ᠴᠢᠩᠱᠠᠨ ᠲᠤᠭᠤᠷᠢᠭ ᠤᠨ ᠬᠢᠨᠠᠨ ᠪᠤᠳᠤᠬᠤ ᠲᠤᠪᠴᠢᠶ᠎ᠠ
ᠨᠡᠶᠢᠲᠡᠯᠡᠭᠰᠡᠨ ᠴᠠᠭ᠄
2021/11/1
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ       ᠰᠦ ᠸᠧᠨ ᠯᠢ       ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ      ᠬᠢᠨᠠᠨ ᠪᠣᠳᠣᠬᠤ ᠲᠣᠪᠴᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ       ᠳ᠋ᠦ᠋ ᠵᠣᠣ ᠬᠤᠸᠠ       ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠷᠬᠢᠯᠡᠭᠴᠢ ᠭᠡᠰᠢᠭᠦᠴᠢ    ᠲᠣᠪᠴᠢᠶᠠᠨ ᠳᠠᠷᠤᠭ᠎ᠠ ᠶᠢᠨ ᠠᠵᠢᠯ ᠢ ᠬᠠᠮᠵᠢᠨ᠂ ᠵᠠᠰᠠᠭ ᠵᠠᠬᠢᠷᠭᠠᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠢᠨᠠᠨ ᠪᠤᠳᠤᠬᠤ ᠲᠠᠰᠤᠭ ᠢ ᠬᠤᠪᠢᠳᠠᠨ ᠬᠠᠮᠢᠶᠠᠷᠤᠨ᠎ᠠ       ᠯᠢ ᠴᠢᠦ ᠧ       ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ       ᠲᠣᠪᠴᠢᠶᠠᠨ ᠳᠠᠷᠤᠭ᠎ᠠ ᠶᠢᠨ ᠠᠵᠢᠯ ᠢ ᠬᠠᠮᠵᠢᠨ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠲᠠᠰᠤᠭ ᠢ ᠬᠤᠪᠢᠳᠠᠨ ᠬᠠᠮᠢᠶᠠᠷᠤᠨ᠎ᠠ       ᠯᠢᠦ  ᠿᠦᠢ ᠴᠢᠩ       ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ       ᠲᠣᠪᠴᠢᠶᠠᠨ ᠳᠠᠷᠤᠭ᠎ᠠ ᠶᠢᠨ ᠠᠵᠢᠯ ᠢ ᠬᠠᠮᠵᠢᠨ᠂ ᠡᠳ᠋ ᠤᠨ ᠶᠠᠪᠤᠳᠠᠯ ᠵᠢᠴᠢ ᠠᠯᠪᠠᠨ ᠭᠡᠷ ᠢ ᠬᠤᠪᠢᠳᠠᠨ ᠬᠠᠮᠢᠶᠠᠷᠤᠨ᠎ᠠ       ᠸᠠᠩ ᠫᠢᠩ       ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠭᠡᠰᠢᠭᠦᠴᠢ       ᠲᠣᠪᠴᠢᠶᠠᠨ ᠳᠠᠷᠤᠭ᠎ᠠ ᠶᠢᠨ ᠠᠵᠢᠯ ᠢ ᠬᠠᠮᠵᠢᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠨᠠᠨ ᠪᠤᠳᠤᠬᠤ ᠲᠠᠰᠤᠭ ᠵᠢᠴᠢ ᠬᠠᠤᠯᠢ ᠲᠦᠷᠢᠮ ᠤᠨ ᠰᠢᠭᠦᠨ ᠰᠢᠢᠳᠪᠦᠷᠢᠯᠡᠬᠦ ᠲᠠᠰᠤᠭ ᠢ ᠬᠤᠪᠢᠳᠠᠨ ᠬᠠᠮᠢᠶᠠᠷᠤᠨ᠎ᠠ       ᠪᠠᠶᠢᠭᠤᠯᠭ᠎ᠠ ᠶᠢᠨ ᠡᠷᠬᠡ ᠲᠤᠰᠢᠶᠠᠯ       ︵ᠨᠢᠭᠡ︶ ᠪᠥᠬᠦ ᠲᠤᠭᠤᠷᠢᠭ ᠤᠨ ᠬᠢᠨᠠᠨ ᠪᠤᠳᠤᠬᠤ ᠠᠵᠢᠯ ᠢ ᠭᠤᠣᠯᠴᠢᠯᠠᠨ ᠬᠠᠮᠢᠶᠠᠷᠤᠨ᠎ᠠ᠃ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ  ᠪᠠ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠳᠠ ᠶᠢ ᠨᠡᠶᠢᠳᠡᠮ ᠬᠡᠷᠡᠭᠵᠢᠭᠦᠯᠬᠦ ᠶᠢ ᠪᠦᠬᠦᠨ ᠢ ᠬᠠᠮᠦᠷᠤᠭᠤᠯᠤᠨ᠎ᠠ︔ ᠤᠳᠤᠷᠢᠳᠬᠤ ᠺᠠᠳ᠋ᠷ ᠲᠤ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ  ᠶᠢᠨ ᠬᠢᠨᠠᠨ ᠪᠤᠳᠤᠯᠳᠠ ᠶᠢ ᠶᠠᠪᠤᠭᠳᠠᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠴᠢᠩᠱᠠᠨ ᠲᠣᠭᠤᠷᠢᠭ ᠤᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ  ᠪᠤᠳᠤᠨ᠎ᠠ︔ ᠬᠢᠨᠠᠨ ᠪᠤᠳᠤᠬᠤ᠂ ᠲᠤᠰᠬᠠᠶ ᠵᠦᠢᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠠᠢ᠃       ︵ᠬᠤᠶᠠᠷ︶ ᠬᠢᠨᠠᠨ ᠪᠤᠳᠤᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ  ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠵᠤ ᠦᠨᠡᠯᠡᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠭᠰᠠᠨ ᠰᠠᠨᠠᠭᠤᠯᠭ᠎ᠠ ᠳᠤᠷᠠᠳᠬᠤ ᠬᠡᠷᠡᠭᠲᠡᠶ᠃       ︵ᠭᠤᠷᠪᠠ︶ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠦᠪᠯᠡᠯ ᠳᠤ ᠴᠢᠩᠱᠠᠨ ᠲᠣᠭᠤᠷᠢᠭ ᠤᠨ ᠣᠨ ᠤ ᠲᠥᠰᠦᠪ ᠢ ᠭᠦᠢᠴᠡᠳᠬᠡᠭᠰᠡᠨ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠮᠡᠳᠡᠭᠦᠯᠦᠯᠲᠡ ᠪᠠᠨ ᠳᠡᠪᠰᠢᠭᠦᠯᠦᠨ᠎ᠡ︔ ᠲᠣᠭᠤᠷᠢᠭ ᠤᠨ ᠳᠠᠷᠤᠭ᠎ᠠ ᠳᠤ ᠣᠨ ᠤ ᠴᠢᠩᠱᠠᠨ ᠲᠣᠭᠤᠷᠢᠭ ᠤᠨ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ︔ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠴᠢᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠴᠢᠩᠱᠠᠨ ᠲᠣᠭᠤᠷᠢᠭ ᠤᠨ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠳᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠳᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠮᠡᠳᠡᠭᠡᠯᠡᠯ ᠢ ᠳᠤᠷᠠᠳᠤᠨ᠎ᠠ︔ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠬᠡᠷᠡᠭ ᠶᠠᠪᠤᠳᠠᠯ ᠤᠨ ᠲᠤᠬᠠᠢ ᠬᠢᠨᠠᠨ ᠪᠤᠳᠤᠯᠳᠠ ᠪᠠ ᠲᠤᠰᠬᠠᠢ ᠬᠢᠨᠠᠨ ᠪᠤᠳᠤᠯᠳᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ︔ ᠬᠢᠨᠠᠨ ᠪᠤᠳᠤᠯᠳᠠ ᠶᠢᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠨ᠎ᠡ︔ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠢᠨᠠᠨ ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠳᠡᠨ᠎ᠡ᠃       ︵ᠳᠥᠷᠪᠡ︶ ᠳᠣᠤᠷᠠᠬᠢ ᠵᠦᠢᠡᠯᠰ ᠲᠤ ᠰᠢᠭᠤᠳ ᠬᠢᠨᠠᠨ ᠪᠤᠳᠤᠯᠲᠠ ᠬᠢᠵᠦ᠂ ᠬᠢᠨᠠᠨ ᠪᠤᠳᠤᠯᠲᠠ ᠶᠢᠨ ᠮᠡᠳᠡᠭᠦᠯᠦᠯᠲᠡ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠤᠳᠤᠯᠲᠠ ᠶᠢᠨ ᠲᠣᠭᠲᠠᠭᠠᠯ ᠭᠠᠷᠭᠠᠨ᠎ᠠ᠄ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠴᠢᠩᠱᠠᠨ ᠲᠣᠭᠤᠷᠢᠭ ᠤᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠴᠢᠩᠱᠠᠨ ᠲᠣᠭᠤᠷᠢᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ︔ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ︔ ᠲᠥᠪ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠᠯᠠ ᠮᠥᠩᠭᠦ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ ᠤᠨ ᠪᠠᠯᠠ ᠣᠷᠣᠭᠤᠯᠤᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠴᠢᠩᠱᠠᠨ ᠲᠣᠭᠤᠷᠢᠭ ᠤᠨ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ ᠲᠥᠰᠦᠪ ᠤᠨ ᠭᠦᠢᠴᠡᠳᠭᠡᠯ︔ ᠴᠢᠬᠤᠯᠠ ᠶᠡᠭᠡ ᠲᠥᠷᠥᠯ ᠵᠦᠢᠯ ᠤᠨ ᠪᠠᠶᠢᠴᠠᠭᠠᠯᠲᠠ᠂ ᠲᠤᠭᠤᠷᠢᠭ ᠤᠨ ᠴᠢᠬᠤᠯᠠ ᠶᠡᠭᠡ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ︔ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠤᠭᠤᠷᠢᠭ  ᠤᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯ ᠤᠨ ᠬᠥᠷᠥᠩᠭᠡ ᠨᠢ ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠠ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ︔ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠪᠡᠯᠡᠭᠯᠡᠨ ᠬᠦᠷᠭᠡᠭᠰᠡᠨ ᠪᠡᠯᠡ ᠮᠥᠩᠭᠦ ᠪᠠ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠳᠤ ᠬᠤᠯᠪᠤᠭᠳᠠᠬᠤ ᠵᠡᠷᠭᠡ ᠶᠢ ᠪᠠᠭᠲᠠᠭᠠᠨ᠎ᠠ᠃       ︵ᠲᠠᠪᠤ︶ ᠲᠣᠭᠲᠠᠭᠠᠯ ᠶᠣᠰᠣᠭᠠᠷ ᠰᠠᠯᠠᠭᠠᠨ ᠱᠠᠲᠤᠨ ᠤ ᠨᠠᠮ ᠵᠠᠰᠠᠭ᠂ ᠠᠵᠤ ᠠᠬᠤᠶᠢᠯᠠᠯ ᠠᠵᠢᠯ  ᠦᠢᠯᠡᠰ ᠤᠨ ᠭᠤᠤᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠬᠡᠷᠡᠭᠵᠢᠭᠦᠯᠦᠨ᠎ᠡ᠃       ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠵᠦᠢᠯᠡᠰ ᠲᠤ ᠲᠤᠰᠬᠠᠶ ᠵᠦᠢᠯ ᠤᠨ ᠬᠢᠨᠠᠨ ᠪᠤᠳᠤᠯᠳᠠ ᠶᠢᠨ ᠪᠠᠶᠢᠴᠠᠭᠠᠯᠲᠠ ᠬᠢᠨ᠎ᠠ᠃       ︵ᠲᠤᠯᠤᠭ᠎ᠠ︶ ᠬᠢᠨᠠᠨ ᠪᠤᠳᠦᠬᠤ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠨ᠎ᠠ︔ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ︔ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠦᠭᠰᠡᠨ᠂ ᠵᠠᠰᠠᠭ ᠵᠠᠬᠢᠷᠭᠠᠨ ᠤ ᠵᠠᠷᠭᠤ ᠪᠤᠶᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠰᠤᠯᠤᠯᠲᠠ ᠶᠢᠨ ᠳᠤᠮᠳᠠᠬᠢ ᠬᠤᠯᠪᠣᠭᠳᠠᠯ ᠪᠥᠬᠦᠶ ᠵᠦᠢᠡᠯᠰ ᠢ ᠬᠠᠤᠯᠢ ᠶᠣᠰᠣᠭᠠᠷ  ᠭᠦᠢᠴᠡᠳᠭᠡᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠯᠪᠣᠭᠳᠠᠯ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃       ︵ᠨᠠᠢᠮᠠ︶ ᠳᠣᠲᠣᠭᠠᠳᠤ ᠶᠢᠨ ᠬᠢᠨᠠᠨ ᠪᠤᠳᠦᠬᠤ ᠠᠵᠢᠯ ᠢ ᠵᠢᠯᠣᠭᠤᠳᠴᠤ ᠲᠡᠭᠦᠨ ᠳᠤ ᠬᠢᠨᠠᠯᠲᠠ ᠲᠠᠯᠪᠢᠨ᠎ᠠ︔ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠬᠢᠵᠦ ᠥᠭᠭᠦᠭᠰᠡᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃       ︵ᠶᠢᠰᠦ︶ ᠪᠤᠭᠤᠲᠤ ᠬᠤᠲᠠ ᠶᠢᠨ ᠬᠢᠨᠠᠨ ᠪᠤᠳᠤᠬᠤ ᠲᠣᠪᠴᠢᠶ᠎ᠠ ᠪᠠ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠤᠷ᠎ᠠ ᠬᠢᠨᠠᠨ ᠪᠤᠳᠤᠬᠤ ᠬᠦᠷᠢᠶ᠎ᠡ ᠴᠠᠷᠠᠭ᠎ᠠ ᠶᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠩᠱᠠᠨ ᠲᠣᠭᠤᠷᠢᠭ ᠤᠨ ᠬᠢᠨᠠᠨ ᠪᠤᠳᠤᠬᠤ ᠬᠦᠷᠢᠶ᠎ᠡ ᠴᠠᠷᠠᠭ᠎ᠠ ᠳ᠋ᠠᠬᠢ‌ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠵᠢᠯᠣᠭᠤᠳᠬᠤ ᠪᠠ ᠳᠡᠯᠭᠡᠷᠡᠭᠦᠯᠦᠨ᠎ᠡ᠃       ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠠᠶᠠᠯᠡᠭᠦᠯᠦᠨ᠎ᠡ᠃       ︵ᠠᠷᠪᠠᠨ ᠨᠢᠭᠡ︶ ᠡᠭᠦᠷᠭᠡ ᠴᠢᠳᠠᠪᠤᠷᠢ ᠶᠢ  ᠬᠤᠪᠢᠷᠠᠭᠤᠯᠤᠨ᠎ᠠ᠃ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠲᠤᠭᠤᠷᠢᠭ ᠤᠨ ᠬᠢᠨᠠᠨ ᠪᠤᠳᠤᠬᠤ ᠠᠵᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠯᠤᠭ᠎ᠠ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠬᠢᠨᠠᠨ ᠪᠤᠳᠤᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠶ ᠬᠢᠨᠠᠨ ᠪᠤᠳᠤᠵᠤ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠪᠠᠶᠢᠴᠠᠭᠠᠬᠤ ᠶᠢ ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ  ᠭᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃       ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠵᠠᠮ ᠤᠨ 189  ᠳ᠋ᠦ᠋ᠭᠡᠷ ᠨᠣᠮᠧᠷᠲᠤ ᠴᠢᠩᠱᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 8 ᠳ᠋ᠤᠭᠠᠷ ᠠᠰᠠᠷ       ᠠᠵᠢᠯᠯᠠᠬᠤ ᠴᠠᠭ᠄ ᠦᠳᠡ ᠶᠢᠨ ᠡᠮᠦᠨ᠎ᠡ  8᠄ 30 — 12᠄ 00︔ ᠦᠳᠡ ᠶᠢᠨ ᠬᠤᠶᠢᠨ᠎ᠠ 2᠄ 30 — 5᠄ 30       ᠬᠠᠷᠢᠯᠴᠠᠬᠤ ᠤᠲᠠᠰᠤ᠄ 0472-3616838       ᠬᠠᠷᠢᠭᠤᠴᠠᠯᠭᠠᠲᠠᠨ᠄ ᠰᠦ  ᠸᠧᠨ ᠯᠢ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号