ᠰᠤᠷᠪᠤᠯᠵᠢᠯᠠᠭᠰᠠᠨ ᠭᠤᠣᠯ ᠰᠡᠳᠦᠪ᠄ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ | ᠪᠤᠳᠤᠯᠭ᠎ᠠ ᠶᠢ ᠤᠨᠤᠪᠴᠢᠲᠠᠢ ᠬᠡᠷᠡᠭᠵᠢᠭᠦᠯᠵᠦ᠂ ︽ᠴᠢᠩᠱᠠᠨ ᠳᠤ ᠰᠤᠷᠤᠯᠴᠠᠬᠤ︾ ᠰᠢᠨ᠎ᠡ ᠲᠤᠭᠲᠠᠮᠵᠢ ᠢ ᠴᠢᠷᠮᠠᠶᠢᠨ | ᠪᠠᠶᠢᠭᠤᠯᠤᠨ᠎ᠠ | ᠰᠤᠷᠪᠤᠯᠵᠢᠯᠠᠭᠰᠠᠨ ᠴᠠᠭ᠄ 2021 ᠣᠨ ᠤ 5 ᠰᠠᠷ᠎ᠠ ᠶᠢᠨ 25 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠡᠦ ᠱᠧᠩ ᠴᠢᠶᠠᠩ | ᠰᠤᠪᠤᠯᠵᠢᠯᠠᠭᠰᠠᠨ ᠠᠬᠤᠶ ᠪᠠᠶᠢᠳᠠᠯ᠄ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠤᠨᠢᠨ ᠳᠡᠭᠡᠷ᠎ᠡ ᠨᠢ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ︽ᠴᠢᠩᠱᠠᠨ ᠳᠤ ᠰᠤᠷᠤᠯᠴᠠᠬᠤ︾ ᠰᠢᠨ᠎ᠡ ᠪᠠᠶᠢᠷᠢᠰᠢᠯ ᠢ ᠴᠢᠷᠮᠠᠶᠢᠨ | ᠴᠣᠭᠴᠠᠯᠠᠨ᠎ᠠ | ᠬᠥᠲᠥᠯᠥᠭᠴᠢ᠄ | ᠲᠠ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠮᠡᠲᠦ ᠲᠤᠲᠤᠨᠦ ᠪᠠᠶᠢᠬᠤ | ᠶᠢ ᠪᠠᠬᠢᠵᠢᠭᠦᠯᠬᠦ ᠪᠣᠳᠠᠲᠠᠢ ᠠᠷᠭ᠎ᠠ ᠶᠢ ᠲᠠᠨᠢᠯᠴᠠᠭᠤᠯᠵᠦ ᠦᠭᠭᠦᠨ᠎ᠡ ᠤᠤ︖ | ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄ | ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠤᠨ ᠨᠢᠭᠡ ᠭᠡᠷ ᠤᠨ ᠮᠡᠲᠦ ᠲᠤᠲᠤᠨᠤᠰᠤᠭ | ᠪᠣᠯᠬᠤ ᠠᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠪᠠᠭᠰᠢ ᠶᠢᠨ | ᠡᠩᠨᠡᠭᠡ ᠲᠠᠢ ︽ᠭᠤᠷᠪᠠᠨ ᠵᠦᠢᠯ ᠤᠨ ᠠᠭᠤᠰᠤᠯᠴᠠᠯ︾ ᠢ ᠪᠡᠶᠡᠯᠡᠭᠦᠯᠬᠦ ᠪᠠᠷ ᠳᠠᠮᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ | ᠠᠬᠢᠭᠤᠯᠪᠠ᠃ | 1᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠬᠢᠴᠢᠶᠡᠯ ᠤᠨ ᠥᠭᠡᠷᠡᠴᠢᠯᠡᠯᠲᠡ ᠳᠤ ᠠᠭᠤᠰᠬᠠᠨ᠎ᠠ᠃ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠬᠢᠴᠢᠶᠡᠯ ᠤᠨ ᠵᠢᠱᠢᠶ᠎ᠡ ᠪᠠᠷ ᠳᠠᠮᠵᠢᠭᠤᠯᠤᠨ᠂ | ᠰᠤᠷᠤᠭᠴᠢᠳ ᠤᠨ ᠰᠢᠨ᠎ᠡ ᠣᠨᠴᠠᠯᠢᠭ ᠰᠢᠨ᠎ᠡ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠵᠢᠴᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ︽ᠰᠤᠷᠭᠠᠭᠤᠯᠢ ᠶᠢᠨ ᠥᠪᠡᠷ ᠤᠨ | ᠬᠢᠴᠢᠶᠡᠯ︾ ᠳᠤ ᠠᠭᠤᠰᠬᠠᠨ ᠣᠷᠣᠭᠤᠯᠬᠤ ᠶᠢ ᠬᠠᠶᠢᠨ ᠰᠦᠪᠡᠭᠴᠢᠯᠡᠵᠦ᠂ ᠵᠢᠭᠠᠨ ᠰᠤᠷᠭᠠᠯᠲᠠ ᠶᠢᠨ ᠲᠠᠭᠤᠨ ᠢ | ᠬᠥᠭᠵᠢᠭᠡᠨ᠂ ᠦᠵᠡᠯ ᠤᠬᠠᠮᠰᠠᠷ ᠢ ᠭᠦᠨᠵᠡᠭᠡᠶᠢᠷᠡᠭᠦᠯᠦᠨ᠎ᠡ᠃ ︽ᠴᠢᠩᠱᠠᠨ ᠰᠤᠷᠭᠠᠨ ᠬᠥᠮᠦᠵᠢᠯ ᠤᠨ ᠰᠠᠶᠢᠨ ᠲᠠᠭᠤᠨ ᠤ | ᠤᠬᠠᠭᠤᠯᠤᠨ ᠲᠠᠶᠢᠯᠪᠤᠷᠢᠯᠠᠬᠤ ᠪᠦᠯᠬᠦᠮ︾ ᠢᠶᠠᠷ ᠳᠠᠮᠵᠢᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠪᠠ ᠦᠷ᠎ᠡ ᠪᠦᠲᠦᠮᠵᠢ ᠶᠢ | ᠰᠠᠶᠢᠲᠤᠷ ᠤᠬᠠᠭᠤᠯᠤᠨ᠎ᠠ︔ ᠪᠠᠭᠰᠢ ᠨᠠᠷ ᠤᠨ ᠲᠥᠷᠥ ᠶᠢᠨ ᠪᠣᠳᠣᠯᠭ᠎ᠠ ᠶᠢᠨ ᠰᠡᠳᠦᠪ ᠬᠠᠷᠢᠭᠤᠯᠬᠤ᠂ | ᠰᠤᠷᠤᠭᠴᠢᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ᠂ ᠠᠩᠭᠢ ᠪᠦᠯᠬᠦᠮ ᠤᠨ ᠬᠤᠷᠠᠯ ᠵᠡᠷᠭᠡ ᠬᠡᠯᠪᠡᠷᠢ ᠪᠠᠷ | ᠴᠢᠳᠠᠪᠤᠷᠢᠲᠠᠨ ᠪᠣᠯᠵᠣ ᠦᠰᠦᠨ ᠪᠤᠶᠢᠵᠢᠬᠤ ᠳᠤ ᠬᠦᠴᠦᠨ ᠨᠡᠮᠡᠷᠢᠯᠡᠭᠰᠡᠨ ᠰᠠᠶᠢᠨ ᠥᠯᠢᠭᠡᠷ ᠢ ᠰᠠᠶᠢᠲᠤᠷ ᠶᠠᠷᠢᠬᠤ | ᠬᠡᠷᠡᠭᠲᠡᠶ︔ ︽ᠪᠠᠭᠰᠢ ᠨᠠᠷ ᠢ ᠡᠷᠦᠬᠡ ᠳᠤ ᠠᠶᠢᠯᠴᠢᠯᠠᠬᠤ︾ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ | ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤ ᠥᠭᠭᠦᠨ᠎ᠡ᠃ | 2᠂ ᠰᠣᠶᠣᠯ ᠤᠨ ᠲᠠᠨᠢᠨ ᠮᠡᠳᠡᠷᠡᠬᠦᠶ ᠶᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ | ᠠᠭᠤᠰᠬᠠᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠤᠨ | ︽ᠴᠢᠩᠱᠠᠨ ᠳᠠᠭᠠᠨ ᠰᠤᠷᠤᠯᠴᠠᠬᠤ︾ ᠨᠡᠷᠡᠲᠦ ᠲᠡᠮᠳᠡᠭ ᠢ ᠰᠤᠷᠭᠠᠭᠤᠯᠢ ᠶᠢᠨ ᠬᠦᠷᠢᠶᠡᠨ ᠤ ᠰᠣᠶᠣᠯ ᠳᠤ ᠠᠭᠤᠰᠬᠠᠵᠤ᠂ | ᠳᠤᠮᠳᠠᠲᠦ ᠶᠢᠨ ᠦᠨᠳᠦᠰᠦᠲᠡᠨ ᠤ ᠬᠠᠮᠲᠦ ᠶᠢᠨ ᠴᠤᠭᠴᠠ ᠶᠢᠨ ᠤᠬᠠᠨᠰᠠᠷ ᠢ ᠪᠠᠳᠤᠳᠬᠠᠵᠦ᠂ ᠡᠯ᠎ᠡ ᠲᠦᠷᠦᠯ ᠤᠨ | ᠣᠨᠴᠠᠯᠢᠭ ᠲᠠᠢ ᠰᠣᠶᠣᠯ ᠤᠨ ᠤᠬᠠᠮᠰᠠᠷ ᠢ ᠪᠤᠢ ᠪᠣᠯᠭᠠᠵᠤ᠂ ᠪᠠᠭᠰᠢ ᠰᠤᠷᠤᠭᠴᠢᠳ ᠢ ᠬᠦᠳᠦᠯᠦᠨ ᠵᠢᠯᠣᠭᠤᠳᠴᠤ | ᠠᠷᠠᠳ ᠲᠦᠮᠡᠨ ᠤ ᠵᠣᠭᠰᠣᠯᠲᠠ ᠳᠤ ᠪᠠᠲᠤ ᠵᠤᠭᠰᠤᠭᠰᠠᠨ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠪᠤᠯᠭᠠᠨ᠎ᠠ᠃ | 3᠂ ᠤᠯᠤᠰ ᠲᠥᠷᠥ ᠶᠢᠨ ᠤᠬᠠᠮᠰᠠᠷ ᠶᠢ ᠪᠠᠭᠰᠢ ᠶᠢᠨ ᠡᠩᠨᠡᠭᠡ ᠶᠢ ᠬᠥᠮᠦᠵᠢᠭᠦᠯᠬᠦ ᠳᠤ ᠠᠭᠤᠰᠬᠠᠨ᠎ᠠ᠃ | ᠭᠤᠣᠯᠯᠠᠭᠴᠢ ᠬᠦᠴᠦᠨ ᠢᠶᠠᠷ ᠨᠥᠯᠥᠭᠡᠯᠡᠬᠦ᠂ ᠲᠤᠰᠬᠠᠢ ᠮᠡᠷᠭᠡᠵᠢᠯᠲᠡᠨ ᠢᠶᠠᠷ ᠬᠦᠳᠦᠯᠦᠨ ᠳᠠᠭᠠᠭᠤᠯᠬᠤ ︽ᠬᠤᠣᠰ | ᠱᠤᠭᠤᠮ︾ ᠢ ᠪᠤᠶᠢᠵᠢᠭᠤᠯᠬᠤ ᠪᠠᠷ ᠳᠠᠮᠵᠢᠭᠤᠯᠵᠤ᠂ ᠨᠡᠷᠡᠳᠦ ᠪᠠᠭᠰᠢ ᠶᠢᠨ ᠬᠦᠳᠦᠯᠦᠨ ᠳᠠᠭᠠᠭᠤᠯᠵᠤ ᠵᠢᠱᠢᠶ᠎ᠡ | ᠦᠵᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠪᠦᠬᠦ ᠰᠢᠰᠲ᠋ᠧᠮ ᠳᠤ ︽ᠤᠯᠠᠨ ᠲᠦᠮᠡᠨᠴᠢᠯᠡᠬᠦ︾ | ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠯᠴᠠᠯᠭ᠎ᠠ ᠶᠢᠨ ᠠᠭᠤᠯᠭ᠎ᠠ ᠶᠢ | ᠨᠠᠷᠢᠨ ᠲᠠᠩᠰᠠᠴᠢᠯᠠᠬᠤ᠂ ᠰᠤᠷᠤᠯᠴᠠᠯᠭ᠎ᠠ ᠶᠢᠨ ᠳᠠᠪᠲᠠᠮᠵᠢ ᠶᠢ ᠰᠠᠷᠠᠴᠢᠯᠠᠬᠤ᠂ ᠰᠤᠷᠤᠯᠴᠠᠯᠭ᠎ᠠ ᠶᠢᠨ ᠬᠡᠪᠴᠢᠶ᠎ᠠ ᠶᠢ ᠪᠦᠬᠦ | ᠠᠵᠢᠯᠳᠠᠨᠴᠢᠯᠠᠬᠤ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠰ ᠮᠡᠲᠦ ᠲᠤᠲᠤᠨᠤ ᠲᠤᠰᠬᠠᠢ ᠰᠡᠳᠦᠪᠲᠦ | ᠪᠣᠯᠪᠠᠰᠤᠷᠠᠯ ᠢ ᠪᠦᠬᠦᠨ ᠢ ᠪᠦᠷᠬᠦᠬᠦᠯᠬᠦ᠂ ᠰᠢᠰᠲ᠋ᠧᠮᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠬᠥᠲᠥᠯᠥᠭᠴᠢ᠄ | ᠴᠢᠩᠱᠠᠨ ᠲᠣᠭᠤᠷᠢᠭ ᠨᠢ ᠰᠤᠷᠭᠠᠨ ᠬᠥᠮᠦᠵᠢᠯ ᠤᠨ ᠲᠣᠮᠣ ᠲᠤᠭᠤᠷᠢᠭ᠂ ᠰᠤᠷᠭᠠᠨ ᠬᠥᠮᠦᠵᠢᠯ ᠤᠨ ᠬᠦᠴᠦᠷᠬᠡᠭ | ᠲᠤᠭᠤᠷᠢᠭ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ | ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄ | 1᠂ ᠬᠤᠯᠪᠣᠭᠠᠯᠠᠨ ᠰᠤᠷᠭᠠᠭᠤᠯᠢ ᠡᠷᠭᠢᠯᠡᠬᠦ ᠪᠠᠶᠢᠭᠤᠯᠤᠮᠵᠢ ᠶᠢ ᠰᠢᠯᠢᠳᠡᠭᠵᠢᠭᠦᠯᠦᠨ᠎ᠡ᠃ ᠨᠢᠭᠡ ᠳᠤ᠂ ᠲᠤᠭᠤᠷᠢᠭ | ᠤᠨ ᠬᠡᠪᠴᠢᠶᠡᠨ ᠳᠠᠬᠢ ᠬᠤᠯᠪᠣᠭᠠᠲᠤ ᠰᠤᠷᠭᠠᠭᠤᠯᠢ ᠶᠢ ᠵᠢᠯᠣᠭᠤᠳᠤᠨ ᠠᠵᠢᠯ ᠤᠨ ᠲᠥᠰᠦᠯ ᠢ ᠬᠠᠮᠲᠤᠪᠠᠷ | ᠵᠥᠪᠳᠡᠯᠴᠡᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠭᠠᠨ ᠤ ᠬᠤᠷᠠᠯ ᠬᠤᠷᠠᠯᠳᠤᠭᠤᠯᠵᠤ᠂ | ᠰᠤᠷᠭᠠᠭᠤᠯᠢ ᠶᠢᠨ ᠬᠠᠮᠢᠶᠠᠷᠤᠯᠲᠠ᠂ ᠡᠩᠨᠡᠭᠡ ᠶᠢᠨ ᠪᠠᠶᠢᠭᠤᠯᠤᠯᠲᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ | ᠰᠤᠳᠤᠯᠭᠠᠨ᠂ ᠰᠤᠷᠭᠠᠭᠤᠯᠢ ᠶᠢᠨ ᠰᠣᠶᠣᠯ᠂ ᠰᠤᠷᠤᠭᠴᠢᠳ ᠤᠨ ᠠᠵᠢᠯᠯᠠᠭ᠎ᠠ ᠵᠡᠷᠭᠡ ᠲᠠᠯ᠎ᠠ ᠪᠠᠷ ᠬᠠᠷᠢᠯᠴᠠᠨ | ᠰᠣᠯᠢᠯᠴᠠᠨ᠎ᠠ᠃ ᠣᠷᠣᠨ ᠪᠦᠰᠡ ᠶᠢᠨ ᠬᠡᠪᠴᠢᠶᠡᠨ ᠳᠠᠬᠢ ᠪᠠᠭᠰᠢ ᠶᠢ ᠰᠣᠯᠢᠯᠴᠠᠬᠤ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠰᠣᠯᠢᠯᠴᠠᠬᠤ | ᠡᠷᠴᠢᠮ ᠢ ᠪᠠᠶᠢᠭᠤᠯᠤᠨ᠎ᠠ᠃ ᠬᠤᠶᠠᠷ ᠲᠤ᠂ ᠵᠤᠯ ᠵᠢᠷᠭᠠᠯᠲᠦ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠬᠤᠯᠪᠣᠭ᠎ᠠ ᠶᠢᠨ ᠰᠡᠳᠬᠢᠬᠦᠶ ᠶᠢᠨ ᠬᠡᠯᠪᠡᠷᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶ ᠥᠷᠨᠢᠭᠦᠯᠬᠦ ᠶᠢ ᠳᠡᠮᠵᠢᠵᠦ᠂ ᠬᠤᠯᠪᠣᠭᠠᠨ ᠤ ᠰᠤᠷᠭᠠᠭᠤᠯᠢ ᠶᠢᠨ ᠬᠤᠭᠤᠷᠣᠨᠳᠣᠬᠢ | ᠰᠤᠷᠭᠠᠨ ᠬᠥᠮᠦᠵᠢᠯ ᠤᠨ ᠬᠥᠭᠵᠢᠯᠲᠡ ᠲᠡᠩᠴᠡᠭᠦᠷᠢ ᠥᠬᠡᠶ ᠪᠠᠶᠢᠬᠤ ᠠᠰᠠᠭᠤᠳᠠᠯ ᠢ ᠦᠨᠡᠨ ᠬᠦ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠤᠮᠠᠷᠠᠲᠤ ᠶᠢᠨ ᠬᠦᠨᠳᠦ ᠠᠵᠦ ᠦᠢᠯᠡᠳᠪᠦᠷᠢ ᠶᠢᠨ ᠵᠢᠷᠭᠤᠳᠤᠭᠠᠷ ᠪᠠᠭ᠎ᠠ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭ᠎ᠠ ᠶᠢ ᠬᠥᠲᠥᠯᠥᠨ ᠵᠢᠯᠣᠭᠤᠳᠴᠤ ᠨᠡᠷᠡᠳᠦ ᠪᠠᠭᠰᠢ ᠶᠢᠨ | ᠠᠵᠢᠯᠯᠠᠬᠤ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠷᠡᠳᠦ ᠰᠤᠷᠭᠠᠭᠤᠯᠢ ᠶᠢᠨ ᠦᠢᠯᠡᠳᠦᠯ ᠢ | ᠦᠷᠭᠦᠯᠵᠢᠯᠡᠨ ᠥᠷᠭᠡᠳᠬᠡᠨ᠎ᠡ᠃ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠤᠨ ᠲᠤᠷᠰᠢᠯᠭ᠎ᠠ ᠠᠷᠭ᠎ᠠ ᠬᠢᠳᠡᠯ ᠢ | ᠪᠣᠯᠪᠠᠰᠤᠷᠠᠭᠤᠯᠤᠨ ᠳ᠋ᠦᠩᠨᠡᠵᠦ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠢᠶᠠᠨ ᠳᠡᠭᠡᠭᠰᠢᠯᠡᠭᠦᠯᠦᠨ᠂ ᠳᠡᠯᠭᠡᠷᠡᠭᠦᠯᠬᠦ | ᠠᠵᠢᠯ ᠢ ᠴᠠᠭ ᠲᠤᠨᠢ ᠲᠤᠬᠢᠷᠠᠮᠵᠢᠲᠠᠢ ᠰᠠᠶᠢᠲᠤᠷ ᠬᠢᠵᠦ᠂ ᠭᠠᠵᠠᠷ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠭᠤᠷᠪᠠ ᠳᠤ᠂ ᠴᠢᠩᠳᠣᠤ᠂ ᠸᠧᠨᠵᠸᠤ ᠵᠡᠷᠭᠡ ᠭᠠᠵᠠᠷ | ᠣᠷᠣᠨ ᠯᠤᠭ᠎ᠠ ᠶᠢᠨ ᠣᠷᠣᠨ ᠪᠦᠰᠡ ᠶᠢᠨ ᠬᠤᠯᠪᠣᠭ᠎ᠠ ᠵᠢᠴᠢ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠵᠡᠷᠭᠡ ᠶᠡᠭᠡ | ᠳᠡᠭᠡᠳᠦ ᠰᠤᠷᠭᠠᠭᠤᠯᠢ ᠯᠤᠭ᠎ᠠ ᠶᠢᠨ ᠰᠤᠷᠭᠠᠭᠤᠯᠢ ᠣᠷᠣᠨ ᠨᠤᠲᠤᠭ ᠤᠨ ᠬᠤᠯᠪᠣᠭ᠎ᠠ ᠶᠢᠨ ᠪᠠᠶᠢᠭᠤᠯᠤᠯᠲᠠ ᠶᠢ | ᠠᠬᠢᠭᠤᠯᠵᠤ᠂ ᠲᠤᠭᠤᠷᠢᠭ ᠤᠨ ᠬᠡᠪᠴᠢᠶᠡᠨ ᠳᠠᠬᠢ ᠡᠯ᠎ᠡ ᠰᠤᠷᠭᠠᠭᠤᠯᠢ ᠡᠷᠬᠢᠯᠡᠬᠦ ᠨᠢᠭᠡᠴᠡ ᠪᠣᠯᠤᠨ ᠤᠯᠤᠰ ᠤᠨ | ᠳᠣᠲᠣᠭᠠᠳᠤ ᠶᠢᠨ ᠨᠡᠷᠡᠲᠦ ᠰᠤᠷᠭᠠᠭᠤᠯᠢ ᠶᠢᠨ ᠬᠤᠭᠤᠷᠣᠨᠳᠣᠬᠢ ᠰᠤᠯᠢᠯᠴᠠᠭᠠᠨ ᠤ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ | 2᠂ ᠨᠠᠷᠠᠲᠤ ᠰᠤᠷᠭᠠᠭᠤᠯᠢ ᠠᠴᠠ ᠡᠷᠭᠢᠯᠡᠭᠰᠡᠨ ᠬᠤᠪᠢᠶᠠᠷᠢ ᠰᠤᠷᠭᠠᠭᠤᠯᠢ ᠶᠢᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠵᠠᠯᠠᠭᠤ ᠪᠠᠭᠰᠢ ᠶᠢᠨ ᠠᠵᠢᠯ ᠤᠨ ᠪᠠᠶᠢᠷᠢ ᠶᠢᠨ ᠶᠡᠭᠡ ᠰᠤᠷᠭᠠᠭᠤᠯᠢᠯᠠᠯ ᠤᠨ ᠠᠵᠢᠯᠯᠠᠭ᠎ᠠ ᠶᠢ | ᠥᠷᠨᠢᠭᠦᠯᠵᠦ᠂ ︽ᠨᠢᠭᠡ ᠬᠢᠴᠢᠶᠡᠯ ᠭᠤᠷᠪᠠᠨ ᠰᠤᠳᠤᠯᠭᠠᠨ︾ ᠤ ᠰᠢᠨ᠎ᠡ ᠶᠢ ᠡᠭᠦᠳᠴᠦ᠂ ᠰᠤᠷᠭᠠᠭᠤᠯᠢ ᠨᠤᠭᠤᠳ ᠤᠨ | ᠬᠤᠭᠤᠷᠣᠨᠳᠣ ᠠᠳᠠᠯᠢ ᠴᠠᠭ ᠲᠤ ᠬᠢᠴᠢᠶᠡᠯ ᠠᠳᠠᠯᠢ ᠪᠤᠰᠤ ᠪᠦᠲᠦᠴᠡ᠂ ᠪᠠᠭᠰᠢ ᠶᠢᠨ ᠬᠡᠪ ᠪᠣᠯᠪᠠᠰᠤᠷᠠᠯ ᠪᠠ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠵᠠᠮ ᠤᠨ ᠪᠠᠭ᠎ᠠ | ᠰᠤᠷᠭᠠᠭᠤᠯᠢ ᠶᠢ ᠵᠢᠭᠠᠨ ᠵᠢᠯᠣᠭᠤᠳᠴᠤ ᠰᠤᠷᠭᠠᠭᠤᠯᠢ ᠪᠠᠶᠢᠭᠤᠯᠤᠭᠳᠠᠭᠰᠠᠨ ᠨᠢᠭᠡ ᠵᠢᠯ ᠤᠨ ᠤᠢ ᠶᠢᠨ ᠪᠠᠶᠠᠷ ᠪᠠ | ᠨᠡᠷᠡᠲᠦ ᠰᠤᠷᠭᠠᠭᠤᠯᠢ ᠠᠴᠠ ᠡᠷᠬᠢᠯᠡᠭᠰᠡᠨ ᠬᠤᠪᠢᠶᠠᠷᠢ ᠰᠤᠷᠭᠠᠭᠤᠯᠢ ᠶᠢᠨ ᠲᠤᠬᠠᠶ ᠶᠢᠨ ᠲᠠᠯᠠᠪᠠᠢ ᠶᠢᠨ ᠬᠤᠷᠠᠯ ᠢ | ᠰᠠᠶᠢᠲᠤᠷ ᠡᠷᠬᠢᠯᠡᠬᠦᠯᠦᠨᠡ᠃ ᠦᠷ᠎ᠡ ᠪᠦᠲᠦᠭᠡᠯ ᠢᠶᠠᠨ ᠪᠠᠲᠤᠳᠬᠠᠨ᠂ ᠲᠤᠷᠰᠢᠯᠭ᠎ᠠ ᠪᠠᠨ ᠳ᠋ᠦᠩᠨᠡᠵᠦ᠂ ᠨᠡᠷᠡᠳᠦ | ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠡᠷᠬᠢᠯᠡᠬᠦ ᠵᠠᠭᠪᠤᠷ ᠢ ᠳᠡᠯᠭᠡᠷᠡᠭᠦᠯᠦᠨ᠎ᠡ᠃ | 3᠂ ᠬᠤᠲᠠ ᠬᠥᠳᠡᠭᠡ ᠶᠢᠨ ᠬᠤᠰᠯᠠᠨ ᠪᠠᠶᠢᠭᠤᠯᠵᠦ ᠬᠠᠮᠲᠤᠪᠠᠷ ᠪᠠᠶᠢᠭᠤᠯᠬᠤ ᠠᠵᠢᠯ ᠢ ᠠᠬᠢᠭᠤᠯᠤᠨ᠎ᠠ᠃ | ᠭᠦᠶᠡᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠲᠥᠷᠥᠯ ᠵᠦᠢᠯ ᠤᠨ ᠠᠩᠭᠢ ᠶᠢ ᠪᠥᠬᠦ | ᠬᠦᠴᠦᠨ ᠢᠶᠠᠷ ᠳᠡᠮᠵᠢᠨ᠎ᠡ᠃ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠳᠤᠯᠤᠳᠤᠭᠠᠷ ᠪᠠᠭ᠎ᠠ ᠰᠤᠷᠭᠠᠭᠤᠯᠢ᠂ | ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠬᠢᠭᠡᠳ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢ ᠬᠤᠣᠰᠯᠠᠭᠤᠯᠤᠨ | ᠬᠠᠮᠲᠤᠪᠠᠷ ᠪᠠᠶᠢᠭᠤᠯᠬᠤ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠤᠨ᠎ᠠ᠃ ᠴᠢᠩᠱᠠᠨ ᠲᠣᠭᠤᠷᠢᠭ ᠤᠨ 5 ᠳᠤᠮᠳᠠᠳᠤ | ᠰᠤᠷᠭᠠᠭᠤᠯᠢ᠂ 7 ᠪᠠᠭ᠎ᠠ ᠰᠤᠷᠭᠠᠭᠤᠯᠢ ᠬᠢᠭᠡᠳ ᠭᠦᠶᠡᠩ ᠰᠢᠶᠠᠨ᠂ ᠪᠠᠶᠠᠨᠬᠤᠪᠤᠭᠠ ᠠᠭᠤᠷᠬᠠᠢ ᠶᠢᠨ ᠲᠣᠭᠤᠷᠢᠭ ᠪᠠ | ᠰᠢᠭᠤᠶᠢᠲᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠬᠠᠪᠰᠤᠷᠤᠨ ᠲᠡᠳᠬᠦᠵᠦ ᠬᠠᠮᠲᠤ ᠪᠠᠷ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ | 4᠂ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠰᠠᠶᠢᠲᠤᠷ | ᠬᠢᠨ᠎ᠠ᠃ ᠨᠢᠭᠡ ᠳᠤ᠂ ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ︽ᠰᠢᠶᠠᠨ ᠤ ᠬᠡᠪᠴᠢᠶᠡᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠤᠯᠤᠰ ᠤᠨ ᠬᠢᠨᠠᠨ | ᠵᠢᠯᠣᠭᠤᠳᠴᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠤᠨ ᠲᠦᠷᠢᠮ︾ ᠵᠢᠴᠢ ᠰᠤᠷᠭᠠᠨ ᠬᠥᠮᠦᠵᠢᠯ ᠤᠨ | ᠲᠢᠩᠬᠢᠮ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠦ᠂ ᠦᠨᠳᠦᠰᠦᠨ ᠳᠡᠭᠡᠨ | ᠲᠡᠩᠴᠡᠭᠦᠷᠢᠲᠡᠶ ᠬᠥᠭᠵᠢᠯᠲᠡ ᠲᠠᠢ ᠬᠠᠷᠢᠴᠠᠭᠤᠯᠵᠤ᠂ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠭᠦᠢᠴᠡᠳᠭᠡᠯ | ᠲᠤᠭ᠎ᠠ ᠶᠢᠨ ᠰᠢᠰᠲ᠋ᠧᠮᠵᠢ ᠶᠢ ᠲᠣᠳᠣᠷᠬᠠᠶ ᠪᠣᠯᠭᠠᠵᠤ᠂ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠨ᠂ ︽ᠴᠢᠩᠱᠠᠨ | ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ | ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ᠎ᠠ᠃ ᠬᠤᠶᠠᠷ ᠲᠤ ᠴᠢᠨᠠᠷ ᠰᠠᠶᠢᠲᠠᠶ ᠲᠡᠩᠴᠡᠭᠦᠷᠢᠲᠡᠶ | ᠪᠠᠶᠢᠯᠭᠠᠬᠤ ᠱᠠᠭᠠᠷᠳᠠᠯᠭ᠎ᠠ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠭ᠎ᠠ ᠪᠠᠷᠢᠮᠲᠠ ᠶᠢᠨ | ᠪᠦᠷᠢᠳᠬᠡᠯ ᠢ ᠰᠠᠶᠢᠲᠤᠷ ᠬᠢᠵᠦ᠂ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ ᠵᠥᠷᠢᠶ᠎ᠡ ᠶᠢᠨ ᠢᠯᠡᠳᠬᠡᠮᠵᠢ ᠶᠢ ᠬᠢᠨᠠᠨ | ᠡᠵᠡᠮᠳᠡᠬᠦ ᠠᠵᠢᠯ ᠢ ᠴᠠᠭ ᠲᠤᠨᠢ ᠳᠣᠭᠢᠷᠠᠭᠤᠯᠤᠨ ᠰᠠᠶᠢᠲᠤᠷ ᠬᠢᠵᠦ︔ ᠰᠤᠷᠭᠠᠨ ᠬᠥᠮᠦᠵᠢᠯ ᠤᠨ ᠦᠢᠯᠡᠰ ᠤᠨ | ᠪᠦᠷᠢᠳᠬᠡᠯ ᠤᠨ ᠲᠤᠭ᠎ᠠ ᠪᠠᠷᠢᠮᠲᠠ ᠲᠠᠢ ᠬᠠᠷᠢᠴᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ 31 ᠵᠦᠢᠯ ᠤᠨ ᠦᠨᠡᠯᠡᠨ ᠵᠢᠱᠢᠬᠦ | ᠭᠦᠢᠴᠡᠳᠭᠡᠯ ᠲᠤᠭ᠎ᠠ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠳᠤᠲᠠᠭᠤᠳᠠᠯ ᠪᠠ ᠬᠦᠷᠦᠯᠴᠡᠬᠦ ᠥᠬᠡᠶ | ᠲᠠᠯ᠎ᠠ ᠶᠢ ᠭᠤᠤᠯᠳᠠᠯᠭ᠎ᠠ ᠲᠠᠢ ᠡᠷᠢᠵᠦ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠴᠢᠨᠠᠷ ᠰᠠᠶᠢᠲᠠᠶ ᠪᠥᠭᠡᠳ | ᠲᠡᠩᠴᠡᠭᠦᠷᠢᠲᠡᠶ ᠪᠠᠶᠢᠬᠤ ᠶᠢ ᠠᠬᠢᠭᠤᠯᠬᠤ ᠳᠤ ᠰᠠᠭᠤᠷᠢ ᠲᠠᠯᠪᠢᠪᠠ᠃ | ᠬᠥᠲᠥᠯᠥᠭᠴᠢ᠄ | ᠰᠢᠨ᠎ᠡ ᠴᠠᠭ ᠦᠶ᠎ᠡ ᠶᠢᠨ ︽ᠲᠠᠪᠤᠨ ᠬᠥᠮᠦᠵᠢᠯ︾ ᠢ ᠵᠡᠷᠭᠡ ᠪᠠᠷ ᠴᠢᠬᠤᠯᠠᠴᠢᠯᠠᠬᠤ ᠪᠠᠶᠢᠷᠢᠰᠢᠯ ᠠᠩᠬ᠎ᠠ ᠠᠯᠬᠤᠮ | ᠪᠦᠷᠢᠯᠳᠦᠵᠦ᠂ ︽ᠲᠠᠪᠤᠨ ᠬᠥᠮᠦᠵᠢᠯ︾ ᠢ ᠠᠭᠤᠰᠤᠯᠴᠠᠭᠤᠯᠬᠤ ᠦᠢᠯᠡᠳᠦᠯᠭᠡ ᠶᠢ ᠮᠥᠨ ᠬᠠᠶᠢᠨ ᠰᠦᠪᠡᠭᠴᠢᠯᠡᠵᠦ ᠪᠣᠶ᠂ | ᠴᠢᠩᠱᠠᠨ ᠲᠣᠭᠤᠷᠢᠭ ᠤᠨ ᠬᠡᠷᠬᠢᠨ ᠬᠢᠭᠰᠡᠨ ᠢ ᠶᠠᠷᠢᠭᠠᠳ ᠥᠭᠭᠦᠨ᠎ᠡ ᠦᠦ︖ | ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄ | 1᠂ ᠨᠢᠭᠡ ᠴᠤᠭᠴᠠᠵᠢᠭᠤᠯᠤᠭᠰᠠᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠲᠥᠯᠬᠢᠨ ᠠᠬᠢᠭᠤᠯᠤᠨ᠎ᠠ᠃ ᠨᠢᠭᠡ ᠳᠤ ᠶᠣᠰᠣ ᠰᠤᠷᠲᠠᠬᠤᠨ ᠤ ᠬᠥᠮᠦᠵᠢᠯ ᠤᠨ | ᠰᠤᠷᠭᠠᠭᠤᠯᠢ ᠶᠢᠨ ᠥᠪᠡᠷ ᠤᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠬᠤᠷᠠᠯ ᠢ ᠡᠷᠭᠢᠯᠡᠵᠦ᠂ | ᠣᠷᠣᠨ ᠪᠦᠰᠡ ᠶᠢᠨ ᠶᠣᠰᠣ ᠰᠤᠷᠲᠠᠬᠤᠨ ᠤ ᠠᠵᠢᠯ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ | ᠬᠤᠶᠠᠷ ᠲᠤ᠂ ᠶᠣᠰᠣ ᠰᠤᠷᠲᠠᠬᠤᠨ ᠤ ᠬᠥᠮᠦᠵᠢᠯ ᠤᠨ ᠺᠠᠳ᠋ᠷ ᠵᠢᠴᠢ ᠠᠩᠬᠢ ᠶᠢᠨ ᠡᠷᠬᠢᠯᠡᠭᠴᠢ ᠶᠢᠨ ᠪᠣᠯᠪᠠᠰᠤᠷᠠᠯ ᠤᠨ | ᠠᠩᠬᠢ ᠶᠢ ᠵᠣᠬᠢᠶᠠᠨ ᠪᠠᠶᠢᠭᠤᠯᠵᠤ᠂ ︽ᠨᠠᠮ ᠤᠨ ᠲᠡᠦᠬᠡ ᠶᠢ ᠰᠤᠷᠤᠯᠴᠠᠵᠤ ᠨᠠᠮ ᠤᠨ ᠠᠴᠢ ᠶᠢ ᠮᠠᠭᠲᠠᠵᠤ ᠨᠠᠮ ᠢᠶᠠᠨ | ᠳᠠᠭᠠᠬᠤ︾ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠩᠬᠢ ᠶᠢᠨ ᠡᠷᠬᠢᠯᠡᠭᠴᠢ ᠶᠢᠨ | ᠠᠩᠬᠢ ᠶᠢᠨ ᠬᠤᠷᠠᠯ ᠤᠨ ᠬᠢᠴᠢᠶᠡᠯ ᠤᠨ ᠤᠷᠤᠯᠳᠤᠭᠠᠨ ᠢ ᠡᠷᠬᠢᠯᠡᠵᠦ᠂ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ | ᠰᠤᠷᠲᠠᠯ ᠤᠨ ᠪᠣᠯᠪᠠᠰᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠶᠣᠰᠣ ᠰᠤᠷᠲᠠᠬᠤᠨ ᠤ | ᠬᠥᠮᠦᠵᠢᠯ ᠤᠨ ᠠᠵᠢᠯ ᠤᠨ ᠡᠩᠨᠡᠭᠡ ᠶᠢᠨ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃ ᠭᠤᠷᠪᠠ ᠳᠤ᠂ ᠨᠠᠢᠮᠠᠳᠤᠭᠠᠷ | ᠬᠤᠭᠤᠴᠠᠭᠠᠨ ᠤ ᠰᠣᠩᠭᠤᠳᠠᠭ ᠤᠩᠰᠢᠯᠭ᠎ᠠ ᠶᠢᠨ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠢᠯᠦᠭ ᠳᠠᠭᠤᠯᠠᠯ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠡᠷᠬᠢᠯᠡᠵᠦ᠂ ᠶᠣᠰᠣ ᠰᠤᠷᠲᠠᠬᠤᠨ ᠤ | ᠬᠥᠮᠦᠵᠢᠯ ᠤᠨ ᠲᠠᠪᠴᠠᠩ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠲᠦᠷᠪᠡ ᠳᠤ ︽ᠪᠦᠬᠦ ᠠᠵᠢᠯᠲᠠᠨ᠂ ᠪᠦᠬᠦ | ᠶᠠᠪᠤᠴᠠ᠂ ᠪᠦᠬᠦ ᠲᠠᠯ᠎ᠠ ᠪᠠᠷ ᠬᠦᠮᠦᠵᠢᠬᠦᠯᠬᠦ ᠲᠦᠰᠦᠯ︾ ᠢ ᠲᠣᠭᠲᠠᠭᠠᠵᠤ᠂ ᠪᠦᠬᠦ ᠠᠵᠢᠯᠳᠠᠨ ᠤ ᠰᠤᠷᠤᠭᠴᠢ | ᠬᠥᠮᠦᠵᠢᠭᠦᠯᠬᠦ ᠰᠢᠨ᠎ᠡ ᠵᠠᠭᠪᠤᠷ ᠢ ᠪᠤᠢ ᠪᠣᠯᠭᠠᠨ᠎ᠠ᠃ | 2᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃ ᠨᠢᠭᠡ ᠳᠤ ᠵᠢᠭᠠᠨ ᠰᠤᠷᠭᠠᠬᠤ | ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ︽ᠵᠢᠭᠠᠨ ᠰᠤᠷᠭᠠᠯᠲᠠ ᠶᠢᠨ ᠦᠨᠡᠯᠡᠯᠲᠡ ᠶᠢᠨ ᠨᠢᠭᠡᠳᠦᠯᠲᠦ ᠴᠢᠨᠠᠷ︾ ᠤᠨ | ᠦᠢᠯᠡᠳᠦᠯᠭᠡ ᠶᠢ ᠦᠷᠭᠦᠯᠵᠢᠯᠡᠨ ᠠᠬᠢᠭᠤᠯᠵᠤ᠂ ᠵᠢᠭᠠᠨ ᠰᠤᠷᠭᠠᠯᠲᠠ ᠶᠢᠨ ᠵᠢᠷᠭᠤᠭᠠᠨ ᠶᠡᠭᠡ ᠭᠤᠭᠴᠤᠭ᠎ᠠ ᠶᠢ | ᠵᠢᠷᠤᠮᠵᠢᠭᠤᠯᠤᠨ᠎ᠠ᠃ ᠵᠢᠭᠠᠨ ᠰᠤᠷᠭᠠᠯᠲᠠ ᠶᠢᠨ ᠪᠠᠶᠢᠴᠠᠭᠠᠯᠲᠠ᠂ ᠵᠢᠭᠠᠨ ᠰᠤᠷᠭᠠᠯᠲᠠ ᠶᠢᠨ ᠰᠢᠯᠭᠠᠷᠠᠭᠤᠯᠤᠯᠲᠠ᠂ ᠪᠥᠬᠦ | ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠵᠢᠭᠠᠨ ᠰᠤᠳᠤᠯᠤᠭᠴᠢ ᠶᠢᠨ ︽ᠬᠢᠴᠢᠶᠡᠯ ᠢ | ᠰᠤᠷᠭᠠᠭᠤᠯᠢ ᠳᠤ ᠬᠦᠷᠭᠡᠬᠦ︾ ︽ᠵᠢᠭᠠᠨ ᠰᠤᠷᠭᠠᠯᠲᠠ ᠰᠤᠳᠤᠯᠭᠠᠨ ᠲᠠᠢ ᠬᠠᠮᠲᠤ ᠪᠠᠷ ᠬᠢᠴᠢᠶᠡᠯ ᠪᠡᠯᠡᠳᠬᠡᠬᠦ︾ ᠵᠡᠷᠭᠡ | ᠠᠵᠢᠯ ᠢ ᠦᠷᠭᠦᠯᠵᠢᠯᠡᠨ ᠥᠷᠨᠢᠭᠦᠯᠦᠨ᠎ᠡ᠃ ᠬᠤᠶᠠᠷ ᠲᠤ ᠵᠢᠭᠠᠨ ᠰᠤᠳᠤᠯᠬᠤ ᠪᠠ ᠪᠤᠯᠪᠠᠰᠤᠷᠠᠯ ᠢ ᠲᠦᠯᠬᠢᠨ | ᠠᠬᠢᠭᠤᠯᠤᠨ᠎ᠠ᠃ ︽ᠦ᠋ ᠵᠢᠶᠠᠩ ᠯᠢᠨ ᠤ ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠤᠨ ᠵᠢᠯᠣᠭᠤᠳᠣᠯᠭ᠎ᠠ ᠪᠠᠷ | ᠳᠠᠮᠵᠢᠭᠤᠯᠤᠨ᠂ ︽ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ᠰᠤᠷᠤᠯᠭ᠎ᠠ ᠶᠢᠨ ᠨᠠᠮᠲᠠᠷ ᠤᠨ ᠲᠥᠰᠦᠯ ᠢ ᠵᠢᠷᠤᠵᠤ | ᠲᠥᠯᠥᠪᠯᠡᠬᠦ︾ ︽ᠨᠢᠭᠡᠴᠢ ᠪᠦᠬᠦᠯᠢ ᠴᠣᠭᠴᠠ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ︾ ᠵᠢᠨᠣᠷᠣᠨ ᠪᠦᠰᠡ ᠶᠢᠨ | ᠴᠢᠨᠠᠷᠲᠠᠶ᠂ ᠪᠥᠬᠦ ᠰᠢᠰᠲ᠋ᠧᠮ ᠤᠨ ᠵᠢᠭᠠᠨ ᠰᠤᠷᠭᠠᠯᠲᠠ ᠶᠢᠨ ᠦᠢᠯᠡᠳᠦᠯᠭᠡ ᠪᠠ ᠰᠤᠳᠤᠯᠭᠠᠨ ᠢ ᠬᠡᠷᠡᠭᠵᠢᠭᠦᠯᠦᠨ᠎ᠡ︔ | ᠭᠤᠤᠯ ᠰᠡᠳᠦᠪᠲᠦ ᠤᠩᠰᠢᠯᠭ᠎ᠠ ᠶᠢᠨ ᠲᠤᠷᠰᠢᠯᠲᠠ ᠶᠢᠨ 6 ᠰᠤᠷᠭᠠᠭᠤᠯᠢ᠂ ᠡᠬᠢ ᠪᠠᠶᠠᠯᠢᠭ ᠢ ᠡᠭᠦᠳᠦᠨ ᠪᠠᠶᠢᠭᠤᠯᠬᠤ | ᠬᠡᠯᠪᠡᠷᠢ ᠶᠢᠨ 11 ᠰᠤᠳᠤᠯᠤᠨ ᠰᠤᠷᠤᠯᠴᠠᠬᠤ ᠲᠤᠷᠰᠢᠯᠲᠠ ᠶᠢᠨ ᠰᠤᠷᠭᠠᠭᠤᠯᠢ᠂ ᠬᠢᠴᠢᠶᠡᠯ ᠲᠥᠷᠥᠯ ᠤᠨ ᠵᠢᠭᠠᠨ | ᠰᠤᠳᠤᠯᠬᠤ ᠰᠠᠭᠤᠷᠢᠨ ᠭᠠᠵᠠᠷ ᠤᠨ 8 ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠷᠠᠲᠤ | ᠪᠠᠭᠰᠢ ᠶᠢᠨ ᠠᠵᠢᠯᠯᠠᠬᠤ ᠲᠠᠰᠤᠭ ᠤᠨ ᠰᠠᠭᠤᠷᠢᠨ ᠭᠠᠵᠠᠷ ᠤᠨ6 ᠰᠤᠷᠭᠠᠭᠤᠯᠢ ᠶᠢ ᠶᠡᠷᠦᠩᠬᠡᠶ ᠳᠤᠨᠢ ᠬᠥᠲᠥᠯᠦᠨ | ᠳᠠᠭᠠᠭᠤᠯᠵᠤ ︽ᠪᠡᠯᠡᠳᠬᠡᠯ ᠵᠢᠭᠠᠨ ᠰᠤᠷᠭᠠᠯᠲᠠ ᠶᠢᠨ ᠦᠨᠡᠯᠡᠯᠲᠡ ᠶᠢᠨ ᠨᠢᠭᠡᠲᠦᠯᠲᠠᠢ ᠴᠢᠨᠠᠷ︾ ᠤᠨ ᠬᠢᠴᠢᠶᠡᠯ ᠤᠨ | ᠵᠢᠱᠢᠶ᠎ᠡ᠂ ᠰᠡᠳᠦᠪ᠂ ᠨᠤᠲᠠᠯᠭᠠ ᠢᠶᠠᠷ ᠤᠳᠤᠷᠢᠳᠤᠮᠵᠢ ᠪᠣᠯᠭᠠᠭᠰᠠᠨ ᠭᠤᠤᠯ ᠰᠡᠳᠦᠪᠲᠦ ᠰᠤᠳᠤᠯᠭᠠᠨ ᠪᠠ | ᠦᠢᠯᠡᠳᠦᠯᠭᠡ ᠶᠢ ᠥᠷᠨᠢᠭᠦᠯᠦᠨ᠎ᠡ᠃ ︽ᠭᠤᠷᠪᠠᠳᠤᠭᠠᠷ ᠲᠠᠪᠤᠨ ᠵᠢᠯ︾ ᠤᠨ ᠪᠣᠯᠪᠠᠰᠤᠷᠠᠭᠤᠯᠤᠯ ᠤᠨ ᠵᠠᠭᠪᠤᠷ ᠲᠤ | ᠲᠦᠰᠢᠭᠯᠡᠨ᠂ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠤᠨ ᠬᠤᠤᠰ ᠱᠤᠭᠤᠮ | ︵ᠭᠤᠤᠯᠯᠠᠭᠴᠢ ᠰᠠᠴᠤᠷᠠᠭ᠂ ᠲᠤᠰᠬᠠᠶ ᠮᠡᠷᠭᠡᠵᠢᠯᠲᠡᠨ ᠬᠥᠲᠥᠯᠦᠨ ᠳᠠᠭᠠᠭᠤᠯᠬᠤ︶ ᠤᠨ ᠪᠣᠯᠪᠠᠰᠤᠷᠠᠭᠤᠯᠤᠯ ᠢ | ᠥᠷᠨᠢᠭᠦᠯᠦᠨ᠎ᠡ︔ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠪᠥᠬᠦ ᠪᠠᠭᠰᠢ ᠶᠢᠨ ᠪᠣᠯᠪᠠᠰᠤᠷᠠᠭᠤᠯᠤᠯ ᠢ | ᠬᠡᠷᠡᠭᠵᠢᠭᠦᠯᠦᠨ᠎ᠡ︔ ᠦ᠋ ᠵᠢᠶᠠᠩ ᠯᠢᠨ᠂ ᠬᠤᠸᠠ ᠶᠢᠩ ᠯᠦᠩ᠂ ᠬᠤ᠋ ᠸᠧᠶ ᠫᠢᠩ ᠵᠢᠴᠢ ᠱᠧᠨᠵᠧᠨ ᠤ ᠭᠤᠤᠯ ᠰᠡᠳᠦᠪᠲᠦ | ᠤᠩᠰᠢᠯᠭ᠎ᠠ ᠶᠢᠨ ᠲᠤᠰᠬᠠᠶ ᠮᠡᠷᠭᠡᠵᠢᠯᠲᠡᠨ ᠤ ᠪᠦᠯᠬᠦᠮ ᠯᠦᠭᠡ ᠶᠢᠨ ᠴᠢᠩ ᠦᠨᠡᠨᠴᠢ ᠬᠠᠮᠲᠤᠷᠠᠯᠴᠠᠭ᠎ᠠ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠪᠥᠬᠦ ᠰᠢᠨᠵᠢᠯᠡᠭᠡᠨ ᠤ ᠰᠠᠯᠠᠭ᠎ᠠ ᠶᠢᠨ ᠨᠠᠷᠠᠲᠤ ᠪᠠᠭᠰᠢ ᠶᠢᠨ ᠠᠵᠢᠯ ᠤᠨ ᠲᠠᠰᠤᠭ ᠤᠨ | ᠱᠠᠲᠤᠴᠢ ᠶᠢᠨ ᠳ᠋ᠦᠩᠨᠡᠯᠲᠡ ᠳᠡᠯᠭᠡᠨ ᠦᠵᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠺᠣᠮᠫᠢᠦ᠋ᠲ᠋ᠧᠷ ᠤᠨ ᠫᠷᠤᠭ᠍ᠷᠠᠮ | ᠨᠠᠶᠢᠷᠠᠭᠤᠯᠬᠤ᠂ STEAM ᠡᠭᠦᠳᠦᠭᠴᠢ ᠵᠡᠷᠭᠡ ᠰᠢᠨ᠎ᠡ ᠶᠢ ᠡᠭᠦᠳᠬᠦ ᠬᠥᠮᠦᠵᠢᠯ ᠪᠣᠯᠪᠠᠰᠤᠷᠠᠭᠤᠯᠤᠯ ᠢ | ᠥᠷᠨᠢᠭᠦᠯᠦᠨ᠎ᠡ︔ ᠲᠤᠰᠬᠠᠶ ᠮᠡᠷᠭᠡᠵᠢᠯᠲᠡᠨ ᠤ ᠳᠠᠪᠠᠭᠤᠯᠢᠭ ᠢ ᠠᠰᠢᠭᠯᠠᠨ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ᠂ | ᠬᠢᠴᠢᠶᠡᠯ ᠲᠥᠷᠥᠯ ᠤᠨ ᠪᠠᠭᠰᠢ ᠳᠤ ᠣᠯᠠᠨ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠠᠷᠭ᠎ᠠ ᠮᠠᠶ᠋ᠢᠭ ᠤᠨ | ᠂ ᠴᠢᠨᠠᠷ ᠰᠠᠶᠢᠲᠠᠶ ᠠᠭᠤᠰᠤᠯᠴᠠᠭᠰᠠᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠭᠤᠷᠪᠠ ᠳᠤ ᠥᠨᠳᠥᠷ ᠳᠤᠮᠳᠠᠳᠤ ᠶᠢᠨ | ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠯᠲᠠ ᠳᠤ ᠭᠤᠷᠪᠠᠨ ᠲᠦᠷᠦᠯ ᠤᠨ | ᠠᠵᠢᠯ ᠢ ᠪᠣᠳᠠᠲᠠᠶ ᠰᠠᠶᠢᠲᠤᠷ ᠬᠢᠨ᠎ᠠ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ | ᠰᠢᠯᠭᠠᠯᠲᠠ ᠶᠢᠨ ᠪᠡᠯᠡᠳᠬᠡᠯ ᠰᠢᠯᠭᠠᠯᠲᠠ ᠶᠢᠨ ᠰᠣᠯᠢᠯᠴᠠᠭ᠎ᠠ ᠰᠤᠳᠤᠯᠤᠨ ᠶᠠᠷᠢᠯᠴᠠᠬᠤ ᠠᠵᠢᠯᠯᠠᠭ᠎ᠠ ᠶᠢ ᠥᠷᠨᠢᠭᠦᠯᠦᠨ᠎ᠡ︔ | ᠰᠢᠨᠵᠢᠯᠡᠭᠡᠨ ᠤ ᠰᠠᠯᠠᠭ᠎ᠠ ᠶᠢᠨ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ | ᠰᠢᠯᠭᠠᠯᠲᠠ ᠶᠢᠨ ᠪᠡᠯᠡᠳᠬᠡᠯ ᠤᠨ ᠰᠢᠯᠭᠠᠯᠲᠠ ᠶᠢᠨ ᠰᠤᠯᠢᠯᠴᠠᠭᠠᠨ ᠤ ᠵᠢᠯᠤᠭᠤᠳᠬᠤ ᠬᠤᠷᠠᠯ ᠢ ᠬᠤᠷᠠᠯᠳᠤᠭᠤᠯᠤᠨ᠎ᠠ︔ | ᠭᠤᠷᠪᠠ ᠤᠳᠠᠭᠠᠨ ᠤ ᠳᠠᠭᠤᠷᠢᠶᠠᠮᠠᠯ ᠰᠣᠷᠢᠯᠲᠠ ᠶᠢ ᠵᠣᠬᠢᠶᠠᠨ ᠪᠠᠢᠭᠤᠯᠤᠨ᠎ᠠ᠃ ᠲᠦᠷᠪᠡ ᠳᠤ ᠵᠢᠭᠠᠬᠤ ᠶᠢ ᠰᠤᠳᠤᠯᠬᠤ | ᠪᠠ ᠵᠢᠭᠠᠨ ᠰᠤᠷᠭᠠᠬᠤ ᠶᠠᠰᠤ ᠴᠢᠨᠠᠷ ᠢ ᠦᠨᠡᠯᠡᠬᠦ ᠶᠢ ᠴᠢᠩᠭᠠᠳᠬᠠᠨ᠎ᠠ᠃ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠪᠠ ᠵᠢᠭᠠᠨ ᠰᠤᠳᠤᠯᠬᠤ ᠠᠵᠢᠯᠯᠠᠭ᠎ᠠ ᠳᠤ ᠴᠢᠭᠯᠡᠭᠦᠯᠦᠭᠰᠡᠨ ᠦᠨᠡᠯᠡᠯᠲᠡ — ᠶᠠᠪᠤᠴᠠ ᠶᠢᠨ ᠴᠢᠨᠠᠷᠲᠠᠶ | ᠦᠨᠡᠯᠡᠯᠲᠡ᠂ ︽ᠳᠥᠷᠪᠡ ᠶᠢ ᠨᠢᠭᠡᠳᠬᠡᠬᠦ︾ ᠰᠢᠯᠭᠠᠯᠲᠠ — ᠦᠷ᠎ᠡ ᠳ᠋ᠦᠩ ᠤᠨ ᠴᠢᠨᠠᠷᠲᠠᠶ ᠦᠨᠡᠯᠡᠯᠲᠡ ᠶᠢ ᠵᠣᠬᠢᠶᠠᠨ | ᠪᠠᠶᠢᠭᠤᠯᠤᠨ᠎ᠠ᠃ ᠡᠭᠦᠨ ᠤ ᠬᠠᠮᠲᠤ ᠦᠨᠡᠯᠡᠭᠰᠡᠨ ᠦᠷ᠎ᠡ ᠳ᠋ᠦᠩ ᠢ ᠵᠢᠯ ᠤᠨ ᠡᠴᠦᠰ ᠤᠨ ᠰᠢᠯᠭᠠᠨ ᠦᠨᠡᠯᠡᠬᠦ | ᠬᠤᠪᠢ ᠳᠤ ᠪᠤᠳᠤᠵᠤ ᠣᠷᠣᠭᠤᠯᠤᠨ᠎ᠠ᠃ | 3᠂ ︽ᠵᠢᠷᠭᠤᠭᠠᠨ ᠶᠡᠭᠡ ᠢᠨᠵᠧᠨᠧᠷᠢᠩ︾ ᠢᠶᠠᠷ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ | ᠤᠷᠠᠯᠢᠭ ᠤᠨ ᠥᠭᠡᠷᠡᠴᠢᠯᠡᠯᠲᠡ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ᠃ ᠨᠢᠭᠡ ᠳᠤ ᠬᠢᠴᠢᠶᠡᠯ ᠤᠨ | ᠪᠠᠶᠢᠭᠤᠯᠤᠯᠲᠠ ᠪᠠᠷ ᠭᠤᠤᠯ ᠪᠣᠯᠭᠠᠵᠤ᠂ ᠪᠡᠶ᠎ᠡ ᠲᠠᠮᠢᠷ ᠤᠷᠠᠯᠢᠭ ᠤᠨ ᠰᠤᠷᠭᠠᠨ ᠬᠥᠮᠦᠵᠢᠯ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠦᠨ᠎ᠡ᠃ ︽ᠬᠢᠴᠢᠶᠡᠯ ᠤᠨ ᠪᠠᠷᠢᠮᠵᠢᠶ᠎ᠠ︾ ᠪᠠᠷ ᠭᠤᠤᠯ ᠪᠣᠯᠭᠠᠬᠤ ᠶᠢ ᠨᠠᠶᠢᠳᠠᠪᠤᠷᠢᠵᠢᠭᠤᠯᠵᠤ᠂ | ᠲᠠᠮᠢᠷ ᠲᠠᠭᠤᠨ ᠤ ᠭᠤᠸ᠎ᠠ ᠰᠠᠶᠢᠬᠠᠨ ᠤ ᠬᠢᠴᠢᠶᠡᠯ ᠢ ᠭᠦᠢᠴᠡᠳ ᠨᠡᠭᠡᠭᠡᠵᠦ᠂ ᠲᠠᠭᠤ ᠲᠠᠮᠢᠷ ᠭᠤᠸ᠎ᠠ ᠰᠠᠶᠢᠬᠠᠨ ᠤ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ 4 | ᠰᠠᠷ᠎ᠠ ᠳᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠳᠠᠭᠤᠤ ᠬᠥᠭᠵᠢᠮ ᠪᠡᠶ᠎ᠡ ᠲᠠᠮᠢᠷ ᠭᠤᠸ᠎ᠠ ᠰᠠᠶᠢᠬᠠᠨ ᠤ | ᠬᠢᠴᠢᠶᠡᠯ ᠤᠨ ᠵᠢᠭᠠᠨ ᠰᠤᠷᠭᠠᠯᠲᠠ ᠶᠢᠨ ᠠᠵᠢᠯ ᠢ ᠰᠤᠳᠤᠯᠤᠨ ᠠᠬᠢᠭᠤᠯᠤᠨ᠎ᠠ᠃ ᠵᠢᠭᠠᠨ ᠰᠤᠷᠭᠠᠯᠲᠠ ᠶᠢᠨ | ᠭᠤᠭᠴᠤᠭ᠎ᠠ ᠶᠢ ᠵᠢᠷᠤᠮᠵᠢᠭᠤᠯᠵᠤ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠴᠢᠶᠡᠯ | ᠵᠢᠭᠠᠬᠤ ᠪᠠ ᠬᠡᠰᠡᠭ ᠪᠤᠰᠠᠭ ᠢᠶᠠᠷ ᠵᠢᠭᠠᠨ ᠰᠤᠷᠭᠠᠬᠤ ᠶᠢ ᠲᠡᠪᠴᠢᠵᠦ᠂ ᠪᠡᠶ᠎ᠡ ᠶᠢᠨ ᠲᠠᠮᠢᠷ ᠤᠨ ᠬᠢᠴᠢᠶᠡᠯ ᠤᠨ ᠵᠦᠢ | ᠵᠣᠬᠢᠰᠲᠠᠢ ᠬᠥᠳᠡᠯᠭᠡᠭᠡᠨ ᠤ ᠳᠠᠭᠠᠭᠠᠴᠠ ᠪᠠ ᠪᠣᠯᠪᠠᠰᠤᠷᠠᠯ ᠤᠨ ᠨᠢᠭᠲᠠᠴᠠ ᠶᠢ ᠪᠠᠲᠤᠯᠠᠬᠤ ᠬᠡᠷᠡᠭᠲᠡᠢ᠃ ᠬᠤᠶᠠᠷ ᠲᠤ | ᠤᠷᠤᠯᠳᠤᠭᠠᠨ ᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠪᠡᠶ᠎ᠡ ᠲᠠᠮᠢᠷ ᠤᠨ ᠤᠷᠠᠯᠢᠭ ᠤᠨ ᠦᠢᠯᠡᠳᠦᠯᠭᠡ ᠶᠢᠨ | ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠤᠨ ᠰᠢᠷᠢᠰ ᠤᠷᠤᠯᠳᠤᠭᠠᠨ ︵ᠰᠠᠭᠰᠤᠨ | ᠪᠥᠮᠪᠦᠭᠡ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠤᠯᠠ ᠭᠦᠶᠦᠯᠲᠡ᠂ ᠳᠡᠭᠡᠰᠦ ᠬᠠᠷᠠᠶᠢᠯᠲᠠ ᠵᠡᠷᠭᠡ︶ ᠢ | ᠳᠦᠷᠢᠮᠵᠢᠭᠦᠯᠦᠨ ᠥᠷᠨᠢᠭᠦᠯᠵᠦ᠂ ︽ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ | ᠪᠠᠷᠢᠮᠵᠢᠶ᠎ᠠ ᠶᠢ ᠪᠠᠷᠢᠮᠵᠢᠶ᠎ᠠ ᠳᠤ ᠬᠦᠷᠦᠭᠦᠯᠬᠦ︾ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠨ᠎ᠡ᠃ ︽ᠨᠢᠭᠡ | ᠰᠤᠷᠭᠠᠭᠤᠯᠢ ᠨᠢᠭᠡ ᠦᠢᠯᠡᠳᠬᠦᠨ︾ ᠤ ᠰᠢᠯᠢᠳᠡᠭ ᠬᠡᠷᠡᠭ ᠤᠨ ᠵᠢᠱᠢᠶ᠎ᠡ ᠶᠢ ᠳᠡᠯᠭᠡᠨ ᠦᠵᠡᠭᠦᠯᠬᠦ ᠪᠠ ᠪᠡᠶ᠎ᠡ ᠲᠠᠮᠢᠷ ᠤᠨ | ᠤᠷᠠᠯᠢᠭ ᠤᠨ ᠤᠨᠴᠠᠯᠢᠭᠳᠤ ᠵᠦᠢᠯᠡᠰ ᠢ ᠳᠡᠯᠭᠡᠨ ᠦᠵᠡᠭᠦᠯᠬᠦ ᠠᠵᠢᠯᠯᠠᠭ᠎ᠠ ︵ᠬᠤᠶᠠᠳᠤᠭᠠᠷ ᠬᠤᠭᠤᠴᠠᠭᠠᠨ ᠤ ᠭᠤᠸ᠎ᠠ | ᠰᠠᠶᠢᠬᠠᠨ ᠤ ᠬᠥᠮᠦᠵᠢᠯ ᠤᠨ ᠬᠡᠷᠡᠭ ᠤᠨ ᠵᠢᠱᠢᠶ᠎ᠡ ᠶᠢ ᠦᠨᠡᠯᠡᠨ ᠦᠵᠡᠭᠦᠯᠬᠦ ᠠᠵᠢᠯᠯᠠᠭ᠎ᠠ᠂ ᠪᠠᠭᠰᠢ ᠰᠤᠷᠤᠭᠴᠢᠳ ᠤᠨ | ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂ ᠪᠡᠶ᠎ᠡ ᠶᠢᠨ ᠲᠠᠮᠢᠷ ᠤᠨ ᠶᠡᠭᠡ ᠬᠢᠴᠢᠶᠡᠯ ᠤᠨ ᠵᠠᠪᠰᠠᠷᠯᠠᠭ᠎ᠠ ᠶᠢᠨ | ᠦᠵᠡᠭᠦᠯᠦᠯᠭᠡ᠂ ᠪᠠᠭᠰᠢ ᠶᠢᠨ ᠠᠵᠢᠯ ᠤᠨ ᠵᠠᠪᠰᠠᠷᠯᠠᠭ᠎ᠠ ᠶᠢᠨ ᠲᠠᠮᠢᠷ ᠤᠨ ᠦᠵᠡᠭᠦᠯᠦᠯᠭᠡ ᠵᠡᠷᠭᠡ︶ ᠶᠢ ᠡᠷᠬᠢᠯᠡᠨ᠎ᠠ᠃ | ᠰᠤᠷᠭᠠᠭᠤᠯᠢ ᠶᠢ ᠵᠣᠬᠢᠶᠠᠨ ᠪᠠᠶᠢᠭᠤᠯᠤᠨ ᠠᠩᠭᠢ᠂ ᠣᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠪᠥᠬᠦ | ᠬᠥᠮᠦᠰ ᠤᠨ ᠣᠷᠣᠯᠴᠠᠭᠰᠠᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ᠂ ᠪᠡᠶ᠎ᠡ ᠶᠢᠨ ᠲᠠᠮᠢᠷ ᠤᠨ | ᠪᠠᠶᠠᠷ᠂ ᠤᠷᠠᠯᠢᠭ ᠤᠨ ᠪᠠᠶᠠᠷ ᠢ ᠥᠷᠭᠡᠨ ᠢᠶᠠᠷ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ | ᠪᠣᠯᠪᠠᠰᠤᠷᠠᠯ ᠤᠨ ᠲᠥᠪ ᠢ ᠰᠠᠶᠢᠲᠤᠷ ᠪᠥᠲᠥᠭᠡᠨ ᠪᠠᠶᠢᠭᠤᠯᠵᠤ᠂ ᠭᠠᠷᠠᠭ ᠤᠨ ᠰᠡᠭᠦᠯᠴᠢ ᠶᠢᠨ ᠬᠤᠯᠪᠣᠭᠠᠲᠤ | ᠤᠷᠤᠯᠳᠤᠭᠠᠨ ᠢ ᠰᠠᠶᠢᠲᠤᠷ ᠥᠷᠨᠢᠭᠦᠯᠦᠨ᠂ ︽ᠲᠡᠷᠢᠭᠦᠯᠡᠭᠴᠢ ᠬᠤᠨᠳᠠᠭᠠᠲᠤ︾᠂ ︽ᠬᠤᠲᠠ ᠶᠢᠨ ᠳᠠᠷᠤᠭ᠎ᠠ ᠬᠤᠨᠳᠠᠭᠠᠲᠤ︾᠂ | ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠪᠣᠯᠪᠠᠰᠤᠷᠠᠯ ᠤᠨ ᠬᠤᠸᠠᠷᠠᠨ ᠤ ᠰᠢᠯᠭᠠᠷᠠᠭᠤᠯᠤᠨ ᠪᠣᠯᠪᠠᠰᠤᠷᠠᠭᠤᠯᠬᠤ ᠵᠡᠷᠭᠡ + ᠤᠷᠤᠯᠳᠤᠭᠠᠨ ᠢ ᠰᠠᠶᠢᠲᠤᠷ ᠳᠠᠭᠠᠭᠠᠨ | ᠡᠷᠭᠢᠯᠡᠵᠦ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠵᠤᠰᠠᠯᠠᠩ ᠤᠨ ᠠᠵᠢᠯᠯᠠᠭ᠎ᠠ ᠶᠢ ᠢᠳᠡᠪᠬᠢᠲᠡᠶ ᠡᠷᠭᠢᠯᠡᠨ᠎ᠡ᠃ ᠭᠤᠷᠪᠠ ᠳᠤ ᠨᠠᠷᠠᠲᠤ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠪᠠᠷ ᠬᠥᠲᠥᠴᠢ ᠪᠣᠯᠭᠠᠵᠤ᠂ ᠪᠡᠶ᠎ᠡ ᠶᠢᠨ ᠲᠠᠮᠢᠷ ᠤᠨ ᠤᠷᠠᠯᠢᠭ ᠤᠨ ᠣᠨᠴᠠᠯᠢᠭ ᠢᠶᠠᠷ ᠬᠥᠲᠥᠯᠦᠨ | ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ︽ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ | ᠪᠡᠶ᠎ᠡ ᠶᠢᠨ ᠲᠠᠮᠢᠷ ᠤᠨ ᠤᠷᠠᠯᠢᠭ ᠤᠨ ᠤᠨᠴᠠᠯᠢᠭᠳᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠶᠣᠰᠣᠭᠠᠷ᠂ | ᠰᠤᠷᠭᠠᠭᠤᠯᠢ ᠶᠢᠨ ︽ᠪᠡᠶ᠎ᠡ ᠶᠢᠨ ᠲᠠᠮᠢᠷ ᠤᠨ ᠬᠤᠶᠠᠷ ᠪᠠᠶᠠᠷ ᠬᠤᠶᠠᠷ ᠢ ᠳᠡᠭᠡᠭᠰᠢᠯᠡᠭᠦᠯᠬᠦ ᠢᠨᠵᠧᠨᠧᠷᠢᠩ︾ ᠪᠠ | ︽ᠭᠤᠷᠪᠠᠨ ᠨᠢᠭᠡ︾ ᠶᠢᠨ ᠢᠨᠵᠧᠨᠧᠷᠢᠩ ᠢ ᠳᠥᠯᠭᠢᠨ ᠠᠬᠢᠭᠤᠯᠤᠨ᠎ᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ | ︽ᠲᠥᠷᠥᠯ ᠵᠦᠢᠯ ᠪᠠᠶᠢᠭᠤᠯᠬᠤ᠂ ᠥᠪᠡᠷᠮᠢᠴᠡ ᠣᠨᠴᠠᠯᠢᠭ ᠡᠭᠦᠳᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ︾ | ᠬᠠᠷᠠᠯᠲᠠ ᠶᠢᠨ ᠲᠣᠭᠤᠷᠢᠨ ᠳᠤ᠂ ᠨᠠᠭᠠᠳᠤ ᠵᠠᠬ᠎ᠠ ᠳᠠᠭᠠᠨ ᠨᠢᠭᠡ ᠵᠦᠢᠯ ᠤᠨ ᠪᠡᠶ᠎ᠡ ᠶᠢᠨ ᠲᠠᠮᠢᠷ᠂ ᠨᠢᠭᠡ ᠵᠦᠢᠯ ᠤᠨ | ᠤᠷᠠᠯᠢᠭ ᠤᠨ ᠥᠪᠡᠷᠮᠢᠴᠡ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠢ ᠪᠣᠶ ᠪᠣᠯᠭᠠᠬᠤ | ᠬᠡᠷᠡᠭᠲᠡᠶ᠃ ᠲᠦᠷᠪᠡ ᠳᠤ᠂ ᠤᠯᠠᠨ ᠠᠷᠭ᠎ᠠ ᠶᠢ ᠵᠡᠷᠭᠡᠪᠡᠷ ᠬᠡᠷᠡᠭᠯᠡᠬᠦ ᠪᠠᠷ ᠠᠷᠭ᠎ᠠ ᠵᠠᠮ ᠪᠣᠯᠭᠠᠵᠤ᠂ ᠪᠡᠶ᠎ᠡ ᠶᠢᠨ ᠲᠠᠮᠢᠷ | ᠤᠷᠠᠯᠢᠭ ᠤᠨ ᠡᠬᠢ ᠪᠠᠶᠠᠯᠢᠭ ᠢ ᠠᠭᠤᠰᠤᠯᠴᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠨᠡᠶᠢᠭᠡᠮ ᠤᠨ ᠬᠦᠴᠦᠨ ᠤ | ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠬᠡᠷ ᠪᠦᠯᠢ ᠰᠤᠷᠭᠠᠭᠤᠯᠢ ᠨᠡᠶᠢᠭᠡᠮ ᠤᠨ ᠬᠤᠷᠰᠢᠶ᠎ᠠ ᠶᠢᠨ | ᠬᠠᠮᠵᠢᠯᠴᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ ᠲᠠᠪᠤ ᠳᠤ᠂ ᠡᠩ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ | ᠪᠤᠯᠭᠠᠵᠦ᠂ ᠪᠡᠶ᠎ᠡ ᠶᠢᠨ ᠲᠠᠮᠢᠷ ᠤᠨ ᠤᠷᠠᠯᠢᠭ ᠤᠨ ᠨᠡᠷᠡᠳᠦ ᠪᠠᠭᠰᠢ ᠶᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | ᠤᠷᠠᠯᠢᠭ ᠪᠡᠶ᠎ᠡ ᠶᠢᠨ ᠲᠠᠮᠢᠷ ᠤᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ | ︽ᠴᠢᠩᠱᠠᠨ ᠲᠣᠭᠤᠷᠢᠭ ᠤᠨ ᠤᠷᠠᠯᠢᠭ ᠪᠡᠶ᠎ᠡ ᠶᠢᠨ ᠲᠠᠮᠢᠷ ᠤᠨ ᠪᠠᠭᠰᠢ ᠶᠢᠨ ᠲᠠᠮᠢᠷ ᠲᠡᠩᠬᠡᠭᠡ᠂ ᠮᠡᠷᠭᠡᠵᠢᠯ | ᠴᠢᠳᠠᠪᠤᠷᠢ ᠶᠢᠨ ᠰᠢᠯᠭᠠᠯᠲᠠ ᠶᠢᠨ ᠪᠠᠷᠢᠮᠵᠢᠶ᠎ᠠ︾ ᠶᠢ ᠲᠣᠭᠲᠠᠭᠠᠵᠤ᠂ ︽ᠪᠦᠯᠦᠭ ᠬᠤᠪᠢᠶᠠᠨ ᠠᠬᠢᠭᠤᠯᠬᠤ᠂ ᠪᠥᠬᠦ | ᠲᠠᠯ᠎ᠠ ᠪᠠᠷ ᠬᠡᠷᠡᠭᠵᠢᠭᠦᠯᠬᠦ᠂ ᠰᠢᠯᠭᠠᠨ ᠪᠣᠯᠪᠠᠰᠤᠷᠠᠭᠤᠯᠬᠤ ᠶᠢ ᠨᠢᠭᠡ ᠴᠤᠭᠴᠠᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ︾ | ᠵᠠᠷᠴᠢᠮ ᠶᠣᠰᠣᠭᠠᠷ᠂ ᠳᠠᠭᠤᠤ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠪᠠᠭᠰᠢ ᠳᠤ ᠪᠥᠬᠦ ᠠᠵᠢᠯᠲᠠᠨ ᠤ ᠣᠨᠣᠯ ᠪᠠ | ᠲᠤᠰᠬᠠᠶ ᠮᠡᠷᠭᠡᠵᠢᠯ ᠤᠨ ᠴᠢᠳᠠᠪᠤᠷᠢ ᠶᠢᠨ ᠰᠢᠯᠭᠠᠯᠲᠠ ᠶᠢᠨ ᠰᠢᠯᠭᠠᠨ ᠦᠨᠡᠯᠡᠯᠲᠡ ᠬᠢᠨ᠎ᠠ᠃ ᠵᠢᠷᠭᠤᠭ᠎ᠠ ᠳᠤ ᠡᠷᠡᠭᠦᠯ | ᠮᠡᠨᠳᠦ ᠶᠢᠨ ᠬᠥᠮᠦᠵᠢᠯ ᠢᠶᠠᠷ ᠭᠤᠤᠯ ᠪᠣᠯᠭᠠᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠠᠬᠢᠭᠤᠯᠬᠤ | ᠢᠨᠵᠧᠨᠧᠷᠢᠩ ᠢ ᠬᠡᠷᠡᠭᠵᠢᠭᠦᠯᠦᠨ᠎ᠡ᠃ ᠡᠷᠡᠭᠦᠯ ᠮᠡᠨᠳᠦ ᠶᠢᠨ ᠬᠥᠮᠦᠵᠢᠯ ᠤᠨ ︽ᠳᠠᠭᠠᠭᠤᠯᠤᠭᠴᠢ︾ ᠶᠢᠨ ᠦᠢᠯᠡᠳᠦᠯ ᠢ | ᠦᠨᠡᠨᠬᠦ ᠴᠢᠩᠭᠠᠳᠬᠠᠵᠤ᠂ ︽ᠶᠡᠭᠡ ᠡᠷᠡᠭᠦᠯ ᠬᠠᠮᠠᠭᠠᠯᠠᠯ︾ ︽ᠶᠡᠭᠡ ᠡᠷᠡᠭᠦᠯ ᠮᠡᠨᠳᠦ︾ ᠣᠨᠣᠯᠵᠢᠬᠤᠨ ᠢ ᠪᠣᠶ ᠪᠣᠯᠭᠠᠨ᠎ᠠ᠃ | ᠡᠯ᠎ᠡ ᠰᠤᠷᠭᠠᠭᠤᠯᠢ ᠡᠷᠭᠢᠯᠡᠬᠦ ᠨᠢᠭᠡᠴᠡ ᠶᠢᠨ ᠡᠷᠡᠭᠦᠯ ᠬᠠᠮᠠᠭᠠᠯᠠᠯ ᠤᠨ ᠲᠠᠰᠤᠭ ᠪᠠ ᠰᠤᠷᠭᠠᠭᠤᠯᠢ ᠶᠢᠨ ᠡᠮᠴᠢ᠂ | ᠡᠷᠡᠭᠦᠯᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠤᠬᠡᠳ ᠪᠠᠭᠠᠴᠤᠳ ᠤᠨ ᠣᠶᠢᠷ᠎ᠠ | ᠬᠠᠷᠠᠭ᠎ᠠ ᠶᠢ ᠰᠡᠷᠭᠡᠶᠢᠯᠡᠨ ᠡᠵᠡᠮᠳᠡᠬᠦ ︽ᠨᠠᠢᠮᠠᠨ ᠶᠡᠭᠡ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ︽ᠣᠶᠢᠷ᠎ᠠ ᠶᠢ | ᠰᠡᠷᠭᠡᠶᠢᠯᠡᠬᠦ︾ ᠠᠵᠢᠯ ᠢ ᠭᠦᠨᠵᠡᠭᠡᠶ᠂ ᠨᠠᠷᠢᠯᠢᠭ᠂ ᠪᠣᠳᠠᠲᠠᠶᠢᠵᠢᠭᠤᠯᠤᠨ᠎ᠠ᠃ ᠰᠤᠷᠤᠭᠴᠢᠳ ᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠢᠴᠢ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠴᠢᠩᠱᠠᠨ | ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠲᠤᠭ᠎ᠠ | ᠪᠠᠷᠢᠮᠲᠠ ᠶᠢᠨ ᠲᠠᠪᠴᠠᠩ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠴᠢᠯᠠᠯᠲᠠ ᠶᠢᠨ ᠦᠢᠯᠡᠴᠢᠯᠡᠭᠡᠨ | ᠤ ᠰᠢᠰᠲ᠋ᠧᠮ ᠢ ᠪᠠᠶᠢᠭᠤᠯᠤᠨ᠎ᠠ᠃ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢ | ᠠᠬᠢᠭᠤᠯᠬᠤ ᠠᠵᠢᠯᠯᠠᠭ᠎ᠠ ᠶᠢᠨ ︽ᠠᠷᠪᠠᠨ ᠨᠢᠭᠡ︾ ᠶᠢᠨ ᠲᠥᠷᠥᠯ ᠵᠦᠢᠯ ᠤᠨ ᠠᠵᠢᠯᠯᠠᠭ᠎ᠠ ᠶᠢ ᠥᠷᠨᠢᠭᠦᠯᠦᠨ᠎ᠡ᠃ | ᠰᠡᠳᠬᠢᠴᠡ ᠶᠢᠨ ᠬᠢᠮᠤᠷᠠᠯ ᠢ ᠬᠠᠮᠢᠶᠠᠷᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠢᠩᠱᠠᠨ ᠲᠣᠭᠤᠷᠢᠭ ᠤᠨ | ᠰᠤᠷᠭᠠᠨ ᠬᠥᠮᠦᠵᠢᠯ ᠤᠨ ᠰᠢᠰᠲ᠋ᠧᠮ ᠤᠨ ᠰᠡᠳᠬᠢᠴᠡ ᠶᠢᠨ ᠬᠢᠮᠤᠷᠠᠯ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ | ᠪᠠᠶᠢᠳᠠᠯ ᠢ ᠠᠷᠭᠠᠴᠠᠬᠤ ᠪᠠ ᠬᠠᠮᠠᠭᠠᠯᠠᠬᠤ ᠭᠤᠷᠪᠠᠨ ᠬᠤᠪᠢᠶᠠᠷᠢ ᠰᠢᠰᠲ᠋ᠧᠮ ᠢ ᠪᠠᠶᠢᠭᠤᠯᠤᠨ᠎ᠠ᠃ | 4᠂ ᠬᠥᠳᠡᠯᠮᠦᠷᠢ ᠶᠢᠨ ᠬᠥᠮᠦᠵᠢᠯ ᠢ ᠴᠢᠩᠭᠠᠳᠬᠠᠨ᠎ᠠ᠃ 4 ᠰᠠᠷ᠎ᠠ ᠳᠤ ᠴᠢᠩᠱᠠᠨ ᠲᠣᠭᠤᠷᠢᠭ ᠤᠨ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠶᠠᠷᠢᠯᠴᠠᠬᠤ ᠬᠤᠷᠠᠯ ᠢ | ᠬᠤᠷᠠᠯᠳᠤᠭᠤᠯᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ︽ᠴᠢᠩᠱᠠᠨ ᠲᠣᠭᠤᠷᠢᠭ ᠤᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠵᠢᠯᠣᠭᠤᠳᠬᠤ ᠰᠠᠨᠠᠯ︾ ᠢ ᠨᠡᠶᠢᠲᠡᠯᠡᠭᠰᠡᠨ | ᠪᠥᠭᠡᠳ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠰᠤᠷᠭᠠᠭᠤᠯᠢ ᠶᠢᠨ ᠥᠪᠡᠷ ᠤᠨ ᠬᠢᠴᠢᠶᠡᠯ ᠢ ᠰᠤᠳᠤᠯᠤᠨ | ᠨᠡᠭᠡᠭᠡᠬᠦ ᠶᠢ ᠵᠢᠭᠠᠨ ᠵᠢᠯᠣᠭᠤᠳᠴᠤ᠂ 5 ᠰᠠᠷ᠎ᠠ ᠳᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ | ︽ᠭᠤᠷᠪᠠᠨ ᠨᠢᠭᠡ︾ ᠶᠢᠨ ᠢᠨᠵᠧᠨᠧᠷᠢᠩ ᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠶᠡᠷᠦᠩᠬᠡᠶᠢᠯᠡᠭᠰᠡᠨ ᠦᠢᠯᠡᠳᠦᠯᠭᠡ ᠶᠢᠨ | ᠰᠠᠭᠤᠷᠢᠨ ᠭᠠᠵᠠᠷ᠂ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠲᠥᠪ᠂ ᠶᠠᠩ ᠱᠠᠨ ᠶᠣᠣ᠂ ᠸᠠᠩ ᠯᠣᠤ ᠳ᠋ᠠ | ᠴᠢᠩᠱᠠᠨ ᠲᠣᠭᠤᠷᠢᠭ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠡᠷᠭᠡ ᠡᠬᠢ ᠪᠠᠶᠠᠯᠢᠭ ᠲᠤ | ᠲᠦᠰᠢᠭᠯᠡᠨ᠂ ᠬᠥᠳᠡᠯᠮᠦᠷᠢ ᠶᠢᠨ ᠬᠥᠮᠦᠵᠢᠯ ᠤᠨ ᠰᠤᠳᠤᠯᠤᠨ ᠰᠤᠷᠤᠯᠴᠠᠬᠤ ᠰᠣᠳᠣᠨ ᠪᠦᠲᠦᠭᠡᠯ ᠤᠨ ᠵᠠᠮ ᠱᠤᠭᠤᠮ ᠢ | ᠨᠡᠭᠡᠭᠡᠨ ᠬᠥᠭᠵᠢᠭᠦᠯᠦᠨ᠎ᠡ︔ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ᠂ ᠨᠢᠭᠡᠳᠦᠭᠡᠷ ᠮᠠᠰᠢᠨ | ᠦᠢᠯᠡᠳᠬᠦ ᠪᠦᠯᠦᠭᠯᠡᠯ᠂ ᠶᠦᠩ ᠱᠧᠩ ᠴᠧᠩ ᠬᠡᠳᠦ ᠳᠡᠯᠭᠡᠭᠦᠷ ᠵᠡᠷᠭᠡ ᠠᠵᠤ ᠠᠬᠤᠶᠢᠯᠠᠯ ᠢ ᠢᠳᠡᠪᠬᠢᠲᠡᠢ | ᠵᠣᠬᠢᠴᠠᠭᠤᠯᠵᠤ᠂ ᠨᠢᠭᠡ ᠪᠦᠯᠦᠭ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠥᠳᠡᠯᠮᠦᠷᠢ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ ᠪᠠᠶᠢᠭᠤᠯᠤᠨ᠎ᠠ︔ ᠰᠤᠷᠭᠠᠭᠤᠯᠢ ᠨᠤᠭᠤᠳ ᠤᠨ | ᠥᠪᠡᠷᠮᠢᠴᠡ ᠣᠨᠴᠠᠯᠢᠭ ᠲᠠᠢ ᠬᠥᠳᠡᠯᠮᠦᠷᠢ ᠶᠢᠨ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢᠨ | ᠬᠢᠴᠢᠶᠡᠯ ᠢ ᠥᠪᠡᠰᠦᠪᠡᠨ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ᠂ ᠨᠢᠭᠡ ᠪᠦᠯᠦᠭ ᠬᠥᠳᠡᠯᠮᠦᠷᠢ ᠶᠢᠨ ᠰᠤᠷᠭᠠᠨ | ᠬᠥᠮᠦᠵᠢᠯ ᠤᠨ ᠥᠪᠡᠷᠮᠢᠴᠡ ᠣᠨᠴᠠᠯᠢᠭ ᠲᠠᠢ ᠰᠤᠷᠭᠠᠭᠤᠯᠢ ᠶᠢ ᠬᠦᠮᠦᠵᠢᠨ ᠪᠤᠶᠢᠵᠢᠭᠤᠯᠤᠨ᠎ᠠ᠃ | 5᠂ ᠬᠡᠷ ᠪᠦᠯᠢ ᠰᠤᠷᠭᠠᠭᠤᠯᠢ ᠨᠡᠶᠢᠭᠡᠮ ᠤᠨ ᠬᠤᠷᠰᠢᠶ᠎ᠠ ᠶᠢᠨ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠢ | ᠰᠢᠨᠡᠳᠭᠡᠨ᠎ᠡ᠃ ︽︿1234﹀ ᠭᠡᠷ ᠪᠦᠯᠢ ᠰᠤᠷᠭᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ | ᠪᠠᠶᠢᠭᠤᠯᠬᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢᠨ ᠲᠤᠷᠰᠢᠯᠭ᠎ᠠ ᠬᠢᠭᠡᠳ ᠰᠡᠩᠬᠡᠷᠡᠭᠦᠯᠦᠯ ᠤᠨ ᠰᠤᠳᠤᠯᠤᠯ︾ | ᠤᠨ ᠰᠡᠳᠦᠪ ᠤᠨ ᠦᠷ᠎ᠡ ᠪᠦᠲᠦᠭᠡᠯ ᠢ ᠳᠡᠯᠭᠡᠷᠡᠭᠦᠯᠵᠦ᠂ ᠲᠠᠪᠤᠳᠤᠭᠠᠷ ᠬᠤᠭᠤᠴᠠᠭᠠᠨ ᠤ ᠭᠡᠷ ᠤᠨ ᠠᠬᠠᠮᠠᠳ ᠤᠨ | ᠰᠤᠷᠭᠠᠭᠤᠯᠢ ᠶᠢᠨ ᠠᠭᠠᠷ ᠳᠡᠭᠡᠷᠡᠬᠢ ᠬᠢᠴᠢᠶᠡᠯ ᠤᠨ ᠲᠠᠩᠬᠢᠮ᠂ ᠭᠤᠷᠪᠠᠳᠤᠭᠠᠷ ᠬᠤᠭᠤᠴᠠᠭᠠᠨ ᠤ ᠭᠡᠷ ᠪᠦᠯᠢ | ᠰᠤᠷᠭᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠤᠨ ᠦᠵᠡᠭᠦᠯᠦᠯᠭᠡ ᠶᠢᠨ ᠦᠨᠡᠯᠡᠯᠲᠡ᠂ ᠳᠥᠷᠪᠡᠳᠦᠭᠡᠷ | ᠬᠤᠭᠤᠴᠠᠭᠠᠨ ᠤ ︽ᠮᠢᠨᠦ ᠭᠡᠷ ᠤᠨ ᠰᠤᠷᠲᠠᠯ· ᠮᠢᠨᠦ ᠭᠡᠷ ᠤᠨ ᠰᠤᠷᠭᠠᠯ· ᠮᠢᠨᠦ ᠭᠡᠷ ᠤᠨ ᠰᠤᠷᠪᠤᠯᠵᠢᠯᠠᠭ᠎ᠠ︾ ᠶᠢᠨ | ᠶᠠᠷᠢᠶ᠎ᠠ᠂ ᠳᠥᠷᠪᠡᠳᠦᠭᠡᠷ ᠬᠤᠭᠤᠴᠠᠭᠠᠨ ᠤ ᠭᠡᠷ ᠪᠦᠯᠢ ᠶᠢᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠠᠩᠬᠢ ᠶᠢᠨ | ᠬᠡᠷᠡᠭ ᠤᠨ ᠵᠢᠭᠠᠨ ᠰᠤᠷᠭᠠᠯᠲᠠ ᠶᠢᠨ ᠤᠷᠤᠯᠳᠤᠭᠠᠨ ᠢ ᠡᠷᠬᠢᠯᠡᠪᠡ᠃ ︽443︾ ᠬᠡᠷ ᠪᠦᠯᠢ ᠰᠤᠷᠭᠠᠭᠤᠯᠢ ᠨᠡᠶᠢᠭᠡᠮ ᠤᠨ | ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠪᠤᠭᠤᠲᠤ ᠶᠢᠨ ᠪᠠᠭᠰᠢ ᠶᠢᠨ ᠳᠡᠭᠡᠳᠦ | ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠳᠤ ᠲᠦᠰᠢᠭᠯᠡᠨ ᠬᠡᠷ ᠪᠦᠯᠢ ᠰᠤᠷᠭᠠᠭᠤᠯᠢ ᠨᠡᠶᠢᠭᠡᠮ ᠤᠨ | ᠬᠠᠮᠵᠢᠯᠴᠠᠨ ᠬᠥᠮᠦᠨ ᠬᠥᠮᠦᠵᠢᠭᠦᠯᠬᠦ ᠬᠤᠯᠪᠣᠭ᠎ᠠ ᠶᠢ ᠪᠠᠶᠢᠭᠤᠯᠵᠤ᠂ ᠬᠤᠶᠠᠳᠤᠭᠠᠷ ᠬᠤᠭᠤᠴᠠᠭᠠᠨ ᠤ ᠲᠤᠭᠤᠷᠢᠭ ᠤᠨ | ᠲᠠᠰ ᠤᠨ ᠬᠡᠷ ᠤᠨ ᠠᠬᠠᠮᠠᠳ ᠤᠨ ᠵᠥᠪᠯᠡᠯ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠤᠨ᠎ᠠ᠃ | ᠬᠥᠲᠥᠯᠥᠭᠴᠢ᠄ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠵᠠᠰᠠᠯᠲᠠ ᠳᠤ ᠴᠢᠭᠯᠡᠭᠦᠯᠦᠨ᠂ ᠰᠣᠷᠣᠭᠴᠢ ᠶᠢᠨ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠠᠮᠠᠷ ᠶᠠᠮᠠᠷ ᠠᠷᠭ᠎ᠠ | ᠬᠡᠮᠵᠢᠶ᠎ᠡ ᠠᠪᠤᠭᠰᠠᠨ ᠪᠣᠶ︖ | ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄ | ᠨᠢᠭᠡ ᠳᠤ᠂ ︽ᠴᠢᠩᠱᠠᠨ ᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ︾ ᠶᠢᠨ | ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ | ᠵᠢᠷᠤᠮᠵᠢᠯ᠂ ᠠᠭᠤᠯᠤᠭᠳᠠᠬᠤᠨ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠵᠥᠪᠳᠡᠪᠡ᠃ ᠬᠤᠶᠠᠷ ᠲᠤ᠂ ᠠᠷᠠᠳ ᠠᠴᠠ | ᠡᠷᠭᠢᠯᠡᠭᠰᠡᠨ ᠰᠤᠷᠭᠠᠭᠤᠯᠢ ᠶᠢᠨ ᠱᠠᠯᠠᠪᠳᠠᠭᠤᠯᠤᠨ ᠪᠠᠶᠢᠴᠠᠭᠠᠭᠴᠢ ᠶᠢᠨ ᠬᠢᠨᠠᠯᠲᠠ ᠲᠠᠯᠪᠢᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠱᠠᠯᠠᠪᠳᠠᠭᠤᠯᠤᠨ ᠪᠠᠶᠢᠴᠠᠭᠠᠭᠴᠢ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠢᠯᠡ ᠨᠡᠶᠢᠲᠡᠯᠡᠭᠰᠡᠨ᠂ ᠬᠢᠴᠢᠶᠡᠯ ᠤᠷᠤᠭᠰᠠᠨ ᠪᠠᠶᠢᠳᠠᠯ ᠵᠡᠷᠭᠡ ᠰᠤᠷᠭᠠᠭᠤᠯᠢ ᠡᠷᠭᠢᠯᠡᠭᠰᠡᠨ ᠦᠢᠯᠡ | ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ᠃ ᠭᠤᠷᠪᠠ ᠳᠤ ᠰᠢᠨᠵᠢᠯᠡᠭᠡᠨ ᠤ ᠰᠠᠯᠠᠭ᠎ᠠ ᠶᠢᠨ | ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠡᠳᠡᠨ ᠤ | ᠰᠦᠢᠳᠭᠡᠯ ᠬᠤᠷᠢᠶᠠᠬᠤ ᠦᠢᠯᠡ ᠠᠵᠢᠯᠯᠠᠭ᠎ᠠ᠂ ᠪᠠᠭᠰᠢ ᠶᠢᠨ ᠬᠢᠷᠢ ᠬᠡᠮ᠂ ᠵᠢᠭᠠᠨ ᠰᠤᠷᠭᠠᠬᠤ ᠠᠭᠤᠯᠭ᠎ᠠ ᠶᠢ | ᠭᠤᠤᠯᠳᠠᠯᠭ᠎ᠠ ᠲᠠᠢ ᠵᠢᠷᠤᠮᠵᠢᠭᠤᠯᠤᠨ᠎ᠠ᠃ ᠳᠥᠷᠪᠡ ᠳᠤ ︽ᠠᠮᠠᠯᠠᠯᠲᠠ ᠶᠢᠨ ᠲᠦᠷᠢᠮ︾ ᠢ ᠢᠳᠡᠪᠬᠢᠲᠡᠶ ᠪᠠᠷ ᠳᠥᠯᠭᠢᠨ | ᠠᠬᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠢᠩᠭ᠎ᠠ ᠬᠢᠨᠠᠨ | ᠵᠥᠪᠰᠢᠶᠡᠷᠡᠨ᠎ᠡ᠃ ᠠᠵᠢᠯ ᠳᠤ ᠪᠠᠶᠢᠭ᠎ᠠ ᠪᠠᠭᠰᠢ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠳᠤ ᠲᠤᠰᠢᠶᠠᠯ ᠬᠠᠪᠰᠤᠷᠭᠠᠬᠤ ᠶᠢ ᠴᠢᠩᠭ᠎ᠠ ᠴᠠᠭᠠᠵᠠᠯᠠᠵᠤ᠂ ᠨᠢᠭᠡ ᠶᠢ ᠢᠯᠡᠷᠡᠭᠦᠯᠪᠡᠯ ᠨᠢᠭᠡ ᠶᠢ | ᠰᠢᠢᠳᠪᠦᠷᠢᠯᠡᠨ᠎ᠡ᠃ ᠲᠠᠪᠤ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠡᠰᠡᠭ | ᠬᠤᠪᠢᠶᠠᠨ ᠲᠥᠷᠥᠯ ᠬᠤᠪᠢᠶᠠᠨ ᠬᠠᠮᠢᠶᠠᠷᠬᠤ ᠶᠢ ᠰᠦᠪᠡᠭᠴᠢᠯᠡᠨ ᠬᠡᠷᠡᠭᠵᠢᠭᠦᠯᠵᠦ᠂ ᠴᠢᠩᠱᠠᠨ ᠲᠣᠭᠤᠷᠢᠭ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ | ᠬᠢᠨᠠᠨ ᠬᠠᠮᠢᠶᠠᠷᠤᠭᠴᠢ ᠶᠢ ᠰᠣᠩᠭᠤᠨ ᠭᠠᠷᠭᠠᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠥᠪᠡᠷ ᠢ ᠪᠠᠨ | ᠬᠠᠮᠢᠶᠠᠷᠬᠤ᠂ ᠥᠪᠡᠷ ᠢ ᠪᠠᠨ ᠬᠢᠨᠠᠬᠤ ᠦᠢᠯᠡᠳᠦᠯ ᠢ ᠳᠡᠭᠡᠭᠰᠢᠯᠡᠭᠦᠯᠦᠨ᠎ᠡ᠃ | ᠬᠥᠲᠥᠯᠥᠭᠴᠢ᠄ | ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠢᠨ ᠶᠡᠭᠡ ᠳᠤᠮᠳᠠ ᠪᠠᠭ᠎ᠠ | ᠬᠡᠦᠬᠡᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ | ᠠᠬᠢᠭᠤᠯᠬᠤ ᠲᠠᠯ᠎ᠠ ᠪᠠᠷ ᠬᠡᠷᠬᠢᠨ ᠬᠢᠭᠰᠡᠨ ᠪᠤᠢ︖ | ᠰᠤᠷᠪᠤᠯᠵᠢᠯᠠᠭ᠎ᠠ ᠬᠦᠯᠢᠶᠡᠭᠰᠡᠨ ᠵᠣᠴᠢᠨ ᠡᠦ ᠱᠧᠩ ᠴᠢᠶᠠᠩ᠄ | ᠨᠢᠭᠡ ᠳᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠪᠥᠬᠦ ᠲᠤᠭᠤᠷᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠪᠠᠶᠢᠳᠠᠯ ᠢ | ᠣᠶᠢᠯᠠᠭᠠᠵᠤ᠂ ᠲᠤᠭ᠎ᠠ ᠬᠡᠮᠵᠢᠶ᠎ᠡ ᠶᠢ ᠭᠦᠢᠴᠡᠳ ᠨᠥᠬᠦᠪᠥᠷᠢᠯᠡᠨ᠂ ᠨᠠᠷᠢᠯᠢᠭ ᠣᠨᠣᠴᠠᠲᠠᠶ ᠪᠠᠷ ᠪᠣᠯᠪᠠᠰᠤᠷᠠᠭᠤᠯᠤᠯ ᠬᠢᠵᠦ᠂ | ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠶᠠᠷ ᠲᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ | ᠴᠤᠭᠴᠠᠵᠢᠭᠤᠯᠬᠤ ᠲᠠᠪᠴᠠᠩ ᠢ ᠪᠠᠶᠢᠭᠤᠯᠤᠨ᠎ᠠ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠰᠢᠨᠬᠤᠸᠠ | ᠰᠦᠯᠵᠢᠶ᠎ᠡ ᠳᠤ ᠲᠦᠰᠢᠭᠯᠡᠨ᠂ ︽ᠬᠤᠤᠰ ᠪᠠᠭᠰᠢ ᠶᠢᠨ ᠪᠣᠯᠪᠠᠰᠤᠷᠠᠭᠤᠯᠤᠯ︾ ᠤᠨ ᠬᠡᠯᠪᠡᠷᠢ ᠶᠢ ᠠᠪᠴᠤ ᠪᠠᠶᠢᠭᠠᠳ | ᠲᠤᠭᠤᠷᠢᠭ ᠤᠨ ᠳᠣᠲᠣᠷᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠳᠤ ᠪᠥᠬᠦ ᠠᠵᠢᠯᠲᠠᠨ᠂ | ᠪᠦᠬᠦᠨ ᠢ ᠬᠠᠮᠤᠷᠬᠤ ᠪᠣᠯᠪᠠᠰᠤᠷᠠᠭᠤᠯᠤᠯ ᠬᠢᠵᠦ᠂ ᠪᠠᠭᠰᠢ ᠶᠢ ᠬᠥᠲᠥᠯᠦᠨ ᠵᠢᠯᠣᠭᠤᠳᠴᠤ ᠪᠠᠶᠢᠭᠠᠳ ᠠᠳᠠᠯᠢ ᠪᠤᠰᠤ | ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠤᠨ ᠬᠠᠷᠠᠯᠲᠠ᠂ ᠵᠢᠭᠠᠨ ᠰᠤᠷᠭᠠᠯᠲᠠ ᠶᠢᠨ ᠠᠭᠤᠯᠭ᠎ᠠ ᠵᠢᠴᠢ ᠵᠢᠭᠠᠨ | ᠰᠤᠷᠭᠠᠯᠲᠠ ᠶᠢᠨ ᠠᠷᠭ᠎ᠠ ᠶᠢ ᠣᠨᠣᠪᠴᠢᠲᠠᠶ ᠡᠵᠡᠮᠰᠢᠭᠦᠯᠵᠦ᠂ ᠬᠠᠷᠠᠯᠲᠠ ᠲᠠᠢ ᠪᠠᠷ ᠰᠤᠮᠤ ᠬᠠᠷᠪᠤᠬᠤ᠂ ᠬᠢᠴᠢᠶᠡᠯ ᠤᠨ | ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠭᠤᠷᠪᠠ ᠳᠤ᠂ ᠬᠢᠴᠢᠶᠡᠯ ᠤᠨ ᠦᠵᠡᠯ ᠰᠠᠨᠠᠭ᠎ᠠ | ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ | ᠲᠥᠷᠥ ᠶᠢᠨ ᠬᠥᠮᠦᠵᠢᠯ ᠤᠨ ᠠᠭᠤᠯᠤᠭᠳᠠᠬᠤᠨ ᠢ ᠠᠭᠤᠳᠠᠯᠵᠤ᠂ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ | ᠲᠥᠷᠥ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠬᠦᠴᠦᠨ ᠵᠦᠢᠯ᠂ ᠪᠥᠬᠦ ᠬᠡᠯᠬᠢᠶ᠎ᠡ ᠳᠤ | ᠲᠤᠤᠱᠯᠠᠭᠤᠯᠤᠨ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠵᠡᠯ ᠰᠠᠨᠠᠭᠠᠨ ᠤ ᠠᠭᠤᠯᠤᠭᠳᠠᠬᠤᠨ ᠢ | ᠪᠣᠶ ᠪᠥᠬᠦᠶ ᠬᠢᠴᠢᠶᠡᠯ ᠲᠥᠷᠥᠯ ᠳᠤ ᠨᠡᠪᠴᠢᠭᠦᠯᠦᠨ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠱᠠᠲᠤ ᠱᠠᠲᠤ ᠪᠠᠷ | ᠠᠬᠢᠭᠤᠯᠬᠤ᠂ ᠣᠨᠴᠠᠯᠢᠭ ᠢᠶᠠᠷ ᠢᠯᠡ ᠲᠣᠳᠣ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ ᠲᠥᠷᠥ ᠶᠢᠨ | ᠪᠠᠶᠢᠭᠤᠯᠤᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠲᠦᠷᠪᠡ ᠳᠤ ᠦᠵᠡᠯ ᠰᠠᠨᠠᠭ᠎ᠠ | ᠤᠯᠤᠰ ᠲᠦᠷᠦ ᠶᠢᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠢᠭᠡ ᠲᠠᠯ᠎ᠠ ᠪᠠᠷ᠂ ᠡᠯ᠎ᠡ ᠰᠤᠷᠤᠯᠭ᠎ᠠ ᠶᠢᠨ | ᠱᠠᠲᠤᠨ ᠳᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠠᠭᠤᠷᠢᠨ ᠭᠠᠵᠠᠷ ᠤᠨ ᠰᠤᠷᠭᠠᠭᠤᠯᠢ ᠶᠢ | ᠪᠠᠶᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠬᠡᠦᠬᠡᠳ ᠤᠨ ᠴᠡᠴᠡᠷᠯᠢᠭ ᠲᠤ ᠬᠦᠷᠲᠡᠯ᠎ᠡ | ᠥᠷᠭᠡᠳᠬᠡᠪᠡ᠃ ᠨᠦᠭᠦᠭᠡ ᠲᠠᠯ᠎ᠠ ᠪᠠᠷ᠂ ︽ᠨᠡᠶᠢᠭᠡᠮ ᠲᠣᠭᠤᠷᠢᠭ ᠲᠤ ᠤᠷᠤᠬᠤ᠂ ᠬᠥᠳᠡᠭᠡ ᠲᠣᠰᠬᠤᠨ ᠳᠤ ᠤᠷᠤᠬᠤ᠂ | ᠠᠵᠤ ᠠᠬᠤᠶᠢᠯᠠᠯ ᠳᠤ ᠤᠷᠤᠬᠤ︾ ᠵᠡᠷᠭᠡ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ |