ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠠᠵᠢᠯ ᠤᠨ ᠨᠡᠶᠢᠲᠡᠯᠢᠭ ᠲᠤᠷᠰᠢᠯᠭ᠎ᠠ᠂ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ᠂ ᠰᠢᠨ᠎ᠡ ᠡᠭᠦᠳᠦᠯᠲᠡ ᠶᠢᠨ ᠭᠢᠯᠠᠰ ᠴᠡᠭ
ᠨᠡᠶᠢᠲᠡᠯᠡᠭᠰᠡᠨ ᠴᠠᠭ᠄
2021/10/21
     ᠰᠤᠷᠪᠤᠯᠵᠢᠯᠠᠭᠰᠠᠨ ᠭᠤᠣᠯ ᠰᠡᠳᠦᠪ᠄ ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠠᠵᠢᠯ ᠤᠨ ᠨᠡᠶᠢᠲᠡᠯᠢᠭ ᠲᠤᠷᠰᠢᠯᠭ᠎ᠠ᠂ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ᠂ ᠰᠢᠨ᠎ᠡ ᠡᠭᠦᠳᠦᠯᠲᠡ ᠶᠢᠨ ᠭᠢᠯᠠᠰ ᠴᠡᠭ      ᠰᠤᠷᠪᠤᠯᠵᠢᠯᠠᠭᠰᠠᠨ ᠴᠠᠭ᠄ 2021 ᠣᠨ ᠤ 7 ᠰᠠᠷ᠎ᠠ ᠶᠢᠨ 27᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠵᠢᠶᠠᠩ ᠲᠢᠶᠠᠨ ᠴᠧᠩ      ᠰᠤᠷᠪᠤᠯᠵᠢᠯᠠᠭᠰᠠᠨ ᠠᠬᠤᠶ ᠪᠠᠶᠢᠳᠠᠯ᠄ ᠴᠢᠩᠱᠠᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠡᠭᠦᠳᠦᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠦᠳᠲᠡᠷ ᠲᠦᠷᠭᠡᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃      【ᠬᠥᠲᠥᠯᠥᠭᠴᠢ】      ᠣᠳᠣᠬᠠᠨ ᠳᠤ᠂ ᠪᠥᠬᠦ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢ ᠨᠢᠭᠡ ᠲᠦᠷᠦᠯ ᠤᠨ ᠭᠤᠤᠯᠳᠠᠯᠭ᠎ᠠ ᠲᠠᠢ ᠠᠵᠢᠯ ᠪᠣᠯᠭᠠᠵᠤ᠂ ᠶᠠᠭ ᠨᠢᠭᠲᠠ ᠥᠷᠨᠢᠭᠦᠯᠵᠦ ᠪᠠᠶᠢᠨ᠎ᠠ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠤᠯ ᠬᠦᠴᠦᠨ ᠪᠣᠯᠤᠭᠰᠠᠨ ᠤ ᠬᠤᠪᠢ ᠳᠤ᠂ ᠡᠨᠡ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠢᠶᠠᠩ ᠲᠢᠶᠠᠨ ᠴᠧᠩ】      ᠴᠢᠩᠱᠠᠨ ᠲᠣᠭᠤᠷᠢᠭ ‍ᠤᠨ‌ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ  ᠲᠤᠪᠴᠢᠶ᠎ᠠ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠤᠨ ᠲᠣᠭᠤᠷᠢᠨ ᠳᠤ ᠦᠳᠲᠡᠷ ᠲᠦᠷᠭᠡᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠄      ᠨᠢᠭᠡ ᠳᠤ ᠲᠥᠰᠦᠯ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾᠂ ︽ᠴᠢᠩᠱᠠᠨ ᠲᠣᠭᠤᠷᠢᠭ ᠤᠨ ︿ᠡᠭᠦᠳᠡᠨ ᠤ ᠡᠮᠦᠨ᠎ᠡ ᠠᠷᠤ ᠲᠠᠯ᠎ᠠ ᠶᠢᠨ ᠭᠤᠷᠪᠠ ᠶᠢ ᠳᠠᠭᠠᠭᠠᠬᠤ﹀ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠲᠥᠰᠦᠯ︾᠎ ᠢ ᠲᠣᠭᠲᠠᠭᠠᠵᠤ᠂ ᠬᠤᠲᠠ ᠶᠢᠨ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠣᠯᠠᠨ ᠨᠡᠶᠢᠲᠡ ᠶᠢᠨ ᠡᠮᠬᠢ ᠳᠢᠭᠯᠢᠮ ᠢ ᠵᠠᠰᠠᠬᠤ᠂ ᠵᠢᠵᠢᠭ ᠲᠣᠭᠤᠷᠢᠭ ᠢ ᠳᠤᠷ᠎ᠠ ᠪᠠᠷ ᠢᠶᠠᠨ ᠪᠠᠶᠢᠭᠤᠯᠵᠤ ᠨᠤᠷᠠᠭᠠᠨ ᠠᠷᠢᠯᠭᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠵᠡᠷᠭᠡ ᠲᠠᠪᠤᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠪᠠᠶᠢᠩᠭᠤᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃      ᠬᠤᠶᠠᠷ ᠲᠤ᠂ ᠨᠠᠷᠢᠯᠢᠭ ᠤᠨᠤᠪᠴᠢᠲᠠᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ᠎ᠠ᠃ ᠪᠥᠬᠦ ᠲᠤᠭᠤᠷᠢᠭ ᠤᠨ ᠵᠠᠮ ᠢ ᠴᠢᠩᠭ᠎ᠠ ᠬᠠᠮᠢᠶᠠᠷᠬᠤ᠂ ᠴᠢᠩᠭ᠎ᠠ ᠡᠵᠡᠮᠳᠡᠬᠦ᠂ ᠵᠢᠷᠤᠮᠵᠢᠭᠤᠯᠬᠤ᠂ ᠵᠡᠭᠡᠯᠢ ᠭᠤᠳᠤᠮᠵᠢ ᠠᠷᠤ ᠵᠢᠵᠢᠭ ᠭᠤᠳᠤᠮᠵᠢ ᠭᠡᠬᠦ ᠳᠥᠷᠪᠡᠨ ᠲᠥᠷᠥᠯ ᠳᠤ ᠬᠤᠪᠢᠶᠠᠵᠤ᠂ ᠲᠥᠷᠥᠯ ᠬᠤᠪᠢᠶᠠᠬᠤ᠂ ᠪᠠᠷᠢᠮᠵᠢᠶ᠎ᠠ ᠬᠤᠪᠢᠶᠠᠬᠤ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ ᠪᠠ ᠶᠠᠪᠠᠭᠠᠨ ᠢᠶᠠᠷ ᠲᠣᠭᠤᠷᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠲᠠᠯ᠎ᠠ ᠪᠠᠷ᠂ ᠲᠣᠤᠷ ᠲᠠᠲᠠᠬᠤ ᠮᠠᠶ᠋ᠢᠭ ᠤᠨ ᠪᠠᠷᠢᠮᠵᠢᠶ᠎ᠠ ᠪᠠ ᠬᠦᠰᠦᠨᠦᠭᠲᠦ ᠶᠢ ᠬᠠᠷᠭᠤᠭᠤᠯᠬᠤ ᠠᠵᠢᠯ ᠢ ᠥᠷᠨᠢᠭᠦᠯᠵᠦ᠂ ᠵᠠᠮ ᠳᠡᠭᠡᠷ᠎ᠡ ᠣᠷᠣᠰᠢᠵᠤ ᠪᠠᠶᠢᠭ᠎ᠠ ᠳᠤᠷ᠎ᠠ ᠪᠠᠷ ᠢᠶᠠᠨ ᠣᠪᠣᠭᠠᠯᠠᠨ ᠲᠠᠯᠪᠢᠬᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠪᠠᠯᠠᠯᠤᠨ ᠪᠢᠴᠢᠬᠦ᠂ ᠳᠤᠷ᠎ᠠ ᠪᠠᠷ ᠢᠶᠠᠨ ᠪᠠᠶᠢᠭᠤᠯᠬᠤ᠂ ᠡᠵᠡᠨ ᠥᠬᠡᠶ ᠬᠤᠭ ᠨᠣᠪᠰᠢ ᠵᠡᠷᠭᠡ ᠬᠤᠲᠠ ᠶᠢᠨ ᠳᠦᠷᠰᠦ ᠪᠠᠶᠢᠳᠠᠯ ᠤᠨ ᠠᠰᠠᠭᠤᠳᠠᠯ ᠢ ᠲᠦᠢᠯᠪᠤᠷᠢᠲᠠᠶ ᠦᠨᠳᠦᠰᠦᠨ ᠠᠴᠠ ᠨᠢ ᠵᠠᠰᠠᠬᠤ ᠶᠢᠨ ᠬᠠᠮᠲᠤ᠂ ᠠᠵᠢᠯ ᠤᠨ ᠡᠬᠡ ᠲᠠᠩᠰᠠ ᠪᠠᠶᠢᠭᠤᠯᠵᠤ᠂ ᠪᠠᠶᠢᠴᠠᠭᠠᠬᠤ ᠶᠢᠨ ᠳᠠᠭᠠᠤ ᠵᠠᠰᠠᠵᠤ᠂ ᠳᠠᠷᠦ᠋ᠢᠬᠠᠨ ᠥᠭᠡᠷᠡᠴᠢᠯᠡᠬᠦ ᠬᠡᠷᠡᠭᠲᠡᠶ᠃      ᠭᠤᠷᠪᠠ ᠳᠤ ᠬᠤᠲᠠ ᠶᠢᠨ ᠬᠠᠮᠢᠶᠠᠷᠤᠯᠲᠠ ᠪᠠ ᠴᠠᠭᠳᠠᠭ᠎ᠠ ᠬᠤᠯᠪᠣᠭᠠᠯᠠᠨ ᠬᠥᠳᠡᠯᠦᠯᠴᠡᠵᠦ᠂ ᠠᠩᠬᠠᠷᠤᠯ ᠳᠤ ᠲᠥᠪᠯᠡᠷᠡᠭᠦᠯᠦᠨ ᠬᠦᠴᠦ ᠭᠠᠷᠭᠠᠨ᠎ᠠ᠃ ︽ᠬᠤᠳᠠ ᠶᠢᠨ ᠴᠠᠭᠳᠠᠭ᠎ᠠ ᠬᠤᠯᠪᠣᠭᠠᠯᠠᠨ ᠬᠥᠳᠡᠯᠦᠯᠴᠡᠬᠦ︾ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠤᠶᠠᠷ ᠰᠠᠯᠠᠭ᠎ᠠ ᠮᠥᠴᠢᠷ ᠤᠨ ᠬᠢᠨ ᠬᠡᠪᠵᠢᠭᠦᠯᠦᠯᠲᠡ ᠶᠢᠨ ᠪᠠᠶᠢᠳᠠᠯ ᠲᠠᠢ ᠲᠣᠭᠤᠷᠢᠨ ᠴᠠᠭᠳᠠᠬᠤ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠳᠡᠭᠡᠭᠰᠢᠯᠡᠭᠦᠯᠵᠦ᠂ ᠵᠠᠮ ᠬᠠᠷᠢᠯᠴᠠᠭ᠎ᠠ᠂ ᠬᠤᠳᠠ ᠶᠢᠨ ᠦᠵᠡᠮᠵᠢ ᠶᠢᠨ ᠲᠠᠯ᠎ᠠ ᠪᠠᠷ ᠬᠢ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠲᠤᠰᠬᠠᠯ ᠲᠦᠷᠭᠡᠨ᠂ ᠪᠠᠲᠤᠯᠠᠭ᠎ᠠ ᠬᠦᠴᠦᠲᠡᠢ ᠬᠠᠮᠵᠢᠯᠴᠠᠬᠤ ᠵᠠᠭᠪᠤᠷ ᠢ ᠪᠦᠷᠢᠯᠳᠦᠭᠦᠯᠪᠡ᠃      ᠲᠦᠷᠪᠡ ᠳᠤ᠂ ᠬᠤᠳᠠᠯᠳᠤᠭᠠᠴᠢᠳ ᠢ ᠲᠠᠶᠢᠴᠢᠯᠠᠨ ᠥᠷᠭᠡᠨ ᠢᠶᠠᠷ ᠣᠷᠣᠯᠴᠠᠭᠤᠯᠤᠨ᠎ᠠ᠃ ᠤᠬᠠᠭᠤᠯᠬᠤ ᠶᠢᠨ ᠳᠠᠭᠠᠤ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢᠨ ᠲᠠᠭᠤ ᠳᠠᠪᠲᠠᠮᠵᠢ ᠪᠠ ᠨᠡᠭᠦᠳᠡᠯ ᠤᠬᠠᠭᠤᠯᠭ᠎ᠠ ᠶᠢ ᠨᠡᠪᠲᠡᠷᠡᠭᠦᠯᠬᠦ᠂ ᠬᠤᠳᠠᠯᠳᠤᠭᠠᠨ ᠤ ᠡᠷᠦᠬᠡ ᠳᠤ  ᠵᠠᠬᠢᠳᠠᠯ ᠲᠠᠷᠬᠠᠭᠠᠬᠤ᠂ ︽ᠪᠣᠯᠪᠠᠰᠤᠨ ᠢᠶᠠᠷ ᠶᠠᠪᠤᠵᠤ ᠰᠠᠭᠤᠬᠤ ᠳᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾ ᠰᠠᠨᠠᠭᠠᠴᠢᠯᠠᠭ᠎ᠠ ᠶᠢᠨ ᠪᠢᠴᠢᠭ ᠵᠡᠷᠭᠡ ᠬᠡᠯᠪᠡᠷᠢ ᠶᠢ ᠠᠰᠢᠭᠯᠠᠨ᠂ ᠬᠤᠲᠠ ᠶᠢᠨ ᠠᠷᠠᠳ᠂ ᠬᠤᠳᠠᠯᠳᠤᠭᠠᠨ ᠤ ᠡᠷᠦᠬᠡ ᠶᠢ ᠳᠠᠶᠢᠴᠢᠯᠠᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠤᠨ᠎ᠠ᠃ ᠬᠠᠷᠢᠶᠠᠲᠤ ᠣᠷᠣᠨ ᠤ ᠲᠣᠮᠣ ᠬᠡᠯᠪᠡᠷᠢ ᠶᠢᠨ ᠬᠤᠳᠠᠯᠳᠤᠭᠠᠨ ᠤ ᠲᠣᠭᠤᠷᠢᠭ ᠤᠨ ᠬᠠᠷᠢᠭᠤᠴᠠᠯᠭᠠᠲᠠᠨ᠂ ᠠᠳᠠᠯ ᠠᠬᠤᠶ ᠶᠢᠨ ᠺᠣᠮᠫᠠᠨᠢ᠂ ᠲᠦᠷᠭᠡᠨ ᠬᠦᠷᠭᠡᠯᠲᠡ ᠶᠢᠨ ᠥᠷᠲᠡᠭᠡ ᠵᠡᠷᠭᠡ ᠬᠤᠳᠠᠯᠳᠤᠭᠠᠴᠢᠨ ᠢ ᠴᠤᠭᠯᠠᠭᠤᠯᠤᠨ ᠶᠠᠷᠢᠯᠴᠠᠬᠤ ᠬᠤᠷᠠᠯ ᠬᠢᠵᠦ᠂ ᠬᠤᠳᠠᠯᠳᠤᠭᠠᠴᠢᠨ ᠢ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠱᠠᠭᠠᠷᠳᠠᠵᠤ᠂ ᠡᠭᠦᠳᠡᠨ ᠤ ᠡᠮᠦᠨ᠎ᠡ ᠠᠷᠤ ᠭᠤᠷᠪᠠ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠬᠠᠷᠢᠭᠤᠴᠠᠯᠭᠠᠲᠤ ᠣᠷᠣᠨ ᠤ ᠬᠡᠪᠴᠢᠶᠡᠨ ᠳ᠋ᠡᠬᠢ‌ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃      【ᠬᠥᠲᠥᠯᠥᠭᠴᠢ】      ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ︽ᠭᠤᠷᠪᠠᠨ ᠳᠡᠰ ᠤᠨ ᠵᠡᠭᠡᠯᠢ ᠶᠢᠨ ᠳᠠᠷᠤᠭ᠎ᠠ︾᠎ ᠶᠢᠨ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ︽ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠦᠯᠦᠭ︾᠎ ᠢ ᠪᠠᠶᠢᠭᠤᠯᠵᠦ᠂ ᠡᠳᠡᠭᠡᠷ ᠬᠢᠯᠠᠰ ᠴᠡᠭ ᠤᠨ ᠠᠵᠢᠯ ᠢ ᠲᠠᠨᠢᠯᠴᠠᠭᠤᠯᠤᠨ᠎ᠠ ᠤᠤ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠢᠶᠠᠩ ᠲᠢᠶᠠᠨ ᠴᠧᠩ】      ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾᠎ ᠢ ᠦᠨᠳᠦᠰᠦᠯᠡᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠲᠤᠰᠠᠳᠠ᠂ ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠡᠭᠡᠯᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠪᠠᠷ ᠶᠡᠷᠦᠩᠬᠡᠶ ᠵᠡᠭᠡᠯᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠭᠤᠤᠯ ᠤᠳᠤᠷᠢᠳᠤᠯᠭ᠎ᠠ᠂ ᠴᠢᠩᠱᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠤᠰᠤᠲᠦ ᠵᠠᠭᠡᠯᠢ ᠭᠤᠲᠤᠮᠵᠢ ᠶᠢᠨ ᠠᠮᠦᠷ ᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠡᠳ᠋ ᠶᠡᠷᠦᠩᠬᠡᠶ ᠵᠡᠭᠡᠯᠢ ᠶᠢᠨ ᠳᠠᠷᠤᠭ᠎ᠠ ᠶᠢᠨ ᠲᠤᠰᠢᠶᠠᠯ ᠡᠭᠦᠷᠭᠡᠯᠡᠵᠦ᠂ ᠨᠢᠭᠡᠳᠦᠭᠡᠷ ᠳᠡᠰ ᠤᠨ ᠵᠡᠭᠡᠯᠢ ᠶᠢᠨ ᠳᠠᠷᠤᠭ᠎ᠠ᠂ ᠬᠤᠶᠠᠳᠤᠭᠠᠷ ᠳᠡᠰ ᠤᠨ ᠵᠡᠭᠡᠯᠢ ᠶᠢᠨ ᠳᠠᠷᠤᠭ᠎ᠠ᠂ ᠵᠠᠮ ᠭᠤᠲᠤᠮᠵᠢ ᠶᠢᠨ ᠰᠦᠯᠵᠢᠶᠡᠨ ᠤ ᠲᠠᠰᠤᠯᠪᠦᠷᠢ ᠶᠢᠨ ᠠᠵᠢᠯᠲᠠᠨ ᠢ ᠲᠤᠬᠢᠷᠠᠭᠤᠯᠪᠠ᠃ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠ ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ ᠴᠠᠭᠳᠠᠭ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠵᠡᠷᠭᠡ ᠲᠦᠷᠪᠡᠨ ᠶᠡᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢᠶᠠᠷ ᠪᠦᠷᠢᠯᠳᠦᠭᠰᠡᠨ ︽ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠦᠯᠦᠭ︾᠎ ᠢ ᠪᠠᠶᠢᠭᠤᠯᠵᠤ᠂ ᠥᠨᠳᠥᠷ ᠪᠦᠲᠦᠮᠵᠢᠲᠡᠶ᠂ ᠲᠦᠷᠭᠡᠨ ᠰᠦᠯᠵᠢᠶᠡᠨ ᠤ ᠠᠷᠭ᠎ᠠ ᠪᠠᠷᠢᠯ ᠢ ᠠᠰᠢᠭᠯᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ  ᠰᠢᠢᠳᠪᠦᠷᠢᠯᠡᠵᠦ᠂ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠪᠡ᠃ ᠬᠤᠲᠠ ᠶᠢᠨ ᠬᠠᠮᠢᠶᠠᠷᠤᠯᠲᠠ ᠶᠢᠨ ᠳᠤᠮᠳᠠ ᠪᠠᠶᠢᠩᠭᠤ ᠲᠣᠬᠢᠶᠠᠯᠳᠤᠳᠠᠭ᠂ ᠵᠠᠮ ᠡᠵᠡᠯᠡᠨ ᠡᠵᠡᠩᠨᠡᠬᠦ᠂ ᠵᠠᠮ ᠢ ᠡᠪᠳᠡᠬᠦ᠂ ᠮᠠᠰᠢᠨᠲᠤ ᠲᠡᠷᠭᠡ ᠳᠤᠷ᠎ᠠ ᠪᠠᠷ ᠢᠶᠠᠨ ᠵᠣᠭᠰᠣᠬᠤ᠂ ᠪᠣᠬᠢᠷ ᠤᠰᠤ ᠪᠢᠯᠬᠠᠬᠤ᠂ ᠵᠠᠮ ᠮᠥᠰᠥ ᠬᠥᠯᠳᠡᠬᠦ ᠵᠡᠷᠭᠡ ᠠᠰᠠᠭᠤᠳᠠᠯ ᠢ᠂ ᠡᠯ᠎ᠡ ᠰᠠᠯᠠᠭ᠎ᠠ ᠮᠥᠴᠢᠷ ᠤᠨ ᠬᠢᠨ ᠣᠯᠵᠤ ᠮᠡᠳᠡᠮᠡᠭᠴᠡ ᠲᠡᠷᠡ ᠳᠠᠷᠤᠢ ᠳᠤᠨᠢ ᠭᠡᠷᠡᠯ ᠵᠢᠷᠤᠭ ᠠᠪᠴᠤ ᠠᠵᠢᠯ ᠤᠨ ᠪᠦᠯᠦᠭᠯᠡᠯ ᠳᠤ ᠳᠠᠮᠵᠢᠭᠤᠯᠵᠤ᠂ ᠡᠭᠦᠷᠭᠡ ᠴᠢᠳᠠᠪᠬᠢ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠡᠭᠦᠷᠭᠡ ᠪᠠᠨ ᠲᠡᠷᠡ ᠳᠠᠷᠤᠢ ᠳᠤᠨᠢ ᠲᠠᠨᠢᠵᠤ ᠠᠪᠤᠭᠠᠳ᠂ ᠳᠠᠷᠤᠢ ᠲᠦᠷᠭᠡᠨ ᠲᠤᠬᠠᠢ ᠶᠢᠨ ᠲᠠᠯᠠᠪᠠᠢ ᠳᠤ ᠬᠦᠷᠴᠦ ᠰᠢᠢᠳᠪᠦᠷᠢᠯᠡᠨ᠂ ᠲᠠᠬᠢᠨ ᠴᠡᠭᠴᠡᠯᠡᠨ ᠵᠠᠰᠠᠭᠰᠠᠨ ᠤ ᠳᠠᠷᠠᠭᠠᠬᠢ ᠭᠡᠷᠡᠯ ᠵᠢᠷᠤᠭ ᠢ ᠠᠵᠢᠯ ᠤᠨ ᠪᠦᠯᠦᠭᠯᠡᠯ ᠳᠤ ᠬᠠᠷᠢᠭᠤ ᠲᠤᠰᠬᠠᠵᠤ᠂ ᠬᠦᠴᠢᠷ ᠲᠦᠪᠡᠭᠲᠡᠢ ᠠᠰᠠᠭᠤᠳᠠᠯ ᠪᠣᠯᠤᠨ ᠭᠡᠨᠡᠳᠲᠡ ᠶᠢᠨ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠨ᠎ᠡ᠃ ᠬᠠᠷᠢᠶᠠᠲᠤ ᠣᠷᠣᠨ ᠤ ᠬᠡᠪᠴᠢᠶᠡᠨ ᠳᠤ ᠨᠢᠭᠡᠨᠲᠡ 236 ᠵᠡᠭᠡᠯᠢ ᠶᠢᠨ ᠳᠠᠷᠤᠭ᠎ᠠ ᠶᠢᠨ ᠳᠦᠷᠢᠮᠲᠦ ᠠᠵᠢᠯ ᠤᠨ ᠫᠠᠶᠢᠰᠠ ᠤᠭᠰᠠᠷᠠᠵᠤ᠂ ᠵᠡᠭᠡᠯᠢ ᠭᠤᠳᠤᠮᠵᠢ ᠶᠢᠨ ᠨᠡᠷᠡᠶᠢᠳᠦᠯ᠂ ᠵᠡᠭᠡᠯᠢ ᠶᠢᠨ ᠳᠠᠷᠤᠭ᠎ᠠ᠂ ᠬᠠᠷᠢᠯᠴᠠᠬᠤ ᠤᠲᠠᠰᠤ᠂ ᠵᠡᠭᠡᠯᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠬᠤᠶᠠᠷ ᠬᠡᠮᠵᠢᠯᠳᠦ ᠲᠡᠮᠳᠡᠭ ᠤᠨ ᠵᠢᠷᠤᠭ ᠲᠡᠮᠳᠡᠭ ᠢ ᠳᠠᠷᠤᠮᠠᠯᠵᠦ᠂ ᠨᠡᠶᠢᠭᠡᠮ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠪᠥᠬᠦ ᠲᠠᠯ᠎ᠠ ᠪᠠᠷ ᠢᠯᠡ ᠪᠠᠷ ᠬᠦᠯᠢᠶᠡᠪᠡ᠃      【ᠬᠥᠲᠥᠯᠥᠭᠴᠢ】      ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠡᠮᠬᠢ ᠵᠢᠷᠤᠮ ᠤᠨ ᠲᠤᠰᠬᠠᠶ ᠴᠡᠭᠴᠡᠯᠡᠨ ᠵᠠᠰᠠᠯᠲᠠ ᠶᠢ ᠨᠢᠭᠡ ᠵᠦᠢᠯ ᠤᠨ ᠪᠠᠶᠢᠩᠭᠤᠵᠢᠭᠤᠯᠬᠤ ᠠᠵᠢᠯ ᠪᠣᠯᠭᠠᠨ ᠭᠦᠨᠵᠡᠭᠡᠶ ᠥᠷᠨᠢᠭᠦᠯᠵᠦ᠂ ᠣᠳᠣᠬᠠᠨ ᠳᠤ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠢᠶᠠᠩ ᠲᠢᠶᠠᠨ ᠴᠧᠩ】      1᠂ ᠠᠷᠠᠳ ᠢ ᠦᠢᠮᠡᠭᠦᠯᠬᠦ ᠵᠠᠰᠠᠮᠠᠯ ᠵᠠᠮ ᠤᠨ ᠵᠠᠬ᠎ᠠ ᠳᠡᠯᠭᠡᠭᠦᠷ ᠢ ᠬᠦᠴᠦᠨ ᠥᠬᠡᠶ ᠪᠣᠯᠭᠠᠵᠤ᠂ ᠳᠤᠷ᠎ᠠ ᠪᠠᠷ ᠢᠶᠠᠨ ᠵᠠᠮ ᠡᠵᠡᠯᠡᠨ ᠡᠵᠡᠩᠨᠡᠬᠦ᠂ ᠳᠡᠯᠭᠡᠭᠡ ᠮᠠᠶᠢᠮᠠᠶ ᠬᠢᠬᠦ᠂ ᠵᠠᠮ ᠬᠠᠷᠢᠯᠴᠠᠭ᠎ᠠ ᠶᠢ ᠪᠥᠭᠯᠡᠬᠦ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠳᠡᠭ ᠢᠳᠡᠭ ᠢᠶᠠᠷ ᠪᠠᠭᠠᠰᠬᠠᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃      2᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠨᠢᠭᠡᠳᠦᠯᠲᠡᠶ ᠵᠢᠷᠤᠮᠵᠢᠭᠰᠠᠨ᠂ ᠪᠠᠷᠢᠮᠵᠢᠶᠠᠵᠢᠭᠰᠠᠨ ᠬᠠᠮᠢᠶᠠᠷᠤᠯᠲᠠ ᠨᠢ ᠬᠤᠳᠠᠯᠳᠤᠭᠠᠴᠢᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠭᠰᠠᠨ ᠮᠥᠷᠲᠡᠭᠡᠨ ᠬᠤᠲᠠ ᠶᠢᠨ ᠠᠷᠠᠳ ᠣᠯᠠᠨ ᠤ ᠬᠤᠳᠠᠯᠳᠤᠨ ᠠᠪᠬᠤ ᠳᠤ ᠴᠤ ᠲᠥᠬᠦᠮ ᠦᠵᠡᠭᠦᠯᠦᠭᠰᠡᠨ ᠪᠠᠶᠢᠨ᠎ᠠ᠃      3᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠨᠢ ᠰᠠᠶᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠴᠡᠪᠡᠷ ᠲᠡᠭᠰᠢ ᠪᠠᠶᠢᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠰᠤᠷᠤᠯᠴᠠᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃      4᠂ ᠵᠠᠳᠠᠭᠠᠶ ᠰᠢᠷᠠᠯᠠᠭᠠ ᠶᠢ ᠪᠥᠬᠦ ᠲᠠᠯ᠎ᠠ ᠪᠠᠷ ᠴᠠᠭᠠᠵᠠᠯᠠᠵᠤ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠬᠤ ᠶᠢᠨ ᠬᠠᠮᠲᠤ ᠬᠤᠲᠠ ᠶᠢᠨ ᠠᠷᠠᠳ ᠣᠯᠠᠨ ᠤ ᠬᠤᠭᠤᠯᠠ ᠤᠮᠳᠠ ᠶᠢᠨ ᠬᠡᠷᠡᠭᠴᠡᠭᠡ ᠶᠢ ᠬᠠᠩᠭᠠᠪᠠ᠃      5᠂ ᠨᠡᠶᠢᠲᠡ ᠶᠢᠨ ᠵᠣᠷᠯᠣᠩ ᠢ 24 ᠴᠠᠭ ᠢᠶᠠᠷ ᠨᠡᠭᠡᠭᠡᠵᠦ᠂ ᠨᠡᠶᠢᠲᠡ ᠶᠢᠨ ᠵᠣᠷᠯᠣᠩ ᠢ ᠲᠠᠰᠤᠷᠠᠯᠲᠠ ᠥᠬᠡᠶ ᠨᠡᠮᠡᠨ ᠪᠠᠶᠢᠭᠤᠯᠵᠤ᠂ ᠬᠠᠭᠤᠴᠢᠨ‌ᠨᠡᠶᠢᠲᠡ ᠶᠢᠨ ᠵᠣᠷᠯᠣᠩ ᠢ ᠰᠢᠨ᠎ᠡ ᠪᠠᠷ ᠰᠣᠯᠢᠵᠤ᠂ ᠨᠡᠶᠢᠲᠡ ᠶᠢᠨ ᠵᠣᠷᠯᠣᠩ ᠤᠨ ᠵᠢᠭᠠᠯᠲᠠ ᠶᠢᠨ ᠫᠠᠶᠢᠰᠠ ᠳᠣᠭᠢᠷᠠᠭᠤᠯᠤᠨ᠂ ᠬᠤᠲᠠ ᠶᠢᠨ ᠠᠷᠠᠳ  ᠎ ᠤᠨ ᠬᠡᠷᠡᠭᠯᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠨ᠎ᠡ᠃      6᠂ ᠬᠠᠷᠢᠶ᠎ᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠵᠢᠯᠴᠠᠨ ᠰᠠᠭᠤᠭᠠᠯᠢ ᠠᠷᠠᠳ ᠤᠨ ᠲᠣᠭᠤᠷᠢᠭ ᠢ ᠳᠤᠷ᠎ᠠ ᠪᠠᠷ ᠢᠶᠠᠨ ᠪᠠᠶᠢᠭᠤᠯᠤᠭᠰᠠᠨ ᠶᠠᠪᠤᠳᠠᠯ ᠢ ᠴᠡᠭᠴᠡᠯᠡᠨ ᠵᠠᠰᠠᠵᠤ ᠨᠤᠷᠠᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠪᠠ᠃      7᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠵᠠᠮ ᠴᠡᠪᠡᠷᠯᠡᠭᠡ᠂ ᠴᠠᠰᠤ ᠮᠥᠰᠥ ᠠᠷᠢᠯᠭᠠᠬᠤ᠂ ᠬᠤᠭ ᠨᠣᠪᠰᠢ ᠶᠢ ᠴᠡᠪᠡᠷᠯᠡᠬᠦ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠠᠲᠤᠯᠠᠵᠤ᠂ ᠠᠮᠢᠳᠤᠷᠠᠯ ᠤᠨ ᠣᠷᠴᠢᠨ ᠲᠣᠭᠤᠷᠢᠨ ᠢ ᠭᠤᠶᠤᠵᠢᠭᠤᠯᠬᠤ ᠬᠡᠷᠡᠭᠲᠡᠶ᠃      8᠂ ᠬᠤᠲᠠ ᠶᠢᠨ ᠬᠠᠮᠢᠶᠠᠷᠤᠯᠲᠠ ᠶᠢᠨ ᠭᠡᠰᠢᠭᠦᠳ ᠤᠨ ︽ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠠᠷᠠᠳ ᠲᠤ ᠦᠢᠯᠡᠴᠢᠯᠡᠬᠦ︾ ᠬᠠᠤᠯᠢ ᠬᠡᠷᠡᠭᠵᠢᠭᠦᠯᠬᠦ ᠣᠨᠣᠯᠵᠢᠬᠤᠨ ᠨᠢ ᠨᠡᠶᠢᠭᠡᠮ ᠨᠡᠶᠢᠲᠡ ᠳᠤ ᠮᠡᠳᠡᠷᠡᠭᠳᠡᠵᠦ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号