ᠴᠢᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ
ᠨᠡᠶᠢᠲᠡᠯᠡᠭᠰᠡᠨ ᠴᠠᠭ᠄
2021/11/1
     ᠵᠠᠩ ᠬᠠᠶ ᠵᠢᠶᠦ᠋ᠨ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠵᠠᠬᠢᠷᠭᠠᠨ ᠤ ᠪᠥᠬᠦ ᠲᠠᠯ᠎ᠠ ᠶᠢᠨ ᠠᠵᠢᠯ ᠢ ᠡᠷᠬᠢᠯᠡᠨ᠎ᠡ᠃      ᠶᠦᠨ ᠬᠠᠶ ᠰᠢᠶᠠ᠄ ᠲᠣᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ᠃ ᠲᠣᠪᠴᠢᠶᠠᠨ ᠳᠠᠷᠤᠭ᠎ᠠ ᠶᠢ ᠬᠠᠪᠰᠤᠷᠤᠨ ᠨᠠᠮ ᠤᠨ ᠪᠠᠶᠢᠭᠤᠯᠤᠯᠲᠠ᠂ ᠨᠠᠮ ᠤᠨ ᠡᠭᠦᠷ ᠤᠨ ᠠᠵᠢᠯ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ᠂ ᠨᠢᠭᠡᠳᠦᠮᠡᠯ ᠹᠷᠣᠨᠲ ᠦᠨᠳᠦᠰᠦᠲᠡᠨ ᠱᠠᠰᠢᠨ ᠰᠤᠷᠲᠠᠬᠤᠨ᠂ ᠨᠢᠭᠤᠴᠠ ᠶᠢ ᠬᠠᠮᠠᠭᠠᠯᠠᠬᠤ ᠠᠵᠢᠯ᠂ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ ᠠᠵᠢᠯ ᠢ ᠬᠤᠪᠢᠳᠠᠨ ᠬᠠᠮᠢᠶᠠᠷᠤᠨ᠎ᠠ᠃ ᠲᠤᠭᠤᠷᠢᠭ  ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠥᠷᠨᠢᠭᠦᠯᠬᠦ ᠪᠠ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃                  ᠸᠠᠩ ᠰᠢᠩ ᠴᠤᠤ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ᠃ ᠲᠣᠪᠴᠢᠶᠠᠨ ᠳᠠᠷᠤᠭ᠎ᠠ ᠶᠢ ᠬᠠᠮᠵᠢᠨ ᠪᠥᠬᠦ ᠲᠤᠭᠤᠷᠢᠭ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠥᠷᠨᠢᠭᠦᠯᠬᠦ ᠶᠢ ᠠᠬᠢᠭᠤᠯᠤᠨ᠎ᠠ᠃ ᠲᠣᠪᠴᠢᠶᠠᠨ ᠳᠠᠷᠤᠭ᠎ᠠ ᠶᠢ ᠬᠠᠮᠵᠢᠨ ᠪᠣᠳᠠᠲᠤ ᠴᠣᠭᠴᠠ ᠶᠢᠨ ᠬᠤᠲᠠ ᠶᠢᠨ ᠠᠷᠠᠳ ᠤᠨ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ᠂ ᠴᠤᠩᠬᠤᠪᠴᠢ ᠶᠢᠨ ᠡᠯ᠎ᠡ ᠪᠠᠶᠢᠭᠤᠯᠭ᠎ᠠ ᠶᠢᠨ ᠤᠷᠤᠵᠦ ᠰᠠᠭᠤᠭᠰᠠᠨ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠵᠤ ᠰᠢᠯᠭᠠᠨ ᠬᠢᠨᠠᠬᠤ᠂ ᠬᠤᠳᠠᠯᠳᠤᠨ ᠠᠪᠬᠤ ᠲᠥᠪ᠂ ᠪᠣᠳᠠᠲᠤ ᠴᠣᠭᠴᠠ ᠶᠢᠨ ᠲᠢᠩᠬᠢᠮ ᠤᠨ ᠠᠳᠠᠯ ᠠᠬᠤᠶ ᠶᠢᠨ ᠲᠠᠩᠰᠠ ᠡᠪᠬᠡᠮᠡᠯ ᠤᠨ ᠬᠠᠮᠢᠶᠠᠷᠤᠯᠲᠠ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠡᠪᠯᠡᠯ᠂ ᠠᠯᠪᠠᠨ ᠬᠡᠷ ᠤᠨ ᠡᠳᠦᠷ ᠲᠤᠲᠤᠮ ᠤᠨ ᠠᠵᠢᠯᠯᠠᠭᠠᠨ᠂ ᠪᠢᠴᠢᠭ ᠮᠠᠲ᠋ᠧᠷᠢᠶᠠᠯ ᠪᠠ ᠬᠤᠷᠠᠯ  ᠤᠨ ᠬᠠᠮᠢᠶᠠᠷᠤᠯᠲᠠ᠂ ᠴᠢᠬᠤᠯᠠ ᠴᠣᠬᠤᠯᠠᠪᠤᠷᠢ ᠶᠢᠨ ᠮᠠᠲ᠋ᠧᠷᠢᠶᠠᠯ ᠢ ᠳᠠᠭᠠᠭᠠᠨ ᠭᠦᠢᠴᠡᠳᠭᠡᠬᠦ᠂ ᠳᠠᠮᠵᠢᠭᠤᠯᠤᠨ ᠭᠦᠢᠴᠡᠳᠭᠡᠬᠦ ᠪᠠ ᠱᠠᠯᠠᠪᠳᠠᠭᠤᠯᠤᠨ ᠭᠦᠢᠴᠡᠳᠭᠡᠬᠦ᠂ ᠣᠨ ᠤ ᠬᠠᠷᠠᠯᠲᠠ ᠶᠢᠨ ᠬᠢᠨᠠᠨ ᠰᠢᠯᠭᠠᠯᠲᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠵᠢᠴᠢ ᠪᠥᠬᠦ  ᠲᠤᠪᠴᠢᠶᠠᠨ ᠤ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠪᠠ ᠪᠤᠰᠤᠳ ᠡᠳᠦᠷ ᠲᠤᠲᠤᠮ ᠤᠨ ᠭᠥᠯᠢᠶᠡᠨ ᠠᠪᠬᠤ ᠠᠵᠢᠯ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃      ᠪᠠᠶᠢᠭᠤᠯᠭ᠎ᠠ ᠶᠢᠨ ᠡᠭᠦᠷᠭᠡ ᠲᠤᠰᠢᠶᠠᠯ᠄      ︵ᠨᠢᠭᠡ︶ ᠴᠢᠩᠱᠠᠨ ᠲᠣᠭᠤᠷᠢᠭ ᠤᠨ ᠪᠣᠳᠠᠲᠤ ᠴᠤᠭᠴᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠬᠤᠶᠠᠷ︶ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠤᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠲᠤᠭᠤᠷᠢᠭ ᠤᠨ ᠳᠡᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠬᠤ᠂ ᠵᠣᠬᠢᠴᠠᠭᠤᠯᠬᠤ ᠪᠠ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠶᠢ ᠠᠬᠢᠭᠤᠯᠤᠨ᠎ᠠ᠃      ︵ᠭᠤᠷᠪᠠ︶ ᠦᠨᠳᠦᠰᠦᠨ ᠨᠠᠷᠢᠨ ᠬᠠᠭᠤᠳᠠᠰᠤ ᠶᠢᠨ ᠲᠦᠷᠢᠮ ᠤᠨ ᠪᠠᠶᠢᠭᠤᠯᠤᠯᠲᠠ ᠪᠠ ᠪᠠᠷᠢᠮᠵᠢᠶᠠᠵᠢᠭᠤᠯᠤᠯᠲᠠ ᠶᠢᠨ ᠠᠵᠢᠯ ᠢ ᠵᠣᠬᠢᠴᠠᠭᠤᠯᠤᠨ ᠠᠬᠢᠭᠤᠯᠤᠨ᠎ᠠ᠃      ︵ᠳᠥᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠶᠢᠨ ᠬᠤᠯᠪᠣᠭᠳᠠᠯ ᠪᠥᠬᠦᠶ ᠲᠦᠷᠢᠮ ᠲᠣᠭᠲᠠᠭᠠᠯ ᠤᠨ ᠲᠥᠰᠦᠯ ᠢ ᠲᠦᠷᠦᠭᠦᠯᠡᠨ ᠲᠤᠭᠤᠷᠪᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠴᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠬᠤ ᠠᠵᠢᠯ ᠳᠤ ᠣᠷᠣᠯᠴᠠᠨ᠎ᠠ᠃      ︵ᠲᠠᠪᠤ︶ ᠴᠢᠩᠱᠠᠨ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠬᠡᠷᠡᠭᠯᠡᠯᠲᠡ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠤᠭᠴᠠᠵᠢᠭᠰᠠᠨ ᠰᠦᠯᠵᠢᠶᠡᠨ ᠳᠠᠬᠢ ᠦᠢᠯᠡᠴᠢᠯᠡᠭᠡ ᠶᠢ ᠠᠬᠢᠭᠤᠯᠤᠨ᠎ᠠ᠃      ︵ᠵᠢᠷᠭᠤᠭ᠎ᠠ︶ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠲᠥᠯᠥᠪᠵᠢᠭᠦᠯᠭᠡ ᠶᠢᠨ ᠵᠢᠯᠣᠭᠤᠳᠣᠯᠭ᠎ᠠ᠂ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠴᠠᠭᠠᠬᠤ ᠠᠵᠢᠯ ᠢ ᠬᠠᠷᠢᠭᠤᠴᠠᠵᠤ᠂ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠡᠷᠴᠢᠮᠵᠢᠭᠦᠯᠦᠭᠰᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠣᠬᠢᠴᠠᠭᠤᠯᠤᠨ ᠵᠢᠯᠣᠭᠤᠳᠴᠤ᠂ ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠠᠭᠤᠯᠭ᠎ᠠ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃      ︵ᠳᠣᠯᠤᠭ᠎ᠠ︶ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠲᠥᠷᠥ ᠶᠢᠨ  ᠪᠤᠳᠤᠯᠭ᠎ᠠ ᠶᠢ ᠲᠠᠶᠢᠯᠦᠮᠵᠢ ᠵᠡᠷᠭᠡ ᠠᠵᠢᠯ  ᠢ ᠬᠠᠷᠢᠭᠤᠴᠠᠨ᠎ᠠ᠃      ︵ᠨᠠᠢᠮᠠ︶ ᠡᠯ᠎ᠡ ᠨᠢᠭᠡᠴᠡ᠂ ᠡᠯ᠎ᠡ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠯᠧᠺᠲᠷᠣᠨ ᠵᠠᠰᠠᠭ ᠤᠨ ᠶᠠᠪᠤᠳᠠᠯ ᠤᠨ ᠰᠢᠯᠭᠠᠨ ᠬᠢᠨᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠶᠢᠰᠦ︶ ᠪᠥᠬᠦ  ᠲᠤᠭᠤᠷᠢᠭ ᠤᠨ ᠵᠠᠰᠠᠭ ᠤᠨ ᠶᠠᠪᠤᠳᠠᠯ ᠤᠨ ᠠᠵᠢᠯ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ  ᠱᠠᠯᠠᠪᠳᠠᠭᠤᠯᠤᠨ ᠪᠠᠶᠢᠴᠠᠭᠠᠬᠤ᠂ ᠬᠦᠴᠦᠨ ᠴᠢᠳᠠᠪᠤᠷᠢ ᠶᠢ ᠦᠨᠡᠯᠡᠨ ᠵᠢᠱᠢᠬᠦ᠂ ᠵᠠᠰᠠᠭ ᠤᠨ ᠰᠤᠷᠲᠠᠯ ᠢ ᠴᠠᠭᠳᠠᠨ ᠪᠠᠶᠢᠴᠠᠭᠠᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠬᠠᠷᠢᠭᠤᠴᠠᠨ᠎ᠠ᠃      ︵ᠠᠷᠪᠠ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠯᠡᠴᠢᠯᠡᠨ ᠮᠡᠳᠡᠭᠦᠯᠬᠦ᠂ ᠵᠠᠭᠠᠯᠳᠤᠬᠤ ᠵᠡᠷᠭᠡ ᠠᠵᠢᠯ ᠢ ᠰᠢᠢᠳᠪᠦᠷᠢᠯᠡᠬᠦ ᠶᠢ ᠵᠣᠬᠢᠴᠠᠭᠤᠯᠵᠤ᠂ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠬᠠᠷᠢᠯᠴᠠᠬᠤ ᠤᠲᠠᠰᠤ᠄ 0472-3616013      ᠠᠵᠢᠯᠯᠠᠬᠤ ᠬᠠᠶ᠋ᠢᠭ᠄ ᠴᠢᠩᠱᠠᠨ ᠲᠣᠭᠤᠷᠢᠭ ᠤᠨ ᠬᠤᠲᠠ ᠶᠢᠨ ᠠᠷᠠᠳ ᠤᠨ ᠲᠢᠩᠬᠢᠮ ᠤᠨ C ᠰᠠᠭᠤᠳᠠᠯ ᠤᠨ ᠬᠤᠶᠠᠳᠤᠭᠠᠷ ᠠᠰᠠᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30᠃      ᠬᠠᠷᠢᠭᠤᠴᠠᠯᠭᠠᠲᠠᠨ᠄ ᠵᠠᠩ ᠬᠠᠶ ᠵᠢᠶᠦ᠋ᠨ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号