ᠰᠤᠷᠪᠤᠯᠵᠢᠯᠠᠭᠰᠠᠨ ᠭᠤᠣᠯ ᠰᠡᠳᠦᠪ᠄ ᠲᠥᠪ ᠭᠤᠤᠯᠴᠢ ᠠᠵᠢᠯᠴᠢ ᠬᠢᠴᠢᠶᠡᠩᠭᠦᠶ ᠪᠠᠷ ᠡᠳ᠋ ᠬᠥᠷᠥᠩᠭᠡ ᠪᠠᠨ | ᠰᠠᠶᠢᠲᠦᠷ ᠬᠠᠮᠢᠶᠠᠷᠴᠦ ᠬᠠᠤᠯᠢ ᠶᠢ ᠤᠶᠢᠯᠠᠭᠠᠨ ᠪᠣᠳᠠᠲᠠᠶ ᠠᠵᠢᠯ ᠢ ᠪᠠᠲᠤᠲᠠᠶ ᠬᠢᠶ᠎ᠠ | ᠰᠤᠷᠪᠤᠯᠵᠢᠯᠠᠭᠰᠠᠨ ᠴᠠᠭ᠄ 2021 ᠣᠨ ᠤ 9 ᠰᠠᠷ᠎ᠠ ᠶᠢᠨ 3 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ ᠰᠢᠤᠢ ᠬᠠᠶ ᠰᠢᠶᠠ | ᠰᠤᠷᠪᠤᠯᠵᠢᠯᠠᠭᠰᠠᠨ ᠠᠬᠤᠶ ᠪᠠᠶᠢᠳᠠᠯ᠄ ᠣᠶᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︽ᠲᠡᠷᠢᠭᠦᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ︾᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽ᠡᠳ᠋ ᠤᠨ | ᠵᠠᠰᠠᠭ ᠤᠨ ᠶᠡᠷᠦᠩᠬᠡᠶ ᠲᠥᠰᠦᠪ ᠤᠨ ᠭᠦᠢᠴᠡᠳᠭᠡᠯ ᠤᠨ ᠠᠵᠢᠯ ᠤᠨ ᠲᠡᠷᠢᠭᠦᠨ ᠤ ᠬᠠᠮᠲᠤ︾᠂ ︽ᠬᠠᠤᠯᠢ ᠶᠣᠰᠣᠭᠠᠷ | ᠵᠠᠰᠠᠭ ᠶᠠᠪᠤᠭᠤᠯᠵᠤ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠠᠵᠢᠯ ᠤᠨ ᠲᠡᠷᠢᠭᠦᠨ ᠤ ᠨᠢᠭᠡᠴᠡ︾᠂ | ︽ᠴᠢᠩᠱᠠᠨ ᠲᠣᠭᠤᠷᠢᠭ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠ | ︽ᠴᠢᠩᠱᠠᠨ ᠲᠣᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠦᠢᠯᠡᠳᠦᠯᠴᠡᠭᠰᠡᠨ ᠰᠢᠯᠢᠳᠡᠭ ᠨᠢᠭᠡᠴᠡ︾ ᠵᠡᠷᠭᠡ ᠢᠷᠠᠭᠤ ᠠᠯᠳᠠᠷ ᠤᠨ ᠴᠤᠯᠠ ᠬᠦᠷᠲᠡᠪᠡ᠃ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】 | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ ᠥᠨᠥᠳᠦᠷ ᠴᠢᠩᠱᠠᠨ | ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠭᠤᠯᠤᠨ ᠤᠯᠠᠨ ᠲᠠᠢ ᠰᠠᠨᠠᠯ ᠢᠶᠠᠨ ᠰᠤᠯᠢᠯᠴᠠᠬᠤ | ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠤᠯᠠᠨ ᠢᠶᠠᠷ ᠢᠶᠠᠨ ᠤᠷᠳᠤ ᠬᠤᠭᠤᠴᠠᠭᠠᠨ ᠤ ᠲᠤᠷᠰᠢ ᠮᠠᠨ ᠤ | ᠲᠤᠭᠤᠷᠢᠭ ᠤᠨ ᠡᠳ᠋ ᠤᠨ ᠵᠠᠰᠠᠭ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ᠂ ᠤᠯᠠᠨ ᠢᠶᠠᠷ ᠢᠶᠠᠨ | ᠡᠳ᠋ ᠤᠨ ᠵᠠᠰᠠᠭ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠴᠤ᠂ ᠪᠢᠳᠡᠨ ᠤ ᠡᠳ᠋ ᠤᠨ ᠵᠠᠰᠠᠭ ᠤᠨ ᠦᠢᠯᠡᠴᠢᠯᠡᠭᠡᠨ ᠤ | ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ | 【ᠬᠥᠲᠥᠯᠥᠭᠴᠢ】 | ᠪᠢ ᠥᠩᠭᠡᠷᠡᠭᠰᠡᠨ ᠳᠤ ᠡᠷᠬᠢᠮ ᠨᠢᠭᠡᠴᠡ ᠶᠢᠨ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ | ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠠᠵᠤ | ᠦᠢᠯᠡᠳᠪᠦᠷᠢ ᠶᠢᠨ ᠬᠤᠳᠠ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠤᠨ ᠰᠢᠨ᠎ᠡ ᠬᠠᠭᠤᠳᠠᠰᠤ ᠶᠢ | ᠪᠢᠴᠢᠭᠯᠡᠶ᠎ᠡ︾ ᠭᠡᠬᠦ ᠭᠠᠷᠴᠠᠭ ᠲᠠᠢ ᠮᠡᠳᠡᠭᠡᠯᠡᠯ ᠤᠨ ᠡᠭᠡ ᠪᠢᠴᠢᠭ ᠢ ᠦᠵᠡᠵᠦ ᠦᠩᠭᠡᠷᠡᠵᠦ᠂ ᠡᠭᠦᠨ ᠳᠤ ᠮᠠᠰᠢ ᠭᠦᠨ | ᠰᠠᠭᠤᠭᠳᠠᠯ ᠲᠠᠢ ᠶᠤᠮ᠃ ᠮᠢᠨᠦ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︽ᠲᠡᠷᠢᠭᠦᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ | ︽ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠭᠦᠢᠴᠡᠳᠭᠡᠯ ᠤᠨ ᠠᠵᠢᠯ ᠤᠨ ᠲᠡᠷᠢᠭᠦᠨ ᠤ ᠬᠠᠮᠲᠤ︾᠂ ︽ᠬᠠᠤᠯᠢ | ᠶᠣᠰᠣᠭᠠᠷ ᠵᠠᠰᠠᠭ ᠶᠠᠪᠤᠭᠤᠯᠵᠤ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠠᠵᠢᠯ ᠤᠨ ᠲᠡᠷᠢᠭᠦᠨ ᠤ | ᠨᠢᠭᠡᠴᠡ︾᠂ ︽ᠴᠢᠩᠱᠠᠨ ᠲᠣᠭᠤᠷᠢᠭ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ | ᠪᠠ ︽ᠴᠢᠩᠱᠠᠨ ᠲᠣᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠰᠢᠯᠢᠳᠡᠭ ᠨᠢᠭᠡᠴᠡ︾ ᠵᠡᠷᠭᠡ ᠢᠷᠠᠭᠤ ᠠᠯᠳᠠᠷ ᠢ ᠬᠦᠷᠲᠡᠪᠡ᠃ ᠲᠠ | ᠤᠷᠢᠳᠠᠪᠠᠷ 2021 ᠣᠨ ᠤ ᠮᠠᠨ ᠤ ᠲᠤᠭᠤᠷᠢᠭ ᠤᠨ ᠡᠳ᠋ ᠤᠨ ᠵᠠᠰᠠᠭ ᠤᠨ ᠠᠵᠢᠯ ᠤᠨ ᠨᠡᠶᠢᠲᠡᠯᠢᠭ | ᠲᠤᠷᠰᠢᠯᠭ᠎ᠠ ᠶᠢᠨ ᠲᠠᠯ᠎ᠠ ᠶᠢᠨ ᠲᠣᠪᠴᠢ ᠪᠠᠶᠢᠳᠠᠯ ᠢ ᠲᠠᠨᠢᠯᠴᠠᠭᠤᠯᠤᠭᠠᠷᠠᠢ᠃ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】 | ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠮᠦᠨᠴᠦ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠦᠭᠰᠡᠨ ᠠᠴᠠ ᠨᠠᠰᠢ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︽ᠳᠥᠷᠪᠡᠨ ᠨᠢᠭᠡᠳᠦᠭᠡᠷ | ᠹᠷᠣᠨᠲ ᠤᠨ ᠠᠵᠢᠯ ᠤᠨ ᠠᠷᠭ᠎ᠠ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠪᠢ ᠣᠯᠠᠨ ᠲᠦᠮᠡᠨ ᠳᠤ ᠤᠴᠢᠷ | ᠶᠠᠪᠤᠳᠠᠯ ᠪᠦᠲᠦᠭᠡᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠤᠨ | ᠲᠥᠯᠥᠭᠡ ᠡᠳ᠋ ᠤᠨ ᠶᠠᠪᠤᠳᠠᠯ ᠢ ᠬᠠᠮᠢᠶᠠᠷᠬᠤ ᠪᠠᠷ ᠭᠤᠣᠯ ᠪᠣᠯᠭᠠᠵᠤ᠂ ︽ᠰᠤᠷᠤᠯᠴᠠᠬᠤ︾ ᠪᠠᠷ ︽ᠬᠡᠷᠡᠭᠵᠢᠭᠦᠯᠬᠦ︾ ᠶᠢ | ᠠᠬᠢᠭᠤᠯᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠲᠥᠰᠦᠪ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ | ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠢᠴᠢ ᠳᠣᠲᠣᠭᠠᠳᠤ ᠡᠵᠡᠮᠳᠡᠯ ᠤᠨ ᠲᠦᠷᠢᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠺᠠᠳ᠋ᠷ ᠤᠨ ᠠᠵᠢᠯ ᠤᠨ ᠰᠤᠷᠲᠠᠯ ᠢ ᠬᠦᠴᠦᠯᠡᠨ ᠰᠠᠶᠢᠵᠢᠷᠠᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠵᠠᠰᠠᠭ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠪᠤᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ | ᠡᠭᠦᠳᠦᠨ ᠪᠠᠶᠢᠭᠤᠯᠬᠤ ᠬᠦᠨᠳᠦ ᠨᠣᠴᠢᠲᠠᠶ ᠳᠠᠭᠠᠷᠢᠯᠲᠠ ᠪᠠ ᠨᠠᠷᠢᠨ ᠪᠤᠳᠤᠯᠢᠶᠠᠨᠲᠠᠶ ᠠᠵᠤ ᠠᠬᠤᠶ ᠶᠢᠨ | ᠪᠠᠶᠢᠳᠠᠯ ᠳᠤᠤᠷ᠎ᠠ᠂ ᠡᠳ᠋ ᠤᠨ ᠵᠠᠰᠠᠭ ᠤᠨ ︽ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢ ᠪᠠᠲᠤᠳᠬᠠᠨ᠂ | ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠩᠱᠠᠨ ᠲᠣᠭᠤᠷᠢᠭ ᠤᠨ ᠨᠡᠶᠢᠭᠡᠮ ᠠᠵᠤ | ᠠᠬᠤᠶ ᠶᠢᠨ ᠬᠥᠭᠵᠢᠯᠲᠡ ᠳᠤ ᠪᠠᠲᠤ ᠴᠢᠩᠭ᠎ᠠ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ᠃ | 【ᠬᠥᠲᠥᠯᠥᠭᠴᠢ】 | ᠮᠢᠨᠦ ᠮᠡᠳᠡᠬᠦ ᠪᠠᠷ ᠡᠳ᠋ ᠤᠨ ᠵᠠᠰᠠᠭ ᠤᠨ ᠠᠵᠢᠯ ᠤᠨ ᠭᠦᠢᠴᠡᠳᠬᠡᠬᠦ ᠲᠤᠭ᠎ᠠ ᠭᠤᠣᠯᠳᠠᠭᠤ ᠣᠷᠣᠯᠭ᠎ᠠ | ᠵᠠᠷᠤᠯᠭ᠎ᠠ ᠶᠢᠨ ᠲᠠᠯ᠎ᠠ ᠳᠤ ᠢᠯᠡᠷᠡᠵᠦ ᠪᠠᠶᠢᠨ᠎ᠠ᠂ ᠲᠠ ᠪᠣᠳᠠᠲᠠᠶ ᠪᠠᠷ ᠶᠠᠷᠢᠭᠠᠷᠠᠶ᠃ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】 | ᠡᠳ᠋ ᠤᠨ ᠵᠠᠰᠠᠭ ᠤᠨ ᠣᠷᠣᠯᠭ᠎ᠠ ᠶᠢᠨ ᠲᠠᠯ᠎ᠠ ᠪᠠᠷ᠄ 1 — 7 ᠳ᠋ᠤᠭᠠᠷ ᠰᠠᠷ᠎ᠠ ᠳᠤ᠂ ᠮᠠᠨ ᠤ ᠲᠤᠭᠤᠷᠢᠭ | ᠡᠩ ᠤᠨ ᠲᠥᠰᠦᠪ ᠤᠨ ᠣᠷᠣᠯᠭ᠎ᠠ ᠶᠢ ᠨᠡᠶᠢᠲᠡ 15.58 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠥᠪᠰᠢᠶᠡᠷᠡᠭᠰᠡᠨ 23.77 ᠳ᠋ᠦᠩᠰᠢᠭᠤᠷ ᠲᠥᠭᠦᠷᠢᠭ ᠤᠨ ᠲᠥᠰᠦᠪ ᠤᠨ 52.9% ᠶᠢ ᠪᠡᠶᠡᠯᠡᠭᠦᠯᠪᠡ᠃ | ᠡᠭᠦᠨ ᠳᠤ᠂ ᠭᠠᠶᠢᠯᠢ ᠶᠢᠨ ᠣᠷᠣᠯᠭ᠎ᠠ ᠶᠢ 11.11 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠲᠤᠭᠤᠷᠢᠭ ᠤᠨ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 88% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 0.58 ᠳ᠋ᠦᠩᠰᠢᠭᠤᠷ ᠲᠥᠭᠦᠷᠢᠭ ᠨᠡᠮᠡᠭᠳᠡᠨ᠂ 5.6% ᠪᠠᠷ ᠨᠡᠮᠡᠭᠳᠡᠪᠡ︔ ᠭᠠᠶᠢᠯᠢ ᠶᠢᠨ | ᠪᠤᠰᠤ ᠣᠷᠣᠯᠭ᠎ᠠ ᠶᠢ 1.47 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠲᠤᠭᠤᠷᠢᠭ ᠤᠨ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢᠨ 12% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 0.57 | ᠳ᠋ᠦᠩᠰᠢᠭᠤᠷ ᠲᠥᠭᠦᠷᠢᠭ ᠨᠡᠮᠡᠭᠳᠡᠨ᠂ 64.5% ᠪᠠᠷ ᠨᠡᠮᠡᠭᠳᠡᠪᠡ᠃ | ᠮᠠᠨ ᠤ ᠲᠤᠭᠤᠷᠢᠭ ᠤᠨ ᠡᠳ᠋ ᠤᠨ ᠵᠠᠰᠠᠭ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ᠄ 1 — 7 ᠳ᠋ᠤᠭᠠᠷ | ᠰᠠᠷ᠎ᠠ ᠳᠤ᠂ ᠮᠠᠨ ᠤ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 18.23 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 22.8 ᠳ᠋ᠦᠩᠰᠢᠭᠤᠷ ᠲᠥᠭᠦᠷᠢᠭ ᠤᠨ ᠲᠥᠰᠦᠪ ᠢ 80.2% ᠢᠶᠠᠷ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 45.8% ᠪᠠᠷ ᠨᠡᠮᠡᠭᠳᠡᠪᠡ᠃ | ᠮᠠᠨ ᠤ ᠲᠤᠭᠤᠷᠢᠭ ᠤᠨ ᠥᠷᠢ ᠥᠭᠴᠡᠭᠡ ᠶᠢ ᠠᠷᠢᠯᠭᠠᠭᠰᠠᠨ ᠪᠠᠶᠢᠳᠠᠯ᠄ 7 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 29.61 ᠳ᠋ᠦᠩᠰᠢᠭᠤᠷ | ᠲᠥᠭᠦᠷᠢᠭ ᠰᠢᠢᠳᠪᠦᠷᠢᠯᠡᠵᠦ᠂ ᠪᠥᠬᠦ ᠵᠢᠯ ᠤᠨ 34.89 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ | ᠠᠷᠢᠯᠭᠠᠬᠤ ᠬᠠᠷᠠᠯᠲᠠ ᠶᠢᠨ ᠡᠭᠦᠷᠭᠡ ᠶᠢᠨ 84.9% ᠶᠢ ᠪᠡᠶᠡᠯᠡᠭᠦᠯᠵᠦ᠂ ᠴᠠᠭ ᠤᠨ ᠳᠠᠷᠠᠭᠠᠯᠠᠯ ᠤᠨ ᠠᠬᠢᠴᠠ ᠠᠴᠠ | 26 ᠵᠠᠭᠤᠨ ᠤ ᠨᠢᠭᠡᠴᠢ ᠳᠠᠪᠠᠵᠠᠢ᠃ ᠡᠭᠦᠨ ᠳᠤ᠄ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ | ᠲᠣᠬᠢᠷᠠᠭᠤᠯᠤᠯᠲᠠ ᠪᠠᠷ ᠳᠡᠮᠵᠢᠨ 0.67 ᠳ᠋ᠦᠩᠰᠢᠭᠤᠷ ᠲᠥᠭᠦᠷᠢᠭ ᠢ ᠠᠷᠢᠯᠭᠠᠵᠤ᠂ ᠬᠢᠨᠠᠨ ᠬᠠᠷᠭᠤᠭᠤᠯᠵᠤ | ᠬᠠᠷᠭᠤᠭᠤᠯᠤᠨ ᠬᠠᠰᠤᠬᠤ ᠵᠢᠴᠢ ᠬᠠᠷᠭᠤᠭᠤᠯᠤᠨ ᠳᠠᠩᠰᠠᠨ ᠠᠴᠠ ᠭᠠᠷᠭᠠᠬᠤ ᠪᠠᠷ ᠳᠠᠮᠵᠢᠭᠤᠯᠤᠨ 0.05 | ᠳ᠋ᠦᠩᠰᠢᠭᠤᠷ ᠲᠥᠭᠦᠷᠢᠭ ᠢ ᠠᠷᠢᠯᠭᠠᠵᠤ᠂ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ | ᠲᠤᠷᠰᠢᠯᠲᠠ ᠪᠠᠷ 28.9 ᠳ᠋ᠦᠩᠰᠢᠭᠤᠷ ᠲᠥᠭᠦᠷᠢᠭ ᠢ ᠠᠷᠢᠯᠭᠠᠪᠠ᠃ | 【ᠬᠥᠲᠥᠯᠥᠭᠴᠢ】 | ᠡᠳᠦᠷ ᠲᠤᠳᠤᠮ ᠤᠨ ᠠᠮᠢᠳᠤᠷᠠᠯ ᠤᠨ ᠳᠤᠮᠳᠠ᠂ ᠲᠤᠭ᠎ᠠ ᠪᠠᠷᠢᠮᠲᠠ ᠨᠢ ᠬᠥᠮᠦᠰ ᠲᠤ ᠠᠪᠴᠤ ᠬᠡᠯᠡᠪᠡᠯ ᠠᠮᠲᠠ | ᠰᠢᠮᠳᠠ ᠦᠭᠡᠢ ᠪᠠᠶᠢᠵᠤ ᠮᠡᠳᠡᠨ᠎ᠠ᠂ ᠭᠡᠪᠡᠴᠦ ᠡᠳ᠋ ᠤᠨ ᠵᠠᠰᠠᠭ ᠤᠨ ᠬᠥᠮᠦᠰ ᠲᠤ ᠪᠣᠯ ᠲᠡᠳᠡᠭᠡᠷ ᠨᠢ ᠬᠠᠷᠢᠨ ᠠᠮᠢᠳᠤ | ᠰᠣᠷᠭᠤᠭ ᠪᠠᠶᠢᠳᠠᠭ᠂ ᠡᠳ᠋ ᠤᠨ ᠵᠠᠰᠠᠭ ᠤᠨ ᠲᠠᠩᠰᠠ ᠳᠠᠬᠢ ᠲᠤᠭ᠎ᠠ ᠪᠠᠷᠢᠮᠲᠠ ᠨᠢᠭᠡᠪᠦᠷᠢ ᠳᠤ ᠴᠥᠮ ᠡᠳ᠋ ᠤᠨ | ᠵᠠᠰᠠᠭ ᠤᠨ ᠬᠥᠮᠦᠰ ᠤᠨ ᠰᠢᠷᠭᠠᠭᠤ ᠬᠥᠳᠡᠯᠮᠦᠷᠢ ᠪᠠ ᠬᠦᠴᠦ ᠬᠥᠯᠥᠰᠥ ᠠᠬᠤᠭᠤᠯᠤᠭᠳᠠᠵᠤ ᠪᠠᠶᠢᠳᠠᠭ᠃ ᠤᠢᠢᠷ᠎ᠠ ᠶᠢᠨ | ᠵᠢᠯ ᠤᠳ ᠲᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠮᠥᠩᠭᠦ ᠴᠤᠭᠯᠠᠭᠤᠯᠬᠤ ᠶᠢᠨ | ᠬᠠᠮᠲᠤ ᠡᠳ᠋ ᠤᠨ ᠶᠠᠪᠤᠳᠠᠯ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠪᠠᠶᠢᠨ᠎ᠠ᠃ ᠠᠵᠤ | ᠠᠬᠤᠶ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ | ᠡᠷᠴᠢᠮ ᠴᠢᠩᠭᠠᠷᠠᠭᠰᠠᠨ ᠵᠢᠴᠢ ︽ᠤᠰᠤ ᠶᠢ ᠪᠠᠭᠠᠰᠬᠠᠬᠤ︾ ᠵᠡᠷᠭᠡ ᠬᠦᠴᠦᠨ ᠵᠦᠢᠯ ᠤᠨ ᠳᠠᠪᠬᠤᠴᠠᠯ ᠤᠨ | ᠨᠥᠯᠥᠭᠡ ᠠᠴᠠ ᠪᠤᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠪᠠᠭᠤᠷᠠᠵᠤ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠷᠢᠳ ᠡᠮᠦᠨ᠎ᠡ ᠭᠠᠷᠤᠭ᠎ᠠ ᠦᠭᠡᠢ ᠲᠤᠪᠤᠶᠢᠵᠤ ᠪᠠᠶᠢᠨ᠎ᠠ᠃ ᠲᠠ | ᠢᠮᠦ ᠣᠯᠠᠨ ᠬᠦᠴᠢᠷᠳᠡᠯ ᠲᠠᠢ ᠪᠠᠶᠢᠳᠠᠯ ᠤᠨ ᠡᠮᠦᠨ᠎ᠡ᠂ ᠲᠤᠭᠤᠷᠢᠭ ᠤᠨ ᠡᠳ᠋ ᠤᠨ ᠵᠠᠰᠠᠭ ᠠᠴᠠ ᠣᠷᠣᠯᠭ᠎ᠠ ᠶᠢ ᠬᠡᠷᠬᠢᠨ | ᠵᠣᠬᠢᠶᠠᠨ ᠪᠠᠢᠭᠤᠯᠤᠭᠰᠠᠨ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】 | ᠡᠳ᠋ ᠤᠨ ᠵᠠᠰᠠᠭ ᠤᠨ ᠣᠷᠣᠯᠭᠠᠭᠤᠣᠯᠳᠠᠭᠤ ᠭᠤᠷᠪᠠᠨ ᠲᠠᠯ᠎ᠠ ᠪᠠᠷ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠨ᠎ᠡ᠃ | ᠡᠩ ᠲᠡᠷᠢᠭᠦᠨ ᠳᠤ ᠲᠠᠯᠳᠠ ᠬᠦᠴᠦᠨ ᠢ ᠠᠭᠤᠳᠠᠯᠤᠨ ᠣᠷᠣᠯᠭ᠎ᠠ ᠪᠠᠨ ᠨᠡᠮᠡᠭᠳᠡᠭᠦᠯᠵᠦ᠂ ᠡᠳ᠋ ᠤᠨ ᠵᠠᠰᠠᠭ ᠤᠨ | ᠪᠣᠳᠠᠲᠤ ᠬᠦᠴᠦᠨ ᠢ ᠲᠠᠰᠤᠷᠠᠯᠳᠠ ᠦᠭᠡᠢ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠠᠷᠤᠯᠲᠠ ᠯᠤᠲᠤ ᠶᠡᠭᠡ | ᠪᠠᠶᠢᠬᠤ ᠤᠷᠢᠲᠠᠯ ᠤᠨ ᠳᠣᠣᠷ᠎ᠠ᠂ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠨᠢᠭᠲᠠ ᠵᠣᠬᠢᠴᠠᠯᠳᠤᠨ | ᠬᠠᠮᠵᠢᠯᠴᠠᠵᠤ᠂ ᠨᠢᠭᠡ ᠲᠠᠯ᠎ᠠ ᠪᠠᠷ ᠭᠠᠶᠢᠯᠢ ᠶᠢᠨ ᠢᠷᠡᠯᠳᠡ ᠶᠢᠨ ᠰᠠᠭᠤᠷᠢ ᠶᠢ ᠪᠠᠬᠢᠵᠢᠭᠦᠯᠵᠦ᠂ ᠮᠥᠩᠭᠦᠨ ᠭᠦᠢᠯᠭᠡᠭᠡ | ᠳᠠᠭᠠᠳᠬᠠᠯ ᠤᠨ ᠦᠢᠯᠡᠰ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠤᠩᠭᠡ ᠶᠢᠨ ᠦᠢᠯᠡᠰ ᠪᠠ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠵᠡᠷᠭᠡ ᠭᠤᠣᠯᠳᠠᠯᠭ᠎ᠠ ᠲᠠᠢ ᠠᠵᠢᠯ ᠲᠦᠷᠤᠯ ᠤᠨ ᠭᠠᠶᠢᠯᠢ | ᠲᠠᠲᠠᠪᠤᠷᠢ ᠶᠢᠨ ᠪᠦᠲᠦᠴᠡ ᠶᠢ ᠰᠢᠯᠢᠳᠡᠭᠵᠢᠭᠦᠯᠵᠦ᠂ ᠲᠠᠷᠠᠬᠠᠶ ᠪᠤᠲᠠᠷᠬᠠᠶ ᠭᠠᠶᠢᠯᠢ ᠲᠠᠲᠠᠪᠤᠷᠢ ᠶᠢ ᠲᠠᠲᠠᠪᠤᠷᠢᠯᠠᠨ | ᠲᠤᠰᠢᠶᠠᠬᠤ ᠶᠢ ᠴᠢᠩᠭᠠᠳᠬᠠᠪᠠ︔ ᠨᠥᠭᠦᠭᠡ ᠲᠠᠯ᠎ᠠ ᠪᠠᠷ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠥᠷᠥ ᠶᠢᠨ | ᠪᠣᠳᠣᠯᠭ᠎ᠠ ᠶᠢᠨ ᠲᠡᠳᠬᠦᠨ ᠳᠡᠮᠵᠢᠬᠦ ᠴᠢᠭᠯᠡᠯ ᠪᠠ ᠪᠠᠯᠠ ᠮᠥᠩᠭᠦ ᠶᠢᠨ ᠣᠷᠣᠭᠤᠯᠤᠯᠲᠠ ᠶᠢᠨ ᠤᠳᠤᠷᠢᠳᠤᠮᠵᠢ ᠶᠢ | ᠡᠵᠡᠮᠳᠡᠵᠦ᠂ ᠭᠠᠵᠠᠷ ᠣᠷᠣᠨ ᠤ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠤᠶᠠᠯᠳᠤᠯ ᠤᠨ ᠴᠡᠭ ᠢ ᠣᠨᠣᠪᠴᠢᠲᠠᠶ | ᠡᠷᠢᠨ ᠣᠯᠵᠤ᠂ ᠳᠡᠭᠡᠭᠰᠢ ᠮᠡᠳᠡᠭᠦᠯᠬᠦ ᠵᠦᠢᠯᠡᠰ ᠤᠨ ᠠᠮᠵᠢᠯᠲᠠ ᠤᠯᠬᠤ ᠨᠣᠷᠮ᠎ᠠ ᠶᠢ ᠬᠠᠨᠳᠤᠯᠭᠠᠲᠤ ᠴᠢᠨᠠᠷᠲᠠᠶ ᠪᠠᠷ | ᠵᠣᠬᠢᠶᠠᠨ ᠪᠠᠶᠢᠭᠤᠯᠵᠤ ᠳᠡᠭᠡᠭᠰᠢᠯᠡᠭᠦᠯᠬᠦ ᠬᠡᠷᠡᠭᠲᠡᠶ᠃ ᠢᠳᠡᠪᠬᠢᠲᠡᠶ ᠪᠥᠭᠡᠳ ᠪᠦᠲᠦᠮᠵᠢᠲᠡᠶ ᠠᠷᠭ᠎ᠠ ᠠᠪᠴᠢᠯ ᠤᠨ | ᠳᠣᠤᠷ᠎ᠠ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠯ᠎ᠡ ᠲᠥᠷᠥᠯ ᠤᠨ ᠦᠯᠡᠳᠡᠭᠡᠯ ᠪᠠᠯᠠ | ᠮᠥᠩᠭᠦ ᠶᠢ ᠴᠠᠭ ᠲᠤᠬᠠᠶ ᠳᠤᠨᠢ ᠠᠮᠢᠳᠤᠯᠢᠭ ᠪᠣᠯᠭᠠᠵᠤ᠂ ︽ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ︾ | ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠡᠮᠵᠢᠬᠦ ᠵᠡᠷᠭᠡ ᠪᠦᠲᠦᠮᠵᠢᠲᠡᠶ ᠠᠷᠭ᠎ᠠ ᠪᠠᠷᠢᠯ ᠢ ᠬᠡᠷᠡᠭᠯᠡᠵᠦ᠂ | ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠢ 6.5 ᠵᠠᠭᠤᠨ ᠤ ᠨᠢᠭᠡᠴᠢ ᠪᠠᠭᠤᠷᠠᠭᠤᠯᠵᠤ᠂ ᠭᠠᠵᠠᠷ | ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠴᠠᠯᠢᠩ ᠢ ᠪᠠᠲᠤᠯᠠᠬᠤ᠂ ᠡᠷᠬᠢᠯᠲᠡ ᠶᠢ ᠪᠠᠲᠤᠯᠠᠬᠤ᠂ ᠠᠷᠠᠳ ᠤᠨ | ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠵᠠᠷᠤᠯᠭ᠎ᠠ ᠶᠢᠨ ᠬᠠᠷᠠᠯᠲᠠ ᠶᠢ ᠪᠡᠶᠡᠯᠡᠭᠦᠯᠪᠡ᠃ | ᠬᠤᠶᠠᠳᠤᠭᠠᠷ ᠲᠤ᠂ ᠶᠠᠰᠤ ᠴᠢᠨᠠᠷ ᠢ ᠳᠡᠭᠡᠭᠰᠢᠯᠡᠭᠦᠯᠦᠨ ᠪᠠᠯᠠ ᠣᠷᠣᠭᠤᠯᠵᠤ᠂ ᠬᠦᠷᠢᠶᠡᠯᠡᠩ ᠲᠣᠭᠤᠷᠢᠭ ᠤᠨ | ᠠᠷᠠᠯᠵᠢᠶ᠎ᠠ ᠬᠤᠳᠠᠯᠳᠤᠭ᠎ᠠ ᠨᠢ ᠠᠵᠤ ᠠᠬᠤᠶ ᠶᠢ ᠠᠬᠢᠭᠤᠯᠤᠨ᠎ᠠ᠃ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠨᠢ ᠳᠡᠭᠡᠳᠦ ᠱᠠᠲᠤᠨ ᠤ ᠪᠤᠭᠤᠲᠤ ᠬᠤᠲᠠ ᠶᠢᠨ ᠲᠣᠨᠤᠭ ᠲᠥᠬᠦᠭᠡᠷᠦᠮᠵᠢ ᠦᠢᠯᠡᠰᠬᠦ ᠬᠦᠷᠢᠶᠡᠯᠡᠩ | ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠡᠯ᠎ᠡ ᠵᠦᠢᠯ ᠤᠨ ᠡᠳ᠋ ᠤᠨ ᠵᠠᠰᠠᠭ ᠤᠨ ᠱᠠᠩᠨᠠᠨ | ᠬᠥᠬᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠦᠷᠢᠶᠡᠯᠡᠩ | ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ | ᠣᠷᠣᠭᠤᠯᠤᠨ ᠣᠶᠤᠨ ᠤᠬᠠᠭᠠᠨ ᠣᠷᠣᠭᠤᠯᠬᠤ ᠶᠢ ᠳᠡᠮᠵᠢᠨ᠎ᠡ᠃ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ | ᠵᠢᠯᠣᠭᠤᠳᠴᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠨᠡᠶᠢᠭᠡᠮ ᠤᠨ ᠬᠥᠷᠥᠩᠭᠡ ᠶᠢ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠠᠵᠤ ᠠᠬᠤᠶ ᠶᠢᠨ | ᠬᠥᠭᠵᠢᠯᠲᠡ ᠶᠢᠨ ᠪᠠᠭᠤᠷᠠᠶ ᠭᠤᠭᠴᠤᠭ᠎ᠠ ᠳᠤ ᠣᠷᠣᠭᠤᠯᠬᠤ ᠶᠢ ᠳᠠᠶᠢᠴᠢᠯᠠᠵᠤ᠂ ᠦᠢᠯᠡᠳᠬᠦ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠳᠣᠪᠤᠶᠢᠯᠭᠠᠨ ᠳᠡᠮᠵᠢᠨ᠎ᠡ᠃ ᠬᠦᠷᠢᠶᠡᠯᠡᠩ ᠲᠣᠭᠤᠷᠢᠭ ᠤᠨ ᠠᠷᠲ᠋ᠤᠰ ᠤᠨ ᠨᠡᠷᠡᠨ | ᠡᠨᠧᠷᠭᠢ ᠶᠢᠨ ᠲᠡᠪᠬᠡ ᠴᠢᠳᠬᠤᠬᠤ ᠵᠡᠷᠭᠡ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠮᠠᠷᠠᠲᠤ ᠶᠢᠨ ᠵᠢᠶᠠ ᠷᠦᠢ᠂ ᠰᠠᠶᠢᠪᠸᠢ ᠶᠢᠨ ᠮᠠᠰᠢᠨ ᠮᠧᠬᠠᠨᠢᠭ ᠵᠡᠷᠭᠡ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠢᠳᠡᠷᠡᠭᠦᠨ ᠢᠶᠠᠷ | ᠦᠰᠦᠨ ᠪᠤᠶᠢᠵᠢᠵᠤ᠂ ᠪᠤᠭᠤᠲᠤ ᠬᠤᠲᠠ ᠶᠢᠨ ᠴᠥᠮ᠎ᠡ ᠶᠢᠨ ᠡᠨᠧᠷᠭᠢ ᠪᠠᠷ ᠢᠯᠴᠢ ᠬᠠᠩᠭᠠᠬᠤ ᠵᠢᠴᠢ ᠴᠥᠮ᠎ᠡ ᠶᠢᠨ | ᠮᠡᠷᠭᠡᠵᠢᠯ ᠤᠨ ᠬᠡᠷᠡᠭᠯᠡᠯᠲᠡ ᠵᠡᠷᠭᠡ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠷᠥᠯ | ᠵᠦᠢᠯ ᠢ ᠡᠮᠬᠢ ᠵᠢᠷᠤᠮ ᠲᠠᠢ ᠠᠬᠢᠭᠤᠯᠤᠨ᠎ᠠ᠃ ᠡᠭᠦᠨ ᠤ ᠵᠡᠷᠭᠡ ᠳᠤ᠂ ᠭᠠᠵᠠᠷ ᠣᠷᠣᠨ ᠤ ᠠᠷᠠᠯᠵᠢᠶ᠎ᠠ ᠬᠤᠳᠠᠯᠳᠤᠭᠠᠨ ᠤ | ᠠᠵᠤ ᠠᠬᠤᠶ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ︽ᠵᠢᠷᠭᠤᠭᠠᠨ ᠲᠣᠮᠣ ᠬᠤᠳᠠᠯᠳᠤᠭᠠᠨ ᠤ | ᠶᠠᠪᠤᠳᠠᠯ ᠤᠨ ᠣᠷᠣᠨ︾ ᠤ ᠨᠥᠯᠥᠭᠡᠯᠡᠨ ᠳᠠᠶᠢᠴᠢᠯᠠᠬᠤ ᠦᠢᠯᠡᠳᠦᠯ ᠢ ᠢᠯᠡᠳᠲᠡ ᠴᠢᠩᠭᠠᠷᠠᠭᠤᠯᠵᠤ᠂ ᠦᠢᠯᠡᠴᠢᠯᠡᠭᠡᠨ ᠤ | ᠭᠠᠵᠠᠷ ᠣᠷᠣᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠸᠠᠨ ᠳ᠋ᠠ᠂ ᠸᠤᠯᠮᠧᠷᠲ᠂ ᠵᠢᠦ | ᠰᠢᠩ ᠲᠤᠴᠠᠭᠠᠨ ᠤ ᠬᠤᠳᠠᠯᠳᠤᠭᠠᠨ ᠤ ᠶᠠᠪᠤᠳᠠᠯ ᠤᠨ ᠲᠣᠭᠤᠷᠢᠭ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 10% ᠣᠷᠴᠢᠮ ᠨᠡᠮᠡᠭᠳᠡᠵᠦ᠂ ᠬᠤᠲᠠ ᠶᠢᠨ ᠲᠣᠭᠤᠷᠢᠭ ᠤᠨ ᠴᠢᠳᠠᠮᠵᠢ ᠪᠠ ᠴᠢᠨᠠᠷ ᠲᠠᠰ | ᠤᠯᠠᠮ ᠨᠢᠭᠡ ᠠᠯᠬᠤᠮ ᠳᠡᠭᠡᠭᠰᠢᠯᠡᠪᠡ᠃ | ᠭᠤᠷᠪᠠᠳᠤᠭᠠᠷ ᠲᠤ᠂ ᠬᠢᠨᠠᠨ ᠬᠠᠮᠢᠶᠠᠷᠴᠤ ᠴᠢᠩᠭ᠎ᠠ ᠬᠢᠵᠠᠭᠠᠷᠯᠠᠵᠤ᠂ ᠪᠠᠯᠠ ᠮᠥᠩᠭᠦ ᠶᠢᠨ ᠦᠷ᠎ᠡ ᠠᠰᠢᠭ ᠤᠨ | ᠡᠮᠬᠢ ᠳᠢᠭᠯᠢᠮ ᠢ ᠵᠢᠷᠤᠮᠵᠢᠭᠤᠯᠤᠨ᠎ᠠ᠃ ᠤᠯᠠᠮ ᠨᠢᠭᠡ ᠠᠯᠬᠤᠮ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ | ᠠᠷᠪᠢᠯᠠᠵᠤ᠂ ᠠᠯᠳᠠᠰᠢ ᠭᠠᠷᠬᠤ ᠶᠢ ᠬᠤᠷᠢᠭᠯᠠᠵᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠠᠷᠢᠨ ᠨᠢᠮᠪᠠᠶ ᠪᠤᠳᠤᠵᠤ ᠠᠷᠪᠢᠯᠠᠨ ᠭᠠᠮᠨᠠᠵᠤ᠂ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠵᠦᠢᠯᠡᠰ ᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠵᠠᠬᠢᠷᠭᠠᠨ ᠤ ᠵᠠᠷᠤᠯᠭ᠎ᠠ ᠶᠢ | ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠵᠢᠯ ᠪᠦᠷᠢ 20% ᠪᠠᠷ ᠪᠠᠭᠠᠰᠬᠠᠨ᠎ᠠ᠃ ᠲᠤᠰᠬᠠᠶ | ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠲᠤᠰᠬᠠᠶ ᠵᠦᠢᠯ ᠤᠨ ᠪᠡᠯᠡ ᠮᠥᠩᠭᠦ᠂ | ᠰᠢᠭᠤᠳ ᠬᠦᠷᠬᠦ ᠪᠡᠯᠡ ᠮᠥᠩᠭᠦ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾᠂ ᠠᠮᠤ ᠪᠤᠳᠠᠭᠠᠨ ᠤ ᠰᠢᠭᠤᠳ ᠨᠥᠬᠦᠪᠥᠷᠢ᠂ ᠨᠡᠶᠢᠭᠡᠮ ᠤᠨ | ᠪᠠᠲᠤᠯᠠᠭ᠎ᠠ ᠵᠡᠷᠭᠡ ᠲᠤᠰᠬᠠᠶ ᠵᠦᠢᠯ ᠤᠨ ᠪᠡᠯᠡ ᠮᠥᠩᠭᠦ ᠳᠤ ᠲᠤᠰᠬᠠᠶ ᠳᠠᠩᠰᠠ ᠪᠠᠷ ᠬᠠᠳᠠᠭᠠᠯᠠᠬᠤ᠂ ᠲᠤᠰᠬᠠᠶ | ᠳᠠᠩᠰᠠ ᠪᠠᠷ ᠲᠣᠭᠠᠴᠠᠭ᠎ᠠ ᠬᠢᠬᠦ ᠪᠠ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠬᠡᠷᠡᠭᠵᠢᠭᠦᠯᠪᠡ᠃ | ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠢ ᠵᠢᠷᠤᠮᠵᠢᠭᠤᠯᠤᠨ᠂ ︽ᠬᠠᠮᠢᠶᠠᠷᠬᠤ ᠪᠠ ᠬᠤᠳᠠᠯᠳᠤᠨ | ᠠᠪᠬᠤ ᠶᠢ ᠰᠠᠯᠭᠠᠬᠤ︾ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠡᠯᠧᠺᠲᠷᠣᠨ ᠬᠤᠳᠠᠯᠳᠤᠨ ᠠᠪᠬᠤ ᠶᠢ | ᠢᠳᠡᠪᠬᠢᠲᠡᠶ ᠬᠡᠷᠡᠭᠵᠢᠭᠦᠯᠦᠨ᠂ ᠬᠤᠳᠠᠯᠳᠤᠨ ᠠᠪᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠬᠡᠪᠴᠢᠶ᠎ᠡ 1074.82 ᠲᠦᠮᠡᠨ ᠲᠥᠭᠦᠷᠢᠭ ᠲᠤ ᠬᠦᠷᠴᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ | 1052.89 ᠲᠦᠮᠡᠨ ᠲᠥᠭᠦᠷᠢᠭ ᠲᠤ ᠬᠦᠷᠴᠦ᠂ 21.93 ᠲᠦᠮᠡᠨ ᠲᠥᠭᠦᠷᠢᠭ ᠤᠨ ᠪᠠᠯᠠ ᠮᠥᠩᠭᠦ ᠶᠢ ᠠᠷᠪᠢᠯᠠᠵᠤ᠂ | ᠠᠷᠪᠢᠯᠠᠭᠰᠠᠨ ᠨᠣᠷᠮ᠎ᠠ 2.04% ᠳᠤ ᠬᠦᠷᠴᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠪᠦᠲᠦᠮᠵᠢᠲᠡᠶ ᠳᠡᠭᠡᠭᠰᠢᠯᠡᠭᠦᠯᠪᠡ᠃ | 【ᠬᠥᠲᠥᠯᠥᠭᠴᠢ】 | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ ᠪᠤᠳᠠᠲᠠᠢ ᠶᠠᠪᠤᠳᠠᠯ ᠬᠢᠬᠦ︾ | ᠦᠢᠯᠡᠳᠦᠯᠭᠡ ᠶᠢᠨ ᠠᠵᠢᠯᠯᠠᠭ᠎ᠠ ᠳᠤ᠂ ᠲᠤᠭᠤᠷᠢᠭ ᠤᠨᠡᠳ᠋ ᠤᠨ ᠵᠠᠰᠠᠭ ᠤᠨ ᠲᠤᠪᠴᠢᠶ᠎ᠠ ᠨᠢ ᠡᠳ᠋ ᠤᠨ ᠵᠠᠰᠠᠭ ᠤᠨ | ᠣᠷᠣᠯᠭ᠎ᠠ ᠶᠢᠨ ᠲᠣᠭᠤᠷᠢᠨ ᠳᠤ ᠠᠷᠠᠳ ᠠᠴᠠ ᠠᠪᠴᠤ᠂ ᠠᠷᠠᠳ ᠲᠤ ᠬᠡᠷᠡᠭᠯᠡᠬᠦ ᠶᠢᠨ ᠭᠤᠣᠯ ᠴᠢᠬᠤᠯᠠ ᠠᠭᠤᠯᠭ᠎ᠠ | ᠪᠣᠯᠪᠠ᠃ ᠲᠠ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠪᠦᠲᠦᠮᠵᠢᠲᠦ ᠴᠢᠨᠠᠷ ᠪᠠ ᠦᠷᠭᠦᠯᠵᠢᠯᠡᠬᠦ ᠴᠢᠨᠠᠷ ᠢ ᠴᠢᠩᠭᠠᠳᠬᠠᠬᠤ ᠲᠠᠯ᠎ᠠ ᠪᠠᠷ | ᠪᠣᠳᠠᠲᠠᠶ ᠶᠠᠷᠢᠭᠠᠷᠠᠶ᠃ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】 | ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠦᠨᠳᠦᠰᠦᠨ ᠵᠦᠢᠯ ᠢ ᠪᠠᠲᠤᠯᠠᠬᠤ᠂ ᠨᠠᠭᠠᠳᠤ | ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ᠂ ᠦᠷᠭᠦᠯᠵᠢᠯᠡᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ | ᠪᠠ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠠᠢ᠃ ︽ᠪᠦᠬᠦᠨ ᠳᠤ | ᠳᠣᠭᠢᠷᠠᠬᠤ ᠺᠠᠷᠲ︾ ᠢᠶᠠᠷ ᠳᠠᠮᠵᠢᠭᠤᠯᠤᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠵᠡᠷᠭᠡ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ ᠲᠤᠭ᠎ᠠ ᠶᠣᠰᠣᠭᠠᠷ ᠭᠦᠢᠴᠡᠳ | ᠲᠠᠷᠬᠠᠭᠠᠵᠤ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠡᠮᠴᠢᠯᠡᠭᠡ ᠡᠷᠡᠭᠦᠯ ᠬᠠᠮᠠᠭᠠᠯᠠᠯ | ᠬᠢᠭᠡᠳ ᠲᠥᠯᠥᠪᠯᠡᠭᠡᠲᠦ ᠦᠷᠡᠵᠢᠯ ᠵᠡᠷᠭᠡ ᠲᠠᠯ᠎ᠠ ᠳᠤ ᠬᠡᠷᠡᠭᠯᠡᠭᠰᠡᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠢ ᠲᠤᠯᠤᠭᠠᠨ | ᠬᠤᠪᠢ ᠳᠤ ᠬᠦᠷᠦᠭᠦᠯᠵᠦ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠪᠠ᠃ ᠡᠳ᠋ ᠤᠨ ᠵᠠᠰᠠᠭ ᠤᠨ ᠬᠦᠴᠦᠲᠡᠶ ᠳᠡᠮᠵᠢᠯᠭᠡ ᠨᠢ ᠴᠢᠩᠱᠠᠨ ᠲᠣᠭᠤᠷᠢᠭ ᠤᠨ ᠠᠷᠠᠳ ᠤᠨ ᠠᠮᠢᠳᠤᠷᠠᠯ ᠤᠨ | ᠦᠢᠯᠡᠰ ᠤᠨ ᠥᠷᠨᠢᠩᠭᠦᠶ ᠬᠥᠭᠵᠢᠯᠲᠡ ᠶᠢ ᠪᠦᠲᠦᠮᠵᠢᠲᠡᠶ ᠪᠠᠷ ᠠᠬᠢᠭᠤᠯᠤᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ | ᠨᠠᠰᠢ᠂ ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠳ᠋ᠦᠩ ᠳ᠋ᠡ ᠭᠸᠦ ᠲᠣᠰᠬᠤᠨ ᠳᠤ ᠡᠷᠭᠢᠯᠡᠭᠰᠡᠨ ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠤᠯᠢᠷ ᠤᠨ ᠱᠤᠭᠤᠮᠠᠯ᠂ ︽ᠴᠡᠢ ᠶᠢᠨ ᠬᠤᠨᠳᠠᠭ᠎ᠠ ᠶᠢᠨ ᠴᠤᠭᠯᠠᠭᠠᠨ︾ | ᠤ ᠤᠷᠠᠯᠢᠭ ᠤᠨ ᠨᠠᠶᠢᠷ ᠨᠢ ᠴᠢᠩᠱᠠᠨ ᠲᠣᠭᠤᠷᠢᠭ ᠤᠨ ᠠᠷᠠᠳ ᠢᠷᠭᠡᠳ ᠤᠨ ᠠᠤᠴᠠᠭᠠᠢ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠬᠠᠶᠢᠷ᠎ᠠ ᠰᠡᠳᠬᠢᠯᠭᠡ ᠪᠣᠯᠤᠭᠰᠠᠨ ᠪᠠᠶᠢᠨ᠎ᠠ᠃ 320 ᠲᠦᠮᠡᠨ ᠲᠥᠭᠦᠷᠢᠭ ᠣᠷᠣᠭᠤᠯᠵᠤ᠂ | ᠳ᠋ᠦᠩ ᠳ᠋ᠠ ᠱᠠᠨ ᠤᠷᠠᠯᠢᠭ ᠤᠨ ᠨᠠᠶᠢᠷ᠂ ᠬᠠᠨ ᠵᠢᠤᠸᠠᠢ ᠲᠠᠯᠠᠪᠠᠶ᠂ ᠬᠤᠸᠠ ᠭᠧ ᠲᠠᠢ ᠶᠢᠨ ᠬᠡᠭᠡᠷ᠎ᠡ ᠪᠠᠭᠤᠳᠠᠯᠯᠠᠬᠤ | ᠲᠣᠭᠤᠷᠢᠭ ᠵᠡᠷᠭᠡ ᠰᠡᠯᠡᠭᠦᠴᠡᠯ ᠵᠤᠭᠠᠴᠠᠯ ᠤᠨ ᠲᠠᠷᠢᠶᠠᠯᠠᠩ ᠵᠡᠷᠭᠡ ᠰᠣᠶᠣᠯ ᠵᠤᠭᠠᠴᠠᠯ ᠤᠨ ᠠᠵᠤ ᠦᠢᠯᠡᠰ ᠤᠨ | ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠭᠠᠵᠠᠷ ᠣᠷᠣᠨ ᠤ ᠣᠯᠠᠨ ᠲᠦᠮᠡᠨ ᠤ ᠣᠯᠠᠨ ᠡᠰᠢᠵᠢᠭᠰᠡᠨ᠂ ᠣᠯᠠᠨ | ᠶᠠᠩᠵᠤ ᠶᠢᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠨᠡ ᠵᠢᠯ ᠠᠴᠠ ᠨᠠᠰᠢ᠂ 1.65 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ᠂ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠢᠮᠳᠠ ᠲᠦᠷᠢᠶᠡᠰᠦᠨ ᠣᠷᠣᠨ ᠰᠠᠭᠤᠴᠠ ᠶᠢᠨ | ᠪᠥᠲᠥᠭᠡᠨ ᠪᠠᠶᠢᠭᠤᠯᠤᠯᠲᠠ ᠶᠢᠨ ︽ᠳᠤᠯᠠᠭᠠᠨ ᠬᠡᠷ︾ ᠤᠨ ᠢᠨᠵᠧᠨᠧᠷᠢᠩ ᠵᠢᠴᠢ ᠬᠠᠭᠤᠴᠢᠨ ᠵᠢᠵᠢᠭ ᠲᠣᠭᠤᠷᠢᠭ ᠢ | ᠵᠠᠰᠠᠬᠤ ᠵᠡᠷᠭᠡ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠳᠡᠮᠵᠢᠵᠦ ᠠᠬᠢᠭᠤᠯᠪᠠ᠃ 4 ᠳ᠋ᠦᠩᠰᠢᠭᠤᠷ ᠲᠥᠭᠦᠷᠢᠭ | ᠤᠨ ᠪᠡᠯᠡ ᠣᠷᠣᠭᠤᠯᠵᠤ᠂ ᠵᠦᠩ ᠴᠧᠩ ᠤᠯᠠᠨ ᠤᠯᠤᠰ ᠤᠨ ᠬᠡᠦᠬᠡᠳ ᠤᠨ ᠴᠡᠴᠡᠷᠯᠢᠭ ᠢ ᠡᠭᠡᠭᠦᠯᠦᠨ ᠬᠤᠳᠠᠯᠳᠤᠨ | ᠠᠪᠴᠤ᠂ ᠪᠤᠭᠤᠲᠤ ᠬᠤᠳᠠ ᠶᠢᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠲᠥᠪ᠂ ᠰᠦᠩ ᠱᠢ ᠤᠯᠠᠨ | ᠤᠯᠤᠰ ᠤᠨ ᠰᠤᠷᠭᠠᠭᠤᠯᠢ᠂ ᠤᠮᠠᠷᠠᠲᠦ ᠶᠢᠨ ᠬᠦᠨᠳᠦ ᠠᠵᠤ ᠦᠢᠯᠡᠳᠪᠦᠷᠢ ᠶᠢᠨ ᠲᠤᠷᠰᠢᠯᠲᠠ ᠶᠢᠨ ᠪᠠᠭ᠎ᠠ | ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠪᠠᠷᠢᠮᠵᠢᠶᠠᠵᠢᠭᠤᠯᠤᠭᠰᠠᠨ ᠰᠤᠷᠭᠠᠭᠤᠯᠢ᠂ ᠬᠥᠳᠡᠭᠡ | ᠲᠣᠰᠬᠤᠨ ᠤ ᠨᠥᠬᠦᠴᠡᠯ ᠪᠠᠷᠤᠭᠲᠠᠶ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠪᠥᠳᠥᠭᠡᠨ | ᠪᠠᠶᠢᠭᠤᠯᠤᠯᠲᠠ ᠵᠢᠨᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃ | 【ᠬᠥᠲᠥᠯᠥᠭᠴᠢ】 | ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠹᠦ᠋ ᠾᠧ ᠳ᠋ᠠᠩ ᠲᠣᠰᠬᠤᠨ ᠠᠴᠠ᠂ ᠳᠠᠯᠠᠨ ᠬᠠᠷ᠎ᠠ | ᠠᠭᠤᠯᠠ ᠶᠢ ᠬᠠᠷᠠᠬᠤ ᠳᠤ᠂ ᠨᠠᠷᠠᠰᠤ᠂ ᠵᠢᠭᠠᠷᠲᠤ ᠨᠠᠷᠠᠰᠤᠨ ᠤ ᠵᠤᠯᠵᠠᠭ᠎ᠠ ᠮᠣᠳᠣᠨ ᠤ ᠨᠣᠭᠤᠭᠠᠨ ᠦᠩᠭᠡ ᠪᠦᠷᠬᠦᠵᠦ᠂ | ᠲᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾᠂ ︽ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠳᠤ ᠡᠳ᠋ ᠤᠨ ᠵᠠᠰᠠᠭ ᠤᠨ ᠣᠷᠣᠭᠤᠯᠤᠯᠲᠠ ᠶᠢᠨ ᠲᠠᠯ᠎ᠠ ᠪᠠᠷ ᠶᠠᠮᠠᠷ ᠵᠡᠷᠭᠡ ᠪᠠᠶᠢᠬᠤ ᠶᠢ | ᠶᠠᠷᠢᠭᠠᠳ ᠥᠭᠭᠦᠨ᠎ᠡ ᠤᠤ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】 | ᠤᠢᠢᠷ᠎ᠠ ᠶᠢᠨ ᠵᠢᠯ ᠠᠴᠠ᠂ ᠨᠠᠷᠢᠯᠢᠭ ᠤᠨᠤᠪᠴᠢᠲᠠᠢ ᠶᠠᠳᠠᠭᠤ ᠶᠢ ᠲᠡᠳᠬᠦᠬᠦ ᠠᠵᠢᠯ ᠢ ᠶᠡᠬᠡᠪᠡᠷ ᠠᠬᠢᠭᠤᠯᠬᠤ ᠶᠢ | ᠲᠠᠭᠠᠯᠳᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠢᠪᠲᠤᠯᠤᠯᠲᠠ ᠶᠢᠨ ᠴᠢᠨᠠᠷᠲᠠᠢ | ᠠᠬᠢᠴᠠ ᠲᠠᠢ ᠪᠤᠯᠵᠤ᠂ ᠰᠠᠭᠤᠷᠢ ᠲᠥᠬᠦᠭᠡᠷᠦᠮᠵᠢ ᠢᠯᠡᠳᠲᠡ ᠰᠠᠶᠢᠵᠢᠷᠠᠵᠤ᠂ ᠴᠢᠩᠱᠠᠨ ᠲᠣᠭᠤᠷᠢᠭ ᠤᠨ ᠲᠠᠯᠠᠨ ᠬᠠᠷ᠎ᠠ | ᠠᠭᠤᠯᠠ ᠶᠢᠨ ᠡᠷᠬᠢᠨ ᠲᠣᠭᠤᠷᠢᠨ ᠤ ᠬᠤᠶᠢᠲᠤ ᠬᠡᠰᠡᠭ ᠤᠨ ᠭᠠᠵᠠᠷ ᠣᠷᠣᠨ ᠤ ᠬᠥᠭᠵᠢᠯᠲᠡ ᠶᠢᠨ ᠬᠥᠳᠡᠯᠭᠡᠬᠦ | ᠬᠦᠴᠦᠨ ᠡᠬᠢᠯᠡᠨ ᠪᠠᠳᠠᠷᠠᠵᠤ ᠪᠠᠶᠢᠨ᠎ᠠ᠃ 1 ᠳ᠋ᠦᠩᠰᠢᠭᠤᠷ ᠲᠥᠭᠦᠷᠢᠭ ᠪᠡᠯᠡ ᠣᠷᠣᠭᠤᠯᠵᠤ ᠪᠠᠶᠢᠭᠠᠳ ᠴᠢᠩᠱᠠᠨ | ᠲᠣᠭᠤᠷᠢᠭ ᠤᠨ G6 ᠳᠡᠭᠡᠳᠦ ᠬᠤᠷᠳᠤ ᠶᠢᠨ ᠵᠠᠰᠠᠮᠠᠯ ᠵᠠᠮ᠂ ᠴᠢᠩᠱᠠᠨ ᠶᠡᠭᠡ ᠱᠤᠭᠤᠮ ᠤᠨ ᠠᠮᠢ ᠠᠬᠤᠶ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠠᠮᠢ | ᠠᠬᠤᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ 4500 ᠮᠥ | ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠂ ᠠᠭᠤᠷᠬᠠᠶ ᠶᠢᠨ ᠨᠦᠬᠡᠨ ᠤ ᠨᠤᠷᠠᠬᠤ ᠠᠶᠤᠯᠲᠠᠶ ᠴᠢᠯᠠᠭᠤᠯᠢᠭ ᠢ | 430 ᠮᠥ ᠵᠠᠰᠠᠵᠠᠢ᠃ 2018 ᠣᠨ ᠠᠴᠠ ᠨᠠᠰᠢ᠂ ᠴᠢᠩᠱᠠᠨ ᠲᠣᠭᠤᠷᠢᠭ ᠤᠨ ︽ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ︾ ︽ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ︾ ᠶᠢᠨ ᠪᠥᠲᠥᠭᠡᠨ ᠪᠠᠶᠢᠭᠤᠯᠤᠯᠲᠠ ᠳᠤ | ᠬᠡᠷᠡᠭᠯᠡᠭᠰᠡᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠨᠡᠶᠢᠲᠡ 2500 ᠲᠦᠮᠡᠨ | ᠲᠥᠭᠦᠷᠢᠭ ᠲᠤ ᠬᠦᠷᠴᠡᠶ᠃ 4895 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠲᠠᠷᠢᠶᠠᠯᠠᠩ᠂ ᠮᠠᠯ ᠠᠵᠤ | ᠠᠬᠤᠶ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ | ᠬᠡᠷᠡᠭᠯᠡᠵᠡᠢ᠃ | ᠶᠡᠷᠦᠩᠬᠡᠶᠢᠯᠡᠪᠡᠯ᠂ ᠲᠤᠭᠤᠷᠢᠭ ᠤᠨ ᠡᠳ᠋ ᠤᠨ ᠵᠠᠰᠠᠭ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ | ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ | ᠲᠣᠭᠲᠠᠴᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠵᠤ᠂ | ᠪᠠᠶᠢᠩᠭᠤᠵᠢᠭᠤᠯᠬᠤ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ ᠪᠠᠶᠢᠳᠠᠯ ᠳᠣᠤᠷ᠎ᠠ᠂ | ᠠᠷᠠᠳ ᠤᠨ ᠠᠮᠢᠳᠤᠷᠠᠯ ᠤᠨ ᠵᠠᠷᠤᠯᠭ᠎ᠠ ᠬᠢᠭᠡᠳ ᠠᠵᠤ ᠠᠬᠤᠶ ᠶᠢᠨ ᠬᠥᠭᠵᠢᠯᠲᠡ ᠶᠢᠨ ᠵᠣᠬᠢᠴᠠᠩᠭᠤᠶ᠂ ᠡᠳ᠋ ᠤᠨ | ᠬᠦᠴᠦᠨ ᠤ ᠪᠠᠶᠢᠳᠠᠯ ᠤᠨ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠤᠨ | ᠠᠰᠢᠭ ᠲᠤᠰᠠ ᠶᠢ ᠲᠠᠰᠤᠷᠠᠯᠲᠠ ᠥᠬᠡᠶ ᠪᠣᠳᠠᠲᠠᠶ ᠳᠤ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢ ᠢᠷᠡᠭᠡᠳᠦᠶ ᠳᠤ ᠬᠦᠷᠲᠡᠯ᠎ᠡ ᠦᠷᠭᠦᠯᠵᠢᠯᠡᠭᠦᠯᠵᠦ᠂ ᠴᠢᠩᠱᠠᠨ ᠲᠣᠭᠤᠷᠢᠭ ᠤᠨ ᠰᠠᠭᠤᠭᠠᠯᠢ ᠠᠷᠠᠳ ᠤᠨ | ᠠᠰᠢᠭ ᠭᠥᠷᠳᠡᠭᠰᠡᠨ ᠲᠥᠷᠥᠭᠳᠡᠯ ᠢ ᠨᠠᠩ ᠲᠡᠭᠦᠯᠳᠡᠷ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠠᠩ | ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠨ᠎ᠠ᠃ | 【ᠬᠥᠲᠥᠯᠥᠭᠴᠢ】 | ᠲᠠᠨ ᠤ ᠰᠠᠶ᠋ᠢ ᠶᠢᠨ ᠲᠠᠨᠢᠯᠴᠠᠭᠤᠯᠭ᠎ᠠ ᠪᠠᠷ ᠳᠠᠮᠵᠢᠭᠠᠳ ᠪᠢᠳᠡ ᠪᠠᠰᠠ ᠲᠤᠭᠤᠷᠢᠭ ᠤᠨ ᠡᠳ᠋ ᠤᠨ ᠵᠠᠰᠠᠭ ᠤᠨ | ᠠᠵᠢᠯ ᠤᠨ ᠲᠦᠢᠮᠣ ᠪᠠᠶᠢᠳᠠᠯ ᠢ ᠦᠨᠡᠨ ᠬᠦ ᠣᠶᠢᠯᠠᠭᠠᠵᠤ ᠮᠡᠳᠡᠭᠰᠡᠨ ᠶᠤᠮ᠂ ᠪᠠᠰᠠ ᠡᠳ᠋ ᠤᠨ ᠵᠠᠰᠠᠭ ᠤᠨ ᠠᠵᠢᠯ ᠤᠨ | ᠬᠦᠴᠢᠷ ᠵᠣᠪᠠᠭᠤᠷᠢ ᠶᠢ ᠣᠶᠢᠯᠠᠭᠠᠪᠠ᠂ ᠡᠬᠢᠨ ᠤ ᠦᠶ᠎ᠡ ᠳᠤ ᠮᠢᠨᠦ ᠳᠤᠷᠠᠳᠤᠭᠰᠠᠨ ︽ᠨᠠᠮ ᠤᠨ ᠪᠠᠶᠢᠭᠤᠯᠤᠯᠲᠠ ᠪᠠᠷ | ᠬᠦᠳᠦᠯᠦᠨ ᠳᠠᠭᠠᠭᠤᠯᠵᠤ᠂ ᠠᠷᠠᠳ ᠤᠨ ᠠᠮᠢᠳᠤᠷᠠᠯ ᠢᠶᠠᠷ ᠦᠨᠳᠦᠰᠦᠨ ᠵᠦᠢᠯ ᠢ ᠪᠠᠲᠤᠯᠠᠨ᠂ ᠰᠢᠨ᠎ᠡ ᠴᠠᠭ ᠦᠶ᠎ᠡ ᠶᠢᠨ | ᠴᠡᠷᠢᠭ ᠤᠨ ᠠᠵᠤ ᠦᠢᠯᠡᠳᠪᠦᠷᠢ ᠶᠢᠨ ᠬᠤᠳᠠ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠤᠨ ᠰᠢᠨ᠎ᠡ | ᠬᠠᠭᠤᠳᠠᠰᠤ ᠶᠢ ᠪᠢᠴᠢᠭᠯᠡᠶ᠎ᠡ︾ ᠭᠡᠬᠦ ᠮᠡᠳᠡᠭᠡᠯᠡᠯ ᠤᠨ ᠡᠬᠡ ᠨᠤᠤᠷᠠᠭ ᠲᠤ ︽ᠨᠠᠮ ᠤᠨ ᠪᠠᠶᠢᠭᠤᠯᠤᠯᠲᠠ ᠪᠠᠷ ᠬᠦᠳᠦᠯᠦᠨ | ᠳᠠᠭᠠᠭᠤᠯᠬᠤ︾ ᠲᠠᠯ᠎ᠠ ᠪᠠᠷ ᠲᠠ ᠡᠳ᠋ ᠤᠨ ᠵᠠᠰᠠᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠯᠠᠰ ᠴᠡᠭ ᠪᠠ | ᠨᠡᠶᠢᠲᠡᠯᠢᠭ ᠲᠤᠷᠰᠢᠯᠭ᠎ᠠ ᠬᠢᠳᠡᠯ ᠢ ᠪᠣᠳᠠᠲᠠᠢ ᠪᠠᠷ ᠶᠠᠷᠢᠵᠤ ᠪᠣᠯᠤᠨ᠎ᠠ ᠤᠤ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠰᠢᠤᠢ ᠬᠠᠶ ᠰᠢᠶᠠ】 | ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠠᠵᠢᠯ ᠤᠨ ᠶᠡᠭᠡ ᠠᠯᠬᠤᠮ ᠢᠶᠠᠷ | ᠤᠷᠤᠭᠰᠢᠯᠠᠭᠰᠠᠨ ᠬᠠᠮᠤᠭ ᠤᠨ ᠶᠡᠭᠡ ᠳᠠᠪᠠᠭᠤᠯᠢᠭ ᠪᠣᠯ ᠳᠠᠷᠤᠢ ᠨᠠᠮ ᠤᠨ ᠪᠠᠶᠢᠭᠤᠯᠤᠯᠲᠠ ᠶᠢᠨ ᠠᠵᠢᠯ ᠢ ᠡᠳ᠋ ᠤᠨ | ᠵᠠᠰᠠᠭ ᠤᠨ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠬᠤ ᠶᠠᠪᠤᠳᠠᠯ ᠪᠣᠯᠤᠨ᠎ᠠ᠃ ᠡᠳ᠋ ᠤᠨ ᠵᠠᠰᠠᠭ ᠤᠨ | ᠲᠣᠪᠴᠢᠶ᠎ᠠ ᠳᠤ ᠣᠲᠣ 72 ᠺᠠᠳ᠋ᠷ ᠠᠵᠢᠯᠲᠠᠨ ᠲᠠᠢ᠂ ᠪᠠᠶᠢᠭᠤᠯᠭ᠎ᠠ ᠶᠢᠨ ᠨᠠᠮ ᠤᠨ ᠡᠭᠦᠷ ᠲᠤ ᠨᠡᠶᠢᠲᠡ 41 ᠨᠠᠮ ᠤᠨ | ᠭᠡᠰᠢᠭᠦᠨ ᠲᠠᠢ᠃ ᠲᠥᠰᠦᠪ ᠤᠨ ᠰᠲ᠋ᠣᠺ᠂ ᠤᠯᠤᠰ ᠤᠨ ᠰᠠᠩ ᠤᠨ ᠰᠲ᠋ᠣᠺ᠂ ᠰᠣᠶᠣᠯ ᠰᠤᠷᠭᠠᠨ ᠬᠥᠮᠦᠵᠢᠯ ᠨᠡᠶᠢᠭᠡᠮ ᠤᠨ | ᠪᠠᠲᠤᠯᠠᠭ᠎ᠠ ᠶᠢᠨ ᠰᠲ᠋ᠣᠺ ᠵᠡᠷᠭᠡ 11 ᠰᠲ᠋ᠣᠺ ᠤᠨ ᠲᠠᠰᠤᠭ ᠵᠢᠴᠢ 2 ᠠᠵᠢᠯ ᠦᠢᠯᠡᠰ ᠤᠨ ᠨᠢᠭᠡᠴᠢ ᠳᠤ ᠴᠥᠮ | ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠭᠠᠷᠭᠠᠵᠤ᠂ ︽ᠨᠢᠭᠡ ᠨᠠᠮ ᠤᠨ ᠭᠡᠰᠢᠭᠦᠨ ᠨᠢᠭᠡ ᠲᠤᠭ︾ ᠤᠨ | ᠬᠤᠰᠢᠭᠤᠴᠢ ᠵᠢᠱᠢᠶᠡᠴᠢ ᠶᠢᠨ ᠵᠢᠱᠢᠶ᠎ᠡ ᠦᠵᠡᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠪᠠ᠃ ᠨᠢᠭᠡ ᠳᠤ᠂ ᠡᠳ᠋ ᠤᠨ | ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠡᠳ᠋ ᠤᠨ | ᠵᠠᠰᠠᠭ ᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ︽ᠨᠡᠶᠢᠲᠡ ᠳᠤ ᠪᠣᠯᠭᠤᠮᠵᠢᠲᠠᠢ ᠠᠷᠢᠭᠤᠨ | ᠴᠢᠬᠡᠴᠢ᠂ ᠬᠠᠤᠯᠢ ᠶᠢ ᠲᠣᠳᠣᠷᠬᠠᠢ ᠮᠡᠳᠡᠵᠦ ᠯᠠᠪᠳᠠᠭᠤᠨ ᠪᠠᠲᠤᠲᠠᠢ ᠬᠡᠷᠡᠭᠵᠢᠭᠦᠯᠬᠦ︾ ᠰᠤᠷᠭᠠᠯ ᠦᠭᠡ ᠪᠠᠷ ᠡᠳ᠋ ᠤᠨ | ᠵᠠᠰᠠᠭ ᠤᠨ ᠠᠵᠢᠯ ᠤᠨ ᠡᠭᠦᠷᠭᠡ ᠴᠢᠳᠠᠪᠬᠢ ᠶᠢ ᠯᠠᠪᠳᠠᠭᠤᠨ ᠪᠠᠲᠤᠲᠠᠢ ᠭᠦᠢᠴᠡᠳᠬᠡᠵᠦ ︽8123︾ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠤᠯᠢ ᠶᠢᠨ ᠰᠢᠨ᠎ᠡ ᠶᠢ ᠡᠭᠦᠳᠴᠦ᠂ ︽ᠨᠡᠶᠢᠲᠡ ᠳᠤ ᠪᠣᠯᠭᠤᠮᠵᠢᠲᠠᠢ ᠠᠷᠢᠭᠤᠨ | ᠴᠢᠬᠡᠴᠢ᠂ ᠬᠠᠤᠯᠢ ᠶᠢ ᠲᠣᠳᠣᠷᠬᠠᠢ ᠮᠡᠳᠡᠵᠦ ᠯᠠᠪᠳᠠᠭᠤᠨ ᠪᠠᠲᠤᠲᠠᠢ ᠬᠡᠷᠡᠭᠵᠢᠭᠦᠯᠬᠦ︾ ᠰᠤᠷᠭᠠᠯ ᠦᠭᠡ ᠶᠢ ᠳᠤᠷᠠᠳᠴᠤ᠂ | ᠡᠳ᠋ ᠤᠨ ᠶᠠᠪᠤᠳᠠᠯ ᠢ ᠬᠠᠮᠢᠶᠠᠷᠬᠤ ᠦᠢᠯᠡᠴᠢᠯᠡᠭᠡᠨ ᠤ ᠣᠶᠢᠯᠠᠭᠠᠭᠳᠠᠬᠤᠨ ᠢ ᠪᠤᠢ ᠪᠣᠯᠭᠠᠨ᠎ᠠ︔ 1᠂ ᠨᠢᠭᠡᠨ | ᠰᠢᠯᠭᠠᠷᠠᠭᠰᠠᠨ ᠡᠩᠨᠡᠭᠡ ᠶᠢ ᠪᠠᠶᠢᠭᠤᠯᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ | ᠰᠠᠭᠤᠷᠢ ᠶᠢ ᠪᠠᠬᠢᠵᠢᠭᠦᠯᠦᠨ᠎ᠡ︔ 2᠂ ︽ᠠᠷᠪᠠᠨ ᠰᠠᠷ᠎ᠠ ᠶᠢᠨ ᠠᠷᠪᠠᠨ︾ ᠤ ᠠᠵᠢᠯᠯᠠᠭ᠎ᠠ ᠶᠢ ᠠᠰᠢᠭᠯᠠᠨ᠂ ᠪᠦᠬᠦ ᠵᠢᠯ ᠳᠤ | 10 ᠵᠦᠢᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ 10 | ᠦᠢᠯᠡᠴᠢᠯᠡᠭᠡᠨ ᠤ ᠨᠢᠭᠡᠴᠡ ᠳᠤ ᠬᠦᠷᠴᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠠᠭᠤᠷᠢ ᠶᠢ | ᠪᠠᠬᠢᠵᠢᠭᠦᠯᠦᠨ᠎ᠡ︔ 3᠂ ᠡᠳ᠋ ᠤᠨ ᠵᠠᠰᠠᠭ ᠤᠨ ᠲᠥᠰᠦᠪ᠂ ᠡᠳ᠋ ᠤᠨ ᠵᠠᠰᠠᠭ ᠤᠨ ᠠᠮᠵᠢᠯᠲᠠ ᠪᠦᠲᠦᠮᠵᠢ᠂ ᠡᠳ᠋ ᠤᠨ | ᠵᠠᠰᠠᠭ ᠤᠨ ᠳᠣᠲᠣᠭᠠᠳᠤ ᠶᠢᠨ ᠡᠵᠡᠮᠳᠡᠯ ᠵᠡᠷᠭᠡ ᠭᠤᠷᠪᠠᠨ ᠵᠦᠢᠯ ᠢ ᠪᠦᠷᠢᠨᠰᠢᠬᠦᠯᠵᠦ᠂ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠦᠢᠯᠡᠴᠢᠯᠡᠭᠡᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠠᠭ ᠵᠢᠴᠢ ᠪᠦᠬᠦ ᠠᠵᠢᠯᠲᠠᠳ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ | ᠶᠣᠰᠣᠭᠠᠷ ᠡᠳ᠋ ᠤᠨ ᠶᠠᠪᠤᠳᠠᠯ ᠢ ᠬᠠᠮᠢᠶᠠᠷᠤᠨ᠎ᠠ᠃ ︽ᠲᠥᠰᠦᠪ ᠤᠨ ᠬᠠᠤᠯᠢ︾᠂ ︽ᠨᠢᠭᠲᠠᠯᠠᠨ ᠪᠤᠳᠤᠬᠤ ᠬᠠᠤᠯᠢ︾ ᠵᠡᠷᠭᠡ | ᠬᠠᠮᠢᠶ᠎ᠠ ᠪᠥᠬᠦᠶ ᠠᠵᠢᠯ ᠤᠨ ᠪᠠᠶᠢᠷᠢ ᠶᠢᠨ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢᠨ | ᠪᠦᠲᠦᠴᠡ ᠶᠢᠨ ᠰᠢᠰᠲ᠋ᠧᠮᠵᠢ ᠶᠢ ᠲᠣᠳᠣᠷᠬᠠᠶ ᠣᠶᠢᠯᠠᠭᠠᠬᠤ ᠶᠢᠨ ᠬᠠᠮᠲᠤ ᠬᠠᠤᠯᠢ ᠵᠠᠷᠯᠠᠯ ᠢ ᠴᠢᠩᠭ᠎ᠠ ᠲᠣᠳᠣᠷᠬᠠᠶ | ᠪᠣᠯᠭᠠᠨ᠎ᠠ᠃ ᠤᠯᠠᠨ ᠵᠢᠯ ᠤᠨ ᠲᠤᠷᠰᠢ ︽ᠪᠦᠬᠦᠯᠢ ᠭᠠᠷᠠᠭ᠂ ᠡᠳᠦᠷ ᠰᠦᠨᠢ ᠦᠭᠡᠢ︾ ᠲᠠᠶᠢᠴᠢᠨ ᠵᠣᠷᠢᠭ ᠰᠠᠨᠠᠭ᠎ᠠ ᠶᠢ | ᠭᠦᠢᠴᠡᠳ ᠪᠠᠳᠠᠷᠠᠭᠤᠯᠵᠤ᠂ ᠠᠵᠢᠯᠴᠢ ᠬᠥᠳᠡᠯᠮᠦᠷᠢᠴᠢ ᠠᠵᠢᠯᠯᠠᠨ ᠲᠡᠮᠡᠴᠡᠵᠦ᠂ ᠰᠢᠷᠭᠠᠭᠤ ᠬᠠᠲᠠᠭᠤᠵᠢᠯᠲᠠᠶ ᠪᠠᠷ | ᠵᠢᠳᠬᠦᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠠᠬᠢᠭᠤᠯᠪᠠ᠃ ᠬᠤᠶᠠᠷ ᠲᠤ᠂ ᠨᠠᠷᠢᠨ ᠪᠣᠳᠠᠲᠠᠶ ᠠᠵᠢᠯ ᠤᠨ ᠲᠥᠰᠦᠯ ᠵᠢᠴᠢ ᠰᠤᠷᠤᠯᠴᠠᠬᠤ | ᠲᠥᠯᠥᠪᠯᠡᠭᠡ ᠲᠣᠭᠲᠠᠭᠠᠵᠤ᠂ ︽ᠭᠤᠤᠯ ᠰᠡᠳᠦᠪᠲᠦ ᠬᠡᠯᠪᠡᠷᠢ︾ ᠶᠢᠨ ᠰᠤᠷᠤᠯᠴᠠᠯᠭ᠎ᠠ ᠭᠠᠷᠭᠠᠪᠠ᠃ ︽ᠰᠤᠷᠤᠯᠴᠠᠯᠭ᠎ᠠ ᠶᠢᠨ | ᠬᠦᠴᠦᠷᠬᠡᠭ ᠤᠯᠤᠰ︾᠂ ︽ᠸᠧᠢ ᠸᠧᠢ ᠴᠢᠩᠱᠠᠨ︾᠂ ︽ᠬᠠᠲᠤᠨ ᠭᠤᠣᠯ ᠤᠨ ᠡᠭᠦᠯᠡ︾ ᠵᠡᠷᠭᠡ ᠭᠠᠷ ᠤᠲᠠᠰᠤᠨ ᠤ | APP ᠰᠤᠷᠤᠯᠴᠠᠯᠭ᠎ᠠ ᠶᠢᠨ ᠲᠠᠪᠴᠠᠩ ᠢ ᠭᠦᠢᠴᠡᠳ ᠠᠰᠢᠭᠯᠠᠵᠤ᠂ ︽ᠪᠤᠭᠤᠲᠤ ᠶᠢᠨ ᠪᠢᠴᠢᠯ ᠰᠤᠷᠤᠯᠴᠠᠯᠭ᠎ᠠ︾᠂ | ︽ᠳᠤᠮᠳᠠᠳᠤ ᠤᠯᠤᠰ ᠤᠨ ᠡᠳ᠋ ᠤᠨ ᠵᠠᠰᠠᠭ︾᠂ ︽ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︾᠂ | ︽ᠴᠢᠩᠱᠠᠨ ᠬᠦᠮᠦᠨ ᠴᠢᠩᠱᠠᠨ ᠤ ᠶᠠᠪᠤᠳᠠᠯ︾ ᠵᠡᠷᠭᠡ ᠸᠢᠴᠠᠲ ᠤᠨ ᠨᠡᠶᠢᠲᠡ ᠶᠢᠨ ᠳ᠋ᠤᠭᠠᠷ ᠵᠢᠴᠢ ︽ᠬᠠᠯᠠᠭᠤᠨ | ᠳᠤᠯᠠᠭᠠᠨ ᠡᠳ᠋ ᠤᠨ ᠵᠠᠰᠠᠭ︾ ᠤᠨ ᠸᠢᠴᠠᠲ ᠤᠨ ᠣᠨᠣᠯ ᠤᠨ ᠰᠤᠷᠤᠯᠴᠠᠯᠭ᠎ᠠ ᠶᠢᠨ ᠠᠵᠢᠯ ᠤᠨ ᠬᠠᠮᠲᠤᠯᠢᠭ ᠢ | ᠠᠩᠬᠠᠷᠬᠤ ᠪᠠᠷ ᠳᠠᠮᠵᠢᠭᠤᠯᠤᠨ᠂ ︽ᠡᠳ᠋ ᠤᠨ ᠵᠠᠰᠠᠭ ᠤᠨ ᠲᠣᠮᠣ ᠬᠢᠴᠢᠶᠡᠯ ᠤᠨ ᠲᠠᠩᠬᠢᠮ︾᠂ ︽ᠰᠤᠷᠤᠯᠴᠠᠯᠭ᠎ᠠ ᠶᠢᠨ | ᠬᠢᠴᠢᠶᠡᠯ ᠤᠨ ᠲᠠᠩᠬᠢᠮ︾ ᠳᠤ ᠲᠦᠰᠢᠭᠯᠡᠨ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠭᠰᠠᠨ ᠰᠤᠷᠤᠯᠴᠠᠯᠭ᠎ᠠ ᠶᠢᠨ ᠰᠢᠨ᠎ᠡ | ᠠᠴᠢᠶᠠᠯᠠᠪᠤᠷᠢ ᠶᠢ ᠬᠦᠴᠦᠯᠡᠨ ᠪᠠᠶᠢᠭᠤᠯᠤᠨ᠎ᠠ᠃ ᠬᠦᠰᠡᠯᠡᠩ ᠢᠲᠡᠭᠡᠯ ᠵᠣᠷᠢᠭ᠂ ᠨᠠᠮᠴᠢ ᠴᠢᠨᠠᠷ ᠤᠨ ᠪᠣᠯᠪᠠᠰᠤᠷᠠᠯ᠂ | ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ᠂ ᠡᠳ᠋ ᠤᠨ ᠵᠠᠰᠠᠭ ᠤᠨ ᠲᠤᠬᠠᠶᠢᠯᠠᠭᠰᠠᠨ ᠠᠵᠢᠯ ᠵᠡᠷᠭᠡ ᠭᠤᠣᠯ | ᠰᠡᠳᠦᠪ ᠢ ᠳᠣᠪᠤᠶᠢᠯᠭᠠᠵᠤ᠂ ︽ᠨᠠᠮ ᠤᠨ ᠪᠠᠶᠢᠭᠤᠯᠤᠯᠲᠠ +︾ ᠪᠠᠷ ᠣᠶᠢᠯᠠᠭᠠᠭᠳᠠᠬᠤᠨ ᠪᠣᠯᠭᠠᠵᠤ᠂ ︽ᠬᠤᠪᠢᠰᠬᠠᠯ ᠤᠨ | ᠬᠥᠮᠦᠵᠢᠯ︾᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠦᠯ ᠤᠨ ᠬᠥᠮᠦᠵᠢᠯ ᠢ ᠥᠷᠭᠡᠨ ᠳᠡᠯᠭᠡᠷ | ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠠᠭᠤᠰᠤᠯᠴᠠᠭᠤᠯᠤᠨ ᠰᠤᠷᠤᠯᠴᠠᠬᠤ | ᠰᠢᠨ᠎ᠡ ᠬᠡᠯᠪᠡᠷᠢ ᠪᠠᠶᠢᠳᠠᠯ ᠢ ᠴᠢᠷᠮᠠᠶᠢᠨ ᠪᠤᠶ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠴᠢᠳᠠᠪᠤᠷᠢ ᠪᠠᠨ | ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠨ ᠲᠦᠷᠢ ᠲᠥᠷᠬᠦ ᠶᠢ ᠪᠤᠢ ᠪᠣᠯᠭᠠᠬᠤ᠂ ᠰᠤᠷᠲᠠᠯ ᠢᠶᠠᠨ | ᠬᠤᠪᠢᠷᠠᠭᠤᠯᠤᠨ ᠦᠢᠯᠡᠴᠢᠯᠡᠭᠡ ᠪᠠᠨ ᠴᠢᠩᠭᠠᠳᠬᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠢ ᠬᠥᠭᠵᠢᠭᠦᠯᠬᠦ᠂ | ᠬᠥᠮᠦᠵᠢᠭᠦᠯᠬᠦ᠂ ᠬᠠᠮᠢᠶᠠᠷᠬᠤ᠂ ᠦᠢᠯᠡᠴᠢᠯᠡᠬᠦ ︽ᠲᠦᠷᠪᠡ ᠶᠢ ᠨᠢᠭᠡ ᠴᠤᠭᠴᠠᠵᠢᠭᠤᠯᠬᠤ︾ ᠪᠠᠶᠢᠭᠤᠯᠤᠯᠲᠠ ᠶᠢᠨ ᠵᠠᠭᠪᠤᠷ ᠢ | ᠲᠡᠭᠦᠯᠳᠡᠷᠵᠢᠭᠦᠯᠵᠦ᠂ ᠳᠦᠷᠢᠮᠵᠢᠭᠰᠡᠨ᠂ ᠪᠠᠶᠢᠩᠭᠤᠵᠢᠭᠰᠠᠨ ᠰᠤᠷᠤᠯᠴᠠᠬᠤ ᠲᠣᠭᠲᠠᠴᠠ ᠶᠢ ᠦᠨᠡᠨ ᠬᠦ ᠪᠤᠢ ᠪᠣᠯᠭᠠᠵᠤ᠂ | ᠡᠳ᠋ ᠤᠨ ᠵᠠᠰᠠᠭ ᠤᠨ ᠺᠠᠳ᠋ᠷᠴᠤᠳ ᠤᠨ ᠤᠯᠤᠰ ᠲᠦᠷᠦ ᠶᠢᠨ ᠤᠨᠤᠯ ᠤᠨ ᠬᠢᠷᠢ ᠬᠡᠮᠵᠢᠶ᠎ᠡ ᠪᠠ ᠲᠤᠬᠠᠶᠢᠯᠠᠭᠰᠠᠨ | ᠠᠵᠢᠯ ᠤᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠥᠭᠡᠷᠡᠴᠢᠯᠡᠯᠲᠡ | ᠬᠥᠭᠵᠢᠯᠲᠡ ᠶᠢᠨ ᠬᠦᠨᠳᠦ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠶ᠃ ᠭᠤᠷᠪᠠ ᠳᠤ ᠡᠳ᠋ ᠤᠨ ᠵᠠᠰᠠᠭ ᠤᠨ | ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ︽ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ | ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ᠪᠣᠳᠠᠲᠠᠶ ᠱᠠᠭᠠᠷᠳᠠᠯᠭ᠎ᠠ | ᠶᠣᠰᠣᠭᠠᠷ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠨᠠᠩ ᠰᠠᠶᠢᠲᠤᠷ ᠤᠶᠢᠯᠠᠭᠠᠨ ᠡᠵᠡᠮᠰᠢᠬᠦ ᠪᠠ | ᠰᠢᠢᠳᠪᠦᠷᠢᠯᠡᠬᠦ ᠶᠢ ᠠᠬᠢᠭᠤᠯᠬᠤ ᠶᠢᠨ ᠲᠤᠰᠠᠳᠠ᠂ ᠵᠠᠷᠯᠠᠨ ᠨᠡᠶᠢᠲᠡᠯᠡᠬᠦ ᠪᠤᠯᠤᠩ ᠭᠠᠷᠭᠠᠬᠤ᠂ ︽ᠲᠠᠩᠰᠠ | ᠮᠡᠳᠡᠭᠦᠯᠦᠭᠴᠢ ᠶᠢᠨ ᠬᠡᠷ︾ ︽ᠬᠠᠯᠠᠭᠤᠨ ᠳᠤᠯᠠᠭᠠᠨ ᠡᠳ᠋ ᠤᠨ ᠵᠠᠰᠠᠭ ᠤᠨ ᠣᠨᠣᠯ ᠤᠨ ᠰᠤᠷᠤᠯᠴᠠᠯᠭ᠎ᠠ ᠶᠢᠨ ᠪᠦᠯᠦᠭ︾ | ᠤᠨ ᠸᠢᠴᠠᠲ ᠤᠨ ᠠᠵᠢᠯ ᠤᠨ ᠪᠦᠯᠦᠭ ᠲᠤ ᠨᠡᠶᠢᠲᠡᠯᠡᠬᠦ᠂ ᠰᠠᠨᠠᠯ ᠬᠤᠷᠢᠶᠠᠬᠤ ᠬᠦᠰᠦᠨᠦᠭᠲᠦ ᠶᠢ ᠲᠠᠷᠬᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ ᠲᠠᠪᠤᠨ ᠠᠰᠠᠭᠤᠯᠲᠠ︾ ᠶᠢᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ︽ᠴᠤᠩᠬᠤᠪᠴᠢ ᠪᠠᠷ ᠭᠠᠪᠢᠶ᠎ᠠ ᠪᠠᠶᠢᠭᠤᠯᠬᠤ ᠬᠤᠰᠢᠭᠤᠴᠢ ᠠᠵᠢᠯ ᠤᠨ ᠪᠠᠶᠢᠷᠢ︾ ᠶᠢ | ᠰᠢᠯᠭᠠᠷᠠᠭᠤᠯᠬᠤ ᠤᠷᠤᠯᠳᠤᠭᠠᠨ ᠤ ᠭᠤᠤᠯ ᠰᠡᠳᠦᠪᠲᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ᠡᠳ᠋ ᠤᠨ | ᠵᠠᠰᠠᠭ ᠤᠨ ᠺᠠᠳ᠋ᠷᠴᠤᠳ ᠤᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠴᠢᠩᠭᠠᠳᠬᠠᠵᠤ᠂ ︽ᠪᠢ ᠪᠣᠯ ᠡᠪ | ᠬᠠᠮᠲᠤ ᠨᠠᠮ ᠤᠨ ᠭᠡᠰᠢᠭᠦᠨ᠂ ᠪᠢ ᠴᠢᠮᠠᠶᠢ ᠬᠠᠪᠰᠤᠷᠤᠨ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠥᠷᠨᠢᠭᠦᠯᠵᠦ᠂ ᠡᠳ᠋ ᠤᠨ ᠵᠠᠰᠠᠭ ᠤᠨ ᠴᠣᠩᠬᠤᠨ ᠤ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ | ᠳᠡᠭᠡᠭᠰᠢᠯᠡᠭᠦᠯᠦᠨ᠎ᠡ᠃ ︽ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠨᠢᠭᠡ ᠴᠣᠠᠠᠴᠠᠵᠢᠭᠤᠯᠬᠤ | ᠰᠢᠰᠲ᠋ᠧᠮ ᠤᠨ ᠪᠠᠶᠢᠭᠤᠯᠤᠯᠲᠠ︾᠂ ︽ᠡᠳ᠋ ᠤᠨ ᠵᠠᠰᠠᠭ ᠤᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠲᠥᠪ ᠤᠨ | ᠰᠢᠨ᠎ᠡ ᠦᠢᠯᠡᠴᠢᠯᠡᠭᠡᠨ ᠤ ᠣᠨᠣᠯᠵᠢᠬᠤᠨ︾᠂ ︽ᠣᠷᠣᠯᠠᠨ ᠳᠠᠩᠰᠠᠯᠠᠬᠤ ᠪᠠᠶᠢᠭᠤᠯᠤᠮᠵᠢ ᠶᠢ ᠴᠣᠮᠬᠠᠳᠬᠠᠨ ᠬᠢᠨᠠᠨ | ᠵᠥᠪᠰᠢᠶᠡᠷᠡᠬᠦ ᠴᠤᠪᠤᠷᠠᠯ︾ ᠳᠤ ᠲᠦᠰᠢᠭᠯᠡᠨ᠂ ︿ᠲᠦᠷᠢᠮ + ᠮᠡᠷᠭᠡᠵᠢᠯ﹀ ᠤᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠵᠤ᠂ ᠲᠤᠭ᠎ᠠ ᠪᠠᠷᠢᠮᠲᠠ ᠶᠢ ︽ᠢᠯᠡᠭᠦᠬᠡᠨ ᠭᠦᠶᠦᠯᠭᠡᠬᠦ︾᠂ ᠦᠢᠯᠡᠴᠢᠯᠡᠬᠦ ᠡᠲᠡᠭᠡᠳ ᠪᠠ ᠣᠯᠠᠨ ᠲᠦᠮᠡᠨ ᠢ | ︽ᠳᠤᠲᠠᠭᠤ ᠭᠦᠶᠦᠯᠭᠡᠬᠦ︾᠂ ᠲᠤᠬᠠᠶᠢᠯᠠᠭᠰᠠᠨ ᠠᠵᠢᠯ ᠢ ︽ᠨᠢᠭᠡ ᠯᠡ ᠥᠷᠲᠡᠭᠡ ᠳᠤ︾ ᠰᠢᠢᠳᠪᠦᠷᠢᠯᠡᠵᠦ | ᠳᠠᠭᠤᠰᠬᠠᠬᠤ ᠶᠢ ᠪᠠᠷᠢᠮᠲᠠᠯᠠᠨ᠎ᠠ᠃ ᠲᠥᠰᠦᠪ ᠤᠨ ᠬᠠᠮᠢᠶᠠᠷᠤᠯᠲᠠ ᠶᠢ ᠬᠥᠳᠡᠯᠦᠩᠭᠦᠶ ᠪᠠᠷ ᠲᠤᠰᠬᠠᠬᠤ ᠪᠠ | ᠪᠦᠲᠦᠮᠵᠢᠲᠡᠶ ᠪᠠᠷ ᠬᠢᠵᠠᠭᠠᠷᠯᠠᠬᠤ ᠶᠢ ᠪᠡᠶᠡᠯᠡᠭᠦᠯᠵᠦ᠂ ᠲᠥᠰᠦᠪ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠪᠡᠯᠡ | ᠮᠥᠩᠭᠦ ᠰᠢᠯᠵᠢᠭᠦᠯᠦᠨ ᠥᠭᠬᠦ ᠶᠢ ᠲᠦᠷᠭᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢ | ᠳᠡᠭᠡᠭᠰᠢᠯᠡᠭᠦᠯᠵᠦ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠠᠮᠵᠢᠯᠲᠠ ᠪᠦᠲᠦᠮᠵᠢ ᠶᠢ | ᠳᠡᠭᠡᠭᠰᠢᠯᠡᠭᠦᠯᠦᠨ᠎ᠡ᠃ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ︽ᠥᠷᠢ ᠲᠠᠯᠪᠢᠬᠤ ᠳᠤ ᠵᠠᠪᠠᠯ ᠬᠠᠷᠢᠭᠤᠴᠠᠯᠭ᠎ᠠ | ᠨᠡᠬᠡᠮᠵᠢᠯᠡᠬᠦ᠂ ᠵᠣᠭᠤᠰ ᠵᠠᠷᠤᠬᠤ ᠳᠤ ᠵᠠᠪᠠᠯ ᠦᠷ᠎ᠡ ᠪᠦᠲᠦᠮᠵᠢ ᠶᠢ ᠨᠡᠬᠡᠮᠵᠢᠯᠡᠬᠦ︾ ᠦᠵᠡᠯ ᠤᠬᠠᠮᠰᠠᠷ ᠢ ᠪᠠᠲᠤ ᠪᠠᠬᠢ ᠪᠣᠶ | ᠪᠣᠯᠭᠠᠵᠤ᠂ ᠡᠳ᠋ ᠤᠨ ᠵᠠᠰᠠᠭ ᠤᠨ ᠮᠥᠩᠭᠦ ᠨᠢᠭᠡᠪᠦᠷᠢ ᠶᠢ ᠴᠠᠭ ᠲᠤᠬᠠᠶ ᠳᠤᠨᠢ ᠬᠡᠷᠡᠭᠯᠡᠬᠦ᠂ ᠬᠠᠮᠢᠶᠠᠷᠬᠤ ᠶᠢ | ᠵᠢᠷᠤᠮᠵᠢᠭᠤᠯᠤᠨ᠂ ᠵᠠᠷᠤᠯᠭ᠎ᠠ ᠶᠢ ᠵᠦᠶ ᠵᠣᠬᠢᠰᠲᠠᠶ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ |