᠴᠠᠩ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠲᠦᠷᠪᠡ ᠳᠤ ︽ᠪᠦᠬᠦ ᠠᠵᠢᠯᠲᠠᠨ᠂ ᠪᠦᠬᠦ ᠶᠠᠪᠤᠴᠠ᠂ ᠪᠦᠬᠦ ᠲᠠᠯ᠎ᠠ ᠪᠠᠷ ᠬᠦᠮᠦᠵᠢᠬᠦᠯᠬᠦ ᠲᠦᠰᠦᠯ︾᠎ ᠢ ᠲᠣᠭᠲᠠᠭᠠᠵᠤ᠂ ᠪᠦᠬᠦ ᠠᠵᠢᠯᠳᠠᠨ ᠤ  ᠰᠤᠷᠤᠭᠴᠢ ᠬᠥᠮᠦᠵᠢᠭᠦᠯᠬᠦ ᠰᠢᠨ᠎ᠡ ᠵᠠᠭᠪᠤᠷ ᠢ ᠪᠤᠢ ᠪᠣᠯᠭᠠᠨ᠎ᠠ᠃      2᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃ ᠨᠢᠭᠡ ᠳᠤ ᠵᠢᠭᠠᠨ ᠰᠤᠷᠭᠠᠬᠤ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ︽ᠵᠢᠭᠠᠨ ᠰᠤᠷᠭᠠᠯᠲᠠ ᠶᠢᠨ ᠦᠨᠡᠯᠡᠯᠲᠡ ᠶᠢᠨ ᠨᠢᠭᠡᠳᠦᠯᠲᠦ ᠴᠢᠨᠠᠷ︾᠎ ᠤᠨ ᠦᠢᠯᠡᠳᠦᠯᠭᠡ ᠶᠢ ᠦᠷᠭᠦᠯᠵᠢᠯᠡᠨ ᠠᠬᠢᠭᠤᠯᠵᠤ᠂ ᠵᠢᠭᠠᠨ ᠰᠤᠷᠭᠠᠯᠲᠠ ᠶᠢᠨ ᠵᠢᠷᠭᠤᠭᠠᠨ ᠶᠡᠭᠡ ᠭᠤᠭᠴᠤᠭ᠎ᠠ ᠶᠢ ᠵᠢᠷᠤᠮᠵᠢᠭᠤᠯᠤᠨ᠎ᠠ᠃ ᠵᠢᠭᠠᠨ ᠰᠤᠷᠭᠠᠯᠲᠠ ᠶᠢᠨ ᠪᠠᠶᠢᠴᠠᠭᠠᠯᠲᠠ᠂ ᠵᠢᠭᠠᠨ ᠰᠤᠷᠭᠠᠯᠲᠠ ᠶᠢᠨ ᠰᠢᠯᠭᠠᠷᠠᠭᠤᠯᠤᠯᠲᠠ᠂ ᠪᠥᠬᠦ ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠵᠢᠭᠠᠨ ᠰᠤᠳᠤᠯᠤᠭᠴᠢ ᠶᠢᠨ ︽ᠬᠢᠴᠢᠶᠡᠯ ᠢ ᠰᠤᠷᠭᠠᠭᠤᠯᠢ ᠳᠤ ᠬᠦᠷᠭᠡᠬᠦ︾ ︽ᠵᠢᠭᠠᠨ ᠰᠤᠷᠭᠠᠯᠲᠠ ᠰᠤᠳᠤᠯᠭᠠᠨ ᠲᠠᠢ ᠬᠠᠮᠲᠤ ᠪᠠᠷ ᠬᠢᠴᠢᠶᠡᠯ ᠪᠡᠯᠡᠳᠬᠡᠬᠦ︾ ᠵᠡᠷᠭᠡ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠬᠤᠶᠠᠷ ᠲᠤ  ᠵᠢᠭᠠᠨ ᠰᠤᠳᠤᠯᠬᠤ ᠪᠠ  ᠪᠤᠯᠪᠠᠰᠤᠷᠠᠯ ᠢ ᠲᠦᠯᠬᠢᠨ ᠠᠬᠢᠭᠤᠯᠤᠨ᠎ᠠ᠃ ︽ᠦ᠋ ᠵᠢᠶᠠᠩ ᠯᠢᠨ ᠤ ᠨᠠᠷᠠᠲᠤ ᠪᠠᠭᠰᠢ ᠶᠢᠨ ᠠᠵᠢᠯᠯᠠᠬᠤ ᠲᠠᠰᠤᠭ︾᠎ ᠤᠨ ᠵᠢᠯᠣᠭᠤᠳᠣᠯᠭ᠎ᠠ ᠪᠠᠷ ᠳᠠᠮᠵᠢᠭᠤᠯᠤᠨ᠂ ︽ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ᠰᠤᠷᠤᠯᠭ᠎ᠠ ᠶᠢᠨ ᠨᠠᠮᠲᠠᠷ ᠤᠨ ᠲᠥᠰᠦᠯ ᠢ ᠵᠢᠷᠤᠵᠤ ᠲᠥᠯᠥᠪᠯᠡᠬᠦ︾ ︽ᠨᠢᠭᠡᠴᠢ ᠪᠦᠬᠦᠯᠢ ᠴᠣᠭᠴᠠ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ︾ ᠵᠢᠨ‌ᠣᠷᠣᠨ ᠪᠦᠰᠡ ᠶᠢᠨ ᠴᠢᠨᠠᠷᠲᠠᠶ᠂ ᠪᠥᠬᠦ ᠰᠢᠰᠲ᠋ᠧᠮ ᠤᠨ ᠵᠢᠭᠠᠨ ᠰᠤᠷᠭᠠᠯᠲᠠ ᠶᠢᠨ ᠦᠢᠯᠡᠳᠦᠯᠭᠡ ᠪᠠ ᠰᠤᠳᠤᠯᠭᠠᠨ ᠢ ᠬᠡᠷᠡᠭᠵᠢᠭᠦᠯᠦᠨ᠎ᠡ︔ ᠭᠤᠤᠯ ᠰᠡᠳᠦᠪᠲᠦ ᠤᠩᠰᠢᠯᠭ᠎ᠠ ᠶᠢᠨ ᠲᠤᠷᠰᠢᠯᠲᠠ ᠶᠢᠨ 6 ᠰᠤᠷᠭᠠᠭᠤᠯᠢ᠂ ᠡᠬᠢ ᠪᠠᠶᠠᠯᠢᠭ ᠢ ᠡᠭᠦᠳᠦᠨ ᠪᠠᠶᠢᠭᠤᠯᠬᠤ ᠬᠡᠯᠪᠡᠷᠢ ᠶᠢᠨ 11 ᠰᠤᠳᠤᠯᠤᠨ ᠰᠤᠷᠤᠯᠴᠠᠬᠤ ᠲᠤᠷᠰᠢᠯᠲᠠ ᠶᠢᠨ ᠰᠤᠷᠭᠠᠭᠤᠯᠢ᠂ ᠬᠢᠴᠢᠶᠡᠯ ᠲᠥᠷᠥᠯ ᠤᠨ ᠵᠢᠭᠠᠨ ᠰᠤᠳᠤᠯᠬᠤ ᠰᠠᠭᠤᠷᠢᠨ ᠭᠠᠵᠠᠷ ᠤᠨ 8 ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠤᠨ ᠰᠠᠭᠤᠷᠢᠨ ᠭᠠᠵᠠᠷ ᠤᠨ6 ᠰᠤᠷᠭᠠᠭᠤᠯᠢ ᠶᠢ ᠶᠡᠷᠦᠩᠬᠡᠶ ᠳᠤᠨᠢ ᠬᠥᠲᠥᠯᠦᠨ ᠳᠠᠭᠠᠭᠤᠯᠵᠤ ︽ᠪᠡᠯᠡᠳᠬᠡᠯ ᠵᠢᠭᠠᠨ ᠰᠤᠷᠭᠠᠯᠲᠠ ᠶᠢᠨ ᠦᠨᠡᠯᠡᠯᠲᠡ ᠶᠢᠨ ᠨᠢᠭᠡᠲᠦᠯᠲᠠᠢ ᠴᠢᠨᠠᠷ︾᠎ ᠤᠨ ᠬᠢᠴᠢᠶᠡᠯ ᠤᠨ ᠵᠢᠱᠢᠶ᠎ᠡ᠂ ᠰᠡᠳᠦᠪ᠂ ᠨᠤᠲᠠᠯᠭ᠎ᠠ ᠢᠶᠠᠷ ᠤᠳᠤᠷᠢᠳᠤᠮᠵᠢ ᠪᠣᠯᠭᠠᠭᠰᠠᠨ ᠭᠤᠤᠯ ᠰᠡᠳᠦᠪᠲᠦ ᠰᠤᠳᠤᠯᠭᠠᠨ ᠪᠠ  ᠦᠢᠯᠡᠳᠦᠯᠭᠡ ᠶᠢ ᠥᠷᠨᠢᠭᠦᠯᠦᠨ᠎ᠡ᠃ ︽ᠭᠤᠷᠪᠠᠳᠤᠭᠠᠷ ᠲᠠᠪᠤᠨ ᠵᠢᠯ︾᠎ ᠤᠨ ᠪᠣᠯᠪᠠᠰᠤᠷᠠᠭᠤᠯᠤᠯ ᠤᠨ ᠵᠠᠭᠪᠤᠷ ᠲᠤ ᠲᠦᠰᠢᠭᠯᠡᠨ᠂ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠤᠨ ᠬᠤᠤᠰ ᠱᠤᠭᠤᠮ ︵ᠭᠤᠤᠯᠯᠠᠭᠴᠢ ᠰᠠᠴᠤᠷᠠᠭ᠂ ᠲᠤᠰᠬᠠᠶ ᠮᠡᠷᠭᠡᠵᠢᠯᠲᠡᠨ ᠬᠥᠲᠥᠯᠦᠨ ᠳᠠᠭᠠᠭᠤᠯᠬᠤ︶᠎ ᠤᠨ ᠪᠣᠯᠪᠠᠰᠤᠷᠠᠭᠤᠯᠤᠯ ᠢ ᠥᠷᠨᠢᠭᠦᠯᠦᠨ᠎ᠡ︔ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠪᠥᠬᠦ ᠪᠠᠭᠰᠢ ᠶᠢᠨ ᠪᠣᠯᠪᠠᠰᠤᠷᠠᠭᠤᠯᠤᠯ ᠢ ᠬᠡᠷᠡᠭᠵᠢᠭᠦᠯᠦᠨ᠎ᠡ︔ ᠦ᠋ ᠵᠢᠶᠠᠩ ᠯᠢᠨ᠂ ᠬᠤᠸᠠ ᠶᠢᠩ ᠯᠦᠩ᠂ ᠬᠤ᠋ ᠸᠧᠶ ᠫᠢᠩ ᠵᠢᠴᠢ ᠱᠧᠨᠵᠧᠨ ᠤ ᠭᠤᠤᠯ ᠰᠡᠳᠦᠪᠲᠦ ᠤᠩᠰᠢᠯᠭ᠎ᠠ ᠶᠢᠨ ᠲᠤᠰᠬᠠᠶ ᠮᠡᠷᠭᠡᠵᠢᠯᠲᠡᠨ ᠤ ᠪᠦᠯᠬᠦᠮ ᠯᠦᠭᠡ ᠶᠢᠨ ᠴᠢᠩ ᠦᠨᠡᠨᠴᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠰᠢᠨᠵᠢᠯᠡᠭᠡᠨ ᠤ ᠰᠠᠯᠠᠭ᠎ᠠ ᠶᠢᠨ ᠨᠠᠷᠠᠲᠤ ᠪᠠᠭᠰᠢ ᠶᠢᠨ ᠠᠵᠢᠯ ᠤᠨ ᠲᠠᠰᠤᠭ ᠤᠨ ᠱᠠᠲᠤᠴᠢ ᠶᠢᠨ ᠳ᠋ᠦᠩᠨᠡᠯᠲᠡ ᠳᠡᠯᠭᠡᠨ ᠦᠵᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠺᠣᠮᠫᠢᠦ᠋ᠲ᠋ᠧᠷ ᠤᠨ ᠫᠷᠤᠭ᠍ᠷᠠᠮ ᠨᠠᠶᠢᠷᠠᠭᠤᠯᠬᠤ᠂ STEAM ᠡᠭᠦᠳᠦᠭᠴᠢ ᠵᠡᠷᠭᠡ ᠰᠢᠨ᠎ᠡ ᠶᠢ ᠡᠭᠦᠳᠬᠦ ᠬᠥᠮᠦᠵᠢᠯ ᠪᠣᠯᠪᠠᠰᠤᠷᠠᠭᠤᠯᠤᠯ ᠢ ᠥᠷᠨᠢᠭᠦᠯᠦᠨ᠎ᠡ︔ ᠲᠤᠰᠬᠠᠶ ᠮᠡᠷᠭᠡᠵᠢᠯᠲᠡᠨ ᠤ ᠳᠠᠪᠠᠭᠤᠯᠢᠭ ᠢ ᠠᠰᠢᠭᠯᠠᠨ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ᠂ ᠬᠢᠴᠢᠶᠡᠯ ᠲᠥᠷᠥᠯ ᠤᠨ ᠪᠠᠭᠰᠢ ᠳᠤ ᠣᠯᠠᠨ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠠᠷᠭ᠎ᠠ ᠮᠠᠶ᠋ᠢᠭ ᠤᠨ ᠂ ᠴᠢᠨᠠᠷ ᠰᠠᠶᠢᠲᠠᠶ ᠠᠭᠤᠰᠤᠯᠴᠠᠭᠰᠠᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠭᠤᠷᠪᠠ ᠳᠤ ᠥᠨᠳᠥᠷ ᠳᠤᠮᠳᠠᠳᠤ ᠶᠢᠨ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠯᠲᠠ ᠳᠤ ᠭᠤᠷᠪᠠᠨ ᠲᠦᠷᠦᠯ ᠤᠨ ᠠᠵᠢᠯ ᠢ ᠪᠣᠳᠠᠲᠠᠶ ᠰᠠᠶᠢᠲᠤᠷ ᠬᠢᠨ᠎ᠠ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠰᠢᠯᠭᠠᠯᠲᠠ ᠶᠢᠨ ᠰᠣᠯᠢᠯᠴᠠᠭ᠎ᠠ ᠰᠤᠳᠤᠯᠤᠨ ᠶᠠᠷᠢᠯᠴᠠᠬᠤ ᠠᠵᠢᠯᠯᠠᠭ᠎ᠠ ᠶᠢ ᠥᠷᠨᠢᠭᠦᠯᠦᠨ᠎ᠡ︔ ᠰᠢᠨᠵᠢᠯᠡᠭᠡᠨ ᠤ ᠰᠠᠯᠠᠭ᠎ᠠ ᠶᠢᠨ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠤᠨ ᠰᠢᠯᠭᠠᠯᠲᠠ ᠶᠢᠨ ᠰᠤᠯᠢᠯᠴᠠᠭᠠᠨ ᠤ ᠵᠢᠯᠤᠭᠤᠳᠬᠤ ᠬᠤᠷᠠᠯ ᠢ ᠬᠤᠷᠠᠯᠳᠤᠭᠤᠯᠤᠨ᠎ᠠ︔ ᠭᠤᠷᠪᠠ ᠤᠳᠠᠭᠠᠨ ᠤ ᠳᠠᠭᠤᠷᠢᠶᠠᠮᠠᠯ ᠰᠣᠷᠢᠯᠲᠠ ᠶᠢ ᠵᠣᠬᠢᠶᠠᠨ ᠪᠠᠢᠭᠤᠯᠤᠨ᠎ᠠ᠃ ᠲᠦᠷᠪᠡ ᠳᠤ ᠵᠢᠭᠠᠬᠤ ᠶᠢ ᠰᠤᠳᠤᠯᠬᠤ ᠪᠠ ᠵᠢᠭᠠᠨ ᠰᠤᠷᠭᠠᠬᠤ ᠶᠠᠰᠤ ᠴᠢᠨᠠᠷ ᠢ ᠦᠨᠡᠯᠡᠬᠦ ᠶᠢ ᠴᠢᠩᠭᠠᠳᠬᠠᠨ᠎ᠠ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠵᠢᠭᠠᠨ ᠰᠤᠳᠤᠯᠬᠤ ᠠᠵᠢᠯᠯᠠᠭ᠎ᠠ ᠳᠤ ᠴᠢᠭᠯᠡᠭᠦᠯᠦᠭᠰᠡᠨ ᠦᠨᠡᠯᠡᠯᠲᠡ — ᠶᠠᠪᠤᠴᠠ ᠶᠢᠨ ᠴᠢᠨᠠᠷᠲᠠᠶ ᠦᠨᠡᠯᠡᠯᠲᠡ᠂ ︽ᠳᠥᠷᠪᠡ ᠶᠢ ᠨᠢᠭᠡᠳᠬᠡᠬᠦ︾ ᠰᠢᠯᠭᠠᠯᠲᠠ — ᠦᠷ᠎ᠡ ᠳ᠋ᠦᠩ ᠤᠨ ᠴᠢᠨᠠᠷᠲᠠᠶ ᠦᠨᠡᠯᠡᠯᠲᠡ ᠶᠢ ᠵᠣᠬᠢᠶᠠᠨ ᠪᠠᠶᠢᠭᠤᠯᠤᠨ᠎ᠠ᠃ ᠡᠭᠦᠨ ᠤ ᠬᠠᠮᠲᠤ ᠦᠨᠡᠯᠡᠭᠰᠡᠨ ᠦᠷ᠎ᠡ ᠳ᠋ᠦᠩ ᠢ ᠵᠢᠯ ᠤᠨ ᠡᠴᠦᠰ ᠤᠨ ᠰᠢᠯᠭᠠᠨ ᠦᠨᠡᠯᠡᠬᠦ ᠬᠤᠪᠢ ᠳᠤ ᠪᠤᠳᠤᠵᠤ ᠣᠷᠣᠭᠤᠯᠤᠨ᠎ᠠ᠃      3᠂ ︽ᠵᠢᠷᠭᠤᠭᠠᠨ ᠶᠡᠭᠡ ᠢᠨᠵᠧᠨᠧᠷᠢᠩ︾᠎ ᠢᠶᠠᠷ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠥᠭᠡᠷᠡᠴᠢᠯᠡᠯᠲᠡ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ᠃ ᠨᠢᠭᠡ ᠳᠤ ᠬᠢᠴᠢᠶᠡᠯ ᠤᠨ ᠪᠠᠶᠢᠭᠤᠯᠤᠯᠲᠠ ᠪᠠᠷ ᠭᠤᠤᠯ ᠪᠣᠯᠭᠠᠵᠤ᠂ ᠪᠡᠶ᠎ᠡ ᠲᠠᠮᠢᠷ ᠤᠷᠠᠯᠢᠭ ᠤᠨ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ︽ᠬᠢᠴᠢᠶᠡᠯ ᠤᠨ ᠪᠠᠷᠢᠮᠵᠢᠶ᠎ᠠ︾᠎ ᠪᠠᠷ ᠭᠤᠤᠯ ᠪᠣᠯᠭᠠᠬᠤ ᠶᠢ ᠨᠠᠶᠢᠳᠠᠪᠤᠷᠢᠵᠢᠭᠤᠯᠵᠤ᠂ ᠲᠠᠮᠢᠷ ᠲᠠᠭᠤᠨ ᠤ ᠭᠤᠸ᠎ᠠ ᠰᠠᠶᠢᠬᠠᠨ ᠤ ᠬᠢᠴᠢᠶᠡᠯ ᠢ ᠭᠦᠢᠴᠡᠳ ᠨᠡᠭᠡᠭᠡᠵᠦ᠂ ᠲᠠᠭᠤ ᠲᠠᠮᠢᠷ ᠭᠤᠸ᠎ᠠ ᠰᠠᠶᠢᠬᠠᠨ ᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ 4 ᠰᠠᠷ᠎ᠠ ᠳᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠳᠠᠭᠤᠤ ᠬᠥᠭᠵᠢᠮ ᠪᠡᠶ᠎ᠡ ᠲᠠᠮᠢᠷ ᠭᠤᠸ᠎ᠠ ᠰᠠᠶᠢᠬᠠᠨ ᠤ ᠬᠢᠴᠢᠶᠡᠯ ᠤᠨ ᠵᠢᠭᠠᠨ ᠰᠤᠷᠭᠠᠯᠲᠠ ᠶᠢᠨ ᠠᠵᠢᠯ ᠢ ᠰᠤᠳᠤᠯᠤᠨ ᠠᠬᠢᠭᠤᠯᠤᠨ᠎ᠠ᠃ ᠵᠢᠭᠠᠨ ᠰᠤᠷᠭᠠᠯᠲᠠ ᠶᠢᠨ ᠭᠤᠭᠴᠤᠭ᠎ᠠ ᠶᠢ ᠵᠢᠷᠤᠮᠵᠢᠭᠤᠯᠵᠤ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠴᠢᠶᠡᠯ ᠵᠢᠭᠠᠬᠤ ᠪᠠ ᠬᠡᠰᠡᠭ ᠪᠤᠰᠠᠭ ᠢᠶᠠᠷ ᠵᠢᠭᠠᠨ ᠰᠤᠷᠭᠠᠬᠤ ᠶᠢ ᠲᠡᠪᠴᠢᠵᠦ᠂ ᠪᠡᠶ᠎ᠡ ᠶᠢᠨ ᠲᠠᠮᠢᠷ ᠤᠨ ᠬᠢᠴᠢᠶᠡᠯ ᠤᠨ ᠵᠦᠢ ᠵᠣᠬᠢᠰᠲᠠᠢ ᠬᠥᠳᠡᠯᠭᠡᠭᠡᠨ ᠤ ᠳᠠᠭᠠᠭᠠᠴᠠ ᠪᠠ ᠪᠣᠯᠪᠠᠰᠤᠷᠠᠯ ᠤᠨ ᠨᠢᠭᠲᠠᠴᠠ ᠶᠢ ᠪᠠᠲᠤᠯᠠᠬᠤ ᠬᠡᠷᠡᠭᠲᠡᠢ᠃ ᠬᠤᠶᠠᠷ ᠲᠤ ᠤᠷᠤᠯᠳᠤᠭᠠᠨ ᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠪᠡᠶ᠎ᠡ ᠲᠠᠮᠢᠷ ᠤᠨ ᠤᠷᠠᠯᠢᠭ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠤᠨ ᠰᠢᠷᠢᠰ ᠤᠷᠤᠯᠳᠤᠭᠠᠨ ︵ᠰᠠᠭᠰᠤᠨ ᠪᠥᠮᠪᠦᠭᠡ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠤᠯᠠ ᠭᠦᠶᠦᠯᠲᠡ᠂ ᠳᠡᠭᠡᠰᠦ ᠬᠠᠷᠠᠶᠢᠯᠲᠠ ᠵᠡᠷᠭᠡ︶᠎ ᠢ ᠳᠦᠷᠢᠮᠵᠢᠭᠦᠯᠦᠨ ᠥᠷᠨᠢᠭᠦᠯᠵᠦ᠂ ︽ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠶᠢ ᠪᠠᠷᠢᠮᠵᠢᠶ᠎ᠠ ᠳᠤ ᠬᠦᠷᠦᠭᠦᠯᠬᠦ︾ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠨ᠎ᠡ᠃ ︽ᠨᠢᠭᠡ ᠰᠤᠷᠭᠠᠭᠤᠯᠢ ᠨᠢᠭᠡ ᠦᠢᠯᠡᠳᠬᠦᠨ︾᠎ ᠤ ᠰᠢᠯᠢᠳᠡᠭ ᠬᠡᠷᠡᠭ ᠤᠨ ᠵᠢᠱᠢᠶ᠎ᠡ ᠶᠢ ᠳᠡᠯᠭᠡᠨ ᠦᠵᠡᠭᠦᠯᠬᠦ ᠪᠠ ᠪᠡᠶ᠎ᠡ ᠲᠠᠮᠢᠷ ᠤᠨ ᠤᠷᠠᠯᠢᠭ ᠤᠨ ᠤᠨᠴᠠᠯᠢᠭᠳᠤ ᠵᠦᠢᠯᠡᠰ ᠢ ᠳᠡᠯᠭᠡᠨ ᠦᠵᠡᠭᠦᠯᠬᠦ ᠠᠵᠢᠯᠯᠠᠭ᠎ᠠ ︵ᠬᠤᠶᠠᠳᠤᠭᠠᠷ ᠬᠤᠭᠤᠴᠠᠭᠠᠨ ᠤ ᠭᠤᠸ᠎ᠠ ᠰᠠᠶᠢᠬᠠᠨ ᠤ ᠬᠥᠮᠦᠵᠢᠯ ᠤᠨ ᠬᠡᠷᠡᠭ ᠤᠨ ᠵᠢᠱᠢᠶ᠎ᠡ ᠶᠢ ᠦᠨᠡᠯᠡᠨ ᠦᠵᠡᠭᠦᠯᠬᠦ ᠠᠵᠢᠯᠯᠠᠭ᠎ᠠ᠂ ᠪᠠᠭᠰᠢ ᠰᠤᠷᠤᠭᠴᠢᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂ ᠪᠡᠶ᠎ᠡ ᠶᠢᠨ ᠲᠠᠮᠢᠷ ᠤᠨ ᠶᠡᠭᠡ ᠬᠢᠴᠢᠶᠡᠯ ᠤᠨ ᠵᠠᠪᠰᠠᠷᠯᠠᠭ᠎ᠠ ᠶᠢᠨ ᠦᠵᠡᠭᠦᠯᠦᠯᠭᠡ᠂ ᠪᠠᠭᠰᠢ ᠶᠢᠨ ᠠᠵᠢᠯ ᠤᠨ ᠵᠠᠪᠰᠠᠷᠯᠠᠭ᠎ᠠ ᠶᠢᠨ ᠲᠠᠮᠢᠷ ᠤᠨ ᠦᠵᠡᠭᠦᠯᠦᠯᠭᠡ ᠵᠡᠷᠭᠡ︶᠎ ᠶᠢ ᠡᠷᠬᠢᠯᠡᠨ᠎ᠠ᠃ ᠰᠤᠷᠭᠠᠭᠤᠯᠢ ᠶᠢ ᠵᠣᠬᠢᠶᠠᠨ ᠪᠠᠶᠢᠭᠤᠯᠤᠨ ᠠᠩᠭᠢ᠂ ᠣᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠪᠥᠬᠦ ᠬᠥᠮᠦᠰ ᠤᠨ ᠣᠷᠣᠯᠴᠠᠭᠰᠠᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ᠂ ᠪᠡᠶ᠎ᠡ ᠶᠢᠨ ᠲᠠᠮᠢᠷ ᠤᠨ ᠪᠠᠶᠠᠷ᠂ ᠤᠷᠠᠯᠢᠭ ᠤᠨ ᠪᠠᠶᠠᠷ ᠢ ᠥᠷᠭᠡᠨ ᠢᠶᠠᠷ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠲᠥᠪ ᠢ ᠰᠠᠶᠢᠲᠤᠷ ᠪᠥᠲᠥᠭᠡᠨ ᠪᠠᠶᠢᠭᠤᠯᠵᠤ᠂ ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ ᠢ ᠰᠠᠶᠢᠲᠤᠷ ᠥᠷᠨᠢᠭᠦᠯᠦᠨ᠂ ︽ᠲᠡᠷᠢᠭᠦᠯᠡᠭᠴᠢ ᠬᠤᠨᠳᠠᠭᠠᠲᠤ︾᠂ ︽ᠬᠤᠲᠠ ᠶᠢᠨ ᠳᠠᠷᠤᠭ᠎ᠠ ᠬᠤᠨᠳᠠᠭᠠᠲᠤ︾᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠣᠯᠪᠠᠰᠤᠷᠠᠯ ᠤᠨ ᠬᠤᠸᠠᠷᠠᠨ ᠤ ᠰᠢᠯᠭᠠᠷᠠᠭᠤᠯᠤᠨ ᠪᠣᠯᠪᠠᠰᠤᠷᠠᠭᠤᠯᠬᠤ ᠵᠡᠷᠭᠡ + ᠤᠷᠤᠯᠳᠤᠭᠠᠨ ᠢ ᠰᠠᠶᠢᠲᠤᠷ ᠳᠠᠭᠠᠭᠠᠨ ᠡᠷᠭᠢᠯᠡᠵᠦ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠤᠰᠠᠯᠠᠩ ᠤᠨ ᠠᠵᠢᠯᠯᠠᠭ᠎ᠠ ᠶᠢ ᠢᠳᠡᠪᠬᠢᠲᠡᠶ ᠡᠷᠭᠢᠯᠡᠨ᠎ᠡ᠃ ᠭᠤᠷᠪᠠ ᠳᠤ ᠨᠠᠷᠠᠲᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠᠷ ᠬᠥᠲᠥᠴᠢ ᠪᠣᠯᠭᠠᠵᠤ᠂ ᠪᠡᠶ᠎ᠡ ᠶᠢᠨ ᠲᠠᠮᠢᠷ ᠤᠨ ᠤᠷᠠᠯᠢᠭ ᠤᠨ ᠣᠨᠴᠠᠯᠢᠭ ᠢᠶᠠᠷ ᠬᠥᠲᠥᠯᠦᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ︽ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠠᠯᠢᠭ ᠤᠨ ᠤᠨᠴᠠᠯᠢᠭᠳᠤ ᠲᠥᠷᠥᠯ  ᠵᠦᠢᠯ ᠤᠨ ᠬᠡᠷᠡᠭᠵᠢᠭᠦᠯᠬᠦ ᠲᠥᠰᠦᠯ︾ ᠶᠣᠰᠣᠭᠠᠷ᠂ ᠰᠤᠷᠭᠠᠭᠤᠯᠢ ᠶᠢᠨ ︽ᠪᠡᠶ᠎ᠡ ᠶᠢᠨ ᠲᠠᠮᠢᠷ ᠤᠨ ᠬᠤᠶᠠᠷ ᠪᠠᠶᠠᠷ ᠬᠤᠶᠠᠷ ᠢ ᠳᠡᠭᠡᠭᠰᠢᠯᠡᠭᠦᠯᠬᠦ ᠢᠨᠵᠧᠨᠧᠷᠢᠩ︾ ᠪᠠ ︽ᠭᠤᠷᠪᠠᠨ ᠨᠢᠭᠡ︾᠎ ᠶᠢᠨ ᠢᠨᠵᠧᠨᠧᠷᠢᠩ ᠢ ᠳᠥᠯᠭᠢᠨ ᠠᠬᠢᠭᠤᠯᠤᠨ᠎ᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ︽ᠲᠥᠷᠥᠯ ᠵᠦᠢᠯ ᠪᠠᠶᠢᠭᠤᠯᠬᠤ᠂ ᠥᠪᠡᠷᠮᠢᠴᠡ ᠣᠨᠴᠠᠯᠢᠭ ᠡᠭᠦᠳᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ︾ ᠬᠠᠷᠠᠯᠲᠠ ᠶᠢᠨ ᠲᠣᠭᠤᠷᠢᠨ ᠳᠤ᠂ ᠨᠠᠭᠠᠳᠤ ᠵᠠᠬ᠎ᠠ ᠳᠠᠭᠠᠨ ᠨᠢᠭᠡ ᠵᠦᠢᠯ ᠤᠨ ᠪᠡᠶ᠎ᠡ ᠶᠢᠨ ᠲᠠᠮᠢᠷ᠂ ᠨᠢᠭᠡ ᠵᠦᠢᠯ ᠤᠨ ᠤᠷᠠᠯᠢᠭ ᠤᠨ ᠥᠪᠡᠷᠮᠢᠴᠡ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠢ ᠪᠣᠶ ᠪᠣᠯᠭᠠᠬᠤ ᠬᠡᠷᠡᠭᠲᠡᠶ᠃ ᠲᠦᠷᠪᠡ ᠳᠤ᠂ ᠤᠯᠠᠨ ᠠᠷᠭ᠎ᠠ ᠶᠢ ᠵᠡᠷᠭᠡᠪᠡᠷ ᠬᠡᠷᠡᠭᠯᠡᠬᠦ ᠪᠠᠷ ᠠᠷᠭ᠎ᠠ ᠵᠠᠮ ᠪᠣᠯᠭᠠᠵᠤ᠂ ᠪᠡᠶ᠎ᠡ ᠶᠢᠨ ᠲᠠᠮᠢᠷ ᠤᠷᠠᠯᠢᠭ ᠤᠨ ᠡᠬᠢ ᠪᠠᠶᠠᠯᠢᠭ ᠢ ᠠᠭᠤᠰᠤᠯᠴᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠨᠡᠶᠢᠭᠡᠮ ᠤᠨ ᠬᠦᠴᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠬᠡᠷ ᠪᠦᠯᠢ ᠰᠤᠷᠭᠠᠭᠤᠯᠢ ᠨᠡᠶᠢᠭᠡᠮ ᠤᠨ ᠬᠤᠷᠰᠢᠶ᠎ᠠ ᠶᠢᠨ ᠬᠠᠮᠵᠢᠯᠴᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ ᠲᠠᠪᠤ ᠳᠤ᠂ ᠡᠩ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ  ᠪᠤᠯᠭᠠᠵᠦ᠂ ᠪᠡᠶ᠎ᠡ ᠶᠢᠨ ᠲᠠᠮᠢᠷ ᠤᠨ ᠤᠷᠠᠯᠢᠭ ᠤᠨ ᠨᠡᠷᠡᠳᠦ ᠪᠠᠭᠰᠢ ᠶᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠷᠠᠯᠢᠭ ᠪᠡᠶ᠎ᠡ ᠶᠢᠨ ᠲᠠᠮᠢᠷ ᠤᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ ︽ᠴᠢᠩᠱᠠᠨ ᠲᠣᠭᠤᠷᠢᠭ ᠤᠨ ᠤᠷᠠᠯᠢᠭ ᠪᠡᠶ᠎ᠡ ᠶᠢᠨ ᠲᠠᠮᠢᠷ ᠤᠨ ᠪᠠᠭᠰᠢ ᠶᠢᠨ ᠲᠠᠮᠢᠷ ᠲᠡᠩᠬᠡᠭᠡ᠂ ᠮᠡᠷᠭᠡᠵᠢᠯ ᠴᠢᠳᠠᠪᠤᠷᠢ ᠶᠢᠨ ᠰᠢᠯᠭᠠᠯᠲᠠ ᠶᠢᠨ ᠪᠠᠷᠢᠮᠵᠢᠶ᠎ᠠ︾᠎ ᠶᠢ ᠲᠣᠭᠲᠠᠭᠠᠵᠤ᠂ ︽ᠪᠦᠯᠦᠭ ᠬᠤᠪᠢᠶᠠᠨ ᠠᠬᠢᠭᠤᠯᠬᠤ᠂ ᠪᠥᠬᠦ ᠲᠠᠯ᠎ᠠ ᠪᠠᠷ ᠬᠡᠷᠡᠭᠵᠢᠭᠦᠯᠬᠦ᠂ ᠰᠢᠯᠭᠠᠨ ᠪᠣᠯᠪᠠᠰᠤᠷᠠᠭᠤᠯᠬᠤ ᠶᠢ ᠨᠢᠭᠡ ᠴᠤᠭᠴᠠᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠵᠠᠷᠴᠢᠮ ᠶᠣᠰᠣᠭᠠᠷ᠂ ᠳᠠᠭᠤᠤ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠪᠠᠭᠰᠢ ᠳᠤ ᠪᠥᠬᠦ ᠠᠵᠢᠯᠲᠠᠨ ᠤ ᠣᠨᠣᠯ ᠪᠠ ᠲᠤᠰᠬᠠᠶ ᠮᠡᠷᠭᠡᠵᠢᠯ ᠤᠨ ᠴᠢᠳᠠᠪᠤᠷᠢ ᠶᠢᠨ ᠰᠢᠯᠭᠠᠯᠲᠠ ᠶᠢᠨ ᠰᠢᠯᠭᠠᠨ ᠦᠨᠡᠯᠡᠯᠲᠡ ᠬᠢᠨ᠎ᠠ᠃ ᠵᠢᠷᠭᠤᠭ᠎ᠠ ᠳᠤ ᠡᠷᠡᠭᠦᠯ ᠮᠡᠨᠳᠦ ᠶᠢᠨ ᠬᠥᠮᠦᠵᠢᠯ ᠢᠶᠠᠷ ᠭᠤᠤᠯ ᠪᠣᠯᠭᠠᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠡᠷᠡᠭᠦᠯ ᠮᠡᠨᠳᠦ ᠶᠢᠨ ᠬᠥᠮᠦᠵᠢᠯ ᠤᠨ ︽ᠳᠠᠭᠠᠭᠤᠯᠤᠭᠴᠢ︾᠎ ᠶᠢᠨ ᠦᠢᠯᠡᠳᠦᠯ ᠢ ᠦᠨᠡᠨᠬᠦ ᠴᠢᠩᠭᠠᠳᠬᠠᠵᠤ᠂ ︽ᠶᠡᠭᠡ ᠡᠷᠡᠭᠦᠯ ᠬᠠᠮᠠᠭᠠᠯᠠᠯ︾ ︽ᠶᠡᠭᠡ ᠡᠷᠡᠭᠦᠯ ᠮᠡᠨᠳᠦ︾ ᠣᠨᠣᠯᠵᠢᠬᠤᠨ ᠢ ᠪᠣᠶ ᠪᠣᠯᠭᠠᠨ᠎ᠠ᠃ ᠡᠯ᠎ᠡ ᠰᠤᠷᠭᠠᠭᠤᠯᠢ ᠡᠷᠭᠢᠯᠡᠬᠦ ᠨᠢᠭᠡᠴᠡ ᠶᠢᠨ ᠡᠷᠡᠭᠦᠯ ᠬᠠᠮᠠᠭᠠᠯᠠᠯ ᠤᠨ ᠲᠠᠰᠤᠭ  ᠪᠠ ᠰᠤᠷᠭᠠᠭᠤᠯᠢ ᠶᠢᠨ ᠡᠮᠴᠢ᠂ ᠡᠷᠡᠭᠦᠯᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ︽ᠨᠠᠢᠮᠠᠨ ᠶᠡᠭᠡ ᠢᠨᠵᠧᠨᠧᠷᠢᠩ︾᠎ ᠢ ᠦᠷᠭᠦᠯᠵᠢᠯᠡᠨ ᠠᠬᠢᠭᠤᠯᠵᠤ᠂ ︽ᠣᠶᠢᠷ᠎ᠠ ᠶᠢ ᠰᠡᠷᠭᠡᠶᠢᠯᠡᠬᠦ︾ ᠠᠵᠢᠯ ᠢ ᠭᠦᠨᠵᠡᠭᠡᠶ᠂ ᠨᠠᠷᠢᠯᠢᠭ᠂ ᠪᠣᠳᠠᠲᠠᠶᠢᠵᠢᠭᠤᠯᠤᠨ᠎ᠠ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠢᠴᠢ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢᠨ ᠲᠠᠪᠴᠠᠩ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠴᠢᠯᠠᠯᠲᠠ ᠶᠢᠨ ᠦᠢᠯᠡᠴᠢᠯᠡᠭᠡᠨ ᠎ ᠤ ᠰᠢᠰᠲ᠋ᠧᠮ ᠢ ᠪᠠᠶᠢᠭᠤᠯᠤᠨ᠎ᠠ᠃ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢᠨ ︽ᠠᠷᠪᠠᠨ ᠨᠢᠭᠡ︾᠎ ᠶᠢᠨ ᠲᠥᠷᠥᠯ ᠵᠦᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠰᠡᠳᠬᠢᠴᠡ ᠶᠢᠨ ᠬᠢᠮᠤᠷᠠᠯ ᠢ ᠬᠠᠮᠢᠶᠠᠷᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠡᠳᠬᠢᠴᠡ ᠶᠢᠨ ᠬᠢᠮᠤᠷᠠᠯ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠪᠠ ᠬᠠᠮᠠᠭᠠᠯᠠᠬᠤ ᠭᠤᠷᠪᠠᠨ ᠬᠤᠪᠢᠶᠠᠷᠢ ᠰᠢᠰᠲ᠋ᠧᠮ ᠢ ᠪᠠᠶᠢᠭᠤᠯᠤᠨ᠎ᠠ᠃      4᠂ ᠬᠥᠳᠡᠯᠮᠦᠷᠢ ᠶᠢᠨ ᠬᠥᠮᠦᠵᠢᠯ ᠢ ᠴᠢᠩᠭᠠᠳᠬᠠᠨ᠎ᠠ᠃ 4 ᠰᠠᠷ᠎ᠠ ᠳᠤ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ︽ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠵᠢᠯᠣᠭᠤᠳᠬᠤ ᠰᠠᠨᠠᠯ︾᠎ ᠢ ᠨᠡᠶᠢᠲᠡᠯᠡᠭᠰᠡᠨ ᠪᠥᠭᠡᠳ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠰᠤᠷᠭᠠᠭᠤᠯᠢ ᠶᠢᠨ ᠥᠪᠡᠷ ᠤᠨ ᠬᠢᠴᠢᠶᠡᠯ ᠢ ᠰᠤᠳᠤᠯᠤᠨ ᠨᠡᠭᠡᠭᠡᠬᠦ ᠶᠢ ᠵᠢᠭᠠᠨ ᠵᠢᠯᠣᠭᠤᠳᠴᠤ᠂ 5 ᠰᠠᠷ᠎ᠠ ᠳᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ︽ᠭᠤᠷᠪᠠᠨ ᠨᠢᠭᠡ︾᠎ ᠶᠢᠨ ᠢᠨᠵᠧᠨᠧᠷᠢᠩ ᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠶᠡᠷᠦᠩᠬᠡᠶᠢᠯᠡᠭᠰᠡᠨ ᠦᠢᠯᠡᠳᠦᠯᠭᠡ ᠶᠢᠨ ᠰᠠᠭᠤᠷᠢᠨ ᠭᠠᠵᠠᠷ᠂ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠲᠥᠪ᠂ ᠶᠠᠩ ᠱᠠᠨ ᠶᠣᠣ᠂ ᠸᠠᠩ ᠯᠣᠤ ᠳ᠋ᠠ ᠴᠢᠩᠱᠠᠨ ᠲᠣᠭᠤᠷᠢᠭ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠡᠷᠭᠡ ᠡᠬᠢ ᠪᠠᠶᠠᠯᠢᠭ ᠲᠤ ᠲᠦᠰᠢᠭᠯᠡᠨ᠂ ᠬᠥᠳᠡᠯᠮᠦᠷᠢ ᠶᠢᠨ ᠬᠥᠮᠦᠵᠢᠯ ᠤᠨ ᠰᠤᠳᠤᠯᠤᠨ ᠰᠤᠷᠤᠯᠴᠠᠬᠤ ᠰᠣᠳᠣᠨ ᠪᠦᠲᠦᠭᠡᠯ ᠤᠨ ᠵᠠᠮ ᠱᠤᠭᠤᠮ ᠢ ᠨᠡᠭᠡᠭᠡᠨ ᠬᠥᠭᠵᠢᠭᠦᠯᠦᠨ᠎ᠡ︔ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ᠂ ᠨᠢᠭᠡᠳᠦᠭᠡᠷ ᠮᠠᠰᠢᠨ  ᠦᠢᠯᠡᠳᠬᠦ ᠪᠦᠯᠦᠭᠯᠡᠯ᠂ ᠶᠦᠩ ᠱᠧᠩ ᠴᠧᠩ ᠬᠡᠳᠦ ᠳᠡᠯᠭᠡᠭᠦᠷ ᠵᠡᠷᠭᠡ ᠠᠵᠤ ᠠᠬᠤᠶᠢᠯᠠᠯ ᠢ ᠢᠳᠡᠪᠬᠢᠲᠡᠢ ᠵᠣᠬᠢᠴᠠᠭᠤᠯᠵᠤ᠂ ᠨᠢᠭᠡ ᠪᠦᠯᠦᠭ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ ᠪᠠᠶᠢᠭᠤᠯᠤᠨ᠎ᠠ︔ ᠰᠤᠷᠭᠠᠭᠤᠯᠢ ᠨᠤᠭᠤᠳ ᠤᠨ ᠥᠪᠡᠷᠮᠢᠴᠡ ᠣᠨᠴᠠᠯᠢᠭ ᠲᠠᠢ ᠬᠥᠳᠡᠯᠮᠦᠷᠢ ᠶᠢᠨ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢᠨ ᠬᠢᠴᠢᠶᠡᠯ ᠢ ᠥᠪᠡᠰᠦᠪᠡᠨ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ᠂ ᠨᠢᠭᠡ ᠪᠦᠯᠦᠭ ᠬᠥᠳᠡᠯᠮᠦᠷᠢ ᠶᠢᠨ ᠰᠤᠷᠭᠠᠨ ᠬᠥᠮᠦᠵᠢᠯ ᠤᠨ ᠥᠪᠡᠷᠮᠢᠴᠡ ᠣᠨᠴᠠᠯᠢᠭ ᠲᠠᠢ ᠰᠤᠷᠭᠠᠭᠤᠯᠢ ᠶᠢ ᠬᠦᠮᠦᠵᠢᠨ ᠪᠤᠶᠢᠵᠢᠭᠤᠯᠤᠨ᠎ᠠ᠃      5᠂ ᠬᠡᠷ ᠪᠦᠯᠢ ᠰᠤᠷᠭᠠᠭᠤᠯᠢ ᠨᠡᠶᠢᠭᠡᠮ ᠤᠨ ᠬᠤᠷᠰᠢᠶ᠎ᠠ ᠶᠢᠨ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠢ ᠰᠢᠨᠡᠳᠭᠡᠨ᠎ᠡ᠃ ︽︿1234﹀ ᠭᠡᠷ ᠪᠦᠯᠢ ᠰᠤᠷᠭᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠬᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢᠨ ᠲᠤᠷᠰᠢᠯᠭ᠎ᠠ ᠬᠢᠭᠡᠳ ᠰᠡᠩᠬᠡᠷᠡᠭᠦᠯᠦᠯ ᠤᠨ ᠰᠤᠳᠤᠯᠤᠯ︾᠎ ᠤᠨ ᠰᠡᠳᠦᠪ ᠤᠨ ᠦᠷ᠎ᠡ ᠪᠦᠲᠦᠭᠡᠯ ᠢ ᠳᠡᠯᠭᠡᠷᠡᠭᠦᠯᠵᠦ᠂ ᠲᠠᠪᠤᠳᠤᠭᠠᠷ ᠬᠤᠭᠤᠴᠠᠭᠠᠨ ᠤ ᠭᠡᠷ ᠤᠨ ᠠᠬᠠᠮᠠᠳ ᠤᠨ ᠰᠤᠷᠭᠠᠭᠤᠯᠢ ᠶᠢᠨ ᠠᠭᠠᠷ ᠳᠡᠭᠡᠷᠡᠬᠢ ᠬᠢᠴᠢᠶᠡᠯ ᠤᠨ ᠲᠠᠩᠬᠢᠮ᠂ ᠭᠤᠷᠪᠠᠳᠤᠭᠠᠷ ᠬᠤᠭᠤᠴᠠᠭᠠᠨ ᠤ ᠭᠡᠷ ᠪᠦᠯᠢ ᠰᠤᠷᠭᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠤᠨ ᠦᠵᠡᠭᠦᠯᠦᠯᠭᠡ ᠶᠢᠨ ᠦᠨᠡᠯᠡᠯᠲᠡ᠂ ᠳᠥᠷᠪᠡᠳᠦᠭᠡᠷ ᠬᠤᠭᠤᠴᠠᠭᠠᠨ ᠤ ︽ᠮᠢᠨᠦ ᠭᠡᠷ ᠤᠨ ᠰᠤᠷᠲᠠᠯ· ᠮᠢᠨᠦ ᠭᠡᠷ ᠤᠨ ᠰᠤᠷᠭᠠᠯ· ᠮᠢᠨᠦ ᠭᠡᠷ ᠤᠨ ᠰᠤᠷᠪᠤᠯᠵᠢᠯᠠᠭ᠎ᠠ︾᠎ ᠶᠢᠨ ᠶᠠᠷᠢᠶ᠎ᠠ᠂ ᠳᠥᠷᠪᠡᠳᠦᠭᠡᠷ ᠬᠤᠭᠤᠴᠠᠭᠠᠨ ᠤ ᠭᠡᠷ ᠪᠦᠯᠢ ᠶᠢᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠠᠩᠬᠢ ᠶᠢᠨ ᠬᠡᠷᠡᠭ ᠤᠨ ᠵᠢᠭᠠᠨ ᠰᠤᠷᠭᠠᠯᠲᠠ ᠶᠢᠨ ᠤᠷᠤᠯᠳᠤᠭᠠᠨ ᠢ ᠡᠷᠬᠢᠯᠡᠪᠡ᠃ ︽443︾ ᠬᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠳᠤ ᠲᠦᠰᠢᠭᠯᠡᠨ ᠬᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ ᠬᠤᠯᠪᠣᠭ᠎ᠠ ᠶᠢ ᠪᠠᠶᠢᠭᠤᠯᠵᠤ᠂ ᠬᠤᠶᠠᠳᠤᠭᠠᠷ ᠬᠤᠭᠤᠴᠠᠭᠠᠨ ᠤ  ᠲᠤᠭᠤᠷᠢᠭ ᠤᠨ ᠲᠠᠰ ᠤᠨ ᠬᠡᠷ ᠤᠨ ᠠᠬᠠᠮᠠᠳ ᠤᠨ ᠵᠥᠪᠯᠡᠯ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠤᠨ᠎ᠠ᠃      ᠬᠥᠲᠥᠯᠥᠭᠴᠢ᠄      ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠳᠤ ᠴᠢᠭᠯᠡᠭᠦᠯᠦᠨ᠂ ᠰᠣᠷᠣᠭᠴᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄      ᠨᠢᠭᠡ ᠳᠤ᠂ ︽ᠴᠢᠩᠱᠠᠨ ᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ︾᠎ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠯ᠂ ᠠᠭᠤᠯᠤᠭᠳᠠᠬᠤᠨ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠵᠥᠪᠳᠡᠪᠡ᠃ ᠬᠤᠶᠠᠷ ᠲᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ  ᠱᠠᠯᠠᠪᠳᠠᠭᠤᠯᠤᠨ ᠪᠠᠶᠢᠴᠠᠭᠠᠭᠴᠢ ᠶᠢᠨ ᠬᠢᠨᠠᠯᠲᠠ ᠲᠠᠯᠪᠢᠬᠤ ᠦᠢᠯᠡᠳᠦᠯ ᠢ  ᠭᠦᠢᠴᠡᠳ ᠪᠠᠳᠠᠷᠠᠭᠤᠯᠵᠤ᠂ ᠱᠠᠯᠠᠪᠳᠠᠭᠤᠯᠤᠨ ᠪᠠᠶᠢᠴᠠᠭᠠᠭᠴᠢ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠢᠯᠡ ᠨᠡᠶᠢᠲᠡᠯᠡᠭᠰᠡᠨ᠂ ᠬᠢᠴᠢᠶᠡᠯ ᠤᠷᠤᠭᠰᠠᠨ ᠪᠠᠶᠢᠳᠠᠯ ᠵᠡᠷᠭᠡ ᠰᠤᠷᠭᠠᠭᠤᠯᠢ ᠡᠷᠭᠢᠯᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ᠃ ᠭᠤᠷᠪᠠ ᠳᠤ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠡᠳᠡᠨ ᠤ  ᠰᠦᠢᠳᠭᠡᠯ ᠬᠤᠷᠢᠶᠠᠬᠤ ᠦᠢᠯᠡ ᠠᠵᠢᠯᠯᠠᠭ᠎ᠠ᠂ ᠪᠠᠭᠰᠢ ᠶᠢᠨ ᠬᠢᠷᠢ ᠬᠡᠮ᠂ ᠵᠢᠭᠠᠨ ᠰᠤᠷᠭᠠᠬᠤ ᠠᠭᠤᠯᠭ᠎ᠠ ᠶᠢ ᠭᠤᠤᠯᠳᠠᠯᠭ᠎ᠠ ᠲᠠᠢ ᠵᠢᠷᠤᠮᠵᠢᠭᠤᠯᠤᠨ᠎ᠠ᠃ ᠳᠥᠷᠪᠡ ᠳᠤ ︽ᠠᠮᠠᠯᠠᠯᠲᠠ ᠶᠢᠨ ᠲᠦᠷᠢᠮ︾᠎ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠢᠩᠭ᠎ᠠ ᠬᠢᠨᠠᠨ ᠵᠥᠪᠰᠢᠶᠡᠷᠡᠨ᠎ᠡ᠃ ᠠᠵᠢᠯ ᠳᠤ ᠪᠠᠶᠢᠭ᠎ᠠ ᠪᠠᠭᠰᠢ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠢᠶᠠᠯ ᠬᠠᠪᠰᠤᠷᠭᠠᠬᠤ ᠶᠢ ᠴᠢᠩᠭ᠎ᠠ ᠴᠠᠭᠠᠵᠠᠯᠠᠵᠤ᠂ ᠨᠢᠭᠡ ᠶᠢ ᠢᠯᠡᠷᠡᠭᠦᠯᠪᠡᠯ ᠨᠢᠭᠡ ᠶᠢ ᠰᠢᠢᠳᠪᠦᠷᠢᠯᠡᠨ᠎ᠡ᠃ ᠲᠠᠪᠤ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠡᠰᠡᠭ ᠬᠤᠪᠢᠶᠠᠨ ᠲᠥᠷᠥᠯ ᠬᠤᠪᠢᠶᠠᠨ ᠬᠠᠮᠢᠶᠠᠷᠬᠤ ᠶᠢ ᠰᠦᠪᠡᠭᠴᠢᠯᠡᠨ ᠬᠡᠷᠡᠭᠵᠢᠭᠦᠯᠵᠦ᠂ ᠴᠢᠩᠱᠠᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ ᠬᠢᠨᠠᠨ ᠬᠠᠮᠢᠶᠠᠷᠤᠭᠴᠢ ᠶᠢ ᠰᠣᠩᠭᠤᠨ ᠭᠠᠷᠭᠠᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠢᠨᠠᠬᠤ  ᠦᠢᠯᠡᠳᠦᠯ ᠢ ᠳᠡᠭᠡᠭᠰᠢᠯᠡᠭᠦᠯᠦᠨ᠎ᠡ᠃      ᠬᠥᠲᠥᠯᠥᠭᠴᠢ᠄      ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠢᠨ ᠶᠡᠭᠡ ᠳᠤᠮᠳᠠ ᠪᠠᠭ᠎ᠠ ᠬᠡᠦᠬᠡᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠡᠷᠬᠢᠨ ᠬᠢᠭᠰᠡᠨ ᠪᠤᠢ︖      ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄      ᠨᠢᠭᠡ ᠳᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ  ᠲᠤᠭᠤᠷᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠪᠠᠶᠢᠳᠠᠯ ᠢ ᠣᠶᠢᠯᠠᠭᠠᠵᠤ᠂ ᠲᠤᠭ᠎ᠠ ᠬᠡᠮᠵᠢᠶ᠎ᠡ ᠶᠢ  ᠭᠦᠢᠴᠡᠳ ᠨᠥᠬᠦᠪᠥᠷᠢᠯᠡᠨ᠂ ᠨᠠᠷᠢᠯᠢᠭ ᠣᠨᠣᠴᠠᠲᠠᠶ ᠪᠠᠷ ᠪᠣᠯᠪᠠᠰᠤᠷᠠᠭᠤᠯᠤᠯ ᠬᠢᠵᠦ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠶᠠᠷ ᠲᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠤᠭᠴᠠᠵᠢᠭᠤᠯᠬᠤ ᠲᠠᠪᠴᠠᠩ ᠢ ᠪᠠᠶᠢᠭᠤᠯᠤᠨ᠎ᠠ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠰᠢᠨᠬᠤᠸᠠ ᠰᠦᠯᠵᠢᠶ᠎ᠡ ᠳᠤ ᠲᠦᠰᠢᠭᠯᠡᠨ᠂ ︽ᠬᠤᠤᠰ ᠪᠠᠭᠰᠢ ᠶᠢᠨ ᠪᠣᠯᠪᠠᠰᠤᠷᠠᠭᠤᠯᠤᠯ︾᠎ ᠤᠨ ᠬᠡᠯᠪᠡᠷᠢ ᠶᠢ ᠠᠪᠴᠤ ᠪᠠᠶᠢᠭᠠᠳ  ᠲᠤᠭᠤᠷᠢᠭ ᠤᠨ ᠳᠣᠲᠣᠷᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠳᠤ ᠪᠥᠬᠦ ᠠᠵᠢᠯᠲᠠᠨ᠂ ᠪᠦᠬᠦᠨ ᠢ ᠬᠠᠮᠤᠷᠬᠤ ᠪᠣᠯᠪᠠᠰᠤᠷᠠᠭᠤᠯᠤᠯ ᠬᠢᠵᠦ᠂ ᠪᠠᠭᠰᠢ ᠶᠢ ᠬᠥᠲᠥᠯᠦᠨ ᠵᠢᠯᠣᠭᠤᠳᠴᠤ ᠪᠠᠶᠢᠭᠠᠳ ᠠᠳᠠᠯᠢ ᠪᠤᠰᠤ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠤᠨ ᠬᠠᠷᠠᠯᠲᠠ᠂ ᠵᠢᠭᠠᠨ ᠰᠤᠷᠭᠠᠯᠲᠠ ᠶᠢᠨ ᠠᠭᠤᠯᠭ᠎ᠠ ᠵᠢᠴᠢ ᠵᠢᠭᠠᠨ ᠰᠤᠷᠭᠠᠯᠲᠠ ᠶᠢᠨ ᠠᠷᠭ᠎ᠠ ᠶᠢ ᠣᠨᠣᠪᠴᠢᠲᠠᠶ ᠡᠵᠡᠮᠰᠢᠭᠦᠯᠵᠦ᠂ ᠬᠠᠷᠠᠯᠲᠠ ᠲᠠᠢ ᠪᠠᠷ ᠰᠤᠮᠤ ᠬᠠᠷᠪᠤᠬᠤ᠂ ᠬᠢᠴᠢᠶᠡᠯ ᠤᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠭᠤᠷᠪᠠ ᠳᠤ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠠᠭᠤᠯᠤᠭᠳᠠᠬᠤᠨ ᠢ ᠠᠭᠤᠳᠠᠯᠵᠤ᠂ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ ᠲᠥᠷᠥ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠬᠦᠴᠦᠨ ᠵᠦᠢᠯ᠂ ᠪᠥᠬᠦ ᠬᠡᠯᠬᠢᠶ᠎ᠡ ᠳᠤ ᠲᠤᠤᠱᠯᠠᠭᠤᠯᠤᠨ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠵᠡᠯ ᠰᠠᠨᠠᠭᠠᠨ ᠤ ᠠᠭᠤᠯᠤᠭᠳᠠᠬᠤᠨ ᠢ ᠪᠣᠶ ᠪᠥᠬᠦᠶ ᠬᠢᠴᠢᠶᠡᠯ ᠲᠥᠷᠥᠯ ᠳᠤ ᠨᠡᠪᠴᠢᠭᠦᠯᠦᠨ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠱᠠᠲᠤ ᠱᠠᠲᠤ ᠪᠠᠷ ᠠᠬᠢᠭᠤᠯᠬᠤ᠂ ᠣᠨᠴᠠᠯᠢᠭ ᠢᠶᠠᠷ ᠢᠯᠡ ᠲᠣᠳᠣ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠲᠦᠷᠪᠡ ᠳᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠢᠭᠡ ᠲᠠᠯ᠎ᠠ ᠪᠠᠷ᠂ ᠡᠯ᠎ᠡ ᠰᠤᠷᠤᠯᠭ᠎ᠠ ᠶᠢᠨ ᠱᠠᠲᠤᠨ ᠳᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠠᠭᠤᠷᠢᠨ ᠭᠠᠵᠠᠷ ᠤᠨ ᠰᠤᠷᠭᠠᠭᠤᠯᠢ ᠶᠢ ᠪᠠᠶᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠬᠡᠦᠬᠡᠳ ᠤᠨ ᠴᠡᠴᠡᠷᠯᠢᠭ ᠲᠤ ᠬᠦᠷᠲᠡᠯ᠎ᠡ ᠥᠷᠭᠡᠳᠬᠡᠪᠡ᠃ ᠨᠦᠭᠦᠭᠡ ᠲᠠᠯ᠎ᠠ ᠪᠠᠷ᠂ ︽ᠨᠡᠶᠢᠭᠡᠮ ᠲᠣᠭᠤᠷᠢᠭ ᠲᠤ ᠤᠷᠤᠬᠤ᠂ ᠬᠥᠳᠡᠭᠡ ᠲᠣᠰᠬᠤᠨ ᠳᠤ ᠤᠷᠤᠬᠤ᠂ ᠠᠵᠤ ᠠᠬᠤᠶᠢᠯᠠᠯ ᠳᠤ ᠤᠷᠤᠬᠤ︾ ᠵᠡᠷᠭᠡ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号