ᠲᠥᠪ ᠭᠤᠤᠯᠴᠢ ᠠᠵᠢᠯᠴᠢ ᠬᠢᠴᠢᠶᠡᠩᠭᠦᠶ ᠪᠠᠷ ᠡᠳ᠋ ᠬᠥᠷᠥᠩᠭᠡ ᠪᠠᠨ ᠰᠠᠶᠢᠲᠦᠷ ᠬᠠᠮᠢᠶᠠᠷᠴᠦ ᠬᠠᠤᠯᠢ ᠶᠢ ᠤᠶᠢᠯᠠᠭᠠᠨ ᠪᠣᠳᠠᠲᠠᠶ ᠠᠵᠢᠯ ᠢ ᠪᠠᠲᠤᠲᠠᠶ ᠬᠢᠶ᠎ᠠ
ᠨᠡᠶᠢᠲᠡᠯᠡᠭᠰᠡᠨ ᠴᠠᠭ᠄
2021/10/22
     ᠰᠤᠷᠪᠤᠯᠵᠢᠯᠠᠭᠰᠠᠨ ᠭᠤᠣᠯ ᠰᠡᠳᠦᠪ᠄ ᠲᠥᠪ ᠭᠤᠤᠯᠴᠢ ᠠᠵᠢᠯᠴᠢ ᠬᠢᠴᠢᠶᠡᠩᠭᠦᠶ ᠪᠠᠷ ᠡᠳ᠋ ᠬᠥᠷᠥᠩᠭᠡ ᠪᠠᠨ  ᠰᠠᠶᠢᠲᠦᠷ ᠬᠠᠮᠢᠶᠠᠷᠴᠦ ᠬᠠᠤᠯᠢ ᠶᠢ ᠤᠶᠢᠯᠠᠭᠠᠨ ᠪᠣᠳᠠᠲᠠᠶ ᠠᠵᠢᠯ ᠢ ᠪᠠᠲᠤᠲᠠᠶ ᠬᠢᠶ᠎ᠠ      ᠰᠤᠷᠪᠤᠯᠵᠢᠯᠠᠭᠰᠠᠨ ᠴᠠᠭ᠄ 2021 ᠣᠨ ᠤ 9 ᠰᠠᠷ᠎ᠠ ᠶᠢᠨ 3᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ     ᠰᠢᠤᠢ ᠬᠠᠶ ᠰᠢᠶᠠ      ᠰᠤᠷᠪᠤᠯᠵᠢᠯᠠᠭᠰᠠᠨ ᠠᠬᠤᠶ ᠪᠠᠶᠢᠳᠠᠯ᠄ ᠣᠶᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ  ᠭᠦᠢᠴᠡᠳᠭᠡᠯ ᠤᠨ ᠠᠵᠢᠯ ᠤᠨ ᠲᠡᠷᠢᠭᠦᠨ ᠤ ᠬᠠᠮᠲᠤ︾᠂ ︽ᠬᠠᠤᠯᠢ ᠶᠣᠰᠣᠭᠠᠷ ᠵᠠᠰᠠᠭ ᠶᠠᠪᠤᠭᠤᠯᠵᠤ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠠᠵᠢᠯ ᠤᠨ ᠲᠡᠷᠢᠭᠦᠨ ᠤ ᠨᠢᠭᠡᠴᠡ︾᠂ ︽ᠴᠢᠩᠱᠠᠨ ᠲᠣᠭᠤᠷᠢᠭ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠ ︽ᠴᠢᠩᠱᠠᠨ ᠲᠣᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠦᠢᠯᠡᠳᠦᠯᠴᠡᠭᠰᠡᠨ ᠰᠢᠯᠢᠳᠡᠭ ᠨᠢᠭᠡᠴᠡ︾ ᠵᠡᠷᠭᠡ ᠢᠷᠠᠭᠤ ᠠᠯᠳᠠᠷ ᠤᠨ ᠴᠤᠯᠠ ᠬᠦᠷᠲᠡᠪᠡ᠃     【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ ᠥᠨᠥᠳᠦᠷ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠭᠤᠯᠤᠨ ᠤᠯᠠᠨ ᠲᠠᠢ ᠰᠠᠨᠠᠯ ᠢᠶᠠᠨ ᠰᠤᠯᠢᠯᠴᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠤᠯᠠᠨ ᠢᠶᠠᠷ ᠢᠶᠠᠨ ᠤᠷᠳᠤ ᠬᠤᠭᠤᠴᠠᠭᠠᠨ ᠤ ᠲᠤᠷᠰᠢ ᠮᠠᠨ ᠤ ᠲᠤᠭᠤᠷᠢᠭ ᠤᠨ ᠡᠳ᠋ ᠤᠨ ᠵᠠᠰᠠᠭ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ᠂ ᠤᠯᠠᠨ ᠢᠶᠠᠷ ᠢᠶᠠᠨ ᠡᠳ᠋ ᠤᠨ ᠵᠠᠰᠠᠭ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠴᠤ᠂ ᠪᠢᠳᠡᠨ ᠤ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃      【ᠬᠥᠲᠥᠯᠥᠭᠴᠢ】      ᠪᠢ ᠥᠩᠭᠡᠷᠡᠭᠰᠡᠨ ᠳᠤ ᠡᠷᠬᠢᠮ ᠨᠢᠭᠡᠴᠡ ᠶᠢᠨ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠠᠵᠤ ᠦᠢᠯᠡᠳᠪᠦᠷᠢ ᠶᠢᠨ ᠬᠤᠳᠠ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠭᠠᠷᠴᠠᠭ ᠲᠠᠢ ᠮᠡᠳᠡᠭᠡᠯᠡᠯ ᠤᠨ ᠡᠭᠡ ᠪᠢᠴᠢᠭ ᠢ ᠦᠵᠡᠵᠦ ᠦᠩᠭᠡᠷᠡᠵᠦ᠂ ᠡᠭᠦᠨ ᠳᠤ ᠮᠠᠰᠢ ᠭᠦᠨ ᠰᠠᠭᠤᠭᠳᠠᠯ ᠲᠠᠢ ᠶᠤᠮ᠃ ᠮᠢᠨᠦ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠭᠦᠢᠴᠡᠳᠭᠡᠯ  ᠤᠨ ᠠᠵᠢᠯ ᠤᠨ ᠲᠡᠷᠢᠭᠦᠨ ᠤ ᠬᠠᠮᠲᠤ︾᠂ ︽ᠬᠠᠤᠯᠢ ᠶᠣᠰᠣᠭᠠᠷ ᠵᠠᠰᠠᠭ ᠶᠠᠪᠤᠭᠤᠯᠵᠤ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠠᠵᠢᠯ ᠤᠨ ᠲᠡᠷᠢᠭᠦᠨ ᠤ ᠨᠢᠭᠡᠴᠡ︾᠂ ︽ᠴᠢᠩᠱᠠᠨ ᠲᠣᠭᠤᠷᠢᠭ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠ ︽ᠴᠢᠩᠱᠠᠨ ᠲᠣᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠰᠢᠯᠢᠳᠡᠭ ᠨᠢᠭᠡᠴᠡ︾ ᠵᠡᠷᠭᠡ ᠢᠷᠠᠭᠤ ᠠᠯᠳᠠᠷ ᠢ ᠬᠦᠷᠲᠡᠪᠡ᠃ ᠲᠠ ᠤᠷᠢᠳᠠᠪᠠᠷ 2021 ᠣᠨ ᠤ ᠮᠠᠨ ᠤ ᠲᠤᠭᠤᠷᠢᠭ ᠤᠨ ᠡᠳ᠋ ᠤᠨ ᠵᠠᠰᠠᠭ ᠤᠨ ᠠᠵᠢᠯ ᠤᠨ ᠨᠡᠶᠢᠲᠡᠯᠢᠭ ᠲᠤᠷᠰᠢᠯᠭ᠎ᠠ ᠶᠢᠨ ᠲᠠᠯ᠎ᠠ ᠶᠢᠨ ᠲᠣᠪᠴᠢ ᠪᠠᠶᠢᠳᠠᠯ ᠢ ᠲᠠᠨᠢᠯᠴᠠᠭᠤᠯᠤᠭᠠᠷᠠᠢ᠃      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】      ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠮᠦᠨᠴᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︽ᠳᠥᠷᠪᠡᠨ ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾᠎ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠪᠢ ᠣᠯᠠᠨ ᠲᠦᠮᠡᠨ ᠳᠤ ᠤᠴᠢᠷ ᠶᠠᠪᠤᠳᠠᠯ ᠪᠦᠲᠦᠭᠡᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠤᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠬᠤ ᠪᠠᠷ ᠭᠤᠣᠯ ᠪᠣᠯᠭᠠᠵᠤ᠂ ︽ᠰᠤᠷᠤᠯᠴᠠᠬᠤ︾᠎ ᠪᠠᠷ ︽ᠬᠡᠷᠡᠭᠵᠢᠭᠦᠯᠬᠦ︾᠎ ᠶᠢ ᠠᠬᠢᠭᠤᠯᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠰᠦᠪ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠢᠴᠢ ᠳᠣᠲᠣᠭᠠᠳᠤ ᠡᠵᠡᠮᠳᠡᠯ ᠤᠨ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠺᠠᠳ᠋ᠷ ᠤᠨ ᠠᠵᠢᠯ ᠤᠨ ᠰᠤᠷᠲᠠᠯ ᠢ ᠬᠦᠴᠦᠯᠡᠨ ᠰᠠᠶᠢᠵᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠵᠠᠰᠠᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠪᠤᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠬᠦᠨᠳᠦ ᠨᠣᠴᠢᠲᠠᠶ ᠳᠠᠭᠠᠷᠢᠯᠲᠠ ᠪᠠ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠳᠤᠤᠷ᠎ᠠ᠂ ᠡᠳ᠋ ᠤᠨ ᠵᠠᠰᠠᠭ ᠤᠨ ︽ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢ ᠪᠠᠲᠤᠳᠬᠠᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠩᠱᠠᠨ ᠲᠣᠭᠤᠷᠢᠭ ᠤᠨ ᠨᠡᠶᠢᠭᠡᠮ ᠠᠵᠤ ᠠᠬᠤᠶ ᠶᠢᠨ ᠬᠥᠭᠵᠢᠯᠲᠡ ᠳᠤ ᠪᠠᠲᠤ ᠴᠢᠩᠭ᠎ᠠ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ᠃      【ᠬᠥᠲᠥᠯᠥᠭᠴᠢ】      ᠮᠢᠨᠦ ᠮᠡᠳᠡᠬᠦ ᠪᠠᠷ ᠡᠳ᠋ ᠤᠨ ᠵᠠᠰᠠᠭ ᠤᠨ ᠠᠵᠢᠯ ᠤᠨ ᠭᠦᠢᠴᠡᠳᠬᠡᠬᠦ ᠲᠤᠭ᠎ᠠ ᠭᠤᠣᠯᠳᠠᠭᠤ ᠣᠷᠣᠯᠭ᠎ᠠ ᠵᠠᠷᠤᠯᠭ᠎ᠠ ᠶᠢᠨ ᠲᠠᠯ᠎ᠠ ᠳᠤ ᠢᠯᠡᠷᠡᠵᠦ ᠪᠠᠶᠢᠨ᠎ᠠ᠂ ᠲᠠ ᠪᠣᠳᠠᠲᠠᠶ ᠪᠠᠷ ᠶᠠᠷᠢᠭᠠᠷᠠᠶ᠃      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】      ᠡᠳ᠋ ᠤᠨ ᠵᠠᠰᠠᠭ ᠤᠨ ᠣᠷᠣᠯᠭ᠎ᠠ ᠶᠢᠨ ᠲᠠᠯ᠎ᠠ ᠪᠠᠷ᠄ 1 — 7 ᠳ᠋ᠤᠭᠠᠷ ᠰᠠᠷ᠎ᠠ ᠳᠤ᠂ ᠮᠠᠨ ᠤ ᠲᠤᠭᠤᠷᠢᠭ ᠡᠩ ᠤᠨ ᠲᠥᠰᠦᠪ ᠤᠨ ᠣᠷᠣᠯᠭ᠎ᠠ ᠶᠢ ᠨᠡᠶᠢᠲᠡ 15.58 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.2%᠎ ᠢᠶᠠᠷ ᠨᠡᠮᠡᠭᠳᠡᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠰᠢᠶᠡᠷᠡᠭᠰᠡᠨ 23.77 ᠳ᠋ᠦᠩᠰᠢᠭᠤᠷ ᠲᠥᠭᠦᠷᠢᠭ ᠤᠨ ᠲᠥᠰᠦᠪ ᠤᠨ 52.9%᠎ ᠶᠢ ᠪᠡᠶᠡᠯᠡᠭᠦᠯᠪᠡ᠃ ᠡᠭᠦᠨ ᠳᠤ᠂ ᠭᠠᠶᠢᠯᠢ ᠶᠢᠨ ᠣᠷᠣᠯᠭ᠎ᠠ ᠶᠢ 11.11 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 88%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 0.58 ᠳ᠋ᠦᠩᠰᠢᠭᠤᠷ ᠲᠥᠭᠦᠷᠢᠭ ᠨᠡᠮᠡᠭᠳᠡᠨ᠂ 5.6%᠎ ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 1.47 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 12%᠎ ᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 0.57 ᠳ᠋ᠦᠩᠰᠢᠭᠤᠷ ᠲᠥᠭᠦᠷᠢᠭ ᠨᠡᠮᠡᠭᠳᠡᠨ᠂ 64.5%᠎ ᠪᠠᠷ ᠨᠡᠮᠡᠭᠳᠡᠪᠡ᠃      ᠮᠠᠨ ᠤ ᠲᠤᠭᠤᠷᠢᠭ ᠤᠨ ᠡᠳ᠋ ᠤᠨ ᠵᠠᠰᠠᠭ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ᠄ 1 — 7 ᠳ᠋ᠤᠭᠠᠷ ᠰᠠᠷ᠎ᠠ ᠳᠤ᠂ ᠮᠠᠨ ᠤ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 18.23 ᠳ᠋ᠦᠩᠰᠢᠭᠤᠷ ᠲᠥᠭᠦᠷᠢᠭ ᠪᠡᠶᠡᠯᠡᠭᠦᠯᠵᠦ᠂ 22.8 ᠳ᠋ᠦᠩᠰᠢᠭᠤᠷ ᠲᠥᠭᠦᠷᠢᠭ ᠤᠨ ᠲᠥᠰᠦᠪ ᠢ 80.2%᠎ ᠢᠶᠠᠷ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 45.8%᠎ ᠪᠠᠷ ᠨᠡᠮᠡᠭᠳᠡᠪᠡ᠃      ᠮᠠᠨ ᠤ ᠲᠤᠭᠤᠷᠢᠭ ᠤᠨ ᠥᠷᠢ ᠥᠭᠴᠡᠭᠡ ᠶᠢ ᠠᠷᠢᠯᠭᠠᠭᠰᠠᠨ ᠪᠠᠶᠢᠳᠠᠯ᠄ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 29.61 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠪᠥᠬᠦ ᠵᠢᠯ ᠤᠨ 34.89 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠬᠤ ᠬᠠᠷᠠᠯᠲᠠ ᠶᠢᠨ ᠡᠭᠦᠷᠭᠡ ᠶᠢᠨ 84.9%᠎ ᠶᠢ ᠪᠡᠶᠡᠯᠡᠭᠦᠯᠵᠦ᠂ ᠴᠠᠭ ᠤᠨ ᠳᠠᠷᠠᠭᠠᠯᠠᠯ ᠤᠨ ᠠᠬᠢᠴᠠ ᠠᠴᠠ  26 ᠵᠠᠭᠤᠨ ᠤ ᠨᠢᠭᠡᠴᠢ ᠳᠠᠪᠠᠵᠠᠢ᠃ ᠡᠭᠦᠨ ᠳᠤ᠄ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠲᠣᠬᠢᠷᠠᠭᠤᠯᠤᠯᠲᠠ ᠪᠠᠷ ᠳᠡᠮᠵᠢᠨ 0.67 ᠳ᠋ᠦᠩᠰᠢᠭᠤᠷ ᠲᠥᠭᠦᠷᠢᠭ ᠢ ᠠᠷᠢᠯᠭᠠᠵᠤ᠂ ᠬᠢᠨᠠᠨ ᠬᠠᠷᠭᠤᠭᠤᠯᠵᠤ ᠬᠠᠷᠭᠤᠭᠤᠯᠤᠨ ᠬᠠᠰᠤᠬᠤ ᠵᠢᠴᠢ ᠬᠠᠷᠭᠤᠭᠤᠯᠤᠨ ᠳᠠᠩᠰᠠᠨ ᠠᠴᠠ ᠭᠠᠷᠭᠠᠬᠤ ᠪᠠᠷ ᠳᠠᠮᠵᠢᠭᠤᠯᠤᠨ 0.05 ᠳ᠋ᠦᠩᠰᠢᠭᠤᠷ ᠲᠥᠭᠦᠷᠢᠭ ᠢ ᠠᠷᠢᠯᠭᠠᠵᠤ᠂ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠲᠤᠷᠰᠢᠯᠲᠠ ᠪᠠᠷ 28.9 ᠳ᠋ᠦᠩᠰᠢᠭᠤᠷ ᠲᠥᠭᠦᠷᠢᠭ ᠢ ᠠᠷᠢᠯᠭᠠᠪᠠ᠃      【ᠬᠥᠲᠥᠯᠥᠭᠴᠢ】      ᠡᠳᠦᠷ ᠲᠤᠳᠤᠮ ᠤᠨ ᠠᠮᠢᠳᠤᠷᠠᠯ ᠤᠨ ᠳᠤᠮᠳᠠ᠂ ᠲᠤᠭ᠎ᠠ ᠪᠠᠷᠢᠮᠲᠠ ᠨᠢ ᠬᠥᠮᠦᠰ ᠲᠤ ᠠᠪᠴᠤ ᠬᠡᠯᠡᠪᠡᠯ ᠠᠮᠲᠠ ᠰᠢᠮᠳᠠ ᠦᠭᠡᠢ ᠪᠠᠶᠢᠵᠤ ᠮᠡᠳᠡᠨ᠎ᠠ᠂ ᠭᠡᠪᠡᠴᠦ ᠡᠳ᠋ ᠤᠨ ᠵᠠᠰᠠᠭ ᠤᠨ ᠬᠥᠮᠦᠰ ᠲᠤ ᠪᠣᠯ ᠲᠡᠳᠡᠭᠡᠷ ᠨᠢ ᠬᠠᠷᠢᠨ ᠠᠮᠢᠳᠤ ᠰᠣᠷᠭᠤᠭ ᠪᠠᠶᠢᠳᠠᠭ᠂ ᠡᠳ᠋ ᠤᠨ ᠵᠠᠰᠠᠭ ᠤᠨ ᠲᠠᠩᠰᠠ ᠳᠠᠬᠢ ᠲᠤᠭ᠎ᠠ ᠪᠠᠷᠢᠮᠲᠠ ᠨᠢᠭᠡᠪᠦᠷᠢ ᠳᠤ ᠴᠥᠮ ᠡᠳ᠋ ᠤᠨ ᠵᠠᠰᠠᠭ ᠤᠨ ᠬᠥᠮᠦᠰ ᠤᠨ ᠰᠢᠷᠭᠠᠭᠤ ᠬᠥᠳᠡᠯᠮᠦᠷᠢ ᠪᠠ ᠬᠦᠴᠦ ᠬᠥᠯᠥᠰᠥ ᠠᠬᠤᠭᠤᠯᠤᠭᠳᠠᠵᠤ ᠪᠠᠶᠢᠳᠠᠭ᠃ ᠤᠢᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠮᠥᠩᠭᠦ ᠴᠤᠭᠯᠠᠭᠤᠯᠬᠤ ᠶᠢᠨ ᠬᠠᠮᠲᠤ ᠡᠳ᠋ ᠤᠨ ᠶᠠᠪᠤᠳᠠᠯ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠪᠠᠶᠢᠨ᠎ᠠ᠃ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠡᠷᠴᠢᠮ ᠴᠢᠩᠭᠠᠷᠠᠭᠰᠠᠨ ᠵᠢᠴᠢ ︽ᠤᠰᠤ ᠶᠢ ᠪᠠᠭᠠᠰᠬᠠᠬᠤ︾ ᠵᠡᠷᠭᠡ ᠬᠦᠴᠦᠨ ᠵᠦᠢᠯ ᠤᠨ ᠳᠠᠪᠬᠤᠴᠠᠯ ᠤᠨ ᠨᠥᠯᠥᠭᠡ ᠠᠴᠠ ᠪᠤᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠪᠠᠭᠤᠷᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠷᠢᠳ ᠡᠮᠦᠨ᠎ᠡ ᠭᠠᠷᠤᠭ᠎ᠠ ᠦᠭᠡᠢ ᠲᠤᠪᠤᠶᠢᠵᠤ ᠪᠠᠶᠢᠨ᠎ᠠ᠃ ᠲᠠ ᠢᠮᠦ ᠣᠯᠠᠨ ᠬᠦᠴᠢᠷᠳᠡᠯ ᠲᠠᠢ ᠪᠠᠶᠢᠳᠠᠯ ᠤᠨ ᠡᠮᠦᠨ᠎ᠡ᠂ ᠲᠤᠭᠤᠷᠢᠭ ᠤᠨ ᠡᠳ᠋ ᠤᠨ ᠵᠠᠰᠠᠭ ᠠᠴᠠ ᠣᠷᠣᠯᠭ᠎ᠠ ᠶᠢ ᠬᠡᠷᠬᠢᠨ ᠵᠣᠬᠢᠶᠠᠨ ᠪᠠᠢᠭᠤᠯᠤᠭᠰᠠᠨ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】      ᠡᠳ᠋ ᠤᠨ ᠵᠠᠰᠠᠭ ᠤᠨ ᠣᠷᠣᠯᠭ᠎ᠠ‌ᠭᠤᠣᠯᠳᠠᠭᠤ ᠭᠤᠷᠪᠠᠨ ᠲᠠᠯ᠎ᠠ ᠪᠠᠷ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠨ᠎ᠡ᠃ ᠡᠩ ᠲᠡᠷᠢᠭᠦᠨ ᠳᠤ ᠲᠠᠯᠳᠠ ᠬᠦᠴᠦᠨ ᠢ ᠠᠭᠤᠳᠠᠯᠤᠨ ᠣᠷᠣᠯᠭ᠎ᠠ ᠪᠠᠨ ᠨᠡᠮᠡᠭᠳᠡᠭᠦᠯᠵᠦ᠂ ᠡᠳ᠋ ᠤᠨ ᠵᠠᠰᠠᠭ ᠤᠨ ᠪᠣᠳᠠᠲᠤ ᠬᠦᠴᠦᠨ ᠢ ᠲᠠᠰᠤᠷᠠᠯᠳᠠ ᠦᠭᠡᠢ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠠᠷᠤᠯᠲᠠ ᠯᠤᠲᠤ ᠶᠡᠭᠡ ᠪᠠᠶᠢᠬᠤ ᠤᠷᠢᠲᠠᠯ ᠤᠨ ᠳᠣᠣᠷ᠎ᠠ᠂ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠨᠢᠭᠲᠠ ᠵᠣᠬᠢᠴᠠᠯᠳᠤᠨ ᠬᠠᠮᠵᠢᠯᠴᠠᠵᠤ᠂ ᠨᠢᠭᠡ ᠲᠠᠯ᠎ᠠ ᠪᠠᠷ ᠭᠠᠶᠢᠯᠢ ᠶᠢᠨ ᠢᠷᠡᠯᠳᠡ ᠶᠢᠨ ᠰᠠᠭᠤᠷᠢ ᠶᠢ ᠪᠠᠬᠢᠵᠢᠭᠦᠯᠵᠦ᠂ ᠮᠥᠩᠭᠦᠨ ᠭᠦᠢᠯᠭᠡᠭᠡ ᠳᠠᠭᠠᠳᠬᠠᠯ ᠤᠨ ᠦᠢᠯᠡᠰ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠤᠩᠭᠡ ᠶᠢᠨ ᠦᠢᠯᠡᠰ ᠪᠠ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠵᠡᠷᠭᠡ ᠭᠤᠣᠯᠳᠠᠯᠭ᠎ᠠ ᠲᠠᠢ ᠠᠵᠢᠯ ᠲᠦᠷᠤᠯ ᠤᠨ ᠭᠠᠶᠢᠯᠢ ᠲᠠᠲᠠᠪᠤᠷᠢ ᠶᠢᠨ ᠪᠦᠲᠦᠴᠡ ᠶᠢ ᠰᠢᠯᠢᠳᠡᠭᠵᠢᠭᠦᠯᠵᠦ᠂ ᠲᠠᠷᠠᠬᠠᠶ ᠪᠤᠲᠠᠷᠬᠠᠶ ᠭᠠᠶᠢᠯᠢ ᠲᠠᠲᠠᠪᠤᠷᠢ ᠶᠢ ᠲᠠᠲᠠᠪᠤᠷᠢᠯᠠᠨ ᠲᠤᠰᠢᠶᠠᠬᠤ ᠶᠢ ᠴᠢᠩᠭᠠᠳᠬᠠᠪᠠ︔ ᠨᠥᠭᠦᠭᠡ ᠲᠠᠯ᠎ᠠ ᠪᠠᠷ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠲᠡᠳᠬᠦᠨ ᠳᠡᠮᠵᠢᠬᠦ ᠴᠢᠭᠯᠡᠯ ᠪᠠ ᠪᠠᠯᠠ ᠮᠥᠩᠭᠦ ᠶᠢᠨ ᠣᠷᠣᠭᠤᠯᠤᠯᠲᠠ ᠶᠢᠨ ᠤᠳᠤᠷᠢᠳᠤᠮᠵᠢ ᠶᠢ ᠡᠵᠡᠮᠳᠡᠵᠦ᠂ ᠭᠠᠵᠠᠷ ᠣᠷᠣᠨ ᠤ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠤᠶᠠᠯᠳᠤᠯ ᠤᠨ ᠴᠡᠭ ᠢ ᠣᠨᠣᠪᠴᠢᠲᠠᠶ ᠡᠷᠢᠨ ᠣᠯᠵᠤ᠂ ᠳᠡᠭᠡᠭᠰᠢ ᠮᠡᠳᠡᠭᠦᠯᠬᠦ ᠵᠦᠢᠯᠡᠰ ᠤᠨ ᠠᠮᠵᠢᠯᠲᠠ ᠤᠯᠬᠤ ᠨᠣᠷᠮ᠎ᠠ ᠶᠢ ᠬᠠᠨᠳᠤᠯᠭᠠᠲᠤ ᠴᠢᠨᠠᠷᠲᠠᠶ ᠪᠠᠷ ᠵᠣᠬᠢᠶᠠᠨ ᠪᠠᠶᠢᠭᠤᠯᠵᠤ ᠳᠡᠭᠡᠭᠰᠢᠯᠡᠭᠦᠯᠬᠦ ᠬᠡᠷᠡᠭᠲᠡᠶ᠃ ᠢᠳᠡᠪᠬᠢᠲᠡᠶ ᠪᠥᠭᠡᠳ ᠪᠦᠲᠦᠮᠵᠢᠲᠡᠶ ᠠᠷᠭ᠎ᠠ ᠠᠪᠴᠢᠯ ᠤᠨ ᠳᠣᠤᠷ᠎ᠠ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠯ᠎ᠡ ᠲᠥᠷᠥᠯ ᠤᠨ ᠦᠯᠡᠳᠡᠭᠡᠯ ᠪᠠᠯᠠ ᠮᠥᠩᠭᠦ ᠶᠢ ᠴᠠᠭ ᠲᠤᠬᠠᠶ ᠳᠤᠨᠢ ᠠᠮᠢᠳᠤᠯᠢᠭ ᠪᠣᠯᠭᠠᠵᠤ᠂ ︽ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ︾᠎ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠡᠮᠵᠢᠬᠦ ᠵᠡᠷᠭᠡ ᠪᠦᠲᠦᠮᠵᠢᠲᠡᠶ ᠠᠷᠭ᠎ᠠ ᠪᠠᠷᠢᠯ ᠢ ᠬᠡᠷᠡᠭᠯᠡᠵᠦ᠂ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠢ 6.5 ᠵᠠᠭᠤᠨ ᠤ ᠨᠢᠭᠡᠴᠢ ᠪᠠᠭᠤᠷᠠᠭᠤᠯᠵᠤ᠂ ᠭᠠᠵᠠᠷ ᠣᠷᠣᠨ ᠤ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠴᠠᠯᠢᠩ ᠢ ᠪᠠᠲᠤᠯᠠᠬᠤ᠂ ᠡᠷᠬᠢᠯᠲᠡ ᠶᠢ ᠪᠠᠲᠤᠯᠠᠬᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠵᠠᠷᠤᠯᠭ᠎ᠠ ᠶᠢᠨ ᠬᠠᠷᠠᠯᠲᠠ ᠶᠢ ᠪᠡᠶᠡᠯᠡᠭᠦᠯᠪᠡ᠃      ᠬᠤᠶᠠᠳᠤᠭᠠᠷ ᠲᠤ᠂ ᠶᠠᠰᠤ ᠴᠢᠨᠠᠷ ᠢ ᠳᠡᠭᠡᠭᠰᠢᠯᠡᠭᠦᠯᠦᠨ ᠪᠠᠯᠠ ᠣᠷᠣᠭᠤᠯᠵᠤ᠂ ᠬᠦᠷᠢᠶᠡᠯᠡᠩ ᠲᠣᠭᠤᠷᠢᠭ ᠤᠨ ᠠᠷᠠᠯᠵᠢᠶ᠎ᠠ ᠬᠤᠳᠠᠯᠳᠤᠭ᠎ᠠ ᠨᠢ ᠠᠵᠤ ᠠᠬᠤᠶ ᠶᠢ ᠠᠬᠢᠭᠤᠯᠤᠨ᠎ᠠ᠃ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠳᠡᠭᠡᠳᠦ ᠱᠠᠲᠤᠨ ᠤ ᠪᠤᠭᠤᠲᠤ ᠬᠤᠲᠠ ᠶᠢᠨ ᠲᠣᠨᠤᠭ ᠲᠥᠬᠦᠭᠡᠷᠦᠮᠵᠢ ᠦᠢᠯᠡᠰᠬᠦ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠡᠯ᠎ᠡ  ᠵᠦᠢᠯ ᠤᠨ ᠡᠳ᠋ ᠤᠨ ᠵᠠᠰᠠᠭ ᠤᠨ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠣᠶᠤᠨ ᠤᠬᠠᠭᠠᠨ ᠣᠷᠣᠭᠤᠯᠬᠤ ᠶᠢ ᠳᠡᠮᠵᠢᠨ᠎ᠡ᠃ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠴᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠨᠡᠶᠢᠭᠡᠮ ᠤᠨ ᠬᠥᠷᠥᠩᠭᠡ ᠶᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠠᠵᠤ ᠠᠬᠤᠶ ᠶᠢᠨ ᠬᠥᠭᠵᠢᠯᠲᠡ ᠶᠢᠨ ᠪᠠᠭᠤᠷᠠᠶ ᠭᠤᠭᠴᠤᠭ᠎ᠠ ᠳᠤ ᠣᠷᠣᠭᠤᠯᠬᠤ ᠶᠢ ᠳᠠᠶᠢᠴᠢᠯᠠᠵᠤ᠂ ᠦᠢᠯᠡᠳᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠣᠪᠤᠶᠢᠯᠭᠠᠨ ᠳᠡᠮᠵᠢᠨ᠎ᠡ᠃ ᠬᠦᠷᠢᠶᠡᠯᠡᠩ ᠲᠣᠭᠤᠷᠢᠭ ᠤᠨ ᠠᠷᠲ᠋ᠤᠰ ᠤᠨ ᠨᠡᠷᠡᠨ ᠡᠨᠧᠷᠭᠢ ᠶᠢᠨ ᠲᠡᠪᠬᠡ ᠴᠢᠳᠬᠤᠬᠤ ᠵᠡᠷᠭᠡ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠮᠠᠷᠠᠲᠤ ᠶᠢᠨ ᠵᠢᠶᠠ ᠷᠦᠢ᠂ ᠰᠠᠶᠢᠪᠸᠢ ᠶᠢᠨ ᠮᠠᠰᠢᠨ ᠮᠧᠬᠠᠨᠢᠭ ᠵᠡᠷᠭᠡ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠢᠳᠡᠷᠡᠭᠦᠨ ᠢᠶᠠᠷ ᠦᠰᠦᠨ ᠪᠤᠶᠢᠵᠢᠵᠤ᠂ ᠪᠤᠭᠤᠲᠤ ᠬᠤᠲᠠ ᠶᠢᠨ ᠴᠥᠮ᠎ᠡ ᠶᠢᠨ ᠡᠨᠧᠷᠭᠢ ᠪᠠᠷ ᠢᠯᠴᠢ ᠬᠠᠩᠭᠠᠬᠤ ᠵᠢᠴᠢ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ ᠵᠡᠷᠭᠡ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠤᠨ᠎ᠠ᠃ ᠡᠭᠦᠨ ᠤ ᠵᠡᠷᠭᠡ ᠳᠤ᠂ ᠭᠠᠵᠠᠷ ᠣᠷᠣᠨ ᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ︽ᠵᠢᠷᠭᠤᠭᠠᠨ ᠲᠣᠮᠣ ᠬᠤᠳᠠᠯᠳᠤᠭᠠᠨ ᠤ ᠶᠠᠪᠤᠳᠠᠯ ᠤᠨ ᠣᠷᠣᠨ︾᠎ ᠤ ᠨᠥᠯᠥᠭᠡᠯᠡᠨ ᠳᠠᠶᠢᠴᠢᠯᠠᠬᠤ  ᠦᠢᠯᠡᠳᠦᠯ ᠢ ᠢᠯᠡᠳᠲᠡ ᠴᠢᠩᠭᠠᠷᠠᠭᠤᠯᠵᠤ᠂ ᠦᠢᠯᠡᠴᠢᠯᠡᠭᠡᠨ ᠤ ᠭᠠᠵᠠᠷ ᠣᠷᠣᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠸᠠᠨ ᠳ᠋ᠠ᠂ ᠸᠤᠯᠮᠧᠷᠲ᠂ ᠵᠢᠦ ᠰᠢᠩ ᠲᠤᠴᠠᠭᠠᠨ ᠤ ᠬᠤᠳᠠᠯᠳᠤᠭᠠᠨ ᠤ ᠶᠠᠪᠤᠳᠠᠯ ᠤᠨ ᠲᠣᠭᠤᠷᠢᠭ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 10% ᠣᠷᠴᠢᠮ ᠨᠡᠮᠡᠭᠳᠡᠵᠦ᠂ ᠬᠤᠲᠠ ᠶᠢᠨ ᠲᠣᠭᠤᠷᠢᠭ ᠤᠨ ᠴᠢᠳᠠᠮᠵᠢ ᠪᠠ ᠴᠢᠨᠠᠷ ᠲᠠᠰ ᠤᠯᠠᠮ ᠨᠢᠭᠡ ᠠᠯᠬᠤᠮ ᠳᠡᠭᠡᠭᠰᠢᠯᠡᠪᠡ᠃      ᠭᠤᠷᠪᠠᠳᠤᠭᠠᠷ ᠲᠤ᠂ ᠬᠢᠨᠠᠨ ᠬᠠᠮᠢᠶᠠᠷᠴᠤ ᠴᠢᠩᠭ᠎ᠠ ᠬᠢᠵᠠᠭᠠᠷᠯᠠᠵᠤ᠂ ᠪᠠᠯᠠ ᠮᠥᠩᠭᠦ ᠶᠢᠨ ᠦᠷ᠎ᠡ ᠠᠰᠢᠭ ᠤᠨ ᠡᠮᠬᠢ ᠳᠢᠭᠯᠢᠮ ᠢ ᠵᠢᠷᠤᠮᠵᠢᠭᠤᠯᠤᠨ᠎ᠠ᠃ ᠤᠯᠠᠮ ᠨᠢᠭᠡ ᠠᠯᠬᠤᠮ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠵᠤ᠂ ᠠᠯᠳᠠᠰᠢ ᠭᠠᠷᠬᠤ ᠶᠢ ᠬᠤᠷᠢᠭᠯᠠᠵᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠠᠷᠢᠨ ᠨᠢᠮᠪᠠᠶ ᠪᠤᠳᠤᠵᠤ ᠠᠷᠪᠢᠯᠠᠨ ᠭᠠᠮᠨᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠵᠠᠬᠢᠷᠭᠠᠨ ᠤ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠵᠢᠯ ᠪᠦᠷᠢ 20%᠎ ᠪᠠᠷ ᠪᠠᠭᠠᠰᠬᠠᠨ᠎ᠠ᠃ ᠲᠤᠰᠬᠠᠶ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠲᠤᠰᠬᠠᠶ ᠵᠦᠢᠯ ᠤᠨ ᠪᠡᠯᠡ ᠮᠥᠩᠭᠦ᠂ ᠰᠢᠭᠤᠳ ᠬᠦᠷᠬᠦ ᠪᠡᠯᠡ ᠮᠥᠩᠭᠦ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾᠂ ᠠᠮᠤ ᠪᠤᠳᠠᠭᠠᠨ ᠤ ᠰᠢᠭᠤᠳ ᠨᠥᠬᠦᠪᠥᠷᠢ᠂ ᠨᠡᠶᠢᠭᠡᠮ ᠤᠨ ᠪᠠᠲᠤᠯᠠᠭ᠎ᠠ ᠵᠡᠷᠭᠡ ᠲᠤᠰᠬᠠᠶ ᠵᠦᠢᠯ ᠤᠨ ᠪᠡᠯᠡ ᠮᠥᠩᠭᠦ ᠳᠤ ᠲᠤᠰᠬᠠᠶ ᠳᠠᠩᠰᠠ ᠪᠠᠷ ᠬᠠᠳᠠᠭᠠᠯᠠᠬᠤ᠂ ᠲᠤᠰᠬᠠᠶ ᠳᠠᠩᠰᠠ ᠪᠠᠷ ᠲᠣᠭᠠᠴᠠᠭ᠎ᠠ ᠬᠢᠬᠦ ᠪᠠ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠬᠡᠷᠡᠭᠵᠢᠭᠦᠯᠪᠡ᠃ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠎ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠢ ᠵᠢᠷᠤᠮᠵᠢᠭᠤᠯᠤᠨ᠂ ︽ᠬᠠᠮᠢᠶᠠᠷᠬᠤ ᠪᠠ ᠬᠤᠳᠠᠯᠳᠤᠨ ᠠᠪᠬᠤ ᠶᠢ ᠰᠠᠯᠭᠠᠬᠤ︾᠎ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠡᠯᠧᠺᠲᠷᠣᠨ ᠬᠤᠳᠠᠯᠳᠤᠨ ᠠᠪᠬᠤ ᠶᠢ ᠢᠳᠡᠪᠬᠢᠲᠡᠶ ᠬᠡᠷᠡᠭᠵᠢᠭᠦᠯᠦᠨ᠂ ᠬᠤᠳᠠᠯᠳᠤᠨ ᠠᠪᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠪᠴᠢᠶ᠎ᠡ 1074.82 ᠲᠦᠮᠡᠨ ᠲᠥᠭᠦᠷᠢᠭ ᠲᠤ ᠬᠦᠷᠴᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ 1052.89 ᠲᠦᠮᠡᠨ ᠲᠥᠭᠦᠷᠢᠭ ᠲᠤ ᠬᠦᠷᠴᠦ᠂ 21.93 ᠲᠦᠮᠡᠨ ᠲᠥᠭᠦᠷᠢᠭ ᠤᠨ ᠪᠠᠯᠠ ᠮᠥᠩᠭᠦ ᠶᠢ ᠠᠷᠪᠢᠯᠠᠵᠤ᠂ ᠠᠷᠪᠢᠯᠠᠭᠰᠠᠨ ᠨᠣᠷᠮ᠎ᠠ 2.04%᠎ ᠳᠤ ᠬᠦᠷᠴᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠪᠡ᠃      【ᠬᠥᠲᠥᠯᠥᠭᠴᠢ】      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ  ᠪᠤᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠳᠤ᠂ ᠲᠤᠭᠤᠷᠢᠭ ‍ᠤᠨ‌ᠡᠳ᠋ ᠤᠨ ᠵᠠᠰᠠᠭ ᠤᠨ ᠲᠤᠪᠴᠢᠶ᠎ᠠ ᠨᠢ ᠡᠳ᠋ ᠤᠨ ᠵᠠᠰᠠᠭ ᠤᠨ ᠣᠷᠣᠯᠭ᠎ᠠ ᠶᠢᠨ ᠲᠣᠭᠤᠷᠢᠨ ᠳᠤ ᠠᠷᠠᠳ ᠠᠴᠠ ᠠᠪᠴᠤ᠂ ᠠᠷᠠᠳ ᠲᠤ ᠬᠡᠷᠡᠭᠯᠡᠬᠦ ᠶᠢᠨ ᠭᠤᠣᠯ ᠴᠢᠬᠤᠯᠠ ᠠᠭᠤᠯᠭ᠎ᠠ ᠪᠣᠯᠪᠠ᠃ ᠲᠠ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠦᠲᠦᠮᠵᠢᠲᠦ ᠴᠢᠨᠠᠷ ᠪᠠ ᠦᠷᠭᠦᠯᠵᠢᠯᠡᠬᠦ ᠴᠢᠨᠠᠷ ᠢ ᠴᠢᠩᠭᠠᠳᠬᠠᠬᠤ ᠲᠠᠯ᠎ᠠ ᠪᠠᠷ ᠪᠣᠳᠠᠲᠠᠶ ᠶᠠᠷᠢᠭᠠᠷᠠᠶ᠃      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】      ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠦᠨᠳᠦᠰᠦᠨ ᠵᠦᠢᠯ ᠢ ᠪᠠᠲᠤᠯᠠᠬᠤ᠂ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ᠂ ᠦᠷᠭᠦᠯᠵᠢᠯᠡᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠪᠠ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠠᠢ᠃ ︽ᠪᠦᠬᠦᠨ ᠳᠤ ᠳᠣᠭᠢᠷᠠᠬᠤ ᠺᠠᠷᠲ︾᠎ ᠢᠶᠠᠷ ᠳᠠᠮᠵᠢᠭᠤᠯᠤᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ ᠲᠤᠭ᠎ᠠ ᠶᠣᠰᠣᠭᠠᠷ ᠭᠦᠢᠴᠡᠳ ᠲᠠᠷᠬᠠᠭᠠᠵᠤ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠵᠡᠷᠭᠡ ᠲᠠᠯ᠎ᠠ ᠳᠤ ᠬᠡᠷᠡᠭᠯᠡᠭᠰᠡᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠢ ᠲᠤᠯᠤᠭᠠᠨ ᠬᠤᠪᠢ ᠳᠤ ᠬᠦᠷᠦᠭᠦᠯᠵᠦ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ ᠡᠳ᠋ ᠤᠨ ᠵᠠᠰᠠᠭ ᠤᠨ ᠬᠦᠴᠦᠲᠡᠶ ᠳᠡᠮᠵᠢᠯᠭᠡ ᠨᠢ ᠴᠢᠩᠱᠠᠨ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠰ ᠤᠨ ᠥᠷᠨᠢᠩᠭᠦᠶ ᠬᠥᠭᠵᠢᠯᠲᠡ ᠶᠢ ᠪᠦᠲᠦᠮᠵᠢᠲᠡᠶ ᠪᠠᠷ ᠠᠬᠢᠭᠤᠯᠤᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ ᠨᠠᠰᠢ᠂ ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠳ᠋ᠦᠩ ᠳ᠋ᠡ ᠭᠸᠦ ᠲᠣᠰᠬᠤᠨ ᠳᠤ ᠡᠷᠭᠢᠯᠡᠭᠰᠡᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ  ᠭᠤᠯᠢᠷ ᠤᠨ ᠱᠤᠭᠤᠮᠠᠯ᠂ ︽ᠴᠡᠢ ᠶᠢᠨ ᠬᠤᠨᠳᠠᠭ᠎ᠠ ᠶᠢᠨ ᠴᠤᠭᠯᠠᠭᠠᠨ︾᠎ ᠤ ᠤᠷᠠᠯᠢᠭ ᠤᠨ ᠨᠠᠶᠢᠷ ᠨᠢ ᠴᠢᠩᠱᠠᠨ ᠲᠣᠭᠤᠷᠢᠭ ᠤᠨ ᠠᠷᠠᠳ ᠢᠷᠭᠡᠳ ᠤᠨ ᠠᠤᠴᠠᠭᠠᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠬᠠᠶᠢᠷ᠎ᠠ ᠰᠡᠳᠬᠢᠯᠭᠡ ᠪᠣᠯᠤᠭᠰᠠᠨ ᠪᠠᠶᠢᠨ᠎ᠠ᠃ 320 ᠲᠦᠮᠡᠨ ᠲᠥᠭᠦᠷᠢᠭ ᠣᠷᠣᠭᠤᠯᠵᠤ᠂ ᠳ᠋ᠦᠩ ᠳ᠋ᠠ ᠱᠠᠨ ᠤᠷᠠᠯᠢᠭ ᠤᠨ ᠨᠠᠶᠢᠷ᠂ ᠬᠠᠨ ᠵᠢᠤᠸᠠᠢ ᠲᠠᠯᠠᠪᠠᠶ᠂ ᠬᠤᠸᠠ ᠭᠧ ᠲᠠᠢ ᠶᠢᠨ ᠬᠡᠭᠡᠷ᠎ᠡ ᠪᠠᠭᠤᠳᠠᠯᠯᠠᠬᠤ ᠲᠣᠭᠤᠷᠢᠭ ᠵᠡᠷᠭᠡ ᠰᠡᠯᠡᠭᠦᠴᠡᠯ ᠵᠤᠭᠠᠴᠠᠯ ᠤᠨ ᠲᠠᠷᠢᠶᠠᠯᠠᠩ ᠵᠡᠷᠭᠡ ᠰᠣᠶᠣᠯ ᠵᠤᠭᠠᠴᠠᠯ ᠤᠨ ᠠᠵᠤ ᠦᠢᠯᠡᠰ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠭᠠᠵᠠᠷ ᠣᠷᠣᠨ ᠤ ᠣᠯᠠᠨ ᠲᠦᠮᠡᠨ ᠤ ᠣᠯᠠᠨ ᠡᠰᠢᠵᠢᠭᠰᠡᠨ᠂ ᠣᠯᠠᠨ ᠶᠠᠩᠵᠤ ᠶᠢᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠨᠡ ᠵᠢᠯ ᠠᠴᠠ ᠨᠠᠰᠢ᠂ 1.65 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ︽ᠳᠤᠯᠠᠭᠠᠨ ᠬᠡᠷ︾᠎ ᠤᠨ ᠢᠨᠵᠧᠨᠧᠷᠢᠩ ᠵᠢᠴᠢ ᠬᠠᠭᠤᠴᠢᠨ ᠵᠢᠵᠢᠭ ᠲᠣᠭᠤᠷᠢᠭ ᠢ ᠵᠠᠰᠠᠬᠤ ᠵᠡᠷᠭᠡ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠳᠡᠮᠵᠢᠵᠦ ᠠᠬᠢᠭᠤᠯᠪᠠ᠃ 4 ᠳ᠋ᠦᠩᠰᠢᠭᠤᠷ ᠲᠥᠭᠦᠷᠢᠭ ᠎ ᠤᠨ ᠪᠡᠯᠡ ᠣᠷᠣᠭᠤᠯᠵᠤ᠂ ᠵᠦᠩ ᠴᠧᠩ  ᠤᠯᠠᠨ ᠤᠯᠤᠰ ᠤᠨ ᠬᠡᠦᠬᠡᠳ ᠤᠨ ᠴᠡᠴᠡᠷᠯᠢᠭ ᠢ ᠡᠭᠡᠭᠦᠯᠦᠨ ᠬᠤᠳᠠᠯᠳᠤᠨ ᠠᠪᠴᠤ᠂ ᠪᠤᠭᠤᠲᠤ ᠬᠤᠳᠠ ᠶᠢᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠲᠥᠪ᠂ ᠰᠦᠩ ᠱᠢ ᠤᠯᠠᠨ ᠤᠯᠤᠰ ᠤᠨ ᠰᠤᠷᠭᠠᠭᠤᠯᠢ᠂ ᠤᠮᠠᠷᠠᠲᠦ ᠶᠢᠨ ᠬᠦᠨᠳᠦ ᠠᠵᠤ ᠦᠢᠯᠡᠳᠪᠦᠷᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠪᠠᠷᠢᠮᠵᠢᠶᠠᠵᠢᠭᠤᠯᠤᠭᠰᠠᠨ ᠰᠤᠷᠭᠠᠭᠤᠯᠢ᠂ ᠬᠥᠳᠡᠭᠡ ᠲᠣᠰᠬᠤᠨ ᠤ ᠨᠥᠬᠦᠴᠡᠯ ᠪᠠᠷᠤᠭᠲᠠᠶ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠪᠥᠳᠥᠭᠡᠨ ᠪᠠᠶᠢᠭᠤᠯᠤᠯᠲᠠ ᠵᠢᠨ‌ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃      【ᠬᠥᠲᠥᠯᠥᠭᠴᠢ】      ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠹᠦ᠋ ᠾᠧ ᠳ᠋ᠠᠩ ᠲᠣᠰᠬᠤᠨ ᠠᠴᠠ᠂ ᠳᠠᠯᠠᠨ ᠬᠠᠷ᠎ᠠ ᠠᠭᠤᠯᠠ ᠶᠢ ᠬᠠᠷᠠᠬᠤ ᠳᠤ᠂ ᠨᠠᠷᠠᠰᠤ᠂ ᠵᠢᠭᠠᠷᠲᠤ ᠨᠠᠷᠠᠰᠤᠨ ᠤ ᠵᠤᠯᠵᠠᠭ᠎ᠠ ᠮᠣᠳᠣᠨ ᠤ ᠨᠣᠭᠤᠭᠠᠨ ᠦᠩᠭᠡ ᠪᠦᠷᠬᠦᠵᠦ᠂ ᠲᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠡᠳ᠋ ᠤᠨ ᠵᠠᠰᠠᠭ ᠤᠨ ᠣᠷᠣᠭᠤᠯᠤᠯᠲᠠ ᠶᠢᠨ ᠲᠠᠯ᠎ᠠ ᠪᠠᠷ ᠶᠠᠮᠠᠷ ᠵᠡᠷᠭᠡ ᠪᠠᠶᠢᠬᠤ ᠶᠢ ᠶᠠᠷᠢᠭᠠᠳ ᠥᠭᠭᠦᠨ᠎ᠡ ᠤᠤ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】      ᠤᠢᠢᠷ᠎ᠠ ᠶᠢᠨ ᠵᠢᠯ ᠠᠴᠠ᠂ ᠨᠠᠷᠢᠯᠢᠭ ᠤᠨᠤᠪᠴᠢᠲᠠᠢ ᠶᠠᠳᠠᠭᠤ ᠶᠢ ᠲᠡᠳᠬᠦᠬᠦ ᠠᠵᠢᠯ ᠢ ᠶᠡᠬᠡᠪᠡᠷ ᠠᠬᠢᠭᠤᠯᠬᠤ ᠶᠢ ᠲᠠᠭᠠᠯᠳᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠤᠯᠵᠤ᠂ ᠰᠠᠭᠤᠷᠢ ᠲᠥᠬᠦᠭᠡᠷᠦᠮᠵᠢ ᠢᠯᠡᠳᠲᠡ ᠰᠠᠶᠢᠵᠢᠷᠠᠵᠤ᠂ ᠴᠢᠩᠱᠠᠨ ᠲᠣᠭᠤᠷᠢᠭ ᠤᠨ ᠲᠠᠯᠠᠨ ᠬᠠᠷ᠎ᠠ ᠠᠭᠤᠯᠠ ᠶᠢᠨ ᠡᠷᠬᠢᠨ ᠲᠣᠭᠤᠷᠢᠨ ᠤ ᠬᠤᠶᠢᠲᠤ ᠬᠡᠰᠡᠭ ᠤᠨ ᠭᠠᠵᠠᠷ ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠡᠬᠢᠯᠡᠨ ᠪᠠᠳᠠᠷᠠᠵᠤ ᠪᠠᠶᠢᠨ᠎ᠠ᠃ 1 ᠳ᠋ᠦᠩᠰᠢᠭᠤᠷ ᠲᠥᠭᠦᠷᠢᠭ ᠪᠡᠯᠡ ᠣᠷᠣᠭᠤᠯᠵᠤ ᠪᠠᠶᠢᠭᠠᠳ ᠴᠢᠩᠱᠠᠨ ᠲᠣᠭᠤᠷᠢᠭ ᠤᠨ G6 ᠳᠡᠭᠡᠳᠦ ᠬᠤᠷᠳᠤ ᠶᠢᠨ ᠵᠠᠰᠠᠮᠠᠯ ᠵᠠᠮ᠂ ᠴᠢᠩᠱᠠᠨ ᠶᠡᠭᠡ ᠱᠤᠭᠤᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ 4500 ᠮᠥ ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠂ ᠠᠭᠤᠷᠬᠠᠶ ᠶᠢᠨ ᠨᠦᠬᠡᠨ ᠤ ᠨᠤᠷᠠᠬᠤ ᠠᠶᠤᠯᠲᠠᠶ ᠴᠢᠯᠠᠭᠤᠯᠢᠭ ᠢ 430 ᠮᠥ ᠵᠠᠰᠠᠵᠠᠢ᠃ 2018 ᠣᠨ ᠠᠴᠠ ᠨᠠᠰᠢ᠂ ᠴᠢᠩᠱᠠᠨ ᠲᠣᠭᠤᠷᠢᠭ ᠤᠨ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ︽ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ︾᠎ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠭᠰᠡᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠨᠡᠶᠢᠲᠡ 2500 ᠲᠦᠮᠡᠨ ᠲᠥᠭᠦᠷᠢᠭ ᠲᠤ ᠬᠦᠷᠴᠡᠶ᠃ 4895 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠲᠠᠷᠢᠶᠠᠯᠠᠩ᠂ ᠮᠠᠯ ᠠᠵᠤ ᠠᠬᠤᠶ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ  ᠬᠡᠷᠡᠭᠯᠡᠵᠡᠢ᠃      ᠶᠡᠷᠦᠩᠬᠡᠶᠢᠯᠡᠪᠡᠯ᠂ ᠲᠤᠭᠤᠷᠢᠭ ᠤᠨ ᠡᠳ᠋ ᠤᠨ ᠵᠠᠰᠠᠭ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠵᠤ᠂ ᠪᠠᠶᠢᠩᠭᠤᠵᠢᠭᠤᠯᠬᠤ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ ᠪᠠᠶᠢᠳᠠᠯ ᠳᠣᠤᠷ᠎ᠠ᠂ ᠠᠷᠠᠳ ᠤᠨ ᠠᠮᠢᠳᠤᠷᠠᠯ ᠤᠨ ᠵᠠᠷᠤᠯᠭ᠎ᠠ ᠬᠢᠭᠡᠳ ᠠᠵᠤ ᠠᠬᠤᠶ ᠶᠢᠨ ᠬᠥᠭᠵᠢᠯᠲᠡ ᠶᠢᠨ ᠵᠣᠬᠢᠴᠠᠩᠭᠤᠶ᠂ ᠡᠳ᠋ ᠤᠨ ᠬᠦᠴᠦᠨ ᠤ ᠪᠠᠶᠢᠳᠠᠯ ᠤᠨ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠲᠠᠰᠤᠷᠠᠯᠲᠠ ᠥᠬᠡᠶ ᠪᠣᠳᠠᠲᠠᠶ ᠳᠤ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠢᠷᠡᠭᠡᠳᠦᠶ ᠳᠤ ᠬᠦᠷᠲᠡᠯ᠎ᠡ ᠦᠷᠭᠦᠯᠵᠢᠯᠡᠭᠦᠯᠵᠦ᠂ ᠴᠢᠩᠱᠠᠨ ᠲᠣᠭᠤᠷᠢᠭ ᠤᠨ ᠰᠠᠭᠤᠭᠠᠯᠢ ᠠᠷᠠᠳ ᠤᠨ ᠠᠰᠢᠭ ᠭᠥᠷᠳᠡᠭᠰᠡᠨ ᠲᠥᠷᠥᠭᠳᠡᠯ ᠢ ᠨᠠᠩ ᠲᠡᠭᠦᠯᠳᠡᠷ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠠᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠨ᠎ᠠ᠃      【ᠬᠥᠲᠥᠯᠥᠭᠴᠢ】      ᠲᠠᠨ ᠤ ᠰᠠᠶ᠋ᠢ ᠶᠢᠨ ᠲᠠᠨᠢᠯᠴᠠᠭᠤᠯᠭ᠎ᠠ ᠪᠠᠷ ᠳᠠᠮᠵᠢᠭᠠᠳ ᠪᠢᠳᠡ ᠪᠠᠰᠠ ᠲᠤᠭᠤᠷᠢᠭ ᠤᠨ ᠡᠳ᠋ ᠤᠨ ᠵᠠᠰᠠᠭ ᠤᠨ ᠠᠵᠢᠯ ᠤᠨ ᠲᠦᠢᠮᠣ ᠪᠠᠶᠢᠳᠠᠯ ᠢ ᠦᠨᠡᠨ ᠬᠦ ᠣᠶᠢᠯᠠᠭᠠᠵᠤ ᠮᠡᠳᠡᠭᠰᠡᠨ ᠶᠤᠮ᠂ ᠪᠠᠰᠠ ᠡᠳ᠋ ᠤᠨ ᠵᠠᠰᠠᠭ ᠤᠨ ᠠᠵᠢᠯ ᠤᠨ ᠬᠦᠴᠢᠷ ᠵᠣᠪᠠᠭᠤᠷᠢ ᠶᠢ ᠣᠶᠢᠯᠠᠭᠠᠪᠠ᠂ ᠡᠬᠢᠨ ᠤ ᠦᠶ᠎ᠡ ᠳᠤ ᠮᠢᠨᠦ ᠳᠤᠷᠠᠳᠤᠭᠰᠠᠨ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠠᠷᠠᠳ ᠤᠨ ᠠᠮᠢᠳᠤᠷᠠᠯ ᠢᠶᠠᠷ ᠦᠨᠳᠦᠰᠦᠨ ᠵᠦᠢᠯ ᠢ ᠪᠠᠲᠤᠯᠠᠨ᠂ ᠰᠢᠨ᠎ᠡ ᠴᠠᠭ ᠦᠶ᠎ᠡ ᠶᠢᠨ ᠴᠡᠷᠢᠭ ᠤᠨ ᠠᠵᠤ ᠦᠢᠯᠡᠳᠪᠦᠷᠢ ᠶᠢᠨ ᠬᠤᠳᠠ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠮᠡᠳᠡᠭᠡᠯᠡᠯ ᠤᠨ ᠡᠬᠡ ᠨᠤᠤᠷᠠᠭ ᠲᠤ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ︾ ᠲᠠᠯ᠎ᠠ ᠪᠠᠷ ᠲᠠ ᠡᠳ᠋ ᠤᠨ ᠵᠠᠰᠠᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠯᠠᠰ ᠴᠡᠭ  ᠪᠠ ᠨᠡᠶᠢᠲᠡᠯᠢᠭ ᠲᠤᠷᠰᠢᠯᠭ᠎ᠠ ᠬᠢᠳᠡᠯ ᠢ ᠪᠣᠳᠠᠲᠠᠢ ᠪᠠᠷ ᠶᠠᠷᠢᠵᠤ ᠪᠣᠯᠤᠨ᠎ᠠ ᠤᠤ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】      ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠠᠵᠢᠯ ᠤᠨ ᠶᠡᠭᠡ ᠠᠯᠬᠤᠮ ᠢᠶᠠᠷ ᠤᠷᠤᠭᠰᠢᠯᠠᠭᠰᠠᠨ ᠬᠠᠮᠤᠭ ᠤᠨ ᠶᠡᠭᠡ ᠳᠠᠪᠠᠭᠤᠯᠢᠭ ᠪᠣᠯ ᠳᠠᠷᠤᠢ ᠨᠠᠮ ᠤᠨ ᠪᠠᠶᠢᠭᠤᠯᠤᠯᠲᠠ ᠶᠢᠨ ᠠᠵᠢᠯ ᠢ ᠡᠳ᠋ ᠤᠨ ᠵᠠᠰᠠᠭ ᠤᠨ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠬᠤ ᠶᠠᠪᠤᠳᠠᠯ ᠪᠣᠯᠤᠨ᠎ᠠ᠃ ᠡᠳ᠋ ᠤᠨ ᠵᠠᠰᠠᠭ ᠤᠨ ᠲᠣᠪᠴᠢᠶ᠎ᠠ ᠳᠤ ᠣᠲᠣ 72 ᠺᠠᠳ᠋ᠷ ᠠᠵᠢᠯᠲᠠᠨ ᠲᠠᠢ᠂ ᠪᠠᠶᠢᠭᠤᠯᠭ᠎ᠠ ᠶᠢᠨ ᠨᠠᠮ ᠤᠨ ᠡᠭᠦᠷ ᠲᠤ ᠨᠡᠶᠢᠲᠡ 41 ᠨᠠᠮ ᠤᠨ ᠭᠡᠰᠢᠭᠦᠨ ᠲᠠᠢ᠃ ᠲᠥᠰᠦᠪ ᠤᠨ ᠰᠲ᠋ᠣᠺ᠂ ᠤᠯᠤᠰ ᠤᠨ ᠰᠠᠩ ᠤᠨ ᠰᠲ᠋ᠣᠺ᠂ ᠰᠣᠶᠣᠯ ᠰᠤᠷᠭᠠᠨ ᠬᠥᠮᠦᠵᠢᠯ ᠨᠡᠶᠢᠭᠡᠮ ᠤᠨ ᠪᠠᠲᠤᠯᠠᠭ᠎ᠠ ᠶᠢᠨ ᠰᠲ᠋ᠣᠺ ᠵᠡᠷᠭᠡ 11 ᠰᠲ᠋ᠣᠺ ᠤᠨ ᠲᠠᠰᠤᠭ ᠵᠢᠴᠢ 2 ᠠᠵᠢᠯ ᠦᠢᠯᠡᠰ ᠤᠨ ᠨᠢᠭᠡᠴᠢ ᠳᠤ ᠴᠥᠮ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠭᠠᠷᠭᠠᠵᠤ᠂ ︽ᠨᠢᠭᠡ ᠨᠠᠮ ᠤᠨ ᠭᠡᠰᠢᠭᠦᠨ ᠨᠢᠭᠡ ᠲᠤᠭ︾᠎ ᠤᠨ ᠬᠤᠰᠢᠭᠤᠴᠢ ᠵᠢᠱᠢᠶᠡᠴᠢ ᠶᠢᠨ ᠵᠢᠱᠢᠶ᠎ᠡ ᠦᠵᠡᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠪᠠ᠃ ᠨᠢᠭᠡ ᠳᠤ᠂ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠡᠳ᠋ ᠤᠨ ᠵᠠᠰᠠᠭ ᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ︽ᠨᠡᠶᠢᠲᠡ ᠳᠤ ᠪᠣᠯᠭᠤᠮᠵᠢᠲᠠᠢ ᠠᠷᠢᠭᠤᠨ ᠴᠢᠬᠡᠴᠢ᠂ ᠬᠠᠤᠯᠢ ᠶᠢ ᠲᠣᠳᠣᠷᠬᠠᠢ ᠮᠡᠳᠡᠵᠦ ᠯᠠᠪᠳᠠᠭᠤᠨ ᠪᠠᠲᠤᠲᠠᠢ ᠬᠡᠷᠡᠭᠵᠢᠭᠦᠯᠬᠦ︾ ᠰᠤᠷᠭᠠᠯ ᠦᠭᠡ ᠪᠠᠷ ᠡᠳ᠋ ᠤᠨ ᠵᠠᠰᠠᠭ ᠤᠨ ᠠᠵᠢᠯ ᠤᠨ ᠡᠭᠦᠷᠭᠡ ᠴᠢᠳᠠᠪᠬᠢ ᠶᠢ ᠯᠠᠪᠳᠠᠭᠤᠨ ᠪᠠᠲᠤᠲᠠᠢ ᠭᠦᠢᠴᠡᠳᠬᠡᠵᠦ ︽8123︾ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠤᠯᠢ ᠶᠢᠨ ᠰᠢᠨ᠎ᠡ ᠶᠢ ᠡᠭᠦᠳᠴᠦ᠂ ︽ᠨᠡᠶᠢᠲᠡ ᠳᠤ ᠪᠣᠯᠭᠤᠮᠵᠢᠲᠠᠢ ᠠᠷᠢᠭᠤᠨ ᠴᠢᠬᠡᠴᠢ᠂ ᠬᠠᠤᠯᠢ ᠶᠢ ᠲᠣᠳᠣᠷᠬᠠᠢ ᠮᠡᠳᠡᠵᠦ ᠯᠠᠪᠳᠠᠭᠤᠨ ᠪᠠᠲᠤᠲᠠᠢ ᠬᠡᠷᠡᠭᠵᠢᠭᠦᠯᠬᠦ︾ ᠰᠤᠷᠭᠠᠯ ᠦᠭᠡ ᠶᠢ ᠳᠤᠷᠠᠳᠴᠤ᠂ ᠡᠳ᠋ ᠤᠨ ᠶᠠᠪᠤᠳᠠᠯ ᠢ ᠬᠠᠮᠢᠶᠠᠷᠬᠤ ᠦᠢᠯᠡᠴᠢᠯᠡᠭᠡᠨ ᠤ ᠣᠶᠢᠯᠠᠭᠠᠭᠳᠠᠬᠤᠨ ᠢ ᠪᠤᠢ ᠪᠣᠯᠭᠠᠨ᠎ᠠ︔ 1᠂ ᠨᠢᠭᠡᠨ ᠰᠢᠯᠭᠠᠷᠠᠭᠰᠠᠨ ᠡᠩᠨᠡᠭᠡ ᠶᠢ ᠪᠠᠶᠢᠭᠤᠯᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ  ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ︔ 2᠂  ︽ᠠᠷᠪᠠᠨ ᠰᠠᠷ᠎ᠠ ᠶᠢᠨ ᠠᠷᠪᠠᠨ︾᠎ ᠤ ᠠᠵᠢᠯᠯᠠᠭ᠎ᠠ ᠶᠢ ᠠᠰᠢᠭᠯᠠᠨ᠂ ᠪᠦᠬᠦ ᠵᠢᠯ ᠳᠤ 10 ᠵᠦᠢᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ 10 ᠦᠢᠯᠡᠴᠢᠯᠡᠭᠡᠨ ᠤ ᠨᠢᠭᠡᠴᠡ ᠳᠤ ᠬᠦᠷᠴᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ︔ 3᠂ ᠡᠳ᠋ ᠤᠨ ᠵᠠᠰᠠᠭ ᠤᠨ ᠲᠥᠰᠦᠪ᠂ ᠡᠳ᠋ ᠤᠨ ᠵᠠᠰᠠᠭ ᠤᠨ ᠠᠮᠵᠢᠯᠲᠠ ᠪᠦᠲᠦᠮᠵᠢ᠂ ᠡᠳ᠋ ᠤᠨ ᠵᠠᠰᠠᠭ ᠤᠨ ᠳᠣᠲᠣᠭᠠᠳᠤ ᠶᠢᠨ ᠡᠵᠡᠮᠳᠡᠯ ᠵᠡᠷᠭᠡ ᠭᠤᠷᠪᠠᠨ ᠵᠦᠢᠯ ᠢ ᠪᠦᠷᠢᠨᠰᠢᠬᠦᠯᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠵᠢᠴᠢ ᠪᠦᠬᠦ ᠠᠵᠢᠯᠲᠠᠳ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠤᠨ᠎ᠠ᠃ ︽ᠲᠥᠰᠦᠪ ᠤᠨ ᠬᠠᠤᠯᠢ︾᠂ ︽ᠨᠢᠭᠲᠠᠯᠠᠨ ᠪᠤᠳᠤᠬᠤ ᠬᠠᠤᠯᠢ︾ ᠵᠡᠷᠭᠡ ᠬᠠᠮᠢᠶ᠎ᠠ ᠪᠥᠬᠦᠶ ᠠᠵᠢᠯ ᠤᠨ ᠪᠠᠶᠢᠷᠢ ᠶᠢᠨ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢᠨ ᠪᠦᠲᠦᠴᠡ ᠶᠢᠨ ᠰᠢᠰᠲ᠋ᠧᠮᠵᠢ ᠶᠢ ᠲᠣᠳᠣᠷᠬᠠᠶ ᠣᠶᠢᠯᠠᠭᠠᠬᠤ ᠶᠢᠨ ᠬᠠᠮᠲᠤ ᠬᠠᠤᠯᠢ ᠵᠠᠷᠯᠠᠯ ᠢ ᠴᠢᠩᠭ᠎ᠠ ᠲᠣᠳᠣᠷᠬᠠᠶ ᠪᠣᠯᠭᠠᠨ᠎ᠠ᠃ ᠤᠯᠠᠨ ᠵᠢᠯ ᠤᠨ ᠲᠤᠷᠰᠢ ︽ᠪᠦᠬᠦᠯᠢ ᠭᠠᠷᠠᠭ᠂ ᠡᠳᠦᠷ ᠰᠦᠨᠢ ᠦᠭᠡᠢ︾ ᠲᠠᠶᠢᠴᠢᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠵᠢᠯᠴᠢ ᠬᠥᠳᠡᠯᠮᠦᠷᠢᠴᠢ ᠠᠵᠢᠯᠯᠠᠨ ᠲᠡᠮᠡᠴᠡᠵᠦ᠂ ᠰᠢᠷᠭᠠᠭᠤ ᠬᠠᠲᠠᠭᠤᠵᠢᠯᠲᠠᠶ ᠪᠠᠷ ᠵᠢᠳᠬᠦᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠬᠤᠶᠠᠷ ᠲᠤ᠂ ᠨᠠᠷᠢᠨ ᠪᠣᠳᠠᠲᠠᠶ ᠠᠵᠢᠯ ᠤᠨ ᠲᠥᠰᠦᠯ ᠵᠢᠴᠢ ᠰᠤᠷᠤᠯᠴᠠᠬᠤ ᠲᠥᠯᠥᠪᠯᠡᠭᠡ ᠲᠣᠭᠲᠠᠭᠠᠵᠤ᠂ ︽ᠭᠤᠤᠯ ᠰᠡᠳᠦᠪᠲᠦ ᠬᠡᠯᠪᠡᠷᠢ︾᠎ ᠶᠢᠨ ᠰᠤᠷᠤᠯᠴᠠᠯᠭ᠎ᠠ ᠭᠠᠷᠭᠠᠪᠠ᠃ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠂ ︽ᠸᠧᠢ ᠸᠧᠢ ᠴᠢᠩᠱᠠᠨ︾᠂ ︽ᠬᠠᠲᠤᠨ ᠭᠤᠣᠯ ᠤᠨ ᠡᠭᠦᠯᠡ︾ ᠵᠡᠷᠭᠡ ᠭᠠᠷ ᠤᠲᠠᠰᠤᠨ ᠤ APP ᠰᠤᠷᠤᠯᠴᠠᠯᠭ᠎ᠠ ᠶᠢᠨ ᠲᠠᠪᠴᠠᠩ ᠢ ᠭᠦᠢᠴᠡᠳ ᠠᠰᠢᠭᠯᠠᠵᠤ᠂ ︽ᠪᠤᠭᠤᠲᠤ ᠶᠢᠨ ᠪᠢᠴᠢᠯ ᠰᠤᠷᠤᠯᠴᠠᠯᠭ᠎ᠠ︾᠂ ︽ᠳᠤᠮᠳᠠᠳᠤ ᠤᠯᠤᠰ ᠤᠨ ᠡᠳ᠋ ᠤᠨ ᠵᠠᠰᠠᠭ︾᠂ ︽ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︾᠂ ︽ᠴᠢᠩᠱᠠᠨ ᠬᠦᠮᠦᠨ ᠴᠢᠩᠱᠠᠨ ᠤ ᠶᠠᠪᠤᠳᠠᠯ︾ ᠵᠡᠷᠭᠡ ᠸᠢᠴᠠᠲ ᠤᠨ ᠨᠡᠶᠢᠲᠡ ᠶᠢᠨ ᠳ᠋ᠤᠭᠠᠷ ᠵᠢᠴᠢ ︽ᠬᠠᠯᠠᠭᠤᠨ ᠳᠤᠯᠠᠭᠠᠨ ᠡᠳ᠋ ᠤᠨ ᠵᠠᠰᠠᠭ︾᠎ ᠤᠨ ᠸᠢᠴᠠᠲ ᠤᠨ ᠣᠨᠣᠯ ᠤᠨ ᠰᠤᠷᠤᠯᠴᠠᠯᠭ᠎ᠠ ᠶᠢᠨ ᠠᠵᠢᠯ ᠤᠨ ᠬᠠᠮᠲᠤᠯᠢᠭ ᠢ ᠠᠩᠬᠠᠷᠬᠤ ᠪᠠᠷ ᠳᠠᠮᠵᠢᠭᠤᠯᠤᠨ᠂ ︽ᠡᠳ᠋ ᠤᠨ ᠵᠠᠰᠠᠭ ᠤᠨ ᠲᠣᠮᠣ ᠬᠢᠴᠢᠶᠡᠯ ᠤᠨ ᠲᠠᠩᠬᠢᠮ︾᠂ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾᠎ ᠳᠤ ᠲᠦᠰᠢᠭᠯᠡᠨ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠭᠰᠠᠨ ᠰᠤᠷᠤᠯᠴᠠᠯᠭ᠎ᠠ ᠶᠢᠨ ᠰᠢᠨ᠎ᠡ ᠠᠴᠢᠶᠠᠯᠠᠪᠤᠷᠢ ᠶᠢ ᠬᠦᠴᠦᠯᠡᠨ ᠪᠠᠶᠢᠭᠤᠯᠤᠨ᠎ᠠ᠃ ᠬᠦᠰᠡᠯᠡᠩ ᠢᠲᠡᠭᠡᠯ ᠵᠣᠷᠢᠭ᠂ ᠨᠠᠮᠴᠢ ᠴᠢᠨᠠᠷ ᠤᠨ ᠪᠣᠯᠪᠠᠰᠤᠷᠠᠯ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ᠂ ᠡᠳ᠋ ᠤᠨ ᠵᠠᠰᠠᠭ ᠤᠨ ᠲᠤᠬᠠᠶᠢᠯᠠᠭᠰᠠᠨ ᠠᠵᠢᠯ ᠵᠡᠷᠭᠡ ᠭᠤᠣᠯ ᠰᠡᠳᠦᠪ ᠢ ᠳᠣᠪᠤᠶᠢᠯᠭᠠᠵᠤ᠂ ︽ᠨᠠᠮ ᠤᠨ ᠪᠠᠶᠢᠭᠤᠯᠤᠯᠲᠠ +︾᠎ ᠪᠠᠷ ᠣᠶᠢᠯᠠᠭᠠᠭᠳᠠᠬᠤᠨ ᠪᠣᠯᠭᠠᠵᠤ᠂ ︽ᠬᠤᠪᠢᠰᠬᠠᠯ ᠤᠨ ᠬᠥᠮᠦᠵᠢᠯ︾᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠦᠯ ᠤᠨ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠠᠭᠤᠰᠤᠯᠴᠠᠭᠤᠯᠤᠨ ᠰᠤᠷᠤᠯᠴᠠᠬᠤ ᠰᠢᠨ᠎ᠡ ᠬᠡᠯᠪᠡᠷᠢ ᠪᠠᠶᠢᠳᠠᠯ ᠢ ᠴᠢᠷᠮᠠᠶᠢᠨ ᠪᠤᠶ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠴᠢᠳᠠᠪᠤᠷᠢ ᠪᠠᠨ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠨ ᠲᠦᠷᠢ ᠲᠥᠷᠬᠦ ᠶᠢ ᠪᠤᠢ ᠪᠣᠯᠭᠠᠬᠤ᠂ ᠰᠤᠷᠲᠠᠯ ᠢᠶᠠᠨ ᠬᠤᠪᠢᠷᠠᠭᠤᠯᠤᠨ ᠦᠢᠯᠡᠴᠢᠯᠡᠭᠡ ᠪᠠᠨ ᠴᠢᠩᠭᠠᠳᠬᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠢ ᠬᠥᠭᠵᠢᠭᠦᠯᠬᠦ᠂ ᠬᠥᠮᠦᠵᠢᠭᠦᠯᠬᠦ᠂ ᠬᠠᠮᠢᠶᠠᠷᠬᠤ᠂ ᠦᠢᠯᠡᠴᠢᠯᠡᠬᠦ ︽ᠲᠦᠷᠪᠡ ᠶᠢ ᠨᠢᠭᠡ ᠴᠤᠭᠴᠠᠵᠢᠭᠤᠯᠬᠤ︾ ᠪᠠᠶᠢᠭᠤᠯᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠳᠦᠷᠢᠮᠵᠢᠭᠰᠡᠨ᠂ ᠪᠠᠶᠢᠩᠭᠤᠵᠢᠭᠰᠠᠨ ᠰᠤᠷᠤᠯᠴᠠᠬᠤ ᠲᠣᠭᠲᠠᠴᠠ ᠶᠢ ᠦᠨᠡᠨ ᠬᠦ ᠪᠤᠢ ᠪᠣᠯᠭᠠᠵᠤ᠂ ᠡᠳ᠋ ᠤᠨ ᠵᠠᠰᠠᠭ ᠤᠨ ᠺᠠᠳ᠋ᠷᠴᠤᠳ ᠤᠨ ᠤᠯᠤᠰ ᠲᠦᠷᠦ ᠶᠢᠨ ᠤᠨᠤᠯ ᠤᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠶ᠃ ᠭᠤᠷᠪᠠ ᠳᠤ ᠡᠳ᠋ ᠤᠨ ᠵᠠᠰᠠᠭ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ︽ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ᠪᠣᠳᠠᠲᠠᠶ ᠱᠠᠭᠠᠷᠳᠠᠯᠭ᠎ᠠ ᠶᠣᠰᠣᠭᠠᠷ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠨᠠᠩ ᠰᠠᠶᠢᠲᠤᠷ ᠤᠶᠢᠯᠠᠭᠠᠨ ᠡᠵᠡᠮᠰᠢᠬᠦ ᠪᠠ ᠰᠢᠢᠳᠪᠦᠷᠢᠯᠡᠬᠦ ᠶᠢ ᠠᠬᠢᠭᠤᠯᠬᠤ ᠶᠢᠨ ᠲᠤᠰᠠᠳᠠ᠂ ᠵᠠᠷᠯᠠᠨ ᠨᠡᠶᠢᠲᠡᠯᠡᠬᠦ ᠪᠤᠯᠤᠩ ᠭᠠᠷᠭᠠᠬᠤ᠂ ︽ᠲᠠᠩᠰᠠ ᠮᠡᠳᠡᠭᠦᠯᠦᠭᠴᠢ ᠶᠢᠨ ᠬᠡᠷ︾ ︽ᠬᠠᠯᠠᠭᠤᠨ ᠳᠤᠯᠠᠭᠠᠨ ᠡᠳ᠋ ᠤᠨ ᠵᠠᠰᠠᠭ ᠤᠨ ᠣᠨᠣᠯ ᠤᠨ ᠰᠤᠷᠤᠯᠴᠠᠯᠭ᠎ᠠ ᠶᠢᠨ ᠪᠦᠯᠦᠭ︾᠎ ᠤᠨ ᠸᠢᠴᠠᠲ ᠤᠨ ᠠᠵᠢᠯ ᠤᠨ ᠪᠦᠯᠦᠭ ᠲᠤ ᠨᠡᠶᠢᠲᠡᠯᠡᠬᠦ᠂ ᠰᠠᠨᠠᠯ ᠬᠤᠷᠢᠶᠠᠬᠤ ᠬᠦᠰᠦᠨᠦᠭᠲᠦ ᠶᠢ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ ᠲᠠᠪᠤᠨ ᠠᠰᠠᠭᠤᠯᠲᠠ︾᠎ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ᠴᠤᠩᠬᠤᠪᠴᠢ ᠪᠠᠷ ᠭᠠᠪᠢᠶ᠎ᠠ ᠪᠠᠶᠢᠭᠤᠯᠬᠤ ᠬᠤᠰᠢᠭᠤᠴᠢ ᠠᠵᠢᠯ ᠤᠨ ᠪᠠᠶᠢᠷᠢ︾᠎ ᠶᠢ ᠰᠢᠯᠭᠠᠷᠠᠭᠤᠯᠬᠤ ᠤᠷᠤᠯᠳᠤᠭᠠᠨ ᠤ ᠭᠤᠤᠯ ᠰᠡᠳᠦᠪᠲᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ᠡᠳ᠋ ᠤᠨ ᠵᠠᠰᠠᠭ ᠤᠨ ᠺᠠᠳ᠋ᠷᠴᠤᠳ ᠤᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠴᠢᠩᠭᠠᠳᠬᠠᠵᠤ᠂ ︽ᠪᠢ ᠪᠣᠯ ᠡᠪ ᠬᠠᠮᠲᠤ ᠨᠠᠮ ᠤᠨ ᠭᠡᠰᠢᠭᠦᠨ᠂ ᠪᠢ ᠴᠢᠮᠠᠶᠢ ᠬᠠᠪᠰᠤᠷᠤᠨ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠡᠳ᠋ ᠤᠨ ᠵᠠᠰᠠᠭ ᠤᠨ ᠴᠣᠩᠬᠤᠨ ᠤ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ︽ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠨᠢᠭᠡ ᠴᠣᠠᠠᠴᠠᠵᠢᠭᠤᠯᠬᠤ ᠰᠢᠰᠲ᠋ᠧᠮ ᠤᠨ ᠪᠠᠶᠢᠭᠤᠯᠤᠯᠲᠠ︾᠂ ︽ᠡᠳ᠋ ᠤᠨ ᠵᠠᠰᠠᠭ ᠤᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠲᠥᠪ ᠤᠨ ᠰᠢᠨ᠎ᠡ  ᠦᠢᠯᠡᠴᠢᠯᠡᠭᠡᠨ ᠤ ᠣᠨᠣᠯᠵᠢᠬᠤᠨ︾᠂ ︽ᠣᠷᠣᠯᠠᠨ ᠳᠠᠩᠰᠠᠯᠠᠬᠤ ᠪᠠᠶᠢᠭᠤᠯᠤᠮᠵᠢ ᠶᠢ ᠴᠣᠮᠬᠠᠳᠬᠠᠨ ᠬᠢᠨᠠᠨ ᠵᠥᠪᠰᠢᠶᠡᠷᠡᠬᠦ ᠴᠤᠪᠤᠷᠠᠯ︾᠎ ᠳᠤ ᠲᠦᠰᠢᠭᠯᠡᠨ᠂ ︿ᠲᠦᠷᠢᠮ + ᠮᠡᠷᠭᠡᠵᠢᠯ﹀᠎ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠤᠭ᠎ᠠ ᠪᠠᠷᠢᠮᠲᠠ ᠶᠢ ︽ᠢᠯᠡᠭᠦᠬᠡᠨ ᠭᠦᠶᠦᠯᠭᠡᠬᠦ︾᠂ ᠦᠢᠯᠡᠴᠢᠯᠡᠬᠦ ᠡᠲᠡᠭᠡᠳ ᠪᠠ ᠣᠯᠠᠨ ᠲᠦᠮᠡᠨ ᠢ ︽ᠳᠤᠲᠠᠭᠤ ᠭᠦᠶᠦᠯᠭᠡᠬᠦ︾᠂ ᠲᠤᠬᠠᠶᠢᠯᠠᠭᠰᠠᠨ ᠠᠵᠢᠯ ᠢ ︽ᠨᠢᠭᠡ ᠯᠡ ᠥᠷᠲᠡᠭᠡ ᠳᠤ︾ ᠰᠢᠢᠳᠪᠦᠷᠢᠯᠡᠵᠦ ᠳᠠᠭᠤᠰᠬᠠᠬᠤ ᠶᠢ ᠪᠠᠷᠢᠮᠲᠠᠯᠠᠨ᠎ᠠ᠃ ᠲᠥᠰᠦᠪ ᠤᠨ ᠬᠠᠮᠢᠶᠠᠷᠤᠯᠲᠠ ᠶᠢ ᠬᠥᠳᠡᠯᠦᠩᠭᠦᠶ ᠪᠠᠷ ᠲᠤᠰᠬᠠᠬᠤ ᠪᠠ ᠪᠦᠲᠦᠮᠵᠢᠲᠡᠶ ᠪᠠᠷ ᠬᠢᠵᠠᠭᠠᠷᠯᠠᠬᠤ ᠶᠢ ᠪᠡᠶᠡᠯᠡᠭᠦᠯᠵᠦ᠂ ᠲᠥᠰᠦᠪ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠪᠡᠯᠡ ᠮᠥᠩᠭᠦ ᠰᠢᠯᠵᠢᠭᠦᠯᠦᠨ ᠥᠭᠬᠦ ᠶᠢ ᠲᠦᠷᠭᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢ ᠳᠡᠭᠡᠭᠰᠢᠯᠡᠭᠦᠯᠵᠦ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠦᠨ᠎ᠡ᠃ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ︽ᠥᠷᠢ ᠲᠠᠯᠪᠢᠬᠤ ᠳᠤ ᠵᠠᠪᠠᠯ ᠬᠠᠷᠢᠭᠤᠴᠠᠯᠭ᠎ᠠ ᠨᠡᠬᠡᠮᠵᠢᠯᠡᠬᠦ᠂ ᠵᠣᠭᠤᠰ ᠵᠠᠷᠤᠬᠤ ᠳᠤ ᠵᠠᠪᠠᠯ ᠦᠷ᠎ᠡ ᠪᠦᠲᠦᠮᠵᠢ ᠶᠢ ᠨᠡᠬᠡᠮᠵᠢᠯᠡᠬᠦ︾ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠳ᠋ ᠤᠨ ᠵᠠᠰᠠᠭ ᠤᠨ ᠮᠥᠩᠭᠦ ᠨᠢᠭᠡᠪᠦᠷᠢ ᠶᠢ ᠴᠠᠭ ᠲᠤᠬᠠᠶ ᠳᠤᠨᠢ ᠬᠡᠷᠡᠭᠯᠡᠬᠦ᠂ ᠬᠠᠮᠢᠶᠠᠷᠬᠤ ᠶᠢ ᠵᠢᠷᠤᠮᠵᠢᠭᠤᠯᠤᠨ᠂ ᠵᠠᠷᠤᠯᠭ᠎ᠠ ᠶᠢ ᠵᠦᠶ ᠵᠣᠬᠢᠰᠲᠠᠶ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号