︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠢ ᠭᠦᠨᠵᠡᠭᠡᠶ ᠰᠤᠷᠤᠯᠴᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2021/10/22
     ᠰᠤᠷᠪᠤᠯᠵᠢᠯᠠᠭᠰᠠᠨ ᠭᠤᠤᠯ ᠰᠡᠳᠦᠪ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠢ ᠭᠦᠨᠵᠡᠭᠡᠶ ᠰᠤᠷᠤᠯᠴᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠎ᠡ      ᠰᠤᠷᠪᠤᠯᠵᠢᠯᠠᠭᠰᠠᠨ ᠴᠠᠭ᠄ 2021 ᠣᠨ ᠤ 9 ᠰᠠᠷ᠎ᠠ ᠶᠢᠨ 18᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ     ᠵᠢᠩ ᠯᠢᠩ      ᠰᠤᠷᠪᠤᠯᠵᠢᠯᠠᠭᠰᠠᠨ ᠠᠬᠤᠶ ᠪᠠᠶᠢᠳᠠᠯ᠄ ᠴᠢᠩᠱᠠᠨ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠡᠷᠡᠰ ᠭᠤᠶᠢᠪᠢᠰᠢ ᠦᠭᠡᠢ ᠪᠠᠷ ᠬᠠᠤᠯᠢ ᠪᠠᠷ ᠵᠠᠰᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠬᠡᠷᠡᠭᠲᠡᠢ᠃      【ᠬᠥᠲᠥᠯᠥᠭᠴᠢ】      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠢ ᠨᠡᠶᠢᠲᠡᠯᠡᠭᠰᠡᠨ ᠠᠬᠤᠶ ᠪᠠᠶᠢᠳᠠᠯ ᠵᠢᠴᠢ ᠠᠴᠢ ᠬᠤᠯᠪᠣᠭᠳᠠᠯ ᠢ ᠲᠠᠨᠢᠯᠴᠠᠭᠤᠯᠤᠭᠠᠷᠠᠶ᠃      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠢᠩ ᠯᠢᠩ】      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠦᠷᠢᠮ》᠎ ᠢ  ᠪᠠᠲᠤᠯᠠᠪᠠ᠃ ᠡᠨᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬ᠎ᠠ ᠤᠳᠠᠭ᠎ᠠ ᠨᠡᠶᠢᠲᠡᠯᠡᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ᠎ᠠ᠃ ᠲᠣᠰ ᠲᠦᠷᠢᠮ ᠢ 2021 ᠣᠨ ᠤ 5 ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠪᠡ᠃ ᠥᠪᠥᠷ ᠮᠣᠩᠭᠤᠯ ᠪᠣᠯ ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠡᠭᠦᠰᠦᠯ ᠤᠨ ᠭᠠᠵᠠᠷ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ᠃ ᠦᠨᠳᠦᠰᠦᠲᠡᠨ ᠤ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢᠨ ᠲᠥᠯᠥᠭᠡ᠂ ᠲᠣᠰ ᠲᠦᠷᠢᠮ ᠢ ᠣᠨᠴᠠᠭᠠᠶᠢᠯᠠᠨ ᠲᠣᠭᠲᠠᠭᠠᠪᠠ᠃ ᠲᠤᠰ ᠳᠦᠷᠢᠮ ᠳᠤ ᠨᠡᠶᠢᠲᠡ ᠨᠠᠢᠮᠠᠨ ᠪᠦᠯᠦᠭ ᠳᠠᠯᠠᠨ ᠵᠤᠷᠪᠤᠰ ᠲᠠᠢ᠂ ᠲᠤᠰ ᠬᠠᠤᠯᠢ ᠲᠣᠭᠲᠠᠭᠠᠬᠤ ᠵᠢᠨ‌ᠵᠣᠷᠢᠯᠭ᠎ᠠ᠂ ᠬᠡᠷᠡᠭᠯᠡᠬᠦ ᠬᠡᠪᠴᠢᠶ᠎ᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠪᠠᠶᠢᠷᠢ ᠲᠣᠭᠲᠠᠭᠠᠯᠲᠠ ᠪᠠ ᠪᠠᠷᠠᠭᠠᠯᠠᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠵᠢᠷᠤᠮᠯᠠᠪᠠᠰᠤ ᠵᠣᠬᠢᠬᠤ ᠦᠨᠳᠦᠰᠦᠨ ᠵᠠᠷᠴᠢᠮ᠂ ᠳᠤᠮᠳᠠᠳᠤ ᠶᠢᠨ ᠰᠣᠶᠣᠯ ᠢ ᠮᠡᠳᠡᠷᠡᠬᠦ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ᠂ ᠨᠡᠶᠢᠭᠡᠮ ᠤᠨ ᠬᠠᠮᠵᠢᠯᠴᠠᠭ᠎ᠠ ᠶᠢ ᠴᠢᠩᠭᠠᠳᠬᠠᠬᠤ᠂ ᠪᠠᠲᠤᠯᠠᠬᠤ  ᠬᠢᠭᠡᠳ ᠬᠢᠨᠠᠯᠲᠠ ᠲᠠᠯᠪᠢᠬᠤ ᠪᠠ ᠬᠠᠤᠯᠢ ᠶᠢᠨ ᠬᠠᠷᠢᠭᠤᠴᠠᠯᠭ᠎ᠠ ᠵᠡᠷᠭᠡ ᠳᠤ ᠪᠣᠳᠠᠲᠠᠶ ᠲᠣᠭᠲᠠᠭᠠᠯ ᠭᠠᠷᠭᠠᠪᠠ᠃ ᠡᠨᠡ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠬᠢᠭᠤᠯᠬᠤ ᠠᠩᠬᠠᠳᠠᠭᠴᠢ ᠶᠡᠷᠦᠩᠬᠡᠶᠢᠯᠡᠭᠰᠡᠨ ᠴᠢᠨᠠᠷᠲᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠤᠨ᠎ᠠ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢᠨ ᠨᠡᠶᠢᠲᠡᠯᠢᠭ ᠵᠢᠱᠢᠶ᠎ᠡ ᠪᠣᠯᠤᠨ᠎ᠠ᠃ ᠨᠠᠮ ᠤᠨ ᠦᠨᠳᠦᠰᠦᠲᠡᠨ ᠤ ᠠᠵᠢᠯ ᠤᠨ ᠣᠨᠣᠯ ᠤᠨ ᠰᠢᠨ᠎ᠡ ᠶᠢ ᠡᠭᠦᠳᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠶ ᠲᠤᠤᠱᠯᠠᠭᠤᠯᠵᠤ᠂ ᠠᠷᠠᠳᠴᠢᠯᠠᠯ ᠢ ᠥᠷᠭᠡᠨ ᠢᠶᠠᠷ ᠪᠠᠳᠠᠷᠠᠭᠤᠯᠤᠨ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠪᠥᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠪᠠ ᠦᠨᠳᠦᠰᠦᠨ ᠠᠰᠢᠭ ᠲᠤᠰᠠ ᠶᠢ ᠢᠯᠡᠷᠡᠭᠦᠯᠪᠡ᠃ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠵᠠᠢ᠃      【ᠬᠥᠲᠥᠯᠥᠭᠴᠢ】      ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ︾᠎ ᠢ ᠬᠡᠷᠬᠢᠨ ᠣᠶᠢᠯᠠᠭᠠᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠢᠩ ᠯᠢᠩ】      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠤᠨ ᠮᠡᠳᠡᠷᠡᠯ᠂ ᠦᠨᠳᠦᠰᠦᠲᠡᠨ ᠤ ᠠᠭᠤᠰᠤᠯᠴᠠᠯ ᠤᠨ ᠰᠡᠳᠬᠢᠯᠭᠡ ᠶᠢᠨ ᠬᠤᠯᠪᠣᠭᠠᠰᠤ ᠮᠥᠨ᠂ ᠡᠬᠡ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠮᠥᠨ᠂ ᠳᠤᠮᠳᠠᠳᠤ ᠶᠢᠨ ᠦᠨᠳᠦᠰᠦᠲᠡᠨ ᠤ ᠥᠨᠢᠳᠡ ᠪᠠᠯᠠᠷᠠᠰᠢ ᠦᠭᠡᠢ᠂ ᠦᠷᠭᠦᠯᠵᠢᠯᠡᠨ ᠬᠥᠭᠵᠢᠬᠦ ᠶᠢᠨ ᠬᠦᠴᠦᠨ ᠴᠢᠳᠠᠯ ᠤᠨ ᠡᠬᠢ ᠰᠤᠷᠪᠤᠯᠵᠢ ᠮᠥᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠎ ᠶᠢ ᠨᠠᠮ ᠤᠨ ᠲᠦᠷᠢᠮ ᠳᠤ ᠪᠢᠴᠢᠨ ᠣᠷᠣᠭᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠠ ᠦᠨᠳᠦᠰᠦᠨ ᠵᠢᠷᠤᠮᠯᠠᠯ ᠪᠣᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠶᠡᠷᠦᠩᠬᠡᠢ ᠱᠦᠵᠢ ᠰᠢ ᠶᠢᠨ ᠫᠢᠩ ᠨᠠᠮ ᠤᠨ ᠦᠨᠳᠦᠰᠦᠲᠡᠨ ᠤ ᠤᠨᠤᠯ ᠳᠤ ᠬᠢᠭᠰᠡᠨ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠮᠥᠨ᠂ ᠨᠠᠮ ᠤᠨ ᠲᠥᠪ ᠬᠤᠷᠢᠶ᠎ᠠ ᠠᠴᠠ ᠴᠠᠭ ᠦᠶ᠎ᠡ ᠶᠢᠨ ᠬᠥᠭᠵᠢᠯᠲᠡ ᠳᠤ ᠵᠣᠬᠢᠴᠠᠭᠤᠯᠤᠨ ᠦᠨᠳᠦᠰᠦᠲᠡᠨ ᠤ ᠠᠵᠢᠯ ᠳᠤ ᠬᠢᠭᠰᠡᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠃ ᠳᠤᠮᠳᠠᠳᠤ ᠶᠢᠨ ᠦᠨᠳᠦᠰᠦᠲᠡᠨ ᠪᠠ ᠦᠨᠳᠦᠰᠦᠲᠡᠨ ᠨᠦᠭᠦᠳ ᠤᠨ ᠬᠠᠷᠢᠴᠠᠭ᠎ᠠ ᠶᠢ ᠳᠦᠷᠰᠦᠯᠢᠭ ᠢᠶᠠᠷ ᠬᠡᠯᠡᠪᠡᠯ᠂ ᠨᠢᠭᠡᠨ ᠶᠡᠭᠡ ᠭᠡᠷ ᠪᠦᠯᠢ ᠪᠠ ᠭᠡᠷ ᠪᠦᠯᠢ ᠶᠢᠨ ᠪᠦᠷᠢᠯᠳᠦᠬᠦᠨ ᠤ ᠬᠠᠷᠢᠴᠠᠭ᠎ᠠ ᠮᠥᠨ᠂ ᠡᠯ᠎ᠡ ᠦᠨᠳᠦᠰᠦᠲᠡᠨ ᠨᠦᠭᠦᠳ ᠪᠣᠯ ᠴᠥᠮ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠡᠷᠬᠡ ᠲᠡᠭᠰᠢ ᠨᠢᠭᠡ ᠪᠦᠷᠢᠯᠳᠦᠬᠦᠨ ᠮᠥᠨ᠂ 56 ᠦᠨᠳᠦᠰᠦᠲᠡᠨ ᠬᠠᠮᠲᠤ ᠪᠠᠷ  ᠬᠡᠨ ᠨᠢ ᠴᠦ ᠬᠡᠨ ᠠᠴᠠ ᠪᠠᠨ ᠰᠠᠯᠵᠤ ᠴᠢᠳᠠᠬᠤ ᠦᠭᠡᠢ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠷᠢᠯᠳᠦᠭᠦᠯᠵᠡᠶ᠃ ᠨᠢᠭᠡ ᠴᠣᠭᠴᠠ ᠪᠣᠯᠤᠨ ᠤᠯᠠᠨ ᠡᠰᠢᠴᠢᠯᠡᠯᠲᠡ ᠶᠢᠨ ᠬᠠᠷᠢᠴᠠᠭ᠎ᠠ ᠶᠢ ᠵᠥᠪ ᠢᠶᠠᠷ ᠲᠠᠨᠢᠬᠤ ᠬᠡᠷᠡᠭᠲᠡᠶ᠃ ᠨᠢᠭᠡ ᠴᠣᠭᠴᠠ ᠨᠢ ᠤᠯᠠᠨ ᠡᠰᠢ ᠶᠢ ᠪᠠᠭᠲᠠᠭᠠᠵᠤ᠂ ᠤᠯᠠᠨ ᠡᠰᠢ ᠪᠠᠷ ᠪᠦᠷᠢᠯᠳᠦᠭᠰᠡᠨ ᠨᠢᠭᠡ ᠴᠣᠭᠴᠠ ᠶᠢ ᠪᠦᠷᠢᠯᠳᠦᠭᠦᠯᠦᠨ᠎ᠡ︔ ᠨᠢᠭᠡ ᠴᠣᠭᠴᠠ ᠨᠢ ᠤᠯᠠᠨ ᠡᠰᠢ ᠠᠴᠠ ᠰᠠᠯᠵᠤ ᠴᠢᠳᠠᠬᠤ ᠦᠭᠡᠢ᠂ ᠤᠯᠠᠨ ᠡᠰᠢᠲᠦ ᠨᠢ ᠴᠦ ᠨᠢᠭᠡ ᠴᠣᠭᠴᠠ ᠠᠴᠠ ᠰᠠᠯᠵᠤ ᠴᠢᠳᠠᠬᠤ ᠦᠭᠡᠢ︔ ᠨᠢᠭᠡ ᠴᠣᠭᠴᠠ ᠪᠣᠯ ᠭᠤᠣᠯ ᠱᠤᠭᠤᠮ ᠪᠠ ᠴᠢᠭᠯᠡᠯ᠂ ᠤᠯᠠᠨ ᠡᠰᠢᠵᠢᠯ ᠪᠣᠯ ᠡᠯᠧᠮᠧᠨ᠋ᠲ ᠪᠠ ᠬᠥᠳᠡᠯᠭᠡᠬᠦ ᠬᠦᠴᠦᠨ ᠮᠥᠨ᠂ ᠬᠤᠶᠠᠭᠤᠯᠠ ᠶᠢ ᠬᠤᠪᠢᠰᠤᠩᠭᠤᠢ ᠪᠠᠷ ᠨᠢᠭᠡᠳᠦᠭᠦᠯᠦᠨ᠎ᠡ᠃ ᠤᠯᠠᠨ ᠡᠰᠢᠵᠢᠬᠦᠯᠬᠦ ᠨᠢ ᠰᠠᠯᠭᠠᠬᠤ ᠶᠢ ᠴᠢᠬᠤᠯᠠᠴᠢᠯᠠᠵᠤ ᠪᠠᠶᠢᠭ᠎ᠠ ᠶᠠᠪᠤᠳᠠᠯ ᠪᠢᠰᠢ᠂ ᠵᠥᠪᠬᠡᠨ ᠡᠷᠬᠡᠪᠰᠢ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠵᠥᠷᠢᠶᠡᠲᠦ ᠴᠢᠨᠠᠷ ᠢ ᠲᠣᠬᠢᠲᠠᠶ ᠰᠢᠢᠳᠪᠦᠷᠢᠯᠡᠬᠦ ᠬᠡᠷᠡᠭᠲᠡᠶ︔ ᠨᠢᠭᠡ ᠴᠣᠭᠴᠠ ᠪᠣᠯᠭᠠᠬᠤ ᠨᠢ ᠤᠯᠠᠨ ᠡᠰᠢᠴᠢᠯᠡᠯᠲᠡ ᠶᠢ ᠤᠰᠠᠳᠬᠠᠬᠤ ᠶᠢᠨ ᠲᠥᠯᠥᠭᠡ ᠪᠢᠰᠢ᠂ ᠬᠠᠷᠢᠨ ᠪᠦᠯᠬᠦᠮᠳᠡᠯ ᠢᠶᠠᠨ ᠴᠢᠩᠭᠠᠳᠬᠠᠵᠤ᠂ ᠨᠡᠶᠢᠲᠡᠯᠢᠭ ᠴᠢᠨᠠᠷ ᠢᠶᠠᠨ ᠲᠠᠰᠤᠷᠠᠯᠳᠠ ᠦᠭᠡᠢ ᠴᠢᠩᠭᠠᠳᠬᠠᠬᠤ ᠶᠠᠪᠤᠳᠠᠯ ᠪᠣᠯᠤᠨ᠎ᠠ᠃ ᠦᠨᠳᠦᠰᠦᠲᠡᠨ ᠤ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠢᠶᠠᠷ ᠲᠠᠨᠢᠬᠤ ᠬᠡᠷᠡᠭᠲᠡᠶ᠃ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ ᠢ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠡᠷᠬᠡᠪᠰᠢ ᠳᠡᠭᠡᠳᠦ ᠬᠡᠮᠵᠢᠶ᠎ᠡ ᠪᠠᠷ ᠮᠡᠳᠡᠷᠡᠨ ᠵᠦᠪᠰᠢᠶᠡᠷᠡᠵᠦ᠂ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠤᠨ ᠲᠠᠯ᠎ᠠ ᠪᠠᠷ ᠵᠥᠷᠢᠶ᠎ᠡ ᠲᠠᠢ ᠪᠠᠶᠢᠵᠤ ᠪᠣᠯᠬᠤ ᠦᠭᠡᠢ᠃ ᠢᠳᠡᠭᠡᠨ ᠤᠮᠳᠠᠭᠠᠨ ᠬᠤᠪᠴᠠᠰᠤ ᠵᠠᠰᠠᠯ᠂ ᠵᠠᠩ ᠳᠠᠳᠬᠠᠯ᠂ ᠰᠣᠶᠣᠯ ᠤᠷᠠᠯᠢᠭ᠂ ᠪᠠᠷᠢᠯᠭ᠎ᠠ ᠶᠢᠨ ᠬᠡᠪ ᠨᠠᠮᠪᠠ ᠵᠡᠷᠭᠡ ᠲᠠᠯ᠎ᠠ ᠪᠠᠷ ᠠᠳᠠᠯᠢ ᠪᠤᠰᠤ ᠦᠨᠳᠦᠰᠦᠲᠡᠨ ᠢᠯᠭᠠᠭ᠎ᠠ ᠲᠠᠢ ᠪᠠᠶᠢᠵᠤ ᠪᠣᠯᠤᠨ᠎ᠠ᠃      【ᠬᠥᠲᠥᠯᠥᠭᠴᠢ】      ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠬᠡᠷᠬᠢᠨ ᠣᠶᠢᠯᠠᠭᠠᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠢᠩ ᠯᠢᠩ】      ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠪᠦᠬᠦ ᠳᠤᠮᠳᠠᠳᠤ ᠤᠯᠤᠰ ᠪᠦᠬᠦ ᠨᠡᠶᠢᠭᠡᠮ ᠤᠨ ᠬᠠᠮᠲᠤ ᠶᠢᠨ ᠦᠭᠡ ᠬᠡᠯᠡ ᠦᠰᠦᠭ ᠪᠢᠴᠢᠭ ᠮᠥᠨ᠂ 56 ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠠᠮᠲᠤ ᠶᠢᠨ ᠬᠤᠯᠪᠣᠭᠠᠰᠤ ᠮᠥᠨ᠂ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠬᠠᠮᠲᠤ ᠶᠢᠨ ᠤᠯᠠᠮᠵᠢᠯᠠᠯ ᠪᠠ ᠬᠥᠭᠵᠢᠯᠲᠡ ᠶᠢᠨ ᠡᠷᠬᠢᠮ ᠨᠠᠨᠳᠢᠨ ᠡᠳ᠋ ᠪᠠᠶᠠᠯᠢᠭ ᠮᠥᠨ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠬᠤ ᠪᠣᠯ ᠮᠠᠨ ᠤ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠲᠣᠭᠲᠠᠭᠠᠭᠰᠠᠨ ᠦᠨᠳᠦᠰᠦᠲᠡᠨ ᠨᠦᠭᠦᠳ ᠤᠨ ᠬᠠᠮᠲᠤ ᠶᠢᠨ ᠬᠠᠷᠢᠭᠤᠴᠠᠯᠭ᠎ᠠ ᠮᠥᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠡᠩ ᠲᠡᠷᠢᠭᠦᠨ ᠳᠤ ᠰᠠᠶᠢᠲᠤᠷ ᠰᠤᠷᠴᠤ ᠰᠠᠶᠢᠲᠤᠷ ᠬᠡᠷᠡᠭᠯᠡᠬᠦ ᠬᠡᠷᠡᠭᠲᠡᠶ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠶᠢᠵᠢᠭᠤᠯᠵᠤ᠂ ᠰᠣᠶᠣᠯ ᠤᠨ ᠡᠭᠡᠯᠢᠰᠢᠯ ᠪᠠ ᠤᠯᠤᠰ ᠤᠨ ᠡᠭᠡᠯᠢᠰᠢᠯ ᠢ ᠨᠡᠮᠡᠭᠳᠡᠭᠦᠯᠵᠦ᠂ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ᠠᠰᠢᠭᠲᠠᠢ ᠪᠠᠶᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ︔ ᠡᠬᠡ ᠣᠷᠣᠨᠴᠢ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠠᠰᠢᠭᠲᠠᠶ︔ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠩ ᠲᠥᠪ ᠭᠤᠣᠯᠴᠢ᠂ ᠨᠡᠩ ᠴᠢᠨᠠᠷ ᠴᠢᠨᠰᠠᠭ᠎ᠠ ᠲᠠᠢ ᠰᠤᠷᠭᠠᠨ ᠬᠥᠮᠦᠵᠢᠯ ᠢ ᠡᠳ᠋ᠯᠡᠬᠦ ᠳᠤ ᠠᠰᠢᠭᠲᠠᠶ ᠪᠠᠶᠢᠵᠤ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠪᠦᠬᠦ ᠤᠯᠤᠰ ᠲᠤ ᠬᠦᠷᠴᠦ ᠭᠦᠢᠴᠡᠳ ᠠᠵᠢᠯ ᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠳᠤ ᠠᠰᠢᠭᠲᠠᠶ ᠶᠤᠮ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号