ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 ᠣᠨ ᠤ | ᠠᠵᠢᠯ ᠤᠨ ᠲᠤᠬᠠᠶ ᠡᠷᠭᠢᠴᠡᠭᠦᠯᠦᠯ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠦᠨᠳᠦ ᠬᠡᠴᠡᠭᠦᠦ | ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠠ ᠥᠭᠡᠷᠡᠴᠢᠯᠡᠯᠲᠡ ᠬᠦᠭᠵᠢᠭᠦᠯᠦᠯᠲᠡ ᠶᠢᠨ ᠲᠣᠭᠲᠠᠭᠤᠨ | ᠪᠠᠶᠢᠯᠭᠠᠬᠤ ᠬᠠᠲᠠᠭᠤ ᠪᠡᠷᠬᠡ ᠬᠦᠨᠳᠦ ᠡᠭᠦᠷᠭᠡ ᠶᠢᠨ ᠪᠠᠶᠢᠳᠠᠯ ᠳᠤᠤᠷ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠴᠢᠩᠭ᠎ᠠ ᠲᠦᠰᠢᠭᠯᠡᠵᠦ᠂ ᠰᠢ ᠶᠢᠨ ᠫᠢᠩ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠲᠤᠤᠱᠯᠠᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠲᠤᠬᠠᠢ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠰᠠᠭᠤᠷᠢᠨ | ᠭᠠᠵᠠᠷ︾ ᠢ ᠴᠣᠭᠴᠠᠯᠠᠬᠤ᠂ ︽ᠭᠤᠷᠪᠠᠨ ᠬᠤᠳᠠ ᠶᠢᠨ ᠲᠣᠭᠤᠷᠢᠭ︾ ᠢ ᠪᠦᠳᠦᠭᠡᠨ ᠪᠠᠶᠢᠭᠤᠯᠬᠤ ᠪᠠᠶᠢᠯᠳᠤᠬᠤ | ᠪᠤᠳᠤᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ | ᠤᠷᠤᠭᠰᠢᠯᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠦᠢᠯᠡᠰ ᠢ ᠰᠢᠨ᠎ᠡ | ᠳᠡᠭᠲᠡᠷ ᠲᠤ ᠭᠠᠷᠬᠤ ᠶᠢ ᠠᠬᠢᠭᠤᠯᠪᠠ᠃ | ᠲᠠᠪᠤᠨ ᠵᠢᠯ ᠤᠨ ᠲᠤᠷᠰᠢ᠂ ᠪᠢᠳᠡ ᠠᠷᠭ᠎ᠠ ᠪᠦᠬᠦᠨ ᠢ ᠰᠦᠪᠡᠭᠴᠢᠯᠡᠨ ᠨᠡᠮᠡᠭᠳᠡᠯ ᠢ ᠲᠣᠭᠲᠠᠪᠤᠷᠢᠵᠢᠭᠤᠯᠵᠤ᠂ | ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ | ᠭᠤᠣᠯ ᠭᠦᠢᠴᠡᠳᠬᠡᠬᠦ ᠲᠤᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 6.3% ᠨᠡᠮᠡᠭᠳᠡᠵᠦ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 3.9% ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 12.1% ᠨᠡᠮᠡᠭᠳᠡᠵᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 6.8% ᠨᠡᠮᠡᠭᠳᠡᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠵᠢᠯ ᠪᠦᠷᠢ ᠳᠤᠮᠳᠠᠴᠢ ᠪᠠᠷ | 4.4% ᠨᠡᠮᠡᠭᠳᠡᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠵᠢᠯ ᠪᠦᠷᠢ ᠳᠤᠮᠳᠠᠴᠢ ᠪᠠᠷ 5.8% ᠨᠡᠮᠡᠭᠳᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠭᠤᠣᠯ | ᠪᠣᠯᠬᠤ ᠬᠥᠭᠵᠢᠯᠲᠡ ᠶᠢᠨ ᠭᠦᠢᠴᠡᠳᠬᠡᠯ ᠲᠤᠭ᠎ᠠ ᠶᠢᠨ ᠣᠯᠠᠩᠬᠢ ᠨᠢ ᠬᠠᠷᠠᠯᠲᠠ ᠶᠢᠨ ᠱᠠᠭᠠᠷᠳᠠᠯᠭ᠎ᠠ ᠳᠤ ᠬᠦᠷᠴᠦ᠂ ᠡᠯ᠎ᠡ | ᠲᠦᠷᠦᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠴᠥᠮ ᠪᠦᠬᠦ ᠬᠤᠳᠠ ᠶᠢᠨ ᠡᠮᠦᠨ᠎ᠡ | ᠡᠩᠨᠡᠭᠡᠨ ᠳᠤ ᠣᠷᠣᠪᠠ᠃ ᠭᠤᠣᠯᠳᠠᠯᠭ᠎ᠠ ᠪᠣᠯᠬᠤ ᠵᠦᠢᠯᠡᠰ ᠢ ᠥᠨᠳᠥᠷ ᠪᠦᠲᠦᠮᠵᠢᠲᠡᠶ ᠪᠠᠷ ᠬᠡᠷᠡᠭᠵᠢᠭᠦᠯᠪᠡ᠃ | ᠤᠯᠤᠰ ᠤᠨ ᠳᠣᠲᠣᠭᠠᠳᠤ ︵ᠲᠤᠭᠤᠷᠢᠭ ᠤᠨ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ ᠨᠡᠶᠢᠲᠡ | 368.1 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 138 ᠪᠠᠯᠠ ᠣᠷᠣᠭᠤᠯᠵᠤ ᠬᠠᠮᠲᠤᠷᠠᠯᠴᠠᠬᠤ | ᠵᠥᠪᠯᠡᠯᠴᠡᠭᠡᠷ ᠲᠣᠭᠲᠠᠵᠤ᠂ ᠵᠥᠪᠳᠡᠯᠴᠡᠬᠡᠷ ᠤᠨ ᠵᠣᠭᠤᠰ ᠤᠨ ᠲᠤᠭ᠎ᠠ 973.8 ᠳ᠋ᠦᠩᠰᠢᠭᠤᠷ ᠲᠥᠭᠦᠷᠢᠭ ᠲᠤ | ᠬᠥᠷᠪᠡ᠃ ᠨᠡᠶᠢᠲᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ 303 | ᠬᠡᠷᠡᠭᠵᠢᠭᠦᠯᠵᠦ᠂ ᠨᠡᠶᠢᠲᠡ 1590.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 268 ᠪᠠᠷᠢᠯᠭ᠎ᠠ ᠶᠢᠨ | ᠠᠵᠢᠯ ᠳᠠᠭᠤᠰᠴᠤ ᠠᠰᠢᠭᠯᠠᠯᠲᠠ ᠳᠤ ᠣᠷᠣᠭᠤᠯᠪᠠ᠃ ᠬᠤᠩ ᠶᠤᠸᠠᠨ ᠰᠢᠨ᠎ᠡ ᠮᠠᠲ᠋ᠧᠷᠢᠶᠠᠯ᠂ ᠤᠯᠠᠮᠵᠢᠯᠠᠯᠲᠤ ᠬᠢᠮᠢ ᠶᠢᠨ | ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠵᠠᠰᠠᠮᠠᠯ ᠵᠠᠮ ᠤᠨ ᠭᠠᠷᠠᠮ᠂ ᠠᠲ᠋ᠧᠰ ᠤᠨ ᠤᠯᠠᠨ ᠲᠠᠯᠠᠰᠲᠤ ᠲᠡᠪᠬᠡ | ᠴᠢᠳᠬᠤᠬᠤ᠂ ᠵᠢᠩ ᠤᠣ ᠯᠠ ᠵᠢᠩ ᠲᠠᠯᠠᠰᠲᠤ ᠲᠡᠪᠬᠡ ᠴᠢᠳᠬᠤᠬᠤ ᠵᠡᠷᠭᠡ ᠨᠢᠭᠡ ᠪᠦᠯᠦᠭ ᠴᠢᠬᠤᠯᠠ ᠶᠡᠭᠡ ᠲᠣᠭᠤᠷᠢᠭ | ᠪᠠᠶᠢᠭᠤᠯᠬᠤ ᠲᠦᠷᠦᠯ ᠵᠦᠢᠯ ᠪᠤᠭᠤᠲᠤ ᠬᠤᠳᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠳᠤ ᠬᠦᠳᠦᠯᠦᠨ | ᠳᠠᠭᠠᠭᠤᠯᠬᠤ ᠪᠠ ᠵᠢᠱᠢᠶ᠎ᠡ ᠦᠵᠡᠭᠦᠯᠬᠦ ᠦᠢᠯᠡᠳᠦᠯ ᠲᠠᠢ ᠲᠦᠷᠦᠯ ᠵᠦᠢᠯ ᠵᠠᠯᠭᠠᠪᠡᠷ ᠪᠠᠶᠢᠭᠤᠯᠵᠤ ᠠᠰᠢᠭᠯᠠᠯᠲᠠ ᠳᠤ | ᠣᠷᠣᠭᠤᠯᠪᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠦᠷᠭᠡᠪᠴᠢᠯᠡᠨ | ᠨᠠᠶᠢᠳᠠᠪᠤᠷᠢᠵᠢᠭᠤᠯᠪᠠ᠃ ᠠᠵᠤ ᠠᠬᠤᠶᠢᠯᠠᠯ ᠳᠤ ᠨᠡᠶᠢᠲᠡ 4.7 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ | ᠭᠠᠶᠢᠯᠢ ᠠᠴᠠ ᠭᠡᠯᠳᠦᠷᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ | ᠪᠠᠯᠠ ᠮᠥᠩᠭᠦ ᠶᠢ 6.7 ᠳ᠋ᠦᠩᠰᠢᠭᠤᠷ ᠲᠥᠭᠦᠷᠢᠭ ᠤᠯᠬᠤ ᠪᠠᠷ ᠴᠢᠷᠮᠠᠶᠢᠪᠠ᠃ ᠪᠥᠬᠦ ᠲᠤᠭᠤᠷᠢᠭ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠨᠢ 4 ᠲᠦᠮᠡᠨ ᠡᠷᠦᠬᠡ ᠶᠢ ᠳᠠᠪᠠᠵᠤ᠂ ᠳᠠᠩᠰᠠᠯᠠᠭᠤᠯᠤᠭᠰᠠᠨ ᠬᠥᠷᠥᠩᠭᠡ ᠨᠢ 1182. | 2 ᠳ᠋ᠦᠩᠰᠢᠭᠤᠷ ᠲᠥᠭᠦᠷᠢᠭ ᠲᠤ ᠬᠦᠷᠴᠦ᠂ ᠠᠵᠢᠯᠯᠠᠭᠰᠠᠳ ᠨᠢ 15.7 ᠲᠦᠮᠡᠨ ᠬᠥᠮᠦᠨ ᠳᠤ ᠬᠦᠷᠴᠦ᠂ ︽12 · 5︾ | ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ ᠲᠣᠰ ᠲᠣᠰ 224%᠂ 115%᠂ 111% ᠪᠠᠷ | ᠨᠡᠮᠡᠭᠳᠡᠪᠡ᠃ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ 5894 ᠬᠤᠪᠢ ᠪᠠᠶᠢᠵᠤ᠂ ᠲᠤᠭ᠎ᠠ ᠬᠡᠮᠵᠢᠶ᠎ᠡ ᠨᠢ ᠪᠥᠬᠦ | ᠬᠤᠲᠠ ᠳᠤ ᠨᠢᠭᠡᠳᠦᠭᠡᠷ ᠲᠤ ᠣᠷᠣᠪᠠ᠃ | ᠲᠠᠪᠤᠨ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠬᠤ ᠶᠢ ᠡᠷᠡᠰ ᠭᠤᠶᠢᠪᠢᠰᠢ ᠥᠬᠡᠶ ᠠᠳᠬᠤᠵᠤ᠂ | ᠬᠥᠭᠵᠢᠯᠲᠡ ᠶᠢᠨ ᠠᠷᠭ᠎ᠠ ᠮᠠᠶ᠋ᠢᠭ ᠢᠶᠠᠨ ᠲᠦᠷᠭᠡᠪᠴᠢᠯᠡᠨ ᠬᠤᠪᠢᠷᠠᠭᠤᠯᠪᠠ | ᠵᠡᠪᠰᠡᠭ ᠲᠣᠨᠣᠭᠯᠠᠯ ᠦᠢᠯᠡᠳᠬᠦ ᠦᠢᠯᠡᠰ ᠲᠦᠷᠭᠡᠨ ᠢᠶᠠᠷ ᠬᠥᠭᠵᠢᠪᠡ᠃ ᠨᠢᠭᠡᠳᠦᠭᠡᠷ ᠮᠠᠰᠢᠨ ᠦᠢᠯᠡᠳᠬᠦ | ᠺᠤᠮᠫᠠᠨᠢ ᠶᠢᠨ ᠣᠨᠴᠠ ᠲᠦᠷᠦᠯ ᠤᠨ ᠮᠠᠰᠢᠨ ᠲᠡᠷᠭᠡ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠠᠮᠤᠷ | ᠲᠦᠪᠰᠢᠨ ᠤ ᠬᠠᠮᠠᠭᠠᠯᠠᠯᠲᠠ ᠶᠢᠨ ᠬᠡᠷᠡᠰᠬᠡ᠂ ᠳ᠋ᠠ ᠳ᠋ᠢ ᠰᠢᠷᠣᠶ ᠲᠦᠯᠬᠢᠬᠦ ᠮᠠᠰᠢᠨ ᠵᠡᠷᠭᠡ 71 ᠠᠵᠤ ᠠᠬᠤᠶᠢᠯᠠᠯ ᠪᠠ | ᠭᠠᠵᠠᠷ ᠣᠷᠣᠨ ᠢ ᠠᠭᠤᠰᠤᠯᠴᠠᠭᠤᠯᠬᠤ ᠵᠦᠢᠯᠡᠰ ᠢ ᠥᠨᠳᠥᠷ ᠪᠦᠲᠦᠮᠵᠢᠲᠡᠶ ᠪᠠᠷ ᠬᠡᠷᠡᠭᠵᠢᠭᠦᠯᠪᠡ᠃ ᠬᠦᠷᠢᠶᠡᠯᠡᠩ | ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠲᠣᠭᠤᠷᠢᠭ ᠤᠨ ︽ᠶᠢᠰᠦᠨ ᠬᠥᠨᠳᠡᠯᠡᠨ ᠠᠷᠪᠠᠨ ᠭᠤᠯᠳᠤ︾ ᠶᠢᠨ ᠵᠠᠮ | ᠪᠠ ᠬᠤᠭᠤᠯᠠᠶ ᠶᠢᠨ ᠲᠣᠤᠷ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ 220 ᠺᠢᠯᠤᠸᠤᠯᠲ᠂ 110 ᠺᠢᠯᠤᠸᠤᠯᠲ ᠤᠨ | ᠬᠦᠴᠦᠳᠡᠯ ᠥᠭᠡᠷᠡᠴᠢᠯᠡᠬᠦ ᠥᠷᠲᠡᠭᠡ ᠶᠢ 6 ᠪᠠᠶᠢᠭᠤᠯᠵᠤ ᠳᠠᠭᠤᠰᠬᠠᠪᠠ᠃ 522 ᠲᠥᠷᠥᠯ ᠵᠦᠢᠯ ᠢ ᠬᠡᠷᠡᠭᠵᠢᠭᠦᠯᠵᠦ᠂ | ᠵᠢᠯ ᠤᠨ ᠦᠢᠯᠡᠳᠭᠦᠨ ᠤ ᠥᠷᠲᠡᠭ ᠨᠢ 602 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ 1.5 ᠳᠠᠬᠢᠨ ᠪᠣᠯᠪᠠ᠃ ᠬᠦᠷᠢᠶᠡᠯᠡᠩ ᠲᠣᠭᠤᠷᠢᠭ ᠤᠨ | ᠬᠥᠭᠵᠢᠯᠲᠡ ᠨᠢ ᠥᠪᠡᠷᠲᠡᠭᠡᠨ ᠵᠠᠰᠠᠬᠤ ᠣᠷᠣᠨ ᠤ 95 ᠨᠡᠭᠡᠭᠡᠯᠲᠡ ᠶᠢᠨ ᠲᠣᠭᠤᠷᠢᠭ ᠤᠨ ᠡᠮᠦᠨ᠎ᠡ ᠡᠩᠨᠡᠭᠡᠨ ᠳᠤ | ᠣᠷᠣᠵᠤ᠂ 4 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ | ᠪᠦᠰᠡ ᠶᠢᠨ ᠰᠢᠯᠢᠳᠡᠭ ᠬᠦᠷᠢᠶᠡᠯᠡᠩ ᠲᠣᠭᠤᠷᠢᠭ ᠢᠶᠠᠷ ᠦᠨᠡᠯᠡᠭᠳᠡᠵᠦ᠂ ᠤᠷᠢᠳ ᠬᠤᠵᠢᠳ ︽ᠤᠯᠤᠰ ᠤᠨ ᠪᠣᠬᠢᠷᠲᠤᠯ | ᠥᠬᠡᠶ ᠬᠦᠷᠢᠶᠡᠯᠡᠩ ᠲᠣᠭᠤᠷᠢᠭ︾ ︽ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ︾ ᠵᠡᠷᠭᠡ 5 ᠵᠦᠢᠯ ᠤᠨ ᠤᠯᠤᠰ ᠤᠨ ᠲᠠᠰ ᠤᠨ ᠢᠷᠠᠭᠤ ᠠᠯᠳᠠᠷ ᠢ ᠭᠥᠷᠳᠡᠪᠡ᠃ | ᠮᠠᠨ ᠤ ᠲᠤᠭᠤᠷᠢᠭ ᠬᠤᠶᠠᠷ ᠵᠢᠯ ᠳᠠᠷᠠᠭᠠᠯᠠᠨ ᠪᠦᠬᠦ ᠤᠯᠤᠰ ᠤᠨ ᠠᠵᠤ ᠦᠢᠯᠡᠳᠪᠦᠷᠢ ᠶᠢᠨ ᠵᠠᠭᠤᠨ ᠬᠦᠴᠦᠷᠬᠡᠭ | ᠣᠷᠣᠨ ᠳᠤ ᠰᠣᠩᠭᠤᠭᠳᠠᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠰᠠᠶᠢᠨ ᠪᠠᠶᠢᠨ᠎ᠠ᠃ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ | ᠥᠷᠲᠡᠭ ᠲᠤ ᠡᠵᠡᠯᠡᠬᠦ ᠬᠤᠪᠢ ᠶᠢᠨ ᠵᠢᠩ ᠨᠢ 62.3% ᠳᠤ ᠬᠥᠷᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 14.4 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 26.3% ᠪᠠᠷ ᠨᠡᠮᠡᠭᠳᠡᠪᠡ᠃ ᠶᠢᠨ ᠬᠥ᠋ ᠲᠠᠷᠢᠶᠠᠯᠠᠩ ᠬᠤᠳᠠᠯᠳᠤᠭᠠᠨ ᠤ ᠪᠠᠩᠬᠢ᠂ ᠪᠦᠦ ᠶᠢᠨ | ᠬᠡᠷᠡᠭᠯᠡᠭᠡᠨ ᠤ ᠮᠥᠩᠭᠦᠨ ᠭᠦᠢᠯᠭᠡᠭᠡᠨ᠂ ᠠᠮᠤᠷ ᠲᠦᠪᠰᠢᠨ ᠤ ᠳᠠᠭᠠᠳᠬᠠᠯ ᠵᠡᠷᠭᠡ ᠪᠥᠬᠦ ᠤᠯᠤᠰ ᠤᠨ ᠴᠢᠨᠠᠷᠲᠠᠶ | ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠶᠢ ᠠᠮᠵᠢᠯᠲᠠ ᠲᠠᠢ ᠪᠠᠷ ᠤᠷᠤᠭᠤᠯᠵᠦ᠂ ᠶᠡᠷᠦᠩᠬᠡᠶ | ᠬᠡᠯᠲᠡᠰ ᠤᠨ ᠮᠥᠩᠭᠦᠨ ᠭᠦᠢᠯᠭᠡᠭᠡᠨ ᠤ ᠳᠠᠭᠠᠳᠬᠠᠯ ᠤᠨ ᠲᠥᠷᠥᠯ ᠤᠨ ᠪᠠᠶᠢᠭᠤᠯᠤᠮᠵᠢ ᠵᠢᠴᠢ ᠬᠤᠶᠠᠳᠤᠭᠠᠷ ᠳᠡᠰ ᠤᠨ | ᠬᠤᠪᠢᠶᠠᠷᠢ ᠰᠠᠯᠪᠤᠷᠢ ᠪᠠᠶᠢᠭᠤᠯᠤᠮᠵᠢ ᠶᠢ ᠨᠡᠶᠢᠲᠡ 55 ᠡᠷᠦᠬᠡ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ | ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠷᠥᠯ ᠵᠦᠢᠯ ᠢᠶᠠᠷ ᠬᠠᠮᠤᠭ ᠤᠨ ᠪᠦᠷᠢᠨ ᠬᠤᠰᠢᠭᠤ | ᠰᠢᠶᠠᠨ ᠲᠣᠭᠤᠷᠢᠭ ᠤᠨ ᠨᠢᠭᠡ ᠪᠣᠯᠭᠠᠪᠠ᠃ ᠡᠭᠦᠯᠡᠨ ᠪᠤᠳᠤᠯᠲᠠ ᠶᠢᠨ ᠲᠥᠪ᠂ ᠤᠮᠠᠷᠠᠲᠤ ᠶᠢᠨ ᠪᠧᠢ ᠳ᠋ᠧᠦ ᠵᠡᠷᠭᠡ | ᠲᠦᠷᠦᠯ ᠵᠦᠢᠯ ᠢ ᠵᠢᠩᠬᠢᠨᠢ ᠪᠠᠷ ᠡᠵᠡᠩᠨᠡᠵᠦ᠂ ᠮᠢᠶᠣᠣ ᠳ᠋ᠦᠨ ᠰᠢᠶᠦ᠋ᠨ ᠹᠸᠢ ᠤᠶᠤᠨᠲᠤ ᠪᠠᠷᠠᠭᠠᠨ ᠤ ᠰᠦᠯᠵᠢᠶ᠎ᠡ ᠵᠡᠷᠭᠡ | ᠲᠦᠷᠦᠯ ᠵᠦᠢᠯ ᠢ ᠲᠦᠷᠭᠡᠨ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ +︾ ᠵᠠᠭᠪᠤᠷ ᠤᠨ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠠᠭ ᠠᠯᠬᠤᠮ ᠠᠯᠬᠤᠮ ᠢᠶᠠᠷ ᠪᠦᠷᠢᠯᠳᠦᠵᠦ ᠪᠤᠢ᠃ | ᠴᠤᠸᠠᠨ ᠬᠤᠸᠠ ᠵᠢᠶᠤᠤ ᠲᠸᠤ ᠵᠠᠰᠠᠮᠠᠯ ᠵᠠᠮ ᠤᠨ ᠭᠠᠷᠠᠮ ᠨᠢ ᠨᠢᠭᠡᠨᠲᠡ ᠪᠠᠷᠠᠭᠤᠨ ᠬᠤᠶᠢᠲᠤ ᠣᠷᠣᠨ ᠤ | ᠬᠠᠮᠤᠭ ᠤᠨ ᠲᠣᠮᠣ ᠢᠬᠢᠷ ᠰᠢᠬᠢᠷ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠲᠥᠪ ᠪᠣᠯᠤᠭᠰᠠᠨ ᠪᠠᠶᠢᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠥᠷᠨᠢᠩᠭᠦᠶ ᠬᠥᠭᠵᠢᠵᠦ᠂ ᠭᠠᠭ᠋ᠠᠶ ᠪᠠᠭᠰᠢ ᠰᠦᠯᠵᠢᠶ᠎ᠡ ᠶᠢᠨ ᠥᠪᠥᠷ | ᠮᠣᠩᠭᠤᠯ ᠤᠨ ᠪᠠᠷᠠᠭᠤᠨ ᠬᠡᠰᠡᠭ ᠤᠨ ᠶᠡᠷᠦᠩᠬᠡᠶ ᠬᠡᠯᠲᠡᠰ ᠤᠨ ᠬᠦᠷᠢᠶᠡᠯᠡᠩ ᠲᠣᠭᠤᠷᠢᠭ ᠢ ᠡᠬᠢᠯᠡᠨ ᠠᠵᠢᠯᠯᠠᠭᠤᠯᠵᠤ᠂ | ᠭᠤᠤᠯᠳᠠᠯᠭ᠎ᠠ ᠲᠠᠢ ᠬᠢᠨᠠᠨ ᠡᠵᠡᠮᠳᠡᠬᠦ ᠠᠵᠤ ᠠᠬᠤᠶᠢᠯᠠᠯ ᠪᠠ ᠲᠠᠪᠴᠠᠩ ᠤᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠷᠠᠯᠵᠢᠶᠠᠨ ᠤ ᠲᠤᠭ᠎ᠠ ᠨᠡᠶᠢᠲᠡ 10.7 ᠳ᠋ᠦᠩᠰᠢᠭᠤᠷ ᠲᠥᠭᠦᠷᠢᠭ ᠲᠤ ᠬᠥᠷᠪᠡ᠃ ᠬᠤᠲᠠ ᠶᠢᠨ | ᠲᠠᠷᠢᠶᠠᠯᠠᠩ ᠤᠨ ᠶᠠᠰᠤ ᠴᠢᠨᠠᠷ ᠪᠠ ᠦᠷ᠎ᠡ ᠠᠰᠢᠭ ᠵᠡᠷᠭᠡ ᠪᠠᠷ ᠨᠡᠮᠡᠭᠳᠡᠪᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠴᠢᠩᠭ᠎ᠠ ᠰᠠᠬᠢᠵᠤ᠂ 1432 ᠾᠧᠺᠲ᠋ᠠᠷ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠵᠠᠭᠠᠭᠯᠠᠨ ᠲᠣᠭᠲᠠᠭᠠᠨ᠎ᠠ᠃ ᠠᠯᠳᠠᠨ ᠴᠡᠴᠡᠭ ᠤᠨ ᠠᠮᠢ ᠠᠬᠤᠶ ᠶᠢᠨ ᠬᠦᠷᠢᠶᠡᠯᠡᠩ᠂ ᠬᠤᠢ ᠰᠢᠶᠠᠩ ᠶᠤᠸᠠᠨ ᠤ | ᠦᠵᠦᠮ ᠤᠨ ᠬᠦᠷᠢᠶᠡᠯᠡᠩ ᠵᠡᠷᠭᠡ ᠬᠥᠳᠡᠭᠡ ᠲᠣᠰᠬᠤᠨ ᠤ ᠠᠵᠤ ᠦᠢᠯᠡᠰ ᠤᠨ ᠵᠦᠢᠯᠡᠰ ᠢ ᠣᠷᠣᠭᠤᠯᠤᠨ ᠠᠪᠴᠢᠷᠠᠵᠤ | ᠬᠡᠷᠡᠭᠵᠢᠭᠦᠯᠪᠡ᠃ ᠴᠢᠩᠱᠠᠨ ᠲᠣᠭᠤᠷᠢᠭ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ | ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠪᠥᠬᠦ ᠬᠤᠲᠠ ᠶᠢᠨ ᠠᠩᠬᠠᠳᠠᠭᠴᠢ | ᠪᠣᠬᠢᠷᠲᠤᠯ ᠥᠬᠡᠶ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ︽ᠲᠥᠪ ᠲᠣᠭᠤᠭᠠᠨ ᠬᠡᠷ︾ ᠢ | ᠪᠠᠶᠢᠭᠤᠯᠪᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠵᠤ᠂ | ︽ᠲᠣᠯᠣᠭᠠᠶᠢᠯᠠᠭᠴᠢ ᠠᠵᠤ ᠠᠬᠤᠶᠢᠯᠠᠯ + ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ + ᠲᠠᠷᠢᠵᠦ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ + ᠲᠠᠷᠢᠶᠠᠴᠢᠨ︾ ᠤ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠪᠠ᠃ | ᠲᠠᠪᠤᠨ ᠵᠢᠯ ᠤᠨ ᠲᠤᠷᠰᠢ᠂ ᠪᠢᠳᠡ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ ᠬᠠᠮᠲᠤ ᠪᠠᠷ | ᠰᠢᠪᠲᠤᠯᠤᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠬᠥᠳᠡᠯᠭᠡᠬᠦ ᠬᠦᠴᠦᠨ ᠨᠡᠮᠡᠷᠢᠯᠡᠪᠡ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃ ᠬᠠᠳᠠᠭᠠᠮᠠᠯ | ᠥᠭᠴᠡᠭᠡ ᠶᠢ ᠢᠳᠡᠪᠬᠢᠲᠡᠶ ᠪᠠᠷ ᠠᠷᠢᠯᠭᠠᠵᠤ᠂ ᠡᠳ᠋ ᠤᠨ ᠶᠠᠪᠤᠳᠠᠯ ᠤᠨ ᠥᠪᠡᠷ ᠤᠨ ᠦᠷᠳᠡᠭ ᠢ ᠪᠠᠭᠤᠷᠠᠭᠤᠯᠤᠨ᠂ | ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠡᠵᠡᠮᠳᠡᠨ᠎ᠡ᠃ ︽ᠠᠷᠪᠠ ᠶᠢ ᠪᠦᠷᠢᠨ ᠪᠥᠷᠬᠦᠭᠦᠯᠬᠦ︾ ᠢᠨᠵᠧᠨᠧᠷᠢᠩ ᠤᠨ ᠥᠷᠢ ᠥᠭᠴᠡᠭᠡ ᠶᠢ ᠪᠦᠬᠦᠨ ᠢ ᠠᠷᠢᠯᠭᠠᠵᠤ᠂ | ᠡᠯ᠎ᠡ ᠵᠢᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ | ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠲᠦᠷᠦᠯ ᠵᠦᠢᠯ ᠲᠣᠭᠲᠠᠭᠠᠬᠤ ᠶᠢᠨ ᠤᠷᠢᠳᠠᠴᠢ ᠨᠥᠬᠦᠴᠡᠯ ᠪᠣᠯᠭᠠᠵᠤ᠂ | ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢ ᠴᠢᠩᠭ᠎ᠠ ᠰᠡᠷᠭᠡᠶᠢᠯᠡᠪᠡ᠃ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠡᠷᠡᠰ ᠰᠡᠷᠭᠡᠶᠢᠯᠡᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ | ᠣᠷᠣᠨ ᠤ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠡᠮᠬᠢ ᠵᠢᠷᠤᠮ ᠢ ᠪᠦᠲᠦᠮᠵᠢᠲᠡᠶ ᠪᠠᠷ ᠬᠠᠮᠠᠭᠠᠯᠠᠪᠠ᠃ ᠤᠨᠢᠨ | ᠳᠡᠭᠡᠷ᠎ᠡ ᠨᠢ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠪᠡ᠃ ᠨᠠᠷᠢᠯᠢᠭ | ᠣᠨᠣᠴᠠᠲᠠᠶ ᠪᠠᠷ ᠢᠯᠭᠠᠨ ᠲᠠᠨᠢᠬᠤ᠂ ᠬᠥᠳᠡᠯᠦᠩᠭᠦᠶ ᠪᠠᠷ ᠬᠢᠨᠠᠨ ᠬᠠᠮᠢᠶᠠᠷᠬᠤ ᠲᠣᠭᠲᠠᠴᠠ ᠶᠢ ᠴᠢᠩᠭᠠᠳᠬᠠᠵᠤ᠂ | ᠬᠠᠷᠢᠴᠠᠩᠭᠤᠶ ᠬᠦᠴᠢᠷᠳᠡᠯ ᠲᠠᠢ ᠬᠥᠮᠦᠨ ᠠᠮᠠ ᠶᠢᠨ ᠡᠪᠡᠳᠴᠢᠨ᠂ ᠭᠠᠮᠰᠢᠭ᠂ ᠰᠤᠷᠤᠯᠭ᠎ᠠ ᠠᠴᠠ ᠪᠤᠯᠵᠤ | ᠶᠠᠳᠠᠭᠤᠷᠠᠬᠤ ᠶᠢ ᠰᠡᠷᠭᠡᠶᠢᠯᠡᠨ᠎ᠡ᠃ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠵᠤ᠂ ᠶᠠᠳᠠᠭᠤ ᠶᠢ | ᠲᠡᠳᠬᠦᠬᠦ ᠲᠤᠰᠬᠠᠶ ᠵᠦᠢᠯ ᠤᠨ ᠪᠡᠯᠡ ᠮᠥᠩᠭᠦ ᠭᠠᠷᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠪᠠᠷ ᠠᠪᠤᠷᠠᠨ | ᠲᠤᠰᠠᠯᠠᠬᠤ ᠪᠠ ᠬᠥᠳᠡᠭᠡ ᠲᠣᠰᠬᠤᠨ ᠤ ᠬᠦᠴᠢᠷᠳᠡᠯᠲᠡᠶ ᠡᠷᠦᠭᠡ ᠶᠢᠨ ᠬᠦᠨᠳᠦ ᠡᠪᠡᠳᠴᠢᠨ ᠢ ᠠᠪᠤᠷᠠᠨ ᠲᠤᠰᠠᠯᠠᠬᠤ | ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠠᠰᠠᠷᠠᠨ | ᠲᠡᠵᠢᠭᠡᠵᠦ ᠪᠠᠶᠢᠭ᠎ᠠ ᠬᠥᠮᠦᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠵᠡᠷᠭᠡ ᠳᠤ ᠡᠯ᠎ᠡ | ᠲᠦᠷᠦᠯ ᠤᠨ ᠠᠪᠤᠷᠠᠨ ᠲᠤᠰᠠᠯᠠᠬᠤ ᠮᠥᠩᠭᠦ ᠶᠢ 70.1 ᠲᠦᠮᠡᠨ ᠲᠥᠭᠦᠷᠢᠭ ᠲᠠᠷᠬᠠᠭᠠᠵᠤ᠂ ᠬᠦᠴᠢᠷᠳᠡᠯᠲᠡᠶ 105 | ᠲᠠᠷᠢᠶᠠᠴᠢᠨ ᠡᠷᠦᠭᠡ ᠶᠢ ᠠᠪᠤᠷᠠᠨ ᠲᠤᠰᠠᠯᠠᠪᠠ᠃ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢᠯᠡᠳᠲᠡ | ᠰᠠᠶᠢᠵᠢᠷᠠᠪᠠ᠃ ᠠᠮᠢ ᠠᠬᠤᠶ ᠶᠢᠨ ᠰᠡᠷᠭᠦᠭᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠳᠤ ᠨᠡᠶᠢᠲᠡ 20 | ᠳ᠋ᠦᠩᠰᠢᠭᠤᠷ ᠲᠥᠭᠦᠷᠢᠭ ᠣᠷᠣᠭᠤᠯᠵᠤ᠂ 7.4 ᠲᠦᠮᠡᠨ ᠮᠥ ᠬᠥᠮᠦᠨ ᠤ ᠬᠦᠴᠦ ᠪᠠᠷ ᠣᠶᠢᠵᠢᠭᠤᠯᠵᠤ᠂ 740 | ᠲᠦᠮᠡᠨ ᠰᠠᠭᠤᠷᠢ ᠡᠯ᠎ᠡ ᠲᠥᠷᠥᠯ ᠤᠨ ᠴᠢᠬᠢ ᠮᠣᠳᠣ ᠶᠢ ᠵᠠᠶᠢᠯᠠᠵᠤ᠂ 1.4 ᠲᠦᠮᠡᠨ ᠮᠥ ᠠᠭᠤᠷᠬᠠᠶ ᠶᠢᠨ ᠣᠷᠴᠢᠨ | ᠲᠣᠭᠤᠷᠢᠨ ᠤ ᠵᠠᠰᠠᠯᠲᠠ ᠶᠢ ᠪᠡᠶᠡᠯᠡᠭᠦᠯᠵᠦ᠂ ᠬᠠᠷᠢᠶ᠎ᠠ ᠣᠷᠣᠨ ᠤ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ | ᠦᠵᠡᠭᠳᠡᠬᠦ ᠬᠡᠪᠴᠢᠶᠡᠨ ᠳᠠᠬᠢ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠪᠠ ᠠᠮᠢ ᠠᠬᠤᠶ ᠶᠢᠨ | ᠰᠡᠷᠭᠦᠭᠡᠯᠲᠡ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ | ᠵᠢᠱᠢᠶᠡᠴᠢ ᠨᠢᠭᠡᠴᠡ︾ ᠪᠠᠷ ᠦᠨᠡᠯᠡᠭᠳᠡᠪᠡ᠃ ︽ᠬᠠᠶᠠᠭᠳᠠᠯ ᠦᠭᠡᠢ ᠬᠤᠳᠠ︾ ᠶᠢ ᠡᠭᠦᠳᠦᠨ ᠪᠠᠶᠢᠭᠤᠯᠬᠤ ᠠᠵᠢᠯ ᠢ | ᠥᠷᠨᠢᠭᠦᠯᠵᠦ᠂ 845 ᠱᠤᠭᠤᠮ ᠤᠨ ᠬᠠᠲᠠᠭᠤ ᠪᠡᠶᠡᠲᠦ ᠬᠠᠶᠠᠭᠳᠠᠯ ᠣᠪᠣᠭᠠᠯᠠᠬᠤ ᠲᠠᠯᠠᠪᠠᠢ ᠶᠢ ᠶᠡᠷᠦᠩᠬᠡᠶᠢᠯᠡᠨ | ᠵᠠᠰᠠᠬᠤ ᠶᠢ ᠪᠡᠶᠡᠯᠡᠭᠦᠯᠪᠡ᠃ 6.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ︽ᠨᠡᠭᠦᠷᠡᠰᠦ ᠶᠢ ᠰᠢᠲᠠᠮᠠᠬᠠᠶ ᠬᠡᠶ | ᠪᠣᠯᠭᠠᠨ ᠥᠭᠡᠷᠡᠴᠢᠯᠡᠬᠦ︾ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ᠲᠥᠪᠯᠡᠷᠡᠭᠦᠯᠦᠨ ᠢᠯᠴᠢ ᠬᠠᠩᠭᠠᠬᠤ | ᠪᠠ ᠴᠡᠪᠡᠷ ᠬᠡᠯᠪᠡᠷᠢ ᠶᠢᠨ ᠨᠡᠭᠦᠷᠡᠰᠦ ᠶᠢ ᠣᠷᠣᠯᠠᠭᠤᠯᠬᠤ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠳᠥᠯᠭᠢᠨ | ᠠᠬᠢᠭᠤᠯᠪᠠ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ | ᠪᠥᠬᠦ ᠲᠠᠯ᠎ᠠ ᠪᠠᠷ ᠪᠡᠶᠡᠯᠡᠭᠦᠯᠵᠦ᠂ ᠵᠢᠩ ᠤᠣ ᠨᠡᠷᠡᠨ ᠡᠨᠧᠷᠭᠢ᠂ ᠮᠧᠩ ᠨᠢᠦ ᠺᠣᠮᠫᠠᠨᠢ ᠶᠢ ᠤᠯᠤᠰ ᠤᠨ ᠲᠠᠰ ᠤᠨ | ᠪᠣᠬᠢᠷᠲᠤᠯ ᠥᠬᠡᠶ ᠦᠢᠯᠡᠳᠪᠦᠷᠢ ᠪᠠᠷ ᠮᠠᠭᠠᠳᠯᠠᠨ ᠲᠣᠭᠲᠠᠭᠠᠪᠠ᠃ | ᠲᠠᠪᠤᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠳᠬᠤᠵᠤ᠂ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠲᠠᠰᠤᠷᠠᠯᠲᠠ ᠥᠬᠡᠶ ᠴᠢᠩᠭᠠᠷᠠᠪᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠶᠡᠭᠡ ᠪᠠᠷ ᠰᠠᠶᠢᠵᠢᠷᠠᠪᠠ᠃ ᠬᠠᠮᠤᠭ ᠲᠦᠷᠦᠭᠦᠨ ᠳᠤ ᠪᠦᠬᠦ | ᠬᠤᠳᠠ ᠳᠤ ︽ᠬᠦᠷᠢᠶᠡᠯᠡᠩ ᠠᠵᠦ ᠠᠬᠤᠶᠢᠯᠠᠯ ᠤᠨ ᠦᠷᠲᠡᠭᠡ︾ ᠨᠢᠭᠡ ᠦᠷᠳᠡᠭᠡ ᠮᠠᠶ᠋ᠢᠭ ᠤᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ 425 ᠲᠦᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ | ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠰᠦᠯᠵᠢᠶ᠎ᠡ ᠪᠠᠷ ᠡᠷᠬᠢᠯᠡᠭᠰᠡᠨ ᠨᠤᠷᠮ᠎ᠠ 96.7% ᠲᠤ ᠬᠦᠷᠴᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠲᠡᠰ ᠤᠨ | ᠦᠢᠯᠡᠴᠢᠯᠡᠭᠡᠨ ᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠰᠢᠯᠭᠠᠨ ᠠᠪᠬᠤ ᠶᠢ ᠥᠩᠭᠡᠷᠡᠭᠡᠭᠰᠡᠨ | ᠬᠤᠰᠢᠭᠤ ᠰᠢᠶᠠᠨ ᠤ ᠲᠡᠰ ᠤᠨ ᠨᠢᠭᠡᠴᠡ ᠪᠣᠯᠪᠠ᠃ ᠠᠵᠤ ᠠᠬᠤᠶᠢᠯᠠᠯ ᠤᠨ ᠳᠡᠩᠰᠡᠯᠡᠯᠲᠡ ᠶᠢᠨ ︽ᠲᠠᠪᠤᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠪᠠ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠡᠩᠰᠡᠯᠡᠯᠲᠡ ᠶᠢᠨ ︽ᠬᠤᠶᠠᠷ ᠦᠨᠡᠮᠯᠡᠯ ᠢ ᠡᠮᠬᠢᠯᠡᠨ ᠨᠡᠶᠢᠯᠡᠭᠦᠯᠬᠦ︾ ᠶᠢ | ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠶᠠᠪᠤᠴᠠ ᠶᠢᠨ ᠡᠯᠧᠺᠲᠷᠤᠨᠴᠢᠯᠠᠯᠲᠠ ᠶᠢᠨ ᠨᠣᠷᠮ᠎ᠠ ᠶᠢ 98% ᠪᠣᠯᠲᠠᠯ᠎ᠠ | ᠳᠡᠭᠡᠭᠰᠢᠯᠡᠭᠦᠯᠪᠡ᠃ ︽ᠬᠤᠶᠠᠷ ᠲᠣᠬᠢᠶᠠᠯᠳᠤᠯ᠂ ᠨᠢᠭᠡ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠬᠡᠪ ᠤᠨ ᠪᠠᠶᠢᠳᠠᠯ ᠲᠠᠢ ᠪᠣᠯᠭᠠᠵᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ | ᠨᠡᠷᠡᠰ ᠤᠨ ᠵᠢᠭᠰᠠᠭᠠᠯᠲᠠ ᠨᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠦᠷᠢᠶᠡᠨ ᠳᠠᠬᠢ | ᠥᠭᠡᠷᠡᠴᠢᠯᠡᠯᠲᠡ ᠳᠤ ᠭᠦᠨᠵᠡᠭᠡᠶᠢᠷᠡᠨ ᠠᠬᠢᠪᠠ᠃ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠬᠢᠨ ᠴᠡᠷᠢᠭ ᠤᠨ | ᠠᠵᠤ ᠦᠢᠯᠡᠳᠪᠦᠷᠢ ᠶᠢᠨ ᠡᠳ᠋ ᠬᠦᠷᠦᠩᠬᠡ ᠶᠢ ᠪᠦᠬᠦᠨ ᠢᠶᠠᠷ ᠨᠢ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠵᠦ᠂ | ᠰᠠᠶᠢᠪᠸᠢ ᠶᠢᠨ ᠮᠠᠰᠢᠨ ᠪᠣᠯᠤᠨ ᠴᠦᠩᠴᠢᠩ ᠤᠨ ᠳ᠋ᠡ ᠵᠢᠶᠠᠩ ᠰᠢᠨ ᠳ᠋ᠡ ᠮᠠᠰᠢᠨ ᠲᠡᠷᠭᠡ ᠶᠢ ᠬᠤᠯᠢᠯᠳᠤᠭᠤᠯᠤᠨ | ᠥᠭᠡᠷᠡᠴᠢᠯᠡᠬᠦ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠨᠡᠶᠢᠭᠡᠮ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠪᠠ ︽ᠭᠤᠷᠪᠠᠨ | ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠪᠦᠬᠦ | ᠬᠤᠳᠠ ᠳᠤ ᠵᠡᠭᠡᠯᠢ ᠪᠠᠯᠭᠠᠰᠤ ᠨᠡᠶᠢᠭᠡᠮ ᠲᠣᠭᠤᠷᠢᠭ ᠤᠨ ᠵᠠᠰᠠᠯᠲᠠ ᠶᠢᠨ ᠬᠠᠤᠯᠢ ᠬᠡᠷᠡᠭᠵᠢᠭᠦᠯᠦᠯᠲᠡ ᠶᠢ ᠳᠣᠷᠣᠭᠰᠢ | ᠪᠠᠭᠤᠯᠭᠠᠬᠤ ᠠᠵᠢᠯ ᠢ ᠡᠩ ᠲᠡᠷᠢᠭᠦᠨ ᠳᠤ ᠬᠡᠷᠡᠭᠵᠢᠭᠦᠯᠵᠦ᠂ ᠵᠡᠭᠡᠯᠢ ᠪᠠᠯᠭᠠᠰᠤ ᠱᠦᠭᠯᠦ ᠦᠯᠢᠶᠡᠬᠦ᠂ ᠰᠠᠯᠠᠭ᠎ᠠ | ᠮᠥᠴᠢᠷ ᠤᠨ ᠨᠡᠷ᠎ᠡ ᠮᠡᠳᠡᠭᠦᠯᠬᠦ ᠲᠣᠭᠲᠠᠴᠠ ᠶᠢ ᠪᠦᠲᠦᠮᠵᠢᠲᠡᠶ ᠪᠠᠷ ᠬᠡᠷᠡᠭᠵᠢᠭᠦᠯᠪᠡ᠃ ᠬᠦᠷᠢᠶᠡᠯᠡᠩ ᠲᠣᠭᠤᠷᠢᠭ ᠤᠨ | ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠪᠠ ᠳᠣᠤᠷ᠎ᠠ ᠲᠠᠰ ᠤᠨ᠂ ᠦᠷ᠎ᠡ ᠠᠰᠢᠭ ᠢᠶᠠᠷ ᠳᠣᠤᠷ᠎ᠠ ᠲᠥᠷᠥᠯ | ᠵᠦᠢᠯ ᠢ ᠲᠦᠷᠭᠡᠳᠬᠡᠨ ᠰᠢᠭᠰᠢᠭᠳᠡᠭᠦᠯᠵᠦ᠂ ᠠᠵᠤ ᠦᠢᠯᠡᠳᠪᠦᠷᠢ ᠳᠤ ᠬᠡᠷᠡᠭᠯᠡᠬᠦ 4552.9 ᠮᠥ ᠰᠤᠯᠠ ᠪᠠᠶᠢᠬᠤ | ᠭᠠᠵᠠᠷ ᠰᠢᠷᠣᠶ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ | ᠰᠣᠯᠪᠢᠴᠠᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠲᠥᠷᠥᠯ ᠵᠦᠢᠯ ᠢ ᠨᠡᠶᠢᠲᠡ 213 ᠬᠡᠷᠡᠭᠵᠢᠭᠦᠯᠵᠦ᠂ ᠡᠷᠬᠡ ᠣᠯᠭᠤᠭᠰᠠᠨ ᠲᠤᠰᠬᠠᠶ ᠠᠰᠢᠭ 3258 ᠬᠤᠪᠢ ᠪᠠᠶᠢᠵᠤ᠂ | ᠪᠥᠬᠦ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 6 ᠪᠠᠶᠢᠭᠰᠠᠨ ᠠᠴᠠ ᠪᠠᠨ ᠨᠡᠮᠡᠭᠳᠡᠭᠡᠳ 40 | ᠪᠣᠯᠪᠠ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠦᠭᠡᠶ ᠳᠡᠭᠡᠭᠰᠢᠯᠡᠵᠦ᠂ ᠤᠮᠠᠷᠠᠲᠤ ᠶᠢᠨ | ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ︽360 ᠲᠦᠷᠦᠯ ᠵᠦᠢᠯ︾ ᠨᠢ ︽ᠳᠤᠮᠳᠠᠳᠤ ᠤᠯᠤᠰ ᠤᠨ ᠠᠵᠤ | ᠦᠢᠯᠡᠳᠪᠦᠷᠢ ᠶᠢᠨ ᠲᠤᠮᠤ ᠱᠠᠩᠨᠠᠯ ᠬᠥᠬᠢᠭᠦᠯᠦᠯ ᠤᠨ ᠱᠠᠩᠨᠠᠯ︾ ᠬᠦᠷᠲᠡᠵᠦ᠂ ᠨᠢᠭᠡᠳᠦᠭᠡᠷ ᠮᠠᠰᠢᠨ ᠦᠢᠯᠡᠳᠬᠦ | ᠪᠦᠯᠦᠭᠯᠡᠯ ᠤᠨ ᠣᠨᠴᠠ ᠲᠦᠷᠦᠯ ᠤᠨ ᠮᠠᠰᠢᠨ ᠲᠡᠷᠭᠡᠨ ᠤ ᠢᠯᠴᠢ ᠶᠢᠨ ᠬᠠᠮᠢᠶᠠᠷᠤᠯᠲᠠ ᠶᠢᠨ ᠰᠢᠰᠲ᠋ᠧᠮ ᠵᠡᠷᠭᠡ 3 | ᠰᠤᠳᠤᠯᠤᠨ ᠨᠡᠭᠡᠭᠡᠬᠦ ᠪᠠᠶᠢᠭᠤᠯᠤᠮᠵᠢ ᠶᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠭᠠᠨ ᠤ | ᠲᠥᠪ ᠢᠶᠠᠷ ᠦᠨᠡᠯᠡᠵᠦ᠂ ᠳᠤᠮᠳᠠᠳᠤ ᠤᠯᠤᠰ ᠤᠨ ᠴᠥᠮ᠎ᠡ ᠶᠢᠨ ᠤᠮᠠᠷᠠᠲᠤ ᠣᠷᠣᠨ ᠤ ᠺᠣᠮᠫᠠᠨᠢ ᠶᠢ ︽ᠥᠪᠡᠷᠲᠡᠭᠡᠨ | ᠵᠠᠰᠠᠬᠤ ᠣᠷᠣᠨ ᠤ ᠴᠥᠮ᠎ᠡ ᠶᠢᠨ ᠰᠢᠲᠠᠭᠠᠯᠭ᠎ᠠ ᠶᠢᠨ ᠲᠤᠨᠤᠭ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ︾ ᠢᠶᠠᠷ ᠦᠨᠡᠯᠡᠵᠦ᠂ ︽5 · 2︾ ᠤᠨ ᠰᠤᠳᠤᠯᠭᠠᠨ ᠤ ᠭᠠᠵᠠᠷ ᠵᠡᠷᠭᠡ 5 ᠪᠠᠶᠢᠭᠤᠯᠤᠮᠵᠢ ᠶᠢ | ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠵᠢᠱᠢᠶ᠎ᠡ ᠦᠵᠡᠭᠦᠯᠬᠦ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ ᠶᠢ ᠭᠦᠨᠵᠡᠭᠡᠶ | ᠳᠥᠯᠭᠢᠨ ᠠᠬᠢᠭᠤᠯᠵᠤ᠂ ᠥᠪᠥᠷ ᠮᠣᠩᠭᠤᠯ ᠤᠨ ᠰᠦᠯᠵᠢᠶ᠎ᠡ ᠪᠠᠷ ᠬᠠᠮᠵᠢᠯᠴᠠᠨ ᠦᠢᠯᠡᠳᠬᠦ ᠡᠭᠦᠯᠡᠨ ᠲᠠᠪᠴᠠᠩ ᠢ | ᠠᠮᠵᠢᠯᠲᠠ ᠲᠠᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ︽ᠡᠭᠦᠯᠡᠨ ᠳᠤ ᠭᠠᠷᠤᠭᠰᠠᠨ︾ ᠠᠵᠤ ᠠᠬᠤᠶᠢᠯᠠᠯ | 627 ᠡᠷᠦᠬᠡ ᠳᠤ ᠬᠦᠷᠴᠦ᠂ ᠨᠡᠶᠢᠲᠡ 638 ᠰᠠᠭᠤᠷᠢ ᠲᠣᠭᠠᠨ ᠤ ᠡᠵᠡᠮᠰᠢᠯᠲᠦ ᠰᠠᠤᠷᠢ ᠮᠠᠰᠢᠨ ᠢ ᠥᠭᠡᠷᠡᠴᠢᠯᠡᠨ | ᠪᠠᠶᠢᠭᠤᠯᠪᠠ᠃ | ᠲᠠᠪᠤᠨ ᠵᠢᠯ ᠤᠨ ᠲᠤᠷᠰᠢ᠂ ᠪᠢᠳᠡ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ | ᠠᠭᠤᠰᠤᠯᠴᠠᠯ ᠢ ᠠᠬᠢᠭᠤᠯᠵᠤ᠂ ᠬᠤᠳᠠ ᠬᠥᠳᠡᠭᠡ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠪᠡ | ᠬᠤᠲᠠ ᠶᠢᠨ ᠲᠣᠭᠤᠷᠢᠭ ᠤᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠪᠡ᠃ ︽ᠬᠤᠲᠠ ᠶᠢᠨ ᠬᠤᠤᠰ | ᠵᠠᠰᠠᠯᠲᠠ︾ ᠶᠢ ᠶᠡᠬᠡᠪᠡᠷ ᠳᠥᠯᠭᠢᠨ ᠠᠬᠢᠭᠤᠯᠵᠤ᠂ ᠨᠡᠶᠢᠲᠡ 2.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | 20 ᠵᠤᠷᠪᠤᠰ ᠵᠠᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠬᠠᠷᠢᠶ᠎ᠠ ᠣᠷᠣᠨ ᠤ ᠮᠤᠬᠤᠷ ᠵᠠᠮ ᠢ | ᠪᠦᠬᠦᠨ ᠢ ᠨᠡᠪᠲᠡᠷᠡᠭᠦᠯᠪᠡ᠃ ᠵᠠᠮ ᠳᠡᠭᠡᠷ᠎ᠡ ᠰᠢᠨ᠎ᠡ ᠪᠠᠷ ᠲᠠᠷᠢᠵᠤ ᠨᠥᠬᠦᠵᠦ ᠤᠷᠭᠤᠭᠤᠯᠬᠤ᠂ ᠴᠡᠴᠡᠷᠯᠢᠭ ᠤᠨ | ᠠᠭᠤᠳᠠᠮ ᠲᠠᠯᠠᠪᠠᠢ᠂ ᠪᠠᠭ᠎ᠠ ᠲᠣᠭᠤᠷᠢᠭ ᠢ ᠨᠣᠭᠤᠭᠠᠷᠠᠭᠤᠯᠤᠨ ᠭᠤᠶᠤᠵᠢᠭᠤᠯᠬᠤ ᠵᠡᠷᠭᠡ ᠢᠨᠵᠧᠨᠧᠷᠢᠩ ᠢ | ᠬᠡᠷᠡᠭᠵᠢᠭᠦᠯᠵᠦ᠂ 8.8 ᠲᠦᠮᠡᠨ ᠰᠠᠭᠤᠷᠢ ᠮᠣᠳᠣ ᠵᠠᠶᠢᠯᠠᠵᠤ᠂ ᠪᠥᠬᠦ ᠲᠤᠭᠤᠷᠢᠭ ᠤᠨ ᠨᠣᠭᠤᠭᠠᠷᠠᠭᠤᠯᠤᠯᠲᠠ ᠶᠢᠨ | ᠪᠦᠷᠬᠦᠴᠡ 44% ᠲᠤ ᠬᠥᠷᠥᠭᠰᠡᠨ ᠪᠠᠶᠢᠨ᠎ᠠ᠃ ᠲᠣᠭᠤᠷᠢᠭ ᠲᠤ ᠰᠠᠭᠤᠭ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ 73 ᠵᠢᠵᠢᠭ ᠲᠣᠭᠤᠷᠢᠭ᠂ 490 ᠲᠦᠮᠡᠨ ᠲᠡᠭᠰᠢ ᠳᠥᠷᠪᠡᠯᠵᠢᠨ ᠮᠧᠲᠷ ᠤᠨ ︽ᠭᠤᠷᠪᠠᠨ ᠬᠠᠩᠭᠠᠯᠭ᠎ᠠ | ᠨᠢᠭᠡ ᠠᠵᠤ ᠦᠢᠯᠡᠰ︾ ᠢ ᠰᠠᠯᠭᠠᠵᠤ ᠰᠢᠯᠵᠢᠭᠦᠯᠦᠨ ᠲᠤᠰᠢᠶᠠᠵᠤ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠪᠡ᠃ | ᠨᠡᠶᠢᠲᠡ 2.5 ᠲᠦᠮᠡᠨ ᠡᠷᠦᠬᠡ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠥᠮᠴᠢᠯᠡᠯ ᠤᠨ ᠡᠷᠬᠡ ᠶᠢᠨ | ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ ᠥᠭᠪᠡ᠃ 72 ᠬᠠᠭᠤᠴᠢᠨ ᠵᠢᠵᠢᠭ ᠲᠣᠭᠤᠷᠢᠭ ᠢ ᠶᠡᠷᠦᠩᠬᠡᠶᠢᠯᠡᠨ | ᠥᠭᠡᠷᠡᠴᠢᠯᠡᠬᠦ ᠪᠠ 1000 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠤᠨ ︽ᠳᠤᠯᠠᠭᠠᠨ ᠭᠡᠷ︾ ᠤᠨ | ᠢᠨᠵᠧᠨᠧᠷᠢᠩ ᠢ ᠬᠡᠷᠡᠭᠵᠢᠭᠦᠯᠪᠡ᠃ ᠨᠡᠶᠢᠳᠡ 90 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠲᠦᠬᠦᠮ ᠪᠦᠳᠦᠴᠡᠳᠦ | ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ᠂ ᠬᠤᠳᠠ ᠶᠢᠨ ᠲᠣᠭᠤᠷᠢᠭ ᠤᠨ ᠲᠥᠪᠯᠡᠷᠡᠨ | ᠵᠠᠯᠭᠠᠯᠳᠤᠭᠰᠠᠨ ᠪᠠᠶᠢᠰᠢᠩ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠦᠨᠳᠦᠰᠦᠨ ᠳᠡᠭᠡᠨ | ᠥᠭᠡᠷᠡᠴᠢᠯᠡᠨ ᠵᠠᠰᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠪᠡ᠃ ᠣᠷᠣᠨ ᠪᠦᠰᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠴᠢᠨᠠᠷ | ᠰᠠᠶᠢᠲᠠᠢ ᠨᠠᠶᠢᠷᠠᠭᠤᠯᠤᠨ ᠵᠤᠬᠢᠶᠠᠪᠠ᠃ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠪᠥᠲᠥᠭᠡᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ 8 ᠠᠵᠢᠯᠯᠠᠭᠠᠨ ᠤ ᠲᠠᠯᠠᠪᠤᠷ ᠢ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠨ ᠪᠠᠶᠢᠭᠤᠯᠵᠤ᠂ 11 ᠬᠥᠳᠡᠭᠡ ᠲᠣᠰᠬᠤᠨ ᠤ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠢᠨᠵᠧᠨᠧᠷᠢᠩ ᠢ | ᠬᠡᠷᠡᠭᠵᠢᠭᠦᠯᠪᠡ᠃ ᠤᠮᠠᠷᠠᠲᠤ ᠬᠡᠰᠡᠭ ᠤᠨ ᠣᠷᠣᠨ ᠤ ᠵᠠᠮ ᠤᠨ ᠲᠣᠣᠷ ᠤᠨ ᠰᠢᠰᠲ᠋ᠧᠮᠵᠢ ᠶᠢᠨ ᠪᠥᠳᠥᠭᠡᠨ | ᠪᠠᠶᠢᠭᠤᠯᠤᠯᠲᠠ ᠶᠢ ᠲᠦᠷᠭᠡᠳᠬᠡᠨ᠂ ᠬᠤᠶᠢᠲᠤ ᠬᠡᠰᠡᠭ ᠤᠨ ᠬᠤᠳᠠ ᠶᠢ ᠲᠣᠭᠤᠷᠢᠭᠰᠠᠨ ᠵᠠᠰᠠᠮᠠᠯ ᠵᠠᠮ ᠤᠨ ᠪᠠᠷᠢᠯᠭ᠎ᠠ | ᠡᠬᠢᠯᠡᠭᠦᠯᠦᠨ ᠪᠥᠳᠥᠭᠡᠨ ᠪᠠᠶᠢᠭᠤᠯᠬᠤ ᠶᠢ ᠲᠥᠯᠬᠢᠨ ᠠᠬᠢᠭᠤᠯᠤᠨ᠎ᠠ᠃ ᠴᠡᠴᠡᠭᠲᠦ ᠲᠠᠶᠢᠰᠠᠨ ᠤ ᠤᠯᠠᠨ ᠤᠯᠤᠰ ᠤᠨ | ᠬᠡᠭᠡᠷ᠎ᠡ ᠪᠠᠭᠤᠳᠠᠯᠯᠠᠬᠤ ᠲᠣᠭᠤᠷᠢᠭ᠂ ᠳ᠋ᠦᠩ ᠳ᠋ᠡ ᠱᠠᠨ ᠤᠷᠠᠯᠢᠭ ᠤᠨ ᠲᠣᠭᠤᠷᠢᠭ ᠵᠡᠷᠭᠡ ᠨᠢᠭᠡ ᠪᠦᠯᠦᠭ ᠤᠨᠴᠠᠯᠢᠬᠳᠤ | ᠠᠵᠤ ᠦᠢᠯᠡᠰ ᠤᠨ ᠲᠦᠷᠦᠯ ᠵᠦᠢᠯ ᠢ ᠨᠠᠷᠢᠨ ᠨᠢᠮᠪᠠᠢ ᠪᠠᠶᠢᠭᠤᠯᠪᠠ᠃ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ︽ᠲᠡᠭ ᠢ ᠢᠯᠭᠠᠷᠠᠭᠤᠯᠤᠨ ᠠᠬᠢᠨ ᠨᠡᠮᠡᠭᠳᠡᠭᠦᠯᠬᠦ︾ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠡᠯ᠎ᠡ | ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠣᠷᠣᠯᠭ᠎ᠠ ᠶᠢ ᠴᠥᠮ 20 ᠲᠦᠮᠡᠨ ᠲᠥᠭᠦᠷᠢᠭ ᠠᠴᠠ ᠳᠡᠭᠡᠭᠰᠢ | ᠪᠣᠯᠭᠠᠪᠠ᠃ ᠬᠤᠳᠠ ᠬᠥᠳᠡᠭᠡ ᠶᠢᠨ ᠬᠠᠮᠢᠶᠠᠷᠤᠯᠲᠠ ᠪᠦᠬᠦ ᠲᠠᠯ᠎ᠠ ᠪᠠᠷ ᠴᠢᠩᠭᠠᠷᠠᠪᠠ᠃ ᠪᠦᠬᠦ ᠬᠤᠳᠠ ᠳᠤ ᠡᠩ | ᠲᠡᠷᠢᠭᠦᠨ ᠳᠤ ︽ᠭᠤᠷᠪᠠᠳᠤᠭᠠᠷ ᠳᠡᠰ ᠤᠨ ᠵᠡᠭᠡᠯᠢ ᠶᠢᠨ ᠳᠠᠷᠤᠭ᠎ᠠ︾ ᠶᠢᠨ ᠬᠠᠮᠢᠶᠠᠷᠤᠯᠲᠠ ᠶᠢᠨ ᠲᠣᠭᠲᠠᠴᠠ ᠶᠢ | ᠬᠡᠷᠡᠭᠵᠢᠭᠦᠯᠪᠡ᠃ ᠮᠠᠰᠢᠨᠴᠢᠯᠠᠭᠰᠠᠨ ᠴᠡᠪᠡᠷᠯᠡᠬᠦ ᠵᠠᠮ 68 ᠵᠤᠷᠪᠤᠰ ᠪᠣᠯᠤᠨ ᠨᠡᠮᠡᠭᠳᠡᠵᠦ᠂ ᠪᠥᠬᠦ ᠲᠤᠭᠤᠷᠢᠭ ᠤᠨ | ᠵᠠᠮ ᠤᠨ ᠮᠠᠰᠢᠨ ᠤ ᠱᠦᠭᠦᠷᠳᠡᠯᠲᠡ ᠶᠢᠨ ᠨᠣᠷᠮ᠎ᠠ 93% ᠳᠤ ᠬᠥᠷᠪᠡ᠃ 110 ᠤᠯᠤᠰ ᠤᠨ ᠵᠠᠮ ᠢ ᠥᠷᠭᠡᠳᠬᠡᠨ | ᠨᠤᠷᠠᠭᠠᠵᠤ ᠨᠡᠭᠦᠯᠭᠡᠬᠦ ᠠᠵᠢᠯ ᠢ ᠪᠡᠶᠡᠯᠡᠭᠦᠯᠵᠦ᠂ ᠴᠢᠨᠳᠠᠭᠠᠨ ᠴᠠᠭᠠᠨ ᠭᠤᠤᠯ ᠤᠨ ᠰᠦᠢᠳᠬᠡᠯ ᠬᠤᠷᠢᠶᠠᠬᠤ | ᠦᠷᠳᠡᠭᠡ ᠶᠢᠨ ᠰᠦᠢᠳᠬᠡᠯ ᠬᠤᠷᠢᠶᠠᠬᠤ ᠶᠢ ᠵᠣᠭᠰᠣᠭᠠᠵᠤ᠂ ᠤᠯᠠᠨ ᠵᠢᠯ ᠤᠨ ᠲᠤᠷᠰᠢ ᠬᠤᠶᠢᠲᠤ ᠬᠡᠰᠡᠭ ᠤᠨ ᠭᠠᠵᠠᠷ | ᠣᠷᠣᠨ ᠤ ᠵᠠᠮ ᠬᠠᠷᠢᠯᠴᠠᠭᠠᠨ ᠤ ᠪᠣᠭᠤᠮᠢ ᠶᠢ ᠲᠦᠢᠯᠪᠤᠷᠢᠲᠠᠶ ᠨᠡᠪᠲᠡᠷᠡᠭᠦᠯᠬᠦ ᠶᠢ ᠨᠥᠯᠥᠭᠡᠯᠡᠪᠡ᠃ ᠬᠥᠳᠡᠭᠡ | ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ 6414 ᠡᠷᠦᠬᠡ ᠶᠢᠨ ᠵᠣᠷᠯᠣᠩ ᠢ | ᠥᠭᠡᠷᠡᠴᠢᠯᠡᠨ ᠰᠠᠶᠢᠵᠢᠷᠠᠭᠤᠯᠵᠤ᠂ 13 ᠠᠪᠴᠢᠭᠤᠯᠤᠭᠰᠠᠨ ᠮᠠᠶ᠋ᠢᠭ ᠤᠨ ᠬᠤᠭ ᠨᠣᠪᠰᠢ ᠶᠢ ᠰᠢᠯᠵᠢᠭᠦᠯᠦᠨ | ᠲᠡᠭᠡᠭᠡᠪᠦᠷᠢᠯᠡᠬᠦ ᠦᠷᠳᠡᠭᠡ ᠶᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ | ᠲᠥᠪᠯᠡᠷᠡᠭᠦᠯᠦᠨ ᠴᠤᠭᠯᠠᠭᠤᠯᠵᠤ ᠴᠡᠪᠡᠷᠯᠡᠨ ᠲᠡᠭᠡᠭᠡᠪᠦᠷᠢᠯᠡᠬᠦ ᠶᠢ ᠨᠡᠶᠢᠳᠡᠮ ᠪᠦᠷᠬᠦᠭᠦᠯᠪᠡ᠃ 2 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠸᠠᠩ ᠯᠦᠩ᠂ ᠶᠢᠨ ᠯᠢᠨ ᠵᠡᠷᠭᠡ 8 ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ᠎ᠡ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠪᠥᠬᠦ | ᠲᠠᠯ᠎ᠠ ᠪᠠᠷ ᠴᠢᠩᠭᠠᠳᠬᠠᠵᠤ᠂ ︽54321︾ ᠠᠳᠠᠯ ᠠᠬᠤᠶ ᠶᠢᠨ ᠬᠠᠮᠢᠶᠠᠷᠤᠯᠲᠠ ᠶᠢᠨ ᠵᠠᠭᠪᠤᠷ ᠢ ᠪᠥᠬᠦ ᠬᠤᠲᠠ ᠳᠤ | ᠳᠡᠯᠭᠡᠷᠡᠭᠦᠯᠪᠡ᠃ | ᠲᠠᠪᠤᠨ ᠵᠢᠯ ᠤᠨ ᠲᠤᠷᠰᠢ᠂ ᠪᠢᠳᠡ ᠦᠨᠡᠨᠬᠦ ᠠᠳᠬᠤᠨ ᠪᠣᠳᠠᠲᠠᠶ ᠠᠵᠢᠯᠯᠠᠵᠤ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠵᠦ᠂ ᠨᠡᠶᠢᠭᠡᠮ ᠤᠨ ᠦᠢᠯᠡᠰ ᠲᠣᠭᠲᠠᠭᠤᠨ ᠢᠶᠠᠷ ᠳᠡᠭᠡᠭᠰᠢᠯᠡᠪᠡ | ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠣᠨᠣᠪᠴᠢᠲᠠᠶ ᠪᠤᠯᠪᠠ᠃ ᠠᠷᠠᠳ ᠤᠨ ᠠᠮᠢᠳᠤᠷᠠᠯ ᠤᠨ | ᠬᠦᠷᠢᠶᠡᠨ ᠳᠤ 71.8 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠪᠠ᠃ ᠤᠯᠤᠰ ᠤᠨ ᠠᠷᠠᠳ ᠤᠨ ᠶᠠᠪᠤᠳᠠᠯ ᠤᠨ | ᠶᠠᠮᠤᠨ ᠠᠴᠠ ᠪᠦᠬᠦ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠣᠷᠣᠨ ᠢᠶᠠᠷ ᠲᠤᠭᠲᠠᠭᠠᠭᠳᠠᠪᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ | ᠦᠷᠭᠦᠯᠵᠢᠯᠡᠨ ᠥᠷᠨᠢᠭᠦᠯᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 3.7 ᠳ᠋ᠦᠩᠰᠢᠭᠤᠷ | ᠲᠥᠭᠦᠷᠢᠭ ᠲᠠᠯᠪᠢᠵᠤ᠂ ᠠᠵᠢᠯ ᠤᠯᠬᠤ ᠳᠤ ᠬᠦᠴᠢᠷᠲᠡᠶ ᠬᠥᠮᠦᠰ ᠲᠤ 1.9 ᠳ᠋ᠦᠩᠰᠢᠭᠤᠷ ᠲᠥᠭᠦᠷᠢᠭ ᠤᠨ ᠨᠥᠬᠦᠪᠥᠷᠢ | ᠥᠭᠴᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.88%᠂ ᠪᠥᠬᠦ | ᠲᠤᠭᠤᠷᠢᠭ ᠤᠨ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠬᠦ ᠶᠢ ᠪᠡᠶᠡᠯᠡᠭᠦᠯᠪᠡ᠃ | ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠣᠯᠠᠨ ᠲᠠᠰ ᠳᠠᠪᠬᠤᠷᠭ᠎ᠠ ᠪᠠᠷ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠳᠤ ︽ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ︾ ᠤᠨ ᠨᠠᠰᠤᠵᠢᠯ ᠤᠨ | ᠵᠠᠭᠪᠤᠷ ᠢ ᠠᠩᠬ᠎ᠠ ᠡᠭᠦᠳᠴᠦ᠂ ᠪᠥᠬᠦ ᠲᠤᠭᠤᠷᠢᠭ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠪᠠᠶᠢᠭᠤᠯᠤᠮᠵᠢ 24 | ᠪᠠᠶᠢᠨ᠎ᠠ᠃ ᠪᠦᠬᠦ ᠲᠤᠭᠤᠷᠢᠭ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠠᠷᠪᠠᠨ ᠵᠢᠯ ᠳᠠᠷᠠᠭᠠᠯᠠᠨ | ᠮᠠᠩᠯᠠᠶᠢᠯᠠᠪᠠ᠃ ᠨᠡᠶᠢᠭᠡᠮ ᠤᠨ ᠦᠢᠯᠡᠰ ᠴᠡᠴᠡᠭᠯᠡᠨ ᠬᠥᠭᠵᠢᠪᠡ᠃ ᠪᠤᠭᠤᠲᠤ ᠬᠤᠲᠠ ᠶᠢᠨ ᠵᠠᠯᠠᠭᠤᠴᠤᠳ ᠪᠠᠭᠠᠴᠤᠳ ᠤᠨ | ᠬᠥᠭᠵᠢᠯᠲᠡ ᠶᠢᠨ ᠲᠥᠪ᠂ ᠰᠥᠩ ᠱᠢ ᠰᠤᠷᠭᠠᠭᠤᠯᠢ ᠶᠢᠨ ︽ᠨᠢᠭᠡ ᠰᠤᠷᠭᠠᠭᠤᠯᠢ ᠭᠤᠷᠪᠠᠨ ᠰᠠᠭᠤᠷᠢᠨ ᠭᠠᠵᠠᠷ︾ ᠢ | ᠪᠠᠶᠢᠭᠤᠯᠪᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠢ 55 ᠰᠢᠨ᠎ᠡ ᠪᠠᠷ ᠨᠡᠮᠡᠭᠳᠡᠭᠦᠯᠵᠦ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠨᠣᠷᠮ᠎ᠠ 92.4% ᠳᠤ | ᠬᠥᠷᠪᠡ᠃ ︽ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ | ᠲᠡᠩᠴᠡᠭᠦᠷᠢᠲᠡᠶ ᠲᠤᠭᠤᠷᠢᠭ︾ ᠢᠶᠠᠷ ᠦᠨᠡᠯᠡᠭᠳᠡᠪᠡ᠃ ᠨᠣᠮ ᠤᠨ ᠰᠠᠩ᠂ ᠰᠣᠶᠣᠯ ᠤᠨ ᠣᠷᠳᠣᠨ ︽ᠤᠯᠤᠰ ᠤᠨ | ᠨᠢᠭᠡᠳᠦᠭᠡᠷ ᠳᠡᠰ ᠤᠨ ᠣᠷᠳᠣᠨ︾ ᠢᠶᠠᠷ ᠦᠨᠡᠯᠡᠭᠳᠡᠵᠦ᠂ ᠪᠦᠬᠦ ᠲᠤᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ | ᠦᠢᠯᠡᠴᠢᠯᠡᠭᠡᠨ ᠤ ᠲᠥᠪ᠂ ᠨᠣᠮ ᠤᠨ ᠰᠠᠩ ᠪᠠ ᠰᠣᠶᠣᠯ ᠤᠨ ᠣᠷᠳᠣᠨ ᠤ ᠬᠤᠪᠢᠶᠠᠷᠢ ᠣᠷᠳᠣᠨ 102 ᠪᠣᠯᠪᠠ᠃ | ︽ᠡᠷᠡᠭᠦᠯ ᠡᠩᠬᠡ ᠴᠢᠩᠱᠠᠨ︾ ᠶᠢ ᠭᠦᠨᠵᠡᠭᠡᠶ ᠬᠡᠷᠡᠭᠵᠢᠭᠦᠯᠪᠡ᠃ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠥᠪ ᠢ | ᠪᠠᠶᠢᠭᠤᠯᠵᠤ᠂ ᠪᠥᠬᠦ ᠬᠤᠲᠠ ᠶᠢᠨ ᠴᠣᠷ ᠤᠨ ᠭᠠᠭᠴᠠ ︽ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠣᠷᠣᠨ︾ ᠢ ᠢᠷᠠᠭᠤ ᠠᠯᠳᠠᠷᠲᠠᠶ ᠪᠠᠷ ᠭᠥᠷᠳᠡᠭᠰᠡᠨ ᠬᠤᠰᠢᠭᠤ ᠰᠢᠶᠠᠨ | ᠲᠣᠭᠤᠷᠢᠭ ᠪᠤᠯᠪᠠ᠃ ᠬᠤᠲᠠ ᠶᠢᠨ ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠬᠢᠨᠠᠨ ᠰᠢᠯᠭᠠᠯᠲᠠ ᠲᠤᠯᠤᠭᠠᠨ ᠵᠢᠯ ᠳᠠᠷᠠᠭᠠᠯᠠᠨ ᠪᠥᠬᠦ ᠬᠤᠲᠠ ᠳᠤ ᠨᠢᠭᠡᠳᠦᠭᠡᠷ ᠲᠤ ᠣᠷᠣᠪᠠ᠃ | ᠴᠢᠩ ᠹᠦ᠋ ᠪᠠᠯᠭᠠᠰᠤ᠂ ᠰᠢᠩ ᠱᠧᠩ ᠪᠠᠯᠭᠠᠰᠤ ᠴᠥᠮ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ︾ ᠪᠠᠷ | ᠦᠨᠡᠯᠡᠭᠳᠡᠪᠡ᠃ ᠨᠡᠶᠢᠭᠡᠮ ᠤᠨ ᠣᠷᠴᠢᠨ ᠨᠥᠬᠦᠴᠡᠯ ᠠᠮᠤᠷ ᠲᠦᠪᠰᠢᠨ ᠲᠣᠭᠲᠠᠭᠤᠨ ᠪᠠᠶᠢᠨ᠎ᠠ᠃ ᠲᠠᠪᠤᠨ ᠵᠢᠯ ᠳᠤ | ᠠᠶᠤᠯᠭᠦᠶ ᠦᠢᠯᠡᠳᠪᠦᠷᠢᠯᠡᠯ ᠤᠨ ᠨᠡᠯᠢᠶᠡᠳ ᠶᠡᠭᠡ ᠡ᠊ᠨᠳᠡᠯ ᠵᠢᠴᠢ ᠲᠡᠭᠦᠨ ᠠᠴᠠ ᠳᠡᠭᠡᠭᠰᠢᠬᠢ ᠡ᠊ᠨᠳᠡᠯ ᠭᠠᠷᠤᠭᠰᠠᠨ | ᠦᠭᠡᠢ᠃ ᠢᠳᠡᠭᠡᠨ ᠪᠠ ᠡᠮ ᠤᠨ ᠵᠦᠢᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠠᠷᠠᠯᠵᠢᠶᠠᠨ ᠤ ᠵᠠᠬ᠎ᠠ | ᠳᠡᠯᠭᠡᠭᠦᠷ ᠤᠨ ᠢᠳᠡᠭᠡᠨ ᠤ ᠲᠦᠷᠭᠡᠨ ᠪᠠᠶᠢᠴᠠᠭᠠᠯᠲᠠ ᠪᠦᠬᠦ ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠪᠡ᠃ ᠤᠳᠤᠷᠢᠳᠬᠤ | ᠺᠠᠳ᠋ᠷᠴᠤᠳ ᠤᠨ ︽ᠡᠭᠦᠳᠡ ᠪᠠᠨ ᠨᠡᠭᠡᠭᠡᠵᠦ︾ ᠰᠤᠷᠪᠤᠯᠵᠢᠯᠠᠭ᠎ᠠ ᠶᠢ ᠶᠡᠬᠡᠪᠡᠷ ᠭᠥᠯᠢᠶᠡᠨ ᠠᠪᠬᠤ ᠶᠢ ᠯᠠᠪᠳᠠᠭᠤᠨ | ᠪᠠᠲᠤᠲᠠᠶ ᠠᠬᠢᠭᠤᠯᠵᠤ᠂ ᠪᠥᠬᠦ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠪᠦᠯᠦᠭ ᠤᠳᠠᠭ᠎ᠠ ᠪᠠ ᠬᠥᠮᠦᠨ ᠤ | ᠲᠤᠭ᠎ᠠ ᠶᠢ ᠦᠷᠭᠦᠯᠵᠢᠯᠡᠨ ᠪᠠᠭᠠᠰᠬᠠᠪᠠ᠃ ︽ᠠᠮᠦᠷ ᠠᠮᠤᠭᠤᠯᠠᠩ ᠴᠢᠩᠱᠠᠨ︾ ᠤ ᠪᠥᠲᠥᠭᠡᠨ ᠪᠠᠶᠢᠭᠤᠯᠤᠯᠲᠠ ᠶᠢ | ᠭᠦᠨᠵᠡᠭᠡᠶ ᠠᠬᠢᠭᠤᠯᠵᠤ᠂ ᠨᠡᠶᠢᠭᠡᠮ ᠲᠣᠭᠤᠷᠢᠭ ᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠢᠨᠵᠧᠨᠧᠷᠢᠩ ᠢ ᠪᠥᠬᠦ | ᠲᠠᠯ᠎ᠠ ᠪᠠᠷ ᠪᠠᠶᠠᠯᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠴᠦᠲᠡᠢ | ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠵᠣᠬᠢᠶᠠᠨ ᠪᠠᠶᠢᠭᠤᠯᠤᠯᠲᠠ᠂ ᠬᠠᠷᠭᠢᠰ | ᠬᠦᠴᠦᠨ ᠤ ᠪᠦᠯᠦᠭᠯᠡᠯ ᠵᠢᠴᠢ ᠡᠪᠰᠡᠯ ᠪᠦᠯᠦᠭ ᠢ ᠨᠡᠶᠢᠲᠡ 15 ᠴᠣᠬᠢᠨ ᠤᠨᠠᠭᠠᠪᠠ᠃ ᠡᠭᠦᠨ ᠤ ᠬᠠᠮᠲᠤ᠂ ᠨᠠᠮ ᠤᠨ | ᠦᠨᠳᠦᠰᠦᠲᠡᠨ ᠪᠠ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ︾ ᠤ | ᠢᠷᠠᠭᠤ ᠠᠯᠳᠠᠷ ᠢ ᠭᠥᠷᠳᠡᠪᠡ᠃ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠵᠦ᠂ ᠳᠥᠷᠪᠡᠳᠦᠭᠡᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠪᠥᠬᠦ | ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ ᠭᠤᠷᠪᠠᠳᠤᠭᠠᠷ ᠤᠳᠠᠭᠠᠨ ᠤ ᠪᠥᠬᠦ | ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ | ᠱᠠᠲᠤᠨ ᠤ ᠠᠵᠢᠯ ᠢ ᠪᠡᠶᠡᠯᠡᠭᠦᠯᠪᠡ᠃ ᠲᠡᠦᠬᠡ ᠣᠶᠢᠯᠠᠯᠭ᠎ᠠ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ᠂ | ᠠᠵᠢᠯᠴᠢᠨ ᠤ ᠡᠪᠯᠡᠯ᠂ ᠡᠮᠡᠭᠲᠡᠶᠢᠴᠦᠳ ᠬᠡᠦᠬᠡᠳ ᠵᠡᠷᠭᠡ ᠪᠤᠰᠤᠳ ᠡᠯ᠎ᠡ ᠵᠦᠢᠯ ᠤᠨ ᠠᠵᠢᠯ ᠴᠥᠮ ᠰᠢᠨ᠎ᠡ ᠠᠬᠢᠴᠠ | ᠪᠠ ᠰᠢᠨ᠎ᠡ ᠦᠷ᠎ᠡ ᠪᠦᠲᠦᠮᠵᠢ ᠤᠯᠪᠠ᠃ | ᠲᠠᠪᠤᠨ ᠵᠢᠯ ᠤᠨ ᠲᠤᠷᠰᠢ᠂ ᠪᠢᠳᠡ ᠡᠭᠦᠷᠭᠡ ᠴᠢᠳᠠᠪᠤᠷᠢ ᠪᠠᠨ ᠬᠤᠪᠢᠷᠠᠭᠤᠯᠤᠨ ᠦᠢᠯᠡᠴᠢᠯᠡᠭᠡ ᠪᠠᠨ | ᠴᠢᠩᠭᠠᠳᠬᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ | ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠬᠤᠶᠠᠷ ᠢ | ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠪᠠ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠲᠠᠪᠦᠷᠢᠵᠢᠭᠤᠯᠪᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠤᠳᠠ ᠶᠢᠨ | ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 1284 ᠬᠤᠪᠢ ᠴᠢᠨᠠᠷ ᠰᠠᠶᠢᠲᠠᠢ | ᠰᠢᠢᠳᠪᠦᠷᠢᠯᠡᠵᠦ᠂ ᠬᠠᠷᠢᠭᠤᠯᠲᠠ ᠦᠭᠭᠦᠭᠰᠡᠨ ᠨᠤᠷᠮ᠎ᠠ100 %᠃ ᠴᠢᠩᠱᠠᠨ ᠲᠣᠭᠤᠷᠢᠭ ᠤᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠰᠢᠰᠲ᠋ᠧᠮ ᠤᠨ ᠬᠢᠨ ᠰᠠᠭᠤᠭᠠᠯᠢ ᠠᠷᠠᠳ ᠤᠨ 2.4 ᠲᠦᠮᠡ ᠭᠠᠷᠤᠶ ᠬᠦᠰᠡᠯ | ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠰᠢᠶ᠋ᠳᠪᠦᠷᠢᠯᠡᠵᠦ ᠳᠠᠭᠤᠰᠬᠠᠭᠰᠠᠨ ᠨᠤᠷᠮ᠎ᠠ98% ᠠᠴᠠ | ᠳᠡᠭᠡᠭᠰᠢ ᠪᠠᠶᠢᠨ᠎ᠠ᠃ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠵᠢᠩᠬᠢᠨᠢ ᠠᠵᠢᠯᠯᠠᠭᠤᠯᠵᠤ᠂ ᠵᠠᠰᠠᠭ ᠤᠨ | ᠶᠠᠪᠤᠳᠠᠯ ᠤᠨ OA ᠬᠠᠮᠲᠤᠷᠠᠨ ᠠᠵᠢᠯᠯᠠᠬᠤ ᠲᠠᠪᠴᠠᠩ ᠢ ᠵᠢᠩᠬᠢᠨᠢ ᠪᠠᠷ ᠡᠬᠢᠯᠡᠨ ᠬᠡᠷᠡᠭᠯᠡᠪᠡ᠃ ᠠᠷᠪᠢᠯᠠᠨ ᠭᠠᠮᠨᠠᠬᠤ | ᠦᠵᠡᠯ ᠰᠠᠨᠠᠭ᠎ᠠ ᠶᠢ ᠪᠠᠷᠢᠮᠲᠠᠯᠠᠭᠰᠠᠨ ᠢᠶᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠠᠷᠪᠢᠯᠠᠨ ᠭᠠᠮᠨᠠᠬᠤ | ᠨᠣᠷᠮ᠎ᠠ 7.5% ᠳᠤ ᠬᠦᠷᠴᠦ᠂ ᠪᠥᠬᠦ ᠬᠤᠲᠠ ᠶᠢᠨ ᠴᠣᠷ ᠤᠨ ᠭᠠᠭᠴᠠ ︽ᠪᠥᠬᠦ ᠤᠯᠤᠰ ᠤᠨ ᠵᠠᠰᠠᠭ ᠤᠨ | ᠣᠷᠳᠣᠨ ᠤ ᠬᠤᠳᠠᠯᠳᠤᠨ ᠠᠪᠬᠤ ᠵᠠᠭᠤᠨ ᠬᠦᠴᠦᠷᠬᠡᠭ ᠰᠢᠶᠠᠨ︾ ᠪᠣᠯᠤᠭᠰᠠᠨ ᠪᠠᠶᠢᠨ᠎ᠠ᠃ ᠬᠢᠨᠠᠨ ᠪᠤᠳᠤᠯᠳᠠ ᠶᠢᠨ | ᠬᠢᠨᠠᠯᠲᠠ ᠶᠢ ᠴᠢᠩᠭᠠᠳᠬᠠᠵᠤ᠂ 267 ᠵᠦᠢᠯ ᠤᠨ ᠬᠢᠨᠠᠨ ᠪᠤᠳᠤᠯᠳᠠ ᠵᠢᠴᠢ ᠬᠢᠨᠠᠨ ᠪᠤᠳᠤᠯᠳᠠ ᠶᠢᠨ ᠪᠠᠶᠢᠴᠠᠭᠠᠯᠲᠠ ᠶᠢ | ᠥᠷᠨᠢᠭᠦᠯᠵᠦ᠂ 5.7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠠᠷᠪᠢᠯᠠᠪᠠ᠃ ᠪᠥᠬᠦ ᠬᠤᠲᠠ ᠶᠢᠨ ᠴᠣᠷ ᠤᠨ | ᠭᠠᠭᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠤᠤᠰ ᠵᠠᠭᠤᠨ︾ ᠤ ᠱᠠᠯᠠᠪᠳᠠᠭᠤᠯᠤᠨ | ᠪᠠᠶᠢᠴᠠᠭᠠᠯᠲᠠ ᠶᠢᠨ ᠬᠠᠷᠢᠯᠴᠠᠬᠤ ᠴᠡᠭ ᠢᠶᠠᠷ ᠲᠣᠭᠳᠠᠭᠠᠭᠳᠠᠪᠠ᠃ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠢ | ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠢᠯᠡ ᠪᠣᠯᠭᠠᠬᠤ ᠨᠤᠷᠮ᠎ᠠ ᠶᠢ | 100% ᠳᠤ ᠬᠦᠷᠪᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠪ | ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ | ᠲᠤᠤᠱᠯᠠᠭᠤᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠪᠠ᠃ | ᠲᠥᠯᠥᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠢ ᠡᠷᠬᠢᠴᠡᠭᠦᠯᠪᠡᠯ᠂ ᠰᠢᠨ᠎ᠡ ᠴᠠᠭ ᠦᠶ᠎ᠡ ᠶᠢᠨ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ | ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠱᠤᠭᠤᠮ ᠢ ᠡᠷᠡᠰ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ | ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ ᠭᠡᠳᠡᠭ ᠢ ᠪᠢᠳᠡ ᠭᠦᠨᠵᠡᠭᠡᠶ ᠣᠶᠢᠯᠠᠭᠠᠪᠠ᠃ | ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠢᠳᠡᠵᠦ ᠡᠮᠦᠰᠬᠦ ᠶᠠᠪᠤᠵᠤ ᠰᠠᠭᠤᠬᠤ᠂ ᠠᠵᠢᠯ | ᠦᠢᠯᠡᠰ ᠰᠤᠷᠭᠠᠨ ᠬᠥᠮᠦᠵᠢᠯ ᠡᠮ ᠡᠮᠨᠡᠯᠭᠡ ᠶᠢ ᠪᠠᠲᠤᠯᠠᠬᠤ︾ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠰᠡᠳᠬᠢᠯ | ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠲᠦᠪᠰᠢᠨ ᠳᠤ | ᠬᠦᠷᠭᠡᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ | ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ | ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ | ᠨᠡᠮᠡᠭᠳᠡᠯ ᠤᠨ ᠬᠥᠳᠡᠯᠭᠡᠬᠦ ᠬᠦᠴᠦᠨ ᠢ ᠬᠤᠪᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ | ᠡᠷᠬᠡᠪᠰᠢ ᠪᠣᠳᠠᠲᠤ ᠠᠵᠢᠯᠯᠠᠭ᠎ᠠ ᠶᠢ ᠡᠷᠬᠢᠮᠯᠡᠨ ᠲᠠᠬᠢᠨ ᠬᠢᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ | ᠪᠥᠭᠡᠳ ᠨᠠᠷᠢᠯᠢᠭ ᠰᠠᠶᠢᠲᠤᠷ ᠬᠢᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ | ᠪᠦᠲᠦᠭᠡᠵᠦ᠂ ᠦᠢᠯᠡᠳᠦᠯᠭᠡ᠂ ᠠᠷᠠᠳ ᠲᠦᠮᠡᠨ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠠᠮᠵᠢᠯᠲᠠ | ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | ᠰᠠᠶ᠋ᠢᠬᠠᠨ ᠥᠩᠭᠡᠷᠡᠭᠰᠡᠨ 2020 ᠣᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠬᠦᠨᠳᠦ ᠬᠡᠴᠡᠭᠦᠦ ᠰᠢᠯᠭᠠᠯᠲᠠ ᠶᠢᠨ ᠡᠮᠦᠨ᠎ᠡ᠂ ᠪᠢᠳᠡ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠨᠠᠷᠢᠨ ᠬᠢᠨᠠᠮᠠᠭᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠵᠣᠬᠢᠰᠲᠠᠢ ᠣᠷᠣᠨ ᠵᠠᠢ ᠳᠤ ᠠᠵᠢᠯᠯᠠᠭᠤᠯᠪᠠ᠃ | ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 3.2% ᠢᠶᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 16.5% ᠳᠤ ᠬᠦᠷᠴᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 5.5% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4.3% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 0.2% ᠢᠶᠠᠷ ᠨᠡᠮᠡᠭᠳᠡᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 1% ᠪᠠᠷ ᠨᠡᠮᠡᠭᠳᠡᠪᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ᠃ | ᠪᠢᠳᠡ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠨᠠᠷᠢᠯᠢᠭ ᠤᠨᠤᠪᠴᠢᠲᠠᠢ ᠤᠷᠢᠳᠴᠢᠯᠠᠨ ᠰᠡᠷᠡᠮᠵᠢᠯᠡᠭᠦᠯᠬᠦ︾ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ | ᠲᠤᠭᠤᠷᠢᠭ ᠲᠤ ᠣᠨᠣᠰᠢᠯᠠᠭᠰᠠᠨ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠪᠠᠶᠢᠳᠠᠯ ᠦᠭᠡᠢ | ᠬᠠᠯᠳᠠᠪᠤᠷᠢᠯᠠᠭᠰᠠᠳ ᠪᠠᠶᠢᠬᠤ ᠦᠭᠡᠢ᠃ ᠲᠤᠭᠤᠷᠢᠭ ᠤᠨ ᠱᠠᠲᠤᠨ ᠤ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠠᠵᠤ | ᠠᠬᠤᠶᠢᠯᠠᠯ᠂ ᠴᠢᠬᠤᠯᠠ ᠶᠡᠭᠡ ᠲᠥᠷᠥᠯ ᠵᠦᠢᠯ ᠪᠠ ᠠᠵᠤ ᠠᠬᠤᠶᠢᠯᠠᠯ ᠳᠤ ᠰᠠᠭᠤᠭ᠎ᠠ ᠬᠤᠯᠪᠣᠭᠠᠴᠢᠨ ᠢ ᠳᠠᠭᠠᠭᠠᠴᠢᠯᠠᠨ | ᠬᠤᠯᠪᠣᠭᠠᠯᠠᠬᠤ ᠵᠡᠷᠭᠡ ᠲᠦᠷᠢᠮ ᠢ ᠬᠡᠷᠡᠭᠵᠢᠭᠦᠯᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ | ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ 3.8 ᠳ᠋ᠦᠩᠰᠢᠭᠤᠷ ᠲᠥᠭᠦᠷᠢᠭ ᠤᠨ | ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢ ᠴᠢᠷᠮᠠᠶᠢᠨ ᠣᠯᠵᠤ᠂ ᠠᠵᠤ ᠠᠬᠤᠶᠢᠯᠠᠯ ᠢ ᠳᠡᠮᠵᠢᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠵᠡᠷᠭᠡ | ᠪᠠᠯᠠ ᠮᠥᠩᠭᠦ ᠶᠢ 1.1 ᠳ᠋ᠦᠩᠰᠢᠭᠤᠷ ᠲᠥᠭᠦᠷᠢᠭ ᠲᠠᠷᠬᠠᠭᠠᠪᠠ᠃ ᠴᠢᠶᠠᠨ ᠽᠢ ᠸᠠᠨ ᠬᠤᠩ 5G ᠶᠢᠨ ᠰᠢᠭᠤᠳ | ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠤᠨ ᠲᠥᠷᠥᠯ ᠵᠦᠢᠯ ᠢ ᠣᠷᠣᠭᠤᠯᠤᠨ | ᠠᠪᠴᠢᠷᠠᠵᠤ ᠬᠡᠷᠡᠭᠵᠢᠭᠦᠯᠦᠨ᠂ ᠣᠯᠠᠨ ᠠᠷᠭ᠎ᠠ ᠬᠡᠮᠵᠢᠶ᠎ᠡ ᠪᠠᠷ ︽ᠰᠢᠭᠤᠳ ᠨᠡᠪᠲᠡᠷᠡᠭᠦᠯᠭᠡ ᠶᠢᠨ ᠠᠵᠤ ᠠᠬᠤᠶ︾ | ︽ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ︾ ᠵᠡᠷᠭᠡ ᠦᠢᠯᠡᠴᠢᠯᠡᠭᠡᠨ ᠤ ᠦᠢᠯᠡᠰ ᠤᠨ ᠰᠢᠨ᠎ᠡ ᠪᠠᠷ ᠬᠥᠭᠵᠢᠭᠰᠡᠨ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠳᠡᠮᠵᠢᠪᠡ᠃ | ᠠᠵᠤ ᠦᠢᠯᠡᠰ ᠤᠨ ᠬᠥᠭᠵᠢᠯᠲᠡ ᠶᠢᠨ ᠠᠯᠬᠤᠴᠠ ᠲᠦᠷᠭᠡᠳᠪᠡ᠃ ᠰᠢᠨ᠎ᠡ ᠪᠠᠷ ᠨᠡᠮᠡᠭᠳᠡᠭᠰᠡᠨ ︽ᠲᠦᠷᠪᠡ ᠶᠢ | ᠳᠡᠭᠡᠭᠰᠢᠯᠡᠭᠦᠯᠬᠦ︾ ᠠᠵᠤ ᠠᠬᠤᠶᠢᠯᠠᠯ 27 ᠪᠠᠶᠢᠵᠤ᠂ ᠶᠡᠷᠦᠩᠬᠡᠶ ᠲᠤᠭ᠎ᠠ ᠨᠢ 254 ᠡᠷᠤᠭᠡ ᠳᠤ ᠬᠦᠷᠴᠡᠶ᠃ ᠪᠥᠬᠦ | ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ 46 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ | 33 ᠠᠰᠢᠭ ᠣᠯᠵᠠᠪᠤᠷᠢ ᠲᠠᠢ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 23.4 | ᠳ᠋ᠦᠩᠰᠢᠭᠤᠷ ᠲᠥᠭᠦᠷᠢᠭ ᠲᠤ ᠬᠦᠷᠴᠦ᠂ 77.4% ᠪᠠᠷ ᠨᠡᠮᠡᠭᠳᠡᠪᠡ︔ ᠠᠯᠳᠠᠭᠳᠠᠯ ᠲᠠᠢ ᠠᠵᠤ ᠠᠬᠤᠶᠢᠯᠠᠯ ᠤᠨ | ᠠᠯᠳᠠᠭᠳᠠᠯ ᠤᠨ ᠬᠡᠮᠵᠢᠶ᠎ᠡ39.4% ᠪᠠᠷ ᠪᠠᠭᠤᠷᠠᠵᠤ᠂ ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ | ᠪᠣᠯᠤᠭᠰᠠᠨ ᠦᠷ᠎ᠡ ᠪᠦᠲᠦᠮᠵᠢ ᠢᠯᠡᠳᠲᠡ ᠪᠣᠯᠪᠠ᠃ ︽ᠭᠤᠷᠪᠠᠨ ᠰᠢᠨ᠎ᠡ ᠨᠢᠭᠡ ᠥᠨᠳᠥᠷ︾ ᠤᠨ ᠲᠥᠷᠥᠯ ᠵᠦᠢᠯ | ᠵᠠᠯᠭᠠᠭ᠎ᠠ ᠪᠠᠷ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠵᠤ᠂ 55 ᠳ᠋ᠦᠩᠰᠢᠭᠤᠷ ᠲᠥᠭᠦᠷᠢᠭ ᠤᠨ | ᠦᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18% ᠪᠠᠷ ᠨᠡᠮᠡᠭᠳᠡᠪᠡ᠃ ᠬᠡᠷᠡᠯ | ᠴᠡᠨᠡᠭ ᠤᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠪᠦᠯᠦᠭᠯᠡᠯ ᠠᠭᠠᠵᠢᠮ ᠢᠶᠠᠷ ᠪᠦᠷᠢᠯᠳᠦᠵᠦ᠂ ᠵᠢᠯ ᠤᠨ | ᠦᠢᠯᠡᠳᠪᠦᠷᠢᠯᠡᠬᠦ ᠴᠢᠳᠠᠪᠤᠷᠢ 28GW ᠬᠦᠷᠴᠦ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃ | ᠶᠡᠷᠦᠩᠬᠡᠢ ᠪᠡᠯᠡ ᠣᠷᠣᠭᠤᠯᠤᠯᠲᠠ ᠨᠢ 26 ᠳ᠋ᠦᠩᠰᠢᠭᠤᠷ ᠲᠥᠭᠦᠷᠢᠭ ᠤᠨ ᠱᠠᠨ ᠱᠠᠨ ᠯᠢᠲ᠋ᠢ ᠢᠶᠣᠨ ᠤ ᠳ᠋ᠢᠶᠠᠨ | ᡂᠢ ᠶᠢᠨ ᠪᠢᠯᠢᠭ ᠲᠦᠢᠯ ᠢ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠨᠢ ᠦᠢᠯᠡᠳᠪᠦᠷᠢᠯᠡᠯ ᠪᠠ ᠦᠷ᠎ᠡ | ᠠᠰᠢᠭ ᠲᠤ ᠬᠦᠷᠴᠡᠢ᠃ ︽ᠵᠢᠷᠭᠤᠭᠠᠨ ᠲᠣᠮᠣ ᠬᠤᠳᠠᠯᠳᠤᠭᠠᠨ ᠤ ᠶᠠᠪᠤᠳᠠᠯ ᠤᠨ ᠲᠣᠭᠤᠷᠢᠭ︾ ᠤᠨ ᠭᠤᠤᠯ ᠪᠣᠯᠬᠤ | ᠬᠤᠳᠠᠯᠳᠤᠭᠠᠨ ᠤ ᠲᠠᠯᠠᠪᠤᠷ ᠤᠨ ᠡᠵᠡᠩᠨᠡᠯᠲᠡ ᠶᠢᠨ ᠨᠣᠷᠮ᠎ᠠ ᠶᠢ ᠦᠨᠳᠦᠰᠦᠨ ᠳᠡᠭᠡᠨ ᠥᠩᠭᠡᠷᠡᠭᠰᠡᠨ ᠵᠢᠯ ᠤᠨ ᠬᠢᠷᠢ | ᠲᠦᠪᠰᠢᠨ ᠳᠤ ᠬᠦᠷᠲᠡᠯ᠎ᠡ ᠰᠡᠷᠭᠦᠭᠡᠵᠦ᠂ ᠪᠤᠭᠤᠲᠤ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ | ᠲᠣᠮᠣ ᠲᠢᠶᠠᠲᠷ ᠲᠤ 133 ᠲᠠᠯᠠᠪᠤᠷ ᠦᠵᠡᠰᠬᠦᠯᠡᠩ ᠡᠷᠭᠢᠯᠡᠵᠦ᠂ ᠸᠠᠨ ᠺᠧ ᠰᠠᠭᠤᠭᠳᠠᠯ ᠤᠨ ᠬᠤᠲᠠ ᠶᠢᠨ ᠲᠥᠷᠥᠯ | ᠵᠦᠢᠯ ᠢ ᠤᠷᠤᠭᠰᠢᠲᠠᠶ ᠬᠡᠷᠡᠭᠵᠢᠭᠦᠯᠵᠦ᠂ ᠠᠮᠦᠷ ᠲᠦᠪᠰᠢᠨ ᠤ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ | ᠠᠮᠵᠢᠯᠲᠠ ᠲᠠᠢ ᠪᠠᠷ ᠭᠡᠷ᠎ᠡ ᠲᠣᠭᠲᠠᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ᠂ ᠣᠯᠠᠨ | ᠡᠰᠢᠴᠢᠯᠡᠭᠰᠡᠨ ᠬᠥᠭᠵᠢᠯᠲᠡ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ | ᠭᠤᠣᠯᠳᠠᠯᠭ᠎ᠠ ᠲᠠᠢ ᠵᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠡᠰᠢᠯᠡᠭᠦᠯᠦᠨ | ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠬᠦ᠂ ᠠᠵᠤ ᠦᠢᠯᠡᠰ ᠤᠨ | ᠪᠦᠬᠦᠯᠢ ᠴᠣᠭᠴᠠ ᠶᠢᠨ ᠦᠷᠢᠰᠦᠯᠳᠦᠬᠦ ᠬᠦᠴᠦᠨ ᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ | ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠪᠦᠬᠦ ᠠᠵᠢᠯᠳᠠᠨ ᠤ ᠬᠤᠳᠠᠯᠳᠤᠭᠠᠴᠢᠨ | ᠤᠷᠢᠬᠤ ᠶᠢ ᠴᠢᠩᠭᠠᠳᠬᠠᠵᠤ᠂ ᠨᠡᠶᠢᠲᠡ 100 ᠭᠠᠷᠤᠢ ᠠᠵᠤ ᠠᠬᠤᠶᠢᠯᠠᠯ ᠢ ᠰᠤᠷᠪᠤᠯᠵᠢᠯᠠᠨ ᠵᠦᠪᠳᠡᠵᠦ᠂ ᠬᠤᠩ | ᠶᠤᠸᠠᠨ ᠰᠢᠨ᠎ᠡ ᠮᠠᠲ᠋ᠧᠷᠢᠶᠠᠯ ᠤᠨ ᠭᠤᠷᠪᠠᠳᠤᠭᠠᠷ ᠬᠤᠭᠤᠴᠠᠭ᠎ᠠ᠂ ᠬᠤᠨᠠᠨ ᠤ ᠰᠢᠨ ᠶᠤᠸᠠᠨ ᠤ | ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠪᠠᠢ ᠲᠧ ᠣᠨᠴᠠᠭᠠᠢ ᠥᠨᠳᠥᠷ ᠴᠢᠳᠠᠪᠬᠢᠳᠤ ᠨᠡᠭᠦᠷᠡᠰᠦᠨ ᠰᠢᠷᠬᠡᠭ ᠵᠡᠷᠭᠡ | 47 ᠲᠦᠷᠦᠯ ᠵᠦᠢᠯ ᠭᠡᠷ᠎ᠡ ᠲᠤᠭᠲᠠᠵᠦ᠂ 104 ᠲᠦᠷᠦᠯ ᠵᠦᠢᠯ ᠢ ᠨᠥᠭᠡᠴᠡᠯᠡᠪᠡ᠃ ᠶᠡᠷᠦᠩᠬᠡᠶ ᠪᠠᠯᠠ | ᠣᠷᠣᠭᠤᠯᠤᠯᠲᠠ ᠨᠢ 418.3 ᠳ᠋ᠦᠩᠰᠢᠭᠤᠷ ᠲᠥᠭᠦᠷᠢᠭ ᠲᠤ ᠬᠦᠷᠦᠭᠰᠡᠨ 73 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ ︽ᠭᠤᠷᠪᠠᠨ ᠰᠢᠨ᠎ᠡ | ᠨᠢᠭᠡ ᠥᠨᠳᠥᠷ︾ ᠪᠠ ᠠᠵᠤ ᠠᠬᠤᠶᠢᠯᠠᠯ ᠭᠠᠵᠠᠷ ᠣᠷᠣᠨ ᠤ ᠠᠭᠤᠰᠤᠯᠴᠠᠯ ᠤᠨ ᠲᠥᠷᠥᠯ ᠤᠨ ᠲᠥᠷᠥᠯ ᠵᠦᠢᠯ ᠨᠢ | ᠠᠵᠤ ᠦᠢᠯᠡᠳᠪᠦᠷᠢ ᠶᠢᠨ ᠲᠥᠷᠥᠯ ᠵᠦᠢᠯ ᠤᠨ 90% ᠠᠴᠠ ᠳᠡᠭᠡᠭᠰᠢᠬᠢ ᠶᠢ ᠡᠵᠡᠯᠡᠵᠦ᠂ 37 ᠲᠥᠷᠥᠯ ᠵᠦᠢᠯ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ 134.4 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 116% ᠳᠤ ᠬᠥᠷᠪᠡ᠃ | ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ᠂ ᠭᠠᠷ | ᠭᠦᠢᠴᠡᠳᠭᠡᠯ ᠢ ᠭᠦᠢᠴᠡᠳᠭᠡᠭᠰᠡᠨ ᠨᠣᠷᠮ᠎ᠠ ᠴᠥᠮ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ | ︽ᠭᠤᠷᠪᠠᠨ ᠶᠡᠭᠡ ᠰᠢᠪᠲᠤᠯᠤᠯᠲᠠ ᠶᠢᠨ ᠲᠠᠶᠢᠨ︾ ᠪᠣᠳᠠᠲᠤ ᠦᠷ᠎ᠡ ᠪᠦᠲᠦᠮᠵᠢ ᠤᠯᠪᠠ᠃ ᠤᠯᠤᠰ ᠤᠨ | ᠡᠳ᠋ ᠤᠨ ᠵᠠᠰᠠᠭ ᠤᠨ ᠶᠠᠮᠤᠨ ᠤ ᠪᠠᠶᠢᠭᠤᠯᠤᠯᠳᠤ ᠰᠢᠶᠠᠨ ᠲᠣᠭᠤᠷᠢᠭ ᠤᠨ ᠳᠠᠯᠳᠠ ᠥᠭᠴᠡᠭᠡ ᠶᠢᠨ ᠲᠦᠭᠰᠢᠭᠦᠷᠢ ᠶᠢ | ᠠᠷᠢᠯᠭᠠᠬᠤ ᠲᠤᠷᠰᠢᠯᠲᠠ ᠶᠢ ᠠᠮᠵᠢᠯᠲᠠ ᠲᠠᠢ ᠪᠠᠷ ᠵᠥᠪᠰᠢᠶᠡᠷᠡᠨ᠂ ᠳᠠᠯᠳᠠ ᠥᠭᠴᠡᠭᠡ ᠶᠢ ᠪᠥᠬᠦ ᠬᠦᠴᠦᠨ ᠢᠶᠠᠷ ᠢᠶᠠᠨ | ᠠᠷᠢᠯᠭᠠᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠶᠢᠨ ᠢᠶᠠᠨ 105% ᠶᠢ ᠪᠡᠶᠡᠯᠡᠭᠦᠯᠪᠡ᠃ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ | ᠵᠣᠭᠤᠰ ᠢ ᠪᠦᠬᠦᠨ ᠢ ᠲᠦᠯᠦᠵᠦ ᠳᠠᠭᠤᠰᠬᠠᠨ᠎ᠠ᠃ ᠲᠠᠬᠢᠨ ᠶᠠᠳᠠᠭᠤᠷᠠᠭᠰᠠᠨ ᠠᠴᠠ ᠪᠤᠯᠵᠤ ᠶᠠᠳᠠᠭᠤᠷᠠᠭᠰᠠᠨ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠬᠦᠯᠵᠤ᠂ ᠬᠥᠳᠡᠯᠦᠩᠭᠦᠶ ᠪᠠᠷ ᠢᠯᠭᠠᠨ ᠲᠠᠨᠢᠵᠤ | ᠬᠢᠨᠠᠨ ᠬᠠᠮᠢᠶᠠᠷᠬᠤ ᠪᠠ ᠴᠠᠭ ᠲᠤᠬᠠᠶ ᠳᠤᠨᠢ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠦᠷ᠎ᠡ ᠪᠦᠲᠦᠮᠵᠢ ᠢᠯᠡᠳᠲᠡ ᠪᠠᠶᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠳᠠᠷᠢᠬᠤ ᠲᠠᠯᠠᠪᠠᠶ 1880 ᠮᠥ ᠳᠤ ᠬᠦᠷᠴᠦ᠂ ᠲᠤᠬᠠᠶ ᠶᠢᠨ ᠵᠢᠯ ᠳᠤ ᠡᠯᠪᠡᠭ ᠬᠤᠷᠢᠶᠠᠯᠲᠠ ᠤᠯᠪᠠ᠃ ᠪᠣᠬᠢᠷᠲᠤᠯ ᠢ | ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠵᠤ᠂ 28 ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ | ᠪᠣᠬᠢᠷᠲᠤᠯ ᠲᠠᠢ︾ ᠠᠵᠤ ᠠᠬᠤᠶᠢᠯᠠᠯ ᠢ ᠪᠦᠬᠦᠨ ᠢ ᠴᠡᠪᠡᠷᠯᠡᠨ ᠬᠦᠴᠦᠨ ᠥᠬᠡᠶ ᠪᠣᠯᠭᠠᠪᠠ᠃ ᠠᠮᠢᠳᠤᠷᠠᠯ ᠤᠨ | ᠦᠢᠯᠡᠴᠢᠯᠡᠭᠡᠨ ᠤ ᠦᠢᠯᠡᠰ ᠤᠨ ᠬᠤᠳᠠᠯᠳᠤᠭᠠᠴᠢᠨ ᠡᠷᠤᠭᠡ ᠶᠢᠨ ᠲᠥᠪᠯᠡᠷᠡᠭᠦᠯᠦᠨ ᠢᠯᠴᠢ ᠬᠠᠩᠭᠠᠬᠤ | ᠥᠭᠡᠷᠡᠴᠢᠯᠡᠯᠲᠡ ᠶᠢ 654 ᠡᠷᠤᠭᠡ᠂ 4.9 ᠲᠦᠮᠡᠨ ᠲᠡᠭᠰᠢ ᠳᠥᠷᠪᠡᠯᠵᠢᠨ ᠮᠧᠲᠷ᠂ ︽ᠨᠡᠭᠦᠷᠡᠰᠦ ᠶᠢ ᠰᠢᠲᠠᠮᠠᠬᠠᠶ ᠬᠡᠢ | ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠶᠢ 1183 ᠡᠷᠤᠭᠡ᠂ 37.3 | ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ | ᠠᠵᠢᠯ ᠢ ᠤᠷᠤᠭᠰᠢᠲᠠᠶ ᠪᠡᠶᠡᠯᠡᠭᠦᠯᠪᠡ᠃ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ᠂ ᠲᠣᠭᠤᠰᠣ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠶᠡᠬᠡᠪᠡᠷ ᠲᠦᠯᠬᠢᠨ ᠠᠬᠢᠭᠤᠯᠪᠠ᠃ ᠳᠠᠯᠠᠨ ᠬᠠᠷ᠎ᠠ ᠠᠭᠤᠯᠠ ᠶᠢᠨ | ᠡᠮᠦᠨ᠎ᠡ ᠪᠠᠯ ᠤᠨ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ᠂ 6000 ᠮᠥ ᠭᠠᠵᠠᠷ ᠢ ᠰᠢᠨ᠎ᠡ ᠪᠠᠷ ᠣᠶᠢᠵᠢᠭᠤᠯᠤᠨ᠂ ᠡᠯ᠎ᠡ ᠲᠥᠷᠥᠯ ᠤᠨ ᠵᠤᠯᠵᠠᠭ᠎ᠠ | ᠮᠣᠳᠣ ᠶᠢ 66.6 ᠲᠦᠮᠡᠨ ᠰᠠᠭᠤᠷᠢ ᠵᠠᠶᠢᠯᠠᠵᠤ᠂ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠣᠷᠣᠨ ᠪᠦᠰᠡ ᠶᠢ | 5000 ᠮᠥ ᠰᠢᠨ᠎ᠡ ᠪᠠᠷ ᠪᠡᠶᠡᠯᠡᠭᠦᠯᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠥᠬᠡᠶ ᠰᠢᠯᠢᠳᠡᠭᠵᠢᠪᠡ᠃ ︽ᠴᠢᠩᠱᠠᠨ | ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾᠂ | ︽ᠴᠢᠩᠱᠠᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠭᠦᠨᠵᠡᠭᠡᠶ ᠰᠢᠯᠢᠳᠡᠭᠵᠢᠭᠦᠯᠬᠦ ᠠᠷᠭ᠎ᠠ | ᠬᠡᠮᠵᠢᠶ᠎ᠡ ᠨᠦᠭᠦᠳ︾ ᠵᠡᠷᠭᠡ ᠰᠢᠷᠢᠰ ᠲᠦᠷᠢᠮ ᠤᠨ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ ᠬᠤᠲᠠ ᠶᠢᠨ | ᠠᠷᠠᠳ ᠤᠨ ᠶᠡᠭᠡ ᠲᠢᠩᠬᠢᠮ ᠨᠢ ᠡᠩ ᠲᠡᠷᠢᠭᠦᠨ ᠳᠤ ᠪᠥᠬᠦ ᠬᠤᠲᠠ ᠳᠤ ᠠᠵᠤ ᠠᠬᠤᠶᠢᠯᠠᠯ ᠨᠡᠭᠡᠭᠡᠨ ᠡᠷᠭᠢᠯᠡᠬᠦ ᠲᠤᠰᠬᠠᠶ | ᠲᠣᠭᠤᠷᠢᠭ ᠪᠠᠶᠢᠭᠤᠯᠵᠤ᠂ ᠪᠥᠬᠦ ᠬᠡᠯᠬᠢᠶ᠎ᠡ ᠪᠠᠷ ᠢᠶᠠᠨ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠦᠢᠯᠡᠴᠢᠯᠡᠭᠡ ᠶᠢ | ᠥᠷᠨᠢᠭᠦᠯᠵᠦ᠂ ᠣᠷᠣᠵᠤ ᠰᠠᠭᠤᠭᠰᠠᠨ ᠰᠠᠯᠠᠭ᠎ᠠ ᠮᠥᠴᠢᠷ᠂ ᠦᠢᠯᠡᠴᠢᠯᠡᠭᠡᠨ ᠤ ᠵᠦᠢᠯᠡᠰ ᠢ ᠥᠷᠨᠢᠭᠦᠯᠵᠦ᠂ ᠪᠥᠬᠦ | ᠬᠤᠲᠠ ᠳᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠬᠠᠮᠤᠭ ᠤᠨ ᠣᠯᠠᠨ ᠥᠷᠨᠢᠭᠦᠯᠪᠡ᠃ | ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠲᠦᠷᠢᠮ᠂ ᠴᠠᠭ | ᠬᠢᠵᠠᠭᠠᠷᠯᠠᠨ ᠭᠦᠢᠴᠡᠳᠭᠡᠵᠦ ᠳᠠᠭᠤᠰᠬᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ | ᠨᠡᠭᠡᠭᠡᠨ ᠡᠷᠭᠢᠯᠡᠬᠦ ᠴᠠᠭ ᠢ ᠬᠠᠭᠠᠰ ᠡᠳᠦᠷ ᠪᠣᠯᠭᠠᠨ ᠪᠠᠭᠠᠰᠬᠠᠵᠤ᠂ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠬᠤ | ᠮᠠᠲ᠋ᠧᠷᠢᠶᠠᠯ ᠢ ᠴᠣᠮᠬᠠᠳᠬᠠᠬᠤ ᠬᠡᠮᠵᠢᠶ᠎ᠡ ᠶᠢ 30% ᠳᠤ ᠬᠦᠷᠦᠭᠦᠯᠦᠨ᠎ᠡ᠃ 17 ᠡᠷᠦᠬᠡ ᠦᠢᠯᠡᠳᠪᠦᠷᠢᠯᠡᠯ ᠤᠨ ᠠᠵᠤ | ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠣᠯᠠᠨ ᠲᠠᠯᠠᠲᠤ ᠠᠷᠠᠯᠵᠢᠶᠠᠨ ᠤ ᠲᠠᠪᠴᠠᠩ ᠢᠶᠠᠷ | ᠳᠡᠮᠵᠢᠨ 1.5 ᠳ᠋ᠦᠩᠰᠢᠭᠤᠷ ᠲᠥᠭᠦᠷᠢᠭ ᠤᠨ ᠴᠠᠬᠢᠯᠭᠠᠨ ᠤ ᠦᠨ᠎ᠡ ᠶᠢᠨ ᠬᠠᠷᠠᠭᠠᠯᠵᠠᠯ ᠭᠥᠷᠳᠡᠵᠦ᠂ 32 | ᠡᠷᠦᠭᠡᠦᠢᠯᠡᠳᠪᠦᠷᠢᠯᠡᠬᠦ ᠪᠠᠨ ᠵᠣᠭᠰᠣᠭᠰᠠᠨ ᠪᠠ ᠬᠠᠭᠠᠰ ᠵᠣᠭᠰᠣᠭᠰᠠᠨ ᠠᠵᠤ ᠠᠬᠤᠶᠢᠯᠠᠯ ᠤᠨ ᠪᠠᠭᠲᠠᠭᠠᠮᠵᠢ ᠶᠢᠨ | ᠴᠠᠬᠢᠯᠭᠠᠨ ᠤ ᠰᠦᠢᠳᠭᠡᠯ ᠢ 1882.7 ᠲᠦᠮᠡᠨ ᠲᠥᠭᠦᠷᠢᠭ ᠬᠠᠰᠤᠵᠤ ᠭᠡᠯᠳᠦᠷᠢᠭᠦᠯᠪᠡ᠃ ᠤᠯᠠᠨ ᠰᠠᠯᠠᠭ᠎ᠠ | ᠮᠥᠴᠢᠷ ᠤᠨ ᠬᠠᠤᠯᠢ ᠬᠡᠷᠡᠭᠵᠢᠭᠦᠯᠦᠯᠲᠡ ᠶᠢᠨ ︽ᠪᠠᠶᠢᠴᠠᠭᠠᠬᠤ ᠠᠴᠠ ᠡᠮᠦᠨ᠎ᠡ ᠨᠡᠪᠲᠡᠷᠡᠯᠴᠡᠬᠦ︾ ᠲᠣᠭᠲᠠᠴᠠ ᠶᠢ | ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠠᠵᠢᠯᠯᠠᠭ᠎ᠠ ᠶᠢ ᠪᠦᠲᠦᠮᠵᠢᠲᠡᠶ ᠪᠠᠷ ᠵᠢᠷᠤᠮᠵᠢᠭᠤᠯᠪᠠ᠃ | ᠰᠠᠭᠤᠷᠢ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠲᠠᠩᠺ ᠤᠨ ᠵᠠᠮ᠂ ᠵᠣᠣ ᠵᠢᠶᠠ ᠳ᠋ᠢᠶᠠᠨ ᠤ ᠲᠦᠯᠦᠪᠵᠢᠭᠦᠯᠭᠡ ᠶᠢᠨ ᠭᠤᠷᠪᠠᠨ ᠵᠠᠮ ᠵᠡᠷᠭᠡ 18 ᠵᠤᠷᠪᠤᠰ ᠵᠠᠮ ᠢ | ᠰᠢᠨ᠎ᠡ ᠪᠠᠷ ᠪᠠᠶᠢᠭᠤᠯᠤᠨ ᠦᠭᠡᠷᠡᠴᠢᠯᠡᠵᠦ᠂ ᠰᠣᠶᠣᠯ ᠤᠨ ᠵᠠᠮ᠂ ᠬᠤᠰᠢᠭᠤᠴᠢ ᠵᠠᠮ ᠵᠡᠷᠭᠡ ᠪᠣᠷᠣᠭᠠᠨ ᠤ ᠪᠣᠬᠢᠷᠲᠤᠯ ᠢ | ᠬᠤᠯᠢᠯᠳᠤᠭᠤᠯᠤᠨ ᠵᠠᠯᠭᠠᠬᠤ 21 ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢ 31.9 ᠲᠦᠮᠡᠨ ᠲᠡᠭᠰᠢ ᠳᠥᠷᠪᠡᠯᠵᠢᠨ ᠮᠧᠲᠷ ᠰᠡᠯᠪᠢᠨ ᠵᠠᠰᠠᠪᠠ᠃ ᠪᠥᠬᠦ ᠬᠤᠲᠠ ᠳᠤ ᠨᠢᠭᠡᠨᠲᠡ | ᠪᠠᠶᠢᠭ᠎ᠠ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠲᠤᠰᠢᠶᠠᠨ ᠬᠡᠷᠡᠭᠯᠡᠭᠦᠯᠬᠦ ᠶᠢ ᠤᠷᠢᠳᠠᠪᠠᠷ | ᠪᠡᠶᠡᠯᠡᠭᠦᠯᠦᠨ᠎ᠡ᠃ ᠬᠤᠲᠠ ᠲᠣᠭᠤᠷᠢᠭ ᠤᠨ ᠳᠡᠳ᠋ ᠲᠥᠪ ᠴᠢᠳᠠᠮᠵᠢᠳᠣ ᠣᠷᠣᠨ ᠤ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠴᠢᠩᠱᠠᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠭᠤᠤᠯ | ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠹᠦ᠋ ᠯᠢ᠂ ᠾᠧᠩ ᠳ᠋ᠡ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠵᠤ ᠴᠡᠭᠴᠡᠯᠡᠨ | ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠨᠡᠶᠢᠳᠡ 11 ᠲᠦᠮᠡᠨ ᠵᠢᠵᠢᠭ ᠵᠠᠷ | ᠮᠡᠳᠡᠭᠡ ᠶᠢ ᠴᠡᠪᠡᠷᠯᠡᠵᠦ᠂ ᠡᠯ᠎ᠡ ᠲᠦᠷᠦᠯ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ 4.8 ᠲᠦᠮᠡᠨ ᠲᠡᠭᠰᠢ | ᠳᠥᠷᠪᠡᠯᠵᠢᠨ ᠮᠧᠲᠷ᠂ ᠲᠡᠷᠭᠡ ᠵᠣᠭᠰᠣᠭᠠᠬᠤ ᠪᠠᠶᠢᠷᠢ ᠶᠢ 1.5 ᠲᠦᠮᠡ ᠨᠤᠷᠠᠭᠠᠪᠠ᠃ | ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠰᠠᠶᠢᠵᠢᠷᠠᠪᠠ᠃ ᠪᠦᠬᠦ ᠤᠯᠤᠰ ᠤᠨ ᠨᠡᠶᠢᠭᠡᠮ ᠤᠨ | ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠳᠦᠭᠡᠨ | ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠡᠯ᠎ᠡ ᠲᠦᠷᠦᠯ ᠤᠨ ᠠᠪᠤᠷᠠᠨ ᠲᠤᠰᠠᠯᠠᠬᠤ ᠨᠥᠬᠦᠪᠥᠷᠢ ᠶᠢ | ᠨᠡᠶᠢᠳᠡ 1.1 ᠳ᠋ᠦᠩᠰᠢᠭᠤᠷ ᠲᠥᠭᠦᠷᠢᠭ ᠲᠠᠷᠬᠠᠭᠠᠪᠠ᠃ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠶᠢ | 8667 ᠲᠦᠮᠡᠨ ᠲᠥᠭᠦᠷᠢᠭ ᠲᠠᠯᠪᠢᠪᠠ᠃ ᠤᠮᠠᠷᠠᠲᠦ ᠶᠢᠨ ᠬᠦᠨᠳᠦ ᠠᠵᠤ ᠦᠢᠯᠡᠳᠪᠦᠷᠢ ᠶᠢᠨ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠪᠠ᠃ ᠪᠠᠭ᠎ᠠ ᠲᠣᠭᠤᠷᠢᠭ ᠤᠨ ᠢᠵᠢ | ᠪᠦᠷᠢᠳᠦᠭᠦᠯᠬᠦ ᠬᠡᠦᠬᠡᠳ ᠤᠨ ᠴᠡᠴᠡᠷᠯᠢᠭ ᠢ ᠵᠠᠰᠠᠬᠤ ᠠᠵᠢᠯ ᠢ ᠪᠦᠬᠦ ᠲᠠᠯ᠎ᠠ ᠪᠠᠷ ᠭᠦᠢᠴᠡᠳᠭᠡᠪᠡ᠃ ︽ᠪᠥᠬᠦ ᠤᠯᠤᠰ ᠤᠨ | ᠪᠢᠴᠢᠭ ᠤᠨ ᠰᠤᠷᠪᠤᠯᠵᠢᠲᠠᠨ ᠤ ᠬᠤᠲᠠ ᠶᠢᠨ ᠲᠣᠭᠤᠷᠢᠭ︾ ᠪᠠ ︽ᠪᠥᠬᠦ ᠤᠯᠤᠰ ᠤᠨ ᠬᠤᠷᠢᠮ ᠤᠨ ᠵᠠᠩᠰᠢᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ︾ ᠢᠶᠠᠷ ᠦᠨᠡᠯᠡᠭᠳᠡᠪᠡ᠃ ᠪᠠᠶᠢᠯᠳᠤᠭᠠᠨᠲᠤ ᠤᠯᠤᠰ ᠤᠨ ᠵᠣᠣ | ᠣᠮᠠᠷᠠᠲᠦ ᠶᠢᠨ ᠣᠷᠳᠣ ᠴᠠᠭᠠᠨ ᠬᠡᠷᠡᠮ ᠤᠨ ᠵᠡᠭᠦᠨ ᠲᠠᠯ᠎ᠠ ᠶᠢᠨ ᠬᠡᠷᠡᠮ ᠤᠨ ᠬᠡᠰᠡᠭ ︽ᠨᠢᠭᠡᠳᠦᠭᠡᠷ | ᠪᠦᠯᠦᠭ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ ᠴᠢᠬᠤᠯᠠ ᠬᠡᠰᠡᠭ︾ ᠢᠶᠠᠷ ᠵᠦᠪᠰᠢᠶᠡᠷᠡᠭᠳᠡᠪᠡ᠃ ᠴᠢᠯᠥᠭᠡᠲᠦ | ᠵᠠᠮ ᠤᠨ ᠵᠡᠭᠡᠯᠢ ᠭᠤᠳᠤᠮᠵᠢ ᠶᠢᠨ ᠧᠤ ᠯᠦ ᠨᠡᠶᠢᠭᠡᠮ ᠲᠣᠭᠤᠷᠢᠭ ᠪᠦᠬᠦ ᠤᠯᠤᠰ ᠤᠨ ᠤᠯᠠᠭᠠᠨ ᠵᠠᠭᠠᠯᠮᠠᠶᠢᠳᠠᠨ ᠤ | ᠵᠢᠱᠢᠶᠡᠴᠢ ᠬᠤᠳᠠ ᠬᠥᠳᠡᠭᠡ ᠶᠢᠨ ᠨᠡᠶᠢᠭᠡᠮ ᠲᠣᠭᠤᠷᠢᠭ ᠢᠶᠠᠷ ᠦᠨᠡᠯᠡᠭᠳᠡᠪᠡ᠃ ᠣᠯᠠᠨ ᠲᠠᠰ ᠳᠠᠪᠬᠤᠷᠭ᠎ᠠ ᠶᠢᠨ | ᠡᠮᠴᠢᠯᠡᠭᠡ ᠰᠤᠪᠢᠯᠠᠯᠲᠠ ᠡᠷᠡᠭᠦᠯᠵᠢᠯ ᠤᠨ ᠰᠢᠰᠲ᠋ᠧᠮᠵᠢ ᠶᠢ ᠪᠠᠶᠢᠭᠤᠯᠵᠤ᠂ ︽ᠬᠥᠭᠰᠢᠨ ᠵᠠᠯᠠᠭᠤᠴᠤᠳ ᠤᠨ ᠴᠡᠩᠭᠡᠯ ᠤᠨ | ᠬᠦᠷᠢᠶᠡᠯᠡᠩ︾ ᠢ 12 ᠰᠢᠨ᠎ᠡ ᠪᠠᠷ ᠪᠠᠶᠢᠭᠤᠯᠵᠤ᠂ ᠲᠥᠪ ᠠᠴᠠ ᠰᠠᠯᠭᠠᠨ ᠥᠭᠭᠦᠭᠰᠡᠨ ᠬᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠪᠠᠯᠠ ᠮᠥᠩᠭᠦ ᠨᠢ ᠪᠥᠬᠦ | ᠬᠤᠲᠠ ᠶᠢᠨ 50% ᠠᠴᠠ ᠳᠡᠭᠡᠭᠰᠢᠬᠢ ᠶᠢ ᠡᠵᠡᠯᠡᠪᠡ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ᠶᠢ 5 ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ᠶᠢ ᠪᠦᠬᠦ ᠬᠤᠲᠠ ᠳᠤ ᠲᠡᠷᠢᠭᠦᠯᠡᠨ ᠪᠡᠶᠡᠯᠡᠭᠦᠯᠪᠡ᠃ ᠴᠢᠩᠱᠠᠨ ᠲᠣᠭᠤᠷᠢᠭ ᠤᠨ | ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠲᠦᠷᠦᠯ ᠵᠦᠢᠯ ᠤᠷᠤᠭᠰᠢᠲᠠᠢ ᠶᠠᠪᠤᠭᠳᠠᠪᠠ᠃ ︽ᠴᠢᠩᠱᠠᠨ | ᠲᠣᠭᠤᠷᠢᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ︾ ᠢ ᠨᠠᠶᠢᠷᠠᠭᠤᠯᠤᠨ ᠨᠡᠶᠢᠲᠡᠯᠡᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠢ ᠠᠷᠭᠠᠴᠠᠬᠤ ᠴᠢᠳᠠᠪᠤᠷᠢ ᠪᠠᠨ ᠪᠦᠲᠦᠮᠵᠢᠲᠡᠶ ᠪᠠᠷ ᠳᠡᠭᠡᠭᠰᠢᠯᠡᠭᠦᠯᠪᠡ᠃ ᠠᠶᠤᠯᠭᠦᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠪᠠ ᠲᠤᠰᠬᠠᠢ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠬᠤᠲᠠ ᠶᠢᠨ ᠠᠩᠬᠠᠳᠠᠭᠴᠢ | ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠵᠢᠯᠣᠭᠤᠳᠬᠤ ᠲᠥᠪ ᠢ ᠪᠠᠶᠢᠭᠤᠯᠪᠠ᠃ ᠡᠭᠦᠯᠡᠨ ᠨᠢᠳᠦᠲᠦ | ᠬᠠᠮᠠᠭᠠᠯᠠᠭᠴᠢ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠤᠶᠤᠨᠴᠢᠯᠠᠭᠰᠠᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠣᠯᠠᠨ ᠨᠡᠶᠢᠲᠡ ᠶᠢᠨ ᠠᠮᠤᠷ | ᠲᠦᠪᠰᠢᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠰᠢᠢᠳᠪᠦᠷᠢᠯᠡᠬᠦ ᠣᠨ︾ ᠤ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠲᠤᠰᠬᠠᠶ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠨᠢᠭᠡ | ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠦᠨᠡᠯᠡᠭᠳᠡᠪᠡ᠃ | | ᠲᠥᠯᠥᠭᠡᠯᠡᠭᠴᠢᠳ ᠡ︕ ᠶᠡᠷᠦ ᠪᠤᠰᠤ ᠶᠢᠨ 2020 ᠣᠨ ᠢ ᠡᠷᠬᠢᠴᠡᠭᠦᠯᠪᠡᠯ᠂ ᠪᠢᠳᠡ ᠲᠡᠦᠬᠡᠨ ᠳᠤ ᠬᠤᠪᠣᠷ | ᠲᠣᠬᠢᠶᠠᠯᠳᠤᠬᠤ ᠬᠢᠵᠢᠭ ᠤᠨ ᠪᠠᠶᠢᠳᠠᠯ ᠤᠨ ᠰᠢᠯᠭᠠᠯᠲᠠ ᠶᠢ ᠲᠤᠭᠤᠯᠵᠥ᠂ ᠪᠢᠳᠡ ᠴᠠᠭ ᠤᠨ ᠪᠡᠷᠬᠡ ᠶᠢ ᠬᠠᠮᠲᠤᠪᠠᠷ | ᠲᠤᠭᠤᠯᠵᠥ᠂ ᠡᠷᠡᠮᠡᠬᠡᠶᠢᠯᠡᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠤᠯᠪᠠ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ | ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ | ᠳᠡᠮᠵᠢᠯᠭᠡ ᠠᠴᠠ ᠪᠣᠯᠤᠭᠰᠠᠨ ᠶᠤᠮ᠂ ᠪᠦᠬᠦ ᠺᠠᠳ᠋ᠷ ᠤᠯᠠᠨ ᠲᠦᠮᠡᠨ ᠤ ᠬᠠᠮᠲᠤ ᠶᠢᠨ ᠲᠡᠮᠡᠴᠡᠯ ᠠᠴᠠ ᠪᠣᠯᠤᠭᠰᠠᠨ ᠶᠤᠮ︕ | ᠠᠳᠡ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠥᠷᠭᠡᠨ ᠤᠯᠠᠨ ᠡᠮᠨᠡᠯᠭᠡ ᠶᠢᠨ ᠠᠵᠢᠯᠳᠠᠨ᠂ ᠨᠡᠶᠢᠭᠡᠮ | ᠲᠣᠭᠤᠷᠢᠭ ᠤᠨ ᠠᠵᠢᠯᠳᠠᠨ᠂ ᠦᠨᠳᠦᠰᠦᠨ ᠱᠠᠲᠤᠨ ᠤ ᠺᠠᠳ᠋ᠷ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠠ | ᠰᠠᠶᠢᠨ ᠳᠤᠷ᠎ᠠ ᠶᠢᠨ ᠠᠵᠢᠯᠯᠠᠭᠰᠠᠳ ᠲᠤ᠂ ᠴᠢᠩᠱᠠᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ | ᠬᠠᠯᠠᠮᠵᠢᠯᠠᠨ ᠳᠡᠮᠵᠢᠵᠦ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠪᠥᠬᠦ ᠣᠷᠣᠨ ᠤ ᠬᠥᠭᠵᠢᠯᠲᠡ ᠳᠤ ᠪᠠᠰᠠ ᠴᠥᠭᠡᠨ | ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠄ ᠨᠢᠭᠡ ᠳᠤ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠵᠦ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠠᠯᠬᠤᠴᠠ ᠲᠡᠶᠢᠮᠦ ᠲᠦᠷᠭᠡᠨ ᠪᠢᠰᠢ᠂ | ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ | ᠪᠠᠶᠢᠬᠤ ᠬᠥᠭᠵᠢᠯᠲᠡ ᠶᠢᠨ ᠪᠣᠭᠤᠮᠢ ᠶᠢ ᠲᠦᠷᠭᠡᠨ ᠰᠢᠪᠲᠤᠯᠬᠤ ᠴᠢᠬᠤᠯᠠᠲᠠᠶ ᠪᠠᠶᠢᠨ᠎ᠠ᠃ ᠬᠤᠶᠠᠷ ᠲᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠠᠰᠠ ᠲᠡᠭᠦᠯᠳᠡᠷᠵᠢᠭᠦᠯᠬᠦ ᠴᠢᠬᠤᠯᠠᠲᠠᠶ ᠪᠠᠶᠢᠵᠤ᠂ ᠥᠷᠢ | ᠥᠭᠴᠡᠭᠡ ᠶᠢ ᠠᠷᠢᠯᠭᠠᠬᠤ ᠡᠭᠦᠷᠭᠡ ᠨᠡᠯᠢᠶᠡᠳ ᠬᠦᠨᠳᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠤᠪᠤᠶᠢᠮ᠎ᠠ ᠪᠠᠶᠢᠵᠤ᠂ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ | ᠬᠠᠮᠠᠭᠠᠯᠠᠬᠤ ᠵᠡᠷᠭᠡ ᠲᠠᠯ᠎ᠠ ᠪᠠᠷ ᠪᠠᠰᠠ ᠴᠥᠭᠡᠨ ᠪᠤᠰᠤ ᠲᠠᠯᠳᠠ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ | ᠭᠤᠷᠪᠠ ᠳᠤ᠂ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠢ᠂ | ᠲᠡᠷᠭᠡ ᠵᠣᠭᠰᠣᠭᠠᠬᠤ ᠳᠤ ᠬᠦᠴᠢᠷᠲᠡᠢ᠂ ᠬᠤᠳᠠ ᠶᠢᠨ ᠳᠦᠷᠰᠦ ᠪᠠᠶᠢᠳᠠᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠰᠠ ᠪᠠᠬᠢᠵᠢᠭᠦᠯᠦᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠲᠦᠷᠪᠡ ᠳᠤ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠮᠥᠨ ᠯᠡ ᠴᠢᠩᠭᠠᠳᠬᠠᠬᠤ ᠴᠢᠬᠤᠯᠠᠲᠠᠶ ᠪᠠᠶᠢᠵᠤ᠂ ᠵᠠᠷᠢᠮ ᠺᠠᠳ᠋ᠷ ᠲᠤ | ᠪᠠᠰᠠ ᠬᠢᠬᠦ ᠰᠠᠨᠠᠭ᠎ᠠ ᠦᠭᠡᠢ᠂ ᠬᠢᠬᠦ ᠵᠣᠷᠢᠭ ᠦᠭᠡᠢ᠂ ᠬᠢᠵᠦ ᠴᠢᠳᠠᠬᠤ ᠦᠭᠡᠢ ᠪᠠᠶᠢᠬᠤ ᠠᠰᠠᠭᠤᠳᠠᠯ ᠣᠷᠣᠰᠢᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠨᠢ ᠠᠵᠤ ᠠᠬᠤᠶᠢᠯᠠᠯ ᠪᠠ ᠤᠯᠠᠨ ᠲᠦᠮᠡᠨ ᠤ | ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠪᠢᠳᠡ ᠵᠠᠪᠠᠯ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ | ᠰᠢᠢᠳᠪᠦᠷᠢᠯᠡᠬᠦ ᠬᠡᠷᠡᠭᠲᠡᠶ᠃ | ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ | ᠬᠠᠷᠠᠯᠲᠠ ᠪᠠ ᠡᠭᠦᠷᠭᠡ | ᠲᠤᠭᠤᠷᠢᠭ ᠤᠨ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠴᠢᠩᠱᠠᠨ ᠲᠣᠭᠤᠷᠢᠭ ᠤᠨ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ︵ᠲᠥᠰᠦᠯ︶︾ ᠶᠢ ᠨᠠᠶᠢᠷᠠᠭᠤᠯᠤᠨ | ᠵᠣᠬᠢᠶᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠣᠳᠣᠷᠬᠠᠶ ᠲᠣᠭᠲᠠᠭᠠᠭᠠᠳ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠦᠨ ᠬᠢᠨᠠᠨ | ᠶᠠᠷᠢᠯᠴᠠᠭᠤᠯᠪᠠ᠃ | ᠮᠠᠨ ᠤ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ ᠲᠠᠪᠤᠨ ᠵᠢᠯ ᠤᠨ | ᠴᠥᠬᠦᠷᠡᠰᠢ ᠦᠭᠡᠢ ᠲᠡᠮᠡᠴᠡᠯ ᠢᠶᠠᠷ ᠳᠠᠮᠵᠢᠨ᠂ ᠴᠢᠨᠠᠷ ᠰᠠᠶᠢᠲᠠᠢ ᠬᠥᠭᠵᠢᠯᠲᠡ ᠦᠨᠡᠨ ᠪᠣᠳᠠᠲᠠᠢ ᠠᠬᠢᠴᠠ ᠲᠠᠢ ᠪᠤᠯᠵᠤ᠂ | ᠠᠵᠤ ᠠᠬᠤᠢ ᠶᠢᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠨᠡᠬᠡᠬᠡᠯᠳᠡ ᠰᠢᠨ᠎ᠡ ᠠᠯᠬᠤᠮ ᠢ | ᠠᠯᠬᠤᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠰᠢᠨ᠎ᠡ ᠳᠡᠭᠡᠭᠰᠢᠯᠡᠯᠲᠡ ᠲᠠᠢ ᠪᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠰᠢᠨ᠎ᠡ ᠲᠠᠪᠰᠢᠯᠳᠠ ᠲᠠᠢ ᠪᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠰᠢᠨ᠎ᠡ | ᠲᠦᠪᠰᠢᠨ ᠳᠤ ᠬᠦᠷᠴᠦ᠂ ᠵᠠᠰᠠᠯᠲᠠ ᠶᠢᠨ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠤᠯᠵᠤ᠂ ᠣᠳᠣᠬᠢᠴᠢᠯᠠᠯᠲᠠ ᠶᠢᠨ | ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠦᠢᠯᠡᠰ ᠰᠢᠨ᠎ᠡ ᠶᠡᠭᠡ ᠬᠥᠭᠵᠢᠯᠲᠡ ᠲᠠᠢ ᠪᠣᠯᠪᠠ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡᠨ ᠤ ᠬᠤᠭᠤᠴᠠᠭᠠᠨ ᠳᠤ ᠪᠢᠳᠡ ᠭᠤᠷᠪᠠᠨ ᠰᠢᠰᠲ᠋ᠧᠮ ᠢ | ᠭᠤᠣᠯᠳᠠᠯᠭ᠎ᠠ ᠲᠠᠢ ᠪᠠᠷ ᠲᠡᠭᠦᠯᠳᠡᠷᠵᠢᠭᠦᠯᠵᠦ᠂ ᠲᠦᠷᠪᠡᠨ ᠥᠨᠳᠦᠷᠯᠢᠭ ᠭᠠᠵᠠᠷ ᠢ ᠪᠠᠶᠢᠭᠤᠯᠵᠤ᠂ ᠲᠠᠪᠤᠨ ᠬᠤᠳᠠ ᠶᠢᠨ | ᠲᠣᠭᠤᠷᠢᠭ ᠢ ᠪᠦᠳᠦᠭᠡᠨ ᠪᠠᠶᠢᠭᠤᠯᠬᠤ ᠬᠡᠷᠡᠭᠲᠡᠶ᠃ | ᠭᠤᠷᠪᠠᠨ ᠰᠢᠰᠲ᠋ᠧᠮ ᠢ ᠲᠡᠭᠦᠯᠳᠡᠷᠵᠢᠭᠦᠯᠦᠨ᠎ᠡ᠄ ᠲᠤᠬᠠᠶᠢᠯᠠᠪᠠᠯ ᠶᠠᠰᠤ ᠴᠢᠨᠠᠷ ᠦᠷ᠎ᠡ ᠠᠰᠢᠭ ᠤᠨ ᠬᠡᠯᠪᠡᠷᠢ ᠶᠢᠨ | ᠣᠳᠣ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠦᠢᠯᠡᠳᠪᠦᠷᠢᠵᠢᠯᠲᠡ ᠬᠢᠭᠡᠳ | ᠪᠣᠬᠢᠷᠲᠤᠯ ᠥᠭᠡᠢᠵᠢᠭᠦᠯᠦᠯᠲᠡ᠂ ᠳᠡᠭᠡᠳᠦ ᠦᠵᠦᠭᠦᠷᠴᠢᠯᠡᠯᠲᠡ᠂ ᠤᠶᠤᠨᠴᠢᠯᠠᠯᠳᠠ ᠶᠢᠨ ᠰᠢᠨ᠎ᠡ ᠶᠢ ᠡᠭᠦᠳᠦᠨ | ᠠᠭᠤᠰᠤᠯᠴᠠᠬᠤ ᠶᠢ ᠭᠦᠨᠵᠡᠭᠡᠶ ᠲᠥᠯᠬᠢᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ | ᠣᠳᠣᠬᠢᠴᠢᠯᠠᠯᠲᠠ ᠶᠢ ᠲᠥᠯᠬᠢᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠨᠣᠭᠯᠠᠯ᠂ ᠪᠠᠷᠢᠯᠭ᠎ᠠ ᠶᠢᠨ ᠮᠠᠰᠢᠨ | ᠲᠣᠨᠣᠭᠯᠠᠯ᠂ ᠡᠨᠧᠷᠭᠢ ᠶᠢᠨ ᠰᠤᠷᠪᠤᠯᠵᠢ ᠶᠢᠨ ᠲᠣᠨᠣᠭᠯᠠᠯ᠂ ᠪᠠᠴᠢᠮ ᠪᠠᠶᠢᠳᠠᠯ ᠢ ᠠᠷᠭᠠᠴᠠᠬᠤ ᠲᠣᠨᠣᠭᠯᠠᠯ᠂ ᠰᠠᠯᠬᠢᠨ | ᠡᠨᠧᠷᠭᠢ ᠭᠡᠷᠡᠯ ᠤᠨ ᠡᠨᠧᠷᠭᠢ ᠤᠰᠤᠲᠥ᠋ᠷᠥᠭᠴᠢ ᠶᠢᠨ ᠡᠨᠧᠷᠭᠢ᠂ ᠴᠥᠮ᠎ᠡ ᠶᠢᠨ ᠡᠨᠧᠷᠭᠢ ᠶᠢᠨ ᠬᠡᠷᠡᠭᠯᠡᠯᠲᠡ ᠵᠡᠷᠭᠡ | ᠵᠢᠷᠭᠤᠭᠠᠨ ᠠᠵᠤ ᠦᠢᠯᠡᠰ ᠤᠨ ᠬᠡᠯᠬᠢᠶ᠎ᠡ ᠶᠢ ᠲᠥᠪᠯᠡᠷᠡᠭᠦᠯᠦᠨ ᠳᠠᠪᠲᠠᠨ ᠪᠣᠯᠪᠠᠰᠤᠷᠠᠭᠤᠯᠵᠤ᠂ ᠲᠡᠷᠢᠭᠦᠨ ᠤ ᠲᠣᠨᠣᠭᠯᠠᠯ | ᠦᠢᠯᠡᠳᠬᠦ ᠦᠢᠯᠡᠰ ᠪᠠ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠭᠰᠠᠨ | ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠤᠨ᠎ᠠ᠃ ᠬᠤᠳᠠ ᠶᠢ ᠠᠭᠤᠰᠤᠯᠴᠠᠭᠤᠯᠤᠨ ᠦᠢᠯᠡᠳᠪᠦᠷᠢᠯᠡᠯ ᠢ ᠠᠬᠢᠭᠤᠯᠬᠤ | ᠬᠡᠯᠪᠡᠷᠢ ᠶᠢᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠣᠭᠠᠴᠢᠯᠠᠭᠰᠠᠨ | ᠠᠵᠤ ᠠᠬᠤᠢ ᠶᠢᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠲᠤᠮᠤ ᠳ᠋ᠠᠶᠢᠲ᠋ᠠ ᠶᠢᠨ ᠡᠨᠧᠷᠭᠢ ᠣᠯᠭᠤᠬᠤ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ᠎ᠡ᠃ ᠣᠲᠣ | ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠲᠠᠰ ᠳᠡᠪᠰᠢᠭᠦᠯᠵᠦ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ | ᠦᠢᠯᠡᠰ ᠢ ᠪᠠᠬᠢᠵᠢᠭᠦᠯᠦᠨ ᠬᠥᠭᠵᠢᠭᠦᠯᠵᠦ᠂ ᠣᠲᠣ ᠦᠶ᠎ᠡ ᠶᠢᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ | ᠦᠢᠡᠯᠰ ᠢ ᠲᠦᠷᠭᠡᠳᠬᠡᠨ ᠬᠥᠭᠵᠢᠭᠦᠯᠵᠦ᠂ ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠵᠢᠭᠤᠯᠴᠢᠯᠠᠯ ᠤᠨ | ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠴᠢᠨᠠᠷ ᠰᠠᠶᠢᠲᠠᠶ | ᠬᠥᠭᠵᠢᠭᠦᠯᠦᠨ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠲᠠᠰ ᠳᠡᠪᠰᠢᠭᠦᠯᠦᠨ ᠥᠭᠡᠷᠡᠴᠢᠯᠡᠵᠦ᠂ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠪᠠ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠢᠶᠠᠷ ᠭᠤᠤᠯᠯᠠᠭᠤᠯᠤᠭᠰᠠᠨ ᠠᠵᠤ ᠦᠢᠯᠡᠰ ᠤᠨ ᠠᠮᠢ ᠠᠬᠤᠶ ᠶᠢ ᠠᠭᠤᠰᠤᠯᠴᠠᠭᠤᠯᠬᠤ ᠬᠡᠯᠪᠡᠷᠢ ᠶᠢᠨ ᠶᠡᠭᠡ | ᠬᠤᠳᠠ ᠶᠢᠨ ᠲᠠᠷᠢᠶᠠᠯᠠᠩ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠮᠢ ᠠᠬᠤᠶ ᠶᠢᠨ ᠥᠨᠳᠥᠷ ᠪᠦᠲᠦᠮᠵᠢᠲᠡᠶ | ᠲᠠᠷᠢᠶᠠᠯᠠᠩ ᠤᠨ ᠬᠥᠭᠵᠢᠯᠲᠡ ᠶᠢᠨ ᠬᠠᠨᠳᠤᠰᠢ ᠶᠢ ᠡᠵᠡᠮᠳᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠯ ᠢ ᠲᠦᠯᠬᠢᠨ ᠠᠬᠢᠭᠤᠯᠤᠨ᠎ᠠ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ | ᠠᠬᠤᠢ ᠶᠢᠨ ᠠᠵᠤ ᠦᠢᠯᠡᠰ ᠢ ᠰᠢᠯᠢᠳᠡᠭᠵᠢᠭᠦᠯᠵᠦ᠂ ᠬᠤᠳᠠ ᠶᠢᠨ ᠬᠡᠯᠪᠡᠷᠢ ᠶᠢᠨ ᠬᠥᠳᠡᠭᠡ ᠲᠣᠰᠬᠤᠨ ᠤ ᠠᠵᠤ | ᠦᠢᠯᠡᠰ ᠢ ᠰᠢᠯᠢᠳᠡᠭᠵᠢᠭᠦᠯᠵᠦ᠂ ᠠᠮᠢ ᠠᠬᠤᠢ ᠶᠢᠨ ᠬᠤᠳᠠ ᠶᠢᠨ ᠲᠠᠷᠢᠶᠠᠯᠠᠩ ᠢᠶᠠᠷ ᠭᠤᠣᠯ ᠤᠳᠤᠷᠢᠳᠤᠮᠵᠢ ᠪᠣᠯᠭᠠᠭᠰᠠᠨ | ᠠᠵᠤ ᠦᠢᠯᠡᠰ ᠤᠨ ᠪᠦᠯᠦᠭᠵᠢᠯ ᠢ ᠪᠠᠶᠢᠭᠤᠯᠤᠨ᠎ᠠ᠃ | ᠲᠦᠷᠪᠡᠨ ᠥᠨᠳᠦᠷᠯᠢᠭ ᠭᠠᠵᠠᠷ ᠢ ᠪᠠᠶᠢᠭᠤᠯᠤᠨ᠎ᠠ᠄ ᠲᠤᠬᠠᠶᠢᠯᠠᠪᠠᠯ ᠳᠤᠮᠳᠠ ᠬᠡᠰᠡᠭ ᠪᠠᠷᠠᠭᠤᠨ ᠬᠡᠰᠡᠭ ᠤᠨ | ᠲᠡᠷᠢᠭᠦᠨ ᠤ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠥᠨᠳᠦᠷᠯᠢᠭ ᠭᠠᠵᠠᠷ ᠢ ᠪᠠᠶᠢᠭᠤᠯᠵᠤ᠂ ᠬᠦᠷᠢᠶᠡᠯᠡᠩ | ᠲᠣᠭᠤᠷᠢᠭ ᠢᠶᠠᠷ ᠠᠴᠢᠶᠠᠯᠠᠪᠤᠷᠢ ᠪᠣᠯᠭᠠᠨ᠂ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ | ᠰᠢᠯᠢᠳᠡᠭᠵᠢᠭᠦᠯᠵᠦ᠂ ᠨᠡᠮᠡᠭᠳᠡᠯ ᠤᠨ ᠬᠡᠮᠵᠢᠶ᠎ᠡ ᠶᠢ ᠣᠷᠣᠭᠤᠯᠤᠨ ᠠᠪᠴᠢᠷᠠᠵᠤ᠂ ᠳᠡᠭᠡᠳᠦ ᠮᠡᠷᠭᠡᠵᠢᠯ ᠤᠨ ᠬᠡᠷᠡᠭᠯᠡᠭᠡᠨ ᠤ | ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ᠲᠣᠯᠣᠭᠠᠶᠢᠯᠠᠨ ᠳᠠᠭᠠᠭᠤᠯᠤᠭᠰᠠᠨ᠂ ᠬᠠᠮᠵᠢᠯᠴᠠᠨ ᠢᠵᠢ | ᠪᠦᠷᠢᠳᠦᠭᠦᠯᠦᠭᠰᠡᠨ᠂ ᠲᠡᠷᠢᠭᠦᠨ ᠤ ᠮᠡᠷᠭᠡᠵᠢᠯ ᠲᠠᠢ᠂ ᠦᠢᠯᠡᠳᠬᠦᠨ ᠨᠢ ᠳᠡᠭᠡᠳᠦ ᠲᠡᠰ ᠤᠨ᠂ ᠥᠷᠢᠰᠥᠯᠳᠦᠬᠦ | ᠬᠦᠴᠦᠨ ᠢᠶᠠᠷ ᠴᠢᠩᠭ᠎ᠠ ᠲᠡᠷᠢᠭᠦᠨ ᠤ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠥᠨᠳᠦᠷᠯᠢᠭ ᠭᠠᠵᠠᠷ ᠢ ᠪᠤᠢ | ᠪᠣᠯᠭᠠᠨ᠎ᠠ᠃ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ | ᠦᠢᠯᠡᠰ ᠤᠨ ᠥᠨᠳᠦᠷᠯᠢᠭ ᠭᠠᠵᠠᠷ ᠢ ᠪᠠᠶᠢᠭᠤᠯᠵᠤ᠂ ᠴᠠᠬᠢᠭᠤᠷ ᠮᠠᠲ᠋ᠧᠷᠢᠶᠠᠯ᠂ ᠲᠤᠮᠤ ᠮᠣᠯᠧᠺᠦ᠋ᠯ᠂ ᠨᠡᠭᠦᠷᠡᠰᠦᠲᠥ᠋ᠷᠥᠭᠴᠢ | ᠰᠢᠷᠬᠡᠭ ᠵᠡᠷᠭᠡ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠲ᠋ᠧᠷᠢᠶᠠᠯ᠂ ᠰᠢᠨ᠎ᠡ ᠡᠨᠧᠷᠭᠢ ᠶᠢᠨ ᠰᠤᠷᠪᠤᠯᠵᠢ ᠶᠢᠨ | ᠲᠣᠨᠣᠭᠯᠠᠯ ᠪᠠ ᠠᠷᠠᠳ ᠤᠨ ᠬᠡᠷᠡᠭᠯᠡᠭᠡᠨ ᠤ ᠴᠥᠮ᠎ᠡ ᠶᠢᠨ ᠡᠨᠧᠷᠭᠢ ᠵᠡᠷᠭᠡ ᠬᠦᠷᠢᠶ᠎ᠡ ᠶᠢᠨ ᠲᠣᠭᠤᠷᠢᠨ ᠳᠤ ᠨᠡᠭᠡᠭᠡᠨ | ᠠᠰᠢᠭᠯᠠᠬᠤ ᠪᠠ ᠬᠡᠷᠡᠭᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠠᠵᠤ ᠦᠢᠯᠡᠰ ᠤᠨ | ᠲᠥᠪᠯᠡᠷᠡᠯ ᠤᠨ ᠬᠡᠪᠴᠢᠶ᠎ᠡ ᠶᠢ ᠥᠷᠭᠡᠳᠬᠡᠵᠦ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ︽ᠰᠢᠨ᠎ᠡ | ᠡᠨᠧᠷᠭᠢ ᠶᠢᠨ ᠰᠤᠷᠪᠤᠯᠵᠢ +︾ ᠪᠠᠷ ᠣᠨᠴᠠᠯᠢᠭ ᠪᠣᠯᠭᠠᠭᠰᠠᠨ ᠠᠵᠤ ᠦᠢᠯᠡᠰ ᠤᠨ ᠥᠨᠳᠦᠷᠯᠢᠭ ᠭᠠᠵᠠᠷ ᠢ ᠪᠤᠢ | ᠪᠣᠯᠭᠠᠨ᠎ᠠ᠃ ᠬᠥᠬᠡᠬᠤᠲᠠ ᠪᠤᠭᠤᠲᠤ ᠤᠷᠳᠤᠰ ᠦᠬᠠᠢ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠥᠨᠳᠦᠷᠯᠢᠭ ᠭᠠᠵᠠᠷ ᠢ ᠪᠠᠶᠢᠭᠤᠯᠵᠤ᠂ ᠪᠤᠭᠤᠲᠤ ᠶᠢᠨ ᠵᠠᠰᠠᠭ ᠵᠠᠬᠢᠷᠭᠠᠨ ᠤ ᠲᠥᠪ ᠢ ᠵᠡᠭᠦᠨᠰᠢ ᠰᠢᠯᠵᠢᠭᠦᠯᠬᠦ ᠪᠠ ᠰᠢᠨ᠎ᠡ | ᠬᠤᠳᠠ ᠲᠣᠭᠤᠷᠢᠭ ᠢ ᠪᠦᠳᠦᠬᠡᠨ ᠪᠠᠶᠢᠭᠤᠯᠵᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠣᠷᠣᠨ ᠵᠠᠢ ᠶᠢ ᠠᠭᠤᠳᠠᠯᠤᠨ᠎ᠠ︔ ᠠᠵᠤ ᠦᠢᠯᠡᠰ ᠤᠨ ᠲᠠᠰ ᠳᠡᠪᠰᠢᠬᠦ ᠶᠢᠨ ᠲᠣᠭᠤᠷᠢᠨ ᠳᠤ᠂ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠣᠷᠣᠨ ᠵᠠᠶ ᠶᠢ ᠥᠷᠭᠡᠳᠬᠡᠨ᠂ ᠳᠡᠭᠡᠳᠦ | ᠮᠡᠷᠭᠡᠵᠢᠯ ᠤᠨ ᠠᠭᠤᠯᠤᠭᠳᠠᠬᠤᠨ ᠲᠠᠢ᠂ ᠳᠡᠭᠡᠳᠦ ᠰᠣᠶᠣᠯ ᠤᠨ ᠲᠠᠰ ᠳᠠᠪᠬᠤᠷᠭ᠎ᠠ ᠲᠠᠢ᠂ ᠳᠡᠭᠡᠳᠦ ᠶᠠᠰᠤ ᠴᠢᠨᠠᠷ ᠤᠨ | ᠥᠩᠭᠡᠷᠡᠭᠡᠯᠲᠡ᠂ ᠥᠨᠳᠥᠷ ᠥᠷᠲᠡᠭᠲᠦ ᠦᠢᠯᠡᠴᠢᠯᠡᠭᠡ ᠲᠠᠢ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠦᠨᠳᠦᠷ ᠭᠠᠵᠷ ᠢ ᠪᠦᠲᠦᠭᠡᠨ ᠪᠠᠶᠢᠭᠤᠯᠤᠨ᠎ᠠ᠃ ᠪᠤᠭᠤᠲᠤ ᠶᠢᠨ ᠠᠮᠢ ᠠᠬᠤᠶ ᠶᠢ ᠠᠭᠤᠰᠤᠯᠴᠠᠭᠤᠯᠬᠤ ᠠᠵᠤ ᠦᠢᠯᠡᠰ | ᠤᠨ ᠵᠢᠱᠢᠶ᠎ᠡ ᠦᠵᠡᠭᠦᠯᠬᠦ ᠥᠨᠳᠦᠷᠯᠢᠭ ᠢ ᠪᠠᠶᠢᠭᠤᠯᠵᠤ᠂ ᠬᠤᠶᠢᠲᠤ ᠬᠡᠰᠡᠭ ᠤᠨ ᠬᠤᠲᠠ ᠲᠣᠭᠤᠷᠢᠭᠰᠠᠨ ᠣᠷᠣᠨ | ᠪᠦᠰᠡ ᠶᠢᠨ ᠲᠣᠭᠤᠷᠢᠨ ᠳᠤ᠂ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢᠨ ᠣᠷᠳᠣ ᠬᠤᠩᠭᠢᠯ ᠢ ᠪᠥᠲᠥᠭᠡᠨ | ᠪᠠᠶᠢᠭᠤᠯᠵᠤ᠂ ᠥᠨᠳᠥᠷ ᠦᠷ᠎ᠡ ᠪᠦᠲᠦᠮᠵᠢᠲᠡᠶ ᠠᠮᠢ ᠠᠬᠤᠶ ᠶᠢᠨ ᠵᠢᠱᠢᠶ᠎ᠡ ᠦᠵᠡᠭᠦᠯᠬᠦ ᠲᠠᠷᠢᠶᠠᠯᠠᠩ᠂ ᠬᠤᠲᠠ ᠶᠢᠨ | ᠪᠣᠬᠢᠷᠲᠤᠯ ᠥᠬᠡᠶ ᠢᠳᠡᠭᠡᠨ ᠢ ᠡᠳ᠋ᠰᠢᠭᠦᠯᠬᠦ ᠪᠠ ᠴᠢᠨᠠᠷ ᠰᠠᠶᠢᠲᠠᠶ ᠠᠮᠢ ᠠᠬᠤᠶ ᠶᠢᠨ ᠡᠷᠡᠭᠦᠯ ᠴᠢᠭᠢᠷᠠᠭ ᠪᠡᠶ᠎ᠡ ᠶᠢᠨ | ᠲᠠᠮᠢᠷ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠶ ᠠᠬᠢᠭᠤᠯᠤᠨ᠎ᠠ᠃ | ᠲᠠᠪᠤᠨ ᠬᠤᠲᠠ ᠶᠢᠨ ᠲᠣᠭᠤᠷᠢᠭ ᠢ ᠪᠥᠲᠥᠭᠡᠨ ᠪᠠᠶᠢᠭᠤᠯᠤᠨ᠎ᠠ᠄ ᠳᠠᠷᠤᠶ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠵᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠪᠠ ᠴᠢᠨᠠᠷ ᠰᠠᠶᠢᠲᠠᠶ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠠᠶᠢᠭᠤᠯᠵᠤ᠂ ᠠᠵᠤ ᠠᠬᠤᠶ ᠬᠥᠭᠵᠢᠭᠰᠡᠨ ᠰᠢᠨ᠎ᠡ ᠶᠢ ᠡᠭᠦᠳᠬᠦ | ᠲᠣᠭᠤᠷᠢᠭ ᠢ ᠪᠥᠲᠥᠭᠡᠨ ᠪᠠᠶᠢᠭᠤᠯᠤᠨ᠎ᠠ᠃ ︽ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ︾ ᠪᠠᠷ ᠬᠥᠲᠥᠯᠦᠮᠵᠢ | ᠪᠣᠯᠭᠠᠵᠤ᠂ ᠦᠢᠯᠡᠳᠪᠦᠷᠢᠯᠡᠯ ᠡᠵᠡᠩᠨᠡᠯᠲᠡ ᠪᠠ ᠬᠤᠲᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠥᠬᠦ ᠲᠠᠯ᠎ᠠ ᠪᠠᠷ | ᠲᠠᠰ ᠳᠡᠪᠰᠢᠭᠦᠯᠬᠦ ᠶᠢ ᠠᠬᠢᠭᠤᠯᠵᠤ᠂ ᠡᠭᠦᠯᠡᠨ ᠦᠵᠦᠭᠦᠷ ᠤᠨ ᠲᠣᠭᠠᠴᠢᠯᠠᠭᠰᠠᠨ ᠤᠶᠤᠨᠲᠤ ᠣᠷᠣᠨ ᠢ ᠪᠥᠲᠥᠭᠡᠨ | ᠪᠠᠶᠢᠭᠤᠯᠤᠨ᠎ᠠ᠃ ᠠᠮᠢ ᠠᠬᠤᠶ ᠶᠢᠨ ᠪᠣᠬᠢᠷᠲᠤᠯ ᠥᠬᠡᠶ ᠪᠠᠷ ᠰᠠᠭᠤᠷᠢ ᠪᠣᠯᠭᠠᠵᠤ᠂ ᠪᠥᠬᠦ ᠣᠷᠣᠨ ᠪᠦᠰᠡ ᠶᠢᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠬᠡᠷᠡᠭᠵᠢᠭᠦᠯᠬᠦ ᠶᠢ ᠳᠥᠯᠭᠢᠨ ᠠᠬᠢᠭᠤᠯᠵᠤ᠂ ᠠᠮᠢ | ᠠᠬᠤᠶ ᠶᠢᠨ ᠴᠡᠴᠡᠷᠯᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠣᠨ ᠢ ᠪᠥᠲᠥᠭᠡᠨ ᠪᠠᠶᠢᠭᠤᠯᠤᠨ᠎ᠠ᠃ ᠠᠷᠠᠳ | ᠲᠦᠮᠡᠨ ᠢᠶᠠᠷ ᠭᠤᠣᠯ ᠪᠣᠯᠭᠠᠨ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠣᠯ ᠵᠢᠷᠭᠠᠯᠲᠤ ᠳᠤᠯᠠᠭᠠᠨ ᠪᠦᠯᠢᠶᠡᠨ ᠡᠶ᠎ᠡ ᠵᠣᠬᠢᠴᠠᠯ ᠲᠠᠢ ᠣᠷᠣᠨ ᠢ | ᠪᠦᠳᠦᠭᠡᠨ ᠪᠠᠶᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠰᠠᠭᠤᠷᠢ ᠪᠠᠷᠢᠮᠵᠢᠶ᠎ᠠ | ᠪᠣᠯᠭᠠᠵᠤ᠂ ᠪᠦᠬᠦ ᠠᠷᠠᠳ ᠤᠨ ᠤᠶᠤᠨ ᠰᠠᠨᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠳᠤ ᠦᠶ᠎ᠡ ᠶᠢᠨ | ᠪᠣᠯᠪᠠᠰᠤᠨ ᠠᠮᠢᠵᠢᠷᠠᠯ ᠤᠨ ᠬᠦᠴᠦᠨ ᠤ ᠣᠷᠣᠨ ᠢ ᠪᠠᠶᠢᠭᠤᠯᠤᠨ᠎ᠠ᠃ | ᠲᠥᠯᠥᠭᠡᠯᠡᠭᠴᠢᠳ ᠡ︕ ᠤᠯᠠᠨ ᠵᠢᠯ ᠤᠨ ᠴᠢᠷᠮᠠᠶᠢᠯᠭ᠎ᠠ ᠪᠠᠷ ᠲᠠᠮᠵᠢᠨ᠂ ᠪᠢᠳᠡ ᠰᠢᠨ᠎ᠡ ᠶᠢ ᠡᠭᠦᠳᠬᠦ | ᠬᠥᠭᠵᠢᠯᠲᠡ ᠶᠢᠨ ᠲᠡᠷᠢᠭᠦᠨ ᠤ ᠳᠠᠪᠠᠭᠤᠯᠢᠭ ᠢ ᠬᠤᠷᠠᠮᠳᠤᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠪᠠᠲᠤ ᠪᠠᠬᠢ | ᠰᠠᠭᠤᠷᠢ ᠶᠢ ᠪᠠᠬᠢᠵᠢᠭᠦᠯᠵᠦ᠂ ᠲᠣᠨᠣᠭᠯᠠᠯ ᠦᠢᠯᠡᠳᠬᠦ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ︽ᠬᠤᠶᠠᠷ ᠬᠦᠷᠳᠦ ᠪᠠᠷ ᠬᠥᠳᠡᠯᠭᠡᠵᠦ᠂ ᠬᠤᠶᠠᠷ ᠵᠢᠭᠦᠷ ᠢᠶᠠᠷ ᠵᠡᠷᠭᠡ ᠪᠠᠷ ᠨᠢᠰᠬᠦ︾ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠯ ᠢ ᠪᠤᠢ ᠪᠣᠯᠭᠠᠪᠠ᠃ ᠦᠢᠯᠡᠳᠦᠯᠭᠡ ᠭᠡᠷᠡᠴᠢᠯᠡᠭᠰᠡᠨ ᠨᠢ᠂ ᠮᠠᠨ ᠤ ᠬᠥᠭᠵᠢᠯᠲᠡ ᠶᠢᠨ ᠰᠡᠳᠬᠢᠴᠡ᠂ | ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠠᠷᠭ᠎ᠠ ᠵᠠᠮ ᠪᠣᠯ ᠵᠥᠪ ᠣᠨᠣᠪᠴᠢᠲᠠᠢ᠂ ᠭᠠᠵᠠᠷ ᠣᠷᠣᠨ ᠤ ᠪᠣᠳᠠᠲᠤ | ᠪᠠᠶᠢᠳᠠᠯ ᠲᠠᠢ ᠨᠡᠶᠢᠴᠡᠵᠦ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ | ᠥᠷᠭᠡᠨ ᠢᠶᠠᠷ ᠮᠡᠳᠡᠷᠡᠭᠳᠡᠭᠰᠡᠨ ᠶᠤᠮ᠃ ᠬᠤᠶᠢᠰᠢᠳᠠ ᠶᠢᠨ ᠲᠠᠪᠤᠨ ᠵᠢᠯ ᠪᠣᠯ ᠴᠢᠩᠱᠠᠨ ᠲᠣᠭᠤᠷᠢᠭ ᠤᠨ ᠠᠰᠢᠭᠲᠠᠢ | ᠪᠠᠶᠢᠳᠠᠯ ᠢ ᠠᠮᠵᠢᠨ ᠤᠷᠤᠭᠰᠢᠯᠠᠵᠤ᠂ ᠶᠡᠭᠡ ᠦᠢᠯᠡᠰ ᠢ ᠪᠦᠲᠦᠭᠡᠬᠦ ᠬᠤᠪᠣᠷ ᠨᠠᠨᠳᠢᠨ ᠴᠠᠭ ᠬᠤᠭᠤᠴᠠᠭ᠎ᠠ ᠪᠣᠯᠤᠨ᠎ᠠ᠃ | ᠪᠢᠳᠡ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠶᠡᠭᠡ ᠲᠠᠯ᠎ᠠ ᠶᠡᠭᠡ ᠬᠠᠨᠳᠤᠰᠢ ᠶᠢ ᠡᠵᠡᠮᠳᠡᠵᠦ᠂ ᠴᠢᠷᠮᠠᠶᠢᠨ | ᠲᠡᠮᠡᠴᠡᠵᠦ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠳᠠᠭᠠᠨ ᠴᠢᠳᠠᠮᠠᠭᠠᠢ ᠪᠠᠶᠢᠳᠠᠭ ᠯᠠ | ᠶᠤᠮ ᠪᠣᠯ ᠯᠠᠪᠳᠠᠶ᠎ᠠ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ | ᠳᠠᠪᠠᠵᠤ᠂ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠳᠠᠰᠤᠷᠠᠯᠳᠠ ᠦᠭᠡᠢ | ᠡᠭᠦᠳᠴᠦ ᠴᠢᠳᠠᠬᠤ ᠶᠤᠮ᠃ | ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ | ᠲᠥᠯᠥᠭᠡᠯᠡᠭᠴᠢᠳ ᠡ︕ 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠮᠥᠨ᠃ ᠲᠤᠭᠤᠷᠢᠭ ᠤᠨ ᠨᠠᠮ ᠤᠨ ᠬᠤᠷᠢᠶᠠᠨ ᠤ ᠠᠷᠪᠠᠳᠤᠭᠠᠷ | ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ | ᠱᠠᠭᠠᠷᠳᠠᠯᠭ᠎ᠠ ᠶᠢ ᠲᠤᠭᠲᠠᠭᠠᠭᠰᠠᠨ ᠨᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ | ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ | ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠪᠠᠷᠢᠮᠲᠠᠯᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠡᠷᠡᠰ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠠᠵᠤ ᠠᠬᠤᠶ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠮᠤᠭ ᠤᠨ ᠰᠠᠶᠢᠨ | ᠬᠥᠭᠵᠢᠯᠲᠡ ᠶᠢᠨ ᠦᠷ᠎ᠡ ᠪᠦᠲᠦᠭᠡᠯ ᠢ ᠴᠢᠷᠮᠠᠶᠢᠨ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ | ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠦᠨ ᠵᠦᠢᠯ ᠢ | ᠶᠡᠷᠦᠩᠬᠡᠶᠢᠯᠡᠨ ᠵᠠᠳᠠᠯᠵᠤ᠂ ᠦᠨᠦ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠤᠭᠲᠠᠭᠠᠭᠰᠠᠨ ᠨᠢ | ᠪᠤᠯ᠄ ᠭᠠᠵᠠᠷ ᠣᠷᠣᠨ ᠤ ᠦᠢᠯᠡᠳᠪᠦᠷᠢᠯᠡᠯ ᠶᠢ ᠶᠡᠷᠦᠩᠬᠡᠶ ᠥᠷᠳᠡᠭ ᠢ 7% ᠠᠴᠠ ᠳᠡᠭᠡᠭᠰᠢ ᠨᠡᠮᠡᠭᠳᠡᠭᠦᠯᠦᠨ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8%ᠣᠷᠴᠢᠮ ᠨᠡᠮᠡᠭᠳᠡᠭᠦᠯᠦᠨ᠂ ᠡᠩ ᠤᠨ | ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ | ᠨᠡᠮᠡᠭᠳᠡᠯ ᠯᠦᠭᠡ ᠦᠨᠳᠦᠰᠦᠨ ᠲᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ3.9 % ᠶᠢᠨ ᠳᠣᠲᠣᠷ᠎ᠠ ᠬᠢᠵᠠᠭᠠᠷᠯᠠᠵᠤ᠂ ᠪᠤᠭᠤᠲᠤ ᠬᠤᠳᠠ ᠶᠢᠨ ᠪᠠᠭᠤᠯᠭᠠᠭᠰᠠᠨ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠢᠵᠠᠭᠠᠷᠯᠠᠬᠤ ᠴᠢᠨᠠᠷᠲᠠᠶ ᠭᠦᠢᠴᠡᠳᠬᠡᠬᠦ | ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠦᠨᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠃ | ︵ᠨᠢᠭᠡ︶ ᠡᠬᠢ ᠪᠠᠶᠠᠯᠢᠭ ᠤᠨ ᠡᠯᠧᠮᠧᠨ᠋ᠲ ᠤᠨ ᠲᠥᠪᠯᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ | ᠬᠠᠭᠤᠴᠢᠨ ᠬᠥᠳᠡᠯᠭᠡᠭᠴᠢ ᠡᠨᠧᠷᠭᠢ ᠶᠢᠨ ᠬᠤᠪᠢᠷᠠᠭᠤᠯᠤᠯᠲᠠ ᠶᠢ ᠲᠦᠷᠭᠡᠳᠬᠡᠨ᠂ ᠪᠣᠳᠠᠲᠤ ᠴᠣᠭᠴᠠ ᠶᠢᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ | ᠲᠣᠨᠣᠭᠯᠠᠯ ᠦᠢᠯᠡᠳᠬᠦ ᠦᠢᠯᠡᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠷᠠᠭᠤᠯᠤᠨ᠎ᠠ᠃ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠨᠢᠭᠡᠳᠦᠭᠡᠷ | ᠮᠠᠰᠢᠨ ᠦᠢᠯᠡᠳᠬᠦ ᠪᠦᠯᠦᠭᠯᠡᠯ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ᠂ ᠳᠤᠮᠳᠠᠳᠤ ᠤᠯᠤᠰ ᠤᠨ ᠴᠥᠮ᠎ᠡ ᠶᠢᠨ | ᠡᠨᠧᠷᠬᠢ ᠶᠢᠨ ᠤᠮᠠᠷᠠᠲᠤ ᠣᠷᠣᠨ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠱᠤᠭᠤᠮ ᠤᠨ | ᠤᠶᠤᠨᠴᠢᠯᠠᠯᠳᠠ ᠶᠢᠨ ᠥᠭᠡᠷᠡᠴᠢᠯᠡᠯᠲᠡ ᠶᠢ ᠳᠡᠮᠵᠢᠵᠦ᠂ ᠨᠢᠭᠡᠳᠦᠭᠡᠷ ᠮᠠᠰᠢᠨ ᠦᠢᠯᠡᠳᠬᠦ ᠯᠢᠨ ᠹᠧᠩ ᠤᠨ ᠬᠦᠩᠭᠡᠨ | ᠴᠠᠭᠠᠨ ᠤ ᠬᠠᠶᠢᠯᠤᠰᠢ ᠴᠢᠳᠬᠤᠬᠤ᠂ ᠰᠠᠢ ᠪᠧᠢ ᠣᠨᠴᠠ ᠲᠦᠷᠦᠯ ᠤᠨ ᠲᠡᠷᠭᠡ ᠬᠥᠰᠬᠡ ᠶᠢᠨ ᠳᠤᠭᠤᠶᠢᠯᠠᠪᠤᠷᠢ᠂ ᠨᠠᠨ | ᠭᠤᠤ ᠰᠢᠳᠦᠲᠦ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦᠨ ᠬᠠᠶᠢᠷᠴᠠᠭ ᠵᠡᠷᠭᠡ ᠲᠦᠷᠦᠯ ᠵᠦᠢᠯ ᠤᠨ | ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠰᠠᠭᠤᠷᠢ | ᠴᠢᠳᠠᠪᠤᠷᠢ ᠶᠢ ᠲᠠᠰᠤᠷᠠᠯᠳᠠ ᠦᠬᠡᠢ ᠳᠡᠭᠡᠭᠰᠢᠯᠡᠭᠦᠯᠵᠦ᠂ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠶᠢᠨ | ᠲᠠᠭᠠᠭᠤᠯᠤᠭᠴᠢ ᠠᠵᠤ ᠠᠬᠤᠶᠢᠯᠠᠯ ᠪᠠ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠢ | ᠤᠯᠠᠮ ᠨᠢᠭᠡ ᠠᠯᠬᠤᠮ ᠬᠦᠴᠦᠷᠬᠡᠭᠵᠢᠭᠦᠯᠦᠨ᠎ᠡ᠃ ︽ᠭᠤᠷᠪᠠᠨ ᠰᠢᠨ᠎ᠡ ᠨᠢᠭᠡ ᠥᠨᠳᠥᠷ︾ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠠᠷᠲ᠋ᠤᠰ ᠤᠨ ᠬᠤᠶᠠᠳᠤᠭᠠᠷ ᠬᠤᠭᠤᠴᠠᠭ᠎ᠠ᠂ ᠪᠠᠢ ᠲᠧ ᠣᠨᠴᠠ ᠥᠨᠳᠥᠷ | ᠴᠢᠨᠰᠠᠭ᠎ᠠ ᠲᠠᠢ ᠨᠡᠭᠦᠷᠡᠰᠦᠨ ᠰᠢᠷᠬᠡᠭ᠂ ᠹᠦ᠋ ᠸᠧᠶ ᠶᠢᠨ ᠡᠮᠨᠡᠯᠭᠡ ᠶᠢᠨ ᠬᠡᠷᠡᠭᠯᠡᠭᠡᠨ ᠤ ᠬᠠᠮᠠᠭᠠᠯᠠᠯᠲᠠ ᠶᠢᠨ ᠬᠡᠷᠡᠭᠰᠡᠯ ᠵᠡᠷᠭᠡ | ᠲᠥᠷᠥᠯ ᠵᠦᠢᠯ ᠤᠨ ᠭᠠᠷᠤᠯᠲᠠ ᠶᠢ ᠨᠡᠮᠡᠭᠳᠡᠭᠦᠯᠦᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠤᠩ ᠶᠤᠸᠠᠨ | ᠰᠢᠨ᠎ᠡ ᠮᠠᠲ᠋ᠧᠷᠢᠶᠠᠯ ᠤᠨ ᠭᠤᠷᠪᠠᠳᠤᠭᠠᠷ ᠬᠤᠭᠤᠴᠠᠭ᠎ᠠ᠂ ᠵᠢᠩ ᠤᠣ ᠶᠢᠨ ᠭᠤᠷᠪᠠᠳᠤᠭᠠᠷ ᠬᠤᠭᠤᠴᠠᠭ᠎ᠠ᠂ ᠰᠠᠨ ᠢ | ᠣᠯᠠᠨ ᠬᠦᠴᠦᠨ ᠤ ᠢᠨᠵᠧᠨᠧᠷᠢᠩ ᠤᠨ ᠮᠠᠰᠢᠨ ᠮᠧᠬᠠᠨᠢᠭ ᠤᠨ ᠪᠦᠬᠦᠯᠢ ᠮᠠᠰᠢᠨ ᠪᠣᠯᠤᠨ ᠰᠡᠯᠪᠢᠭ ᠲᠣᠨᠤᠭ ᠢ ᠳᠠᠬᠢᠨ | ᠦᠢᠯᠡᠳᠬᠦ ᠲᠥᠪ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠳᠤᠮᠳᠠᠳᠤ ᠹᠷᠠᠨᠼᠢ ᠶᠢᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢ ᠠᠬᠤᠶ ᠶᠢᠨ ᠵᠢᠱᠢᠶ᠎ᠡ ᠦᠵᠡᠭᠦᠯᠬᠦ ᠠᠵᠤ ᠦᠢᠯᠡᠰ ᠤᠨ | ᠬᠦᠷᠢᠶᠡᠯᠡᠩ᠂ ᠵᠧᠵᠢᠶᠠᠩ ᠤᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ | ᠮᠠᠰᠢᠨ ᠲᠡᠷᠭᠡ᠂ ᠬᠤᠨᠠᠨ ᠤ ᠰᠢᠨ ᠶᠤᠸᠠᠨ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠪᠸᠢ ᠪᠧᠨ ᠤᠰᠤᠲᠥ᠋ᠷᠥᠭᠴᠢ | ᠲᠦᠯᠡᠰᠢ ᠶᠢᠨ ᠬᠦᠨᠳᠦ ᠺᠠᠷᠲ ᠤᠨ ᠪᠦᠬᠦᠯᠢ ᠲᠡᠷᠭᠡ ᠶᠢ ᠦᠢᠯᠡᠳᠬᠦ ᠵᠡᠷᠭᠡ ᠵᠦᠢᠯᠡᠰ ᠢ ᠪᠣᠳᠠᠲᠠᠶ ᠪᠠᠷ ᠬᠡᠷᠡᠭᠵᠢᠭᠦᠯᠵᠦ᠂ | ᠵᠢᠯ ᠤᠨ ᠳᠣᠲᠣᠷ᠎ᠠ ᠭᠡᠷᠡᠯ ᠸᠣᠯᠲ ᠤᠨ ᠲᠠᠯᠠᠰᠲᠤ ᠴᠠᠬᠢᠭᠤᠷ ᠤᠨ ᠰᠠᠭᠤᠷᠢᠨ ᠭᠠᠵᠠᠷ ᠤᠨ ᠦᠢᠯᠡᠳᠬᠦᠨ ᠤ ᠦᠷᠳᠡᠭ ᠢ | 100 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠪᠠ᠃ ᠨᠢᠭᠡᠳᠦᠭᠡᠷ ᠮᠠᠰᠢᠨ | ᠦᠢᠯᠡᠳᠬᠦ ᠣᠨᠴᠠ ᠲᠥᠷᠥᠯ ᠤᠨ ᠲᠤᠰᠬᠠᠶ ᠬᠡᠷᠡᠭᠯᠡᠭᠡᠨ ᠤ ᠲᠡᠷᠭᠡ ᠵᠡᠷᠭᠡ ᠪᠠᠴᠢᠮ ᠪᠠᠶᠢᠳᠠᠯ ᠢ ᠠᠷᠭᠠᠴᠠᠬᠤ ᠲᠤᠨᠤᠭ | ᠲᠥᠬᠦᠭᠡᠷᠦᠮᠵᠢ ᠶᠢᠨ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠤᠯᠤᠰ ᠤᠨ ᠪᠠᠴᠢᠮ ᠪᠠᠶᠢᠳᠠᠯ ᠢ | ᠠᠷᠭᠠᠴᠠᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ | ᠲᠥᠯᠬᠢᠨ ᠠᠬᠢᠭᠤᠯᠤᠨ᠎ᠠ᠃ ᠴᠥᠮ᠎ᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠬᠦᠨᠳᠦ ᠤᠰᠤᠨ ᠤ ᠣᠪᠣᠭ᠎ᠠ ᠰᠢᠲᠠᠭᠠᠯᠭ᠎ᠠ ᠶᠢᠨ | ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ | ᠴᠥᠮ᠎ᠡ ᠶᠢᠨ ᠢᠯᠴᠢ ᠬᠠᠩᠭᠠᠬᠤ᠂ ᠴᠥᠮ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ᠂ 35 | ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠢ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠵᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠳᠣᠤᠷ᠎ᠠ ᠠᠰᠢᠭᠯᠠᠮᠵᠢ ᠲᠠᠢ ᠭᠠᠵᠠᠷ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ | ᠡᠷᠴᠢᠮ ᠢ ᠴᠢᠩᠭᠠᠷᠠᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠵᠤ ᠦᠢᠯᠡᠰ ᠤᠨ | ᠬᠥᠭᠵᠢᠯᠲᠡ ᠳᠤ ᠭᠦᠢᠴᠡᠳ ᠣᠷᠣᠨ ᠵᠠᠶ ᠦᠯᠡᠳᠡᠭᠡᠵᠦ ᠥᠭᠭᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠢᠭᠲᠠᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠸᠠᠨ ᠳ᠋ᠠ ᠠᠭᠤᠳᠠᠮ ᠲᠠᠯᠠᠪᠠᠢ᠂ ᠤᠤ ᠲᠧ ᠯᠠᠢ ᠰᠢ᠂ ᠬᠤᠸᠠ ᠯᠢᠶᠠᠨ ᠬᠤᠳᠠᠯᠳᠤᠭᠠᠨ ᠤ ᠲᠥᠪ ᠵᠡᠷᠭᠡ ᠶᠢᠨ ᠡᠯ᠎ᠡ | ᠲᠦᠷᠦᠯ ᠤᠨ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠢ ᠣᠷᠣᠭᠤᠯᠤᠨ | ᠠᠪᠴᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠭᠤᠳᠤᠮᠵᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ ᠶᠢᠨ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠬᠤ᠂ ᠸᠠᠨ ᠺᠧ ᠰᠠᠭᠤᠭᠳᠠᠯ ᠤᠨ ᠬᠤᠳᠠ ᠶᠢᠨ ᠠᠵᠢᠯ | ᠡᠬᠢᠯᠡᠭᠦᠯᠦᠨ ᠡᠵᠡᠩᠨᠡᠯᠲᠡ ᠪᠠᠨ ᠡᠬᠢᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ | ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠵᠤ᠂ ᠥᠪᠥᠷ ᠮᠣᠩᠭᠤᠯ ᠤᠨ | ᠮᠥᠩᠭᠦᠨ ᠭᠦᠢᠯᠭᠡᠭᠡᠨ ᠤ ᠲᠦᠷᠢᠶᠡᠰᠦᠯᠡᠯ ᠤᠨ ᠺᠣᠮᠫᠠᠨᠢ᠂ ᠠᠮᠦᠷ ᠲᠦᠪᠰᠢᠨ ᠪᠠᠩᠬᠢ ᠶᠢᠨ ᠪᠤᠭᠤᠲᠤ ᠶᠢᠨ ᠬᠤᠪᠢᠶᠠᠷᠢ | ᠪᠠᠩᠬᠢ ᠶᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠦᠵᠡᠰᠬᠦᠯᠡᠩ ᠤᠨ | ᠲᠥᠪ ᠤᠨ ᠤᠯᠤᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ | ᠮᠡᠳᠡᠭᠦᠯᠬᠦ ᠶᠢ ᠳᠡᠮᠵᠢᠵᠦ᠂ ︽ᠠᠵᠤ ᠦᠢᠯᠡᠳᠪᠦᠷᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠡᠯᠰ ᠤᠨ | ᠦᠵᠡᠰᠬᠦᠯᠡᠩ︾ ᠪᠠ ︽ᠵᠢᠭᠤᠯᠴᠢᠯᠠᠯ ᠤᠨ ᠦᠵᠡᠰᠬᠦᠯᠡᠩ︾ ᠵᠡᠷᠭᠡ ᠨᠠᠷᠠᠲᠤ ᠲᠥᠷᠥᠯ ᠲᠡᠮᠳᠡᠭᠲᠦ ᠶᠢᠨ ᠦᠵᠡᠰᠬᠦᠯᠡᠩ ᠢ | ᠪᠣᠶ ᠪᠣᠯᠭᠠᠵᠤ᠂ ᠪᠥᠬᠦ ᠵᠢᠯ ᠳᠤ 50 ᠲᠠᠯᠠᠪᠤᠷ ᠦᠵᠡᠰᠬᠦᠯᠡᠩ ᠡᠷᠭᠢᠯᠡᠵᠦ᠂ 200 ᠲᠠᠯᠠᠪᠤᠷ ᠠᠴᠠ ᠳᠡᠭᠡᠭᠰᠢ | ᠲᠣᠭᠯᠠᠯᠲᠠ ᠭᠠᠷᠭᠠᠬᠤ ᠪᠠᠷ ᠴᠢᠷᠮᠠᠶᠢᠨ᠎ᠠ᠃ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ | ᠲᠦᠷᠭᠡᠳᠬᠡᠨ ᠪᠠᠶᠢᠭᠤᠯᠵᠤ᠂ ᠴᠤᠸᠠᠨ ᠬᠤᠸᠠ ᠵᠠᠮ ᠬᠠᠷᠢᠯᠴᠠᠭ᠎ᠠ ᠪᠠᠯᠠ ᠣᠷᠣᠭᠤᠯᠤᠯᠲᠠ ᠶᠢᠨ ᠵᠠᠰᠠᠮᠠᠯ ᠵᠠᠮ ᠤᠨ | ᠭᠠᠷᠠᠮ᠂ ᠤᠮᠠᠷᠠᠲᠤ ᠶᠢᠨ ᠹᠧᠩ ᡂᠢ ᠪᠠᠷᠠᠭᠠᠨ ᠤ ᠭᠦᠢᠯᠭᠡᠭᠡᠨ ᠤ ᠭᠠᠷᠠᠮ ᠵᠡᠷᠭᠡ ᠣᠲᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ | ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢ ᠨᠥᠯᠥᠭᠡᠯᠡᠭᠰᠡᠨ ᠵᠠᠰᠠᠮᠠᠯ ᠵᠠᠮ ᠤᠨ ᠭᠠᠷᠠᠮ ᠤᠨ ᠪᠠᠷᠠᠭᠠᠨ ᠤ | ᠭᠦᠢᠯᠭᠡᠭᠡᠨ ᠤ ᠲᠦᠪ ᠢ ᠬᠦᠴᠦᠯᠡᠨ ᠪᠠᠶᠢᠭᠤᠯᠤᠨ᠎ᠠ᠃ ᠲᠦᠩ ᠯᠢ ᠬᠡᠷ ᠤᠨ ᠴᠠᠬᠢᠯᠭᠠᠨ ᠬᠡᠷᠡᠭᠰᠡᠯ᠂ ᠶᠦᠩ ᠱᠧᠩ ᠴᠧᠩ | ᠬᠡᠲᠦ ᠳᠡᠯᠭᠡᠭᠦᠷ᠂ ᠪᠢᠴᠢᠬᠠᠨ ᠰᠡᠭᠦᠯᠲᠦ ᠬᠤᠨᠢᠨ ᠮᠢᠬᠠᠨ ᠤ ᠦᠢᠯᠡᠰ ᠵᠡᠷᠭᠡ ᠲᠣᠰ ᠭᠠᠵᠠᠷ ᠣᠷᠣᠨ ᠤ ᠠᠵᠤ | ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠲᠠᠪᠴᠠᠩ ᠢ ᠲᠡᠭᠦᠯᠳᠡᠷᠵᠢᠭᠦᠯᠬᠦ ᠶᠢ ᠶᠡᠬᠡᠪᠡᠷ ᠳᠡᠮᠵᠢᠵᠦ᠂ ᠰᠢᠭᠤᠳ | ᠨᠡᠪᠲᠡᠷᠡᠭᠦᠯᠬᠦ ᠴᠢᠳᠠᠮᠵᠢ ᠶᠢᠨ ᠬᠡᠰᠡᠭ ᠢ ᠪᠠᠶᠢᠭᠤᠯᠤᠨ᠂ ᠪᠣᠷᠣᠯᠠᠭᠤᠯᠭ᠎ᠠ ᠶᠢᠨ ᠵᠠᠮ ᠮᠥᠷ ᠢ ᠥᠷᠭᠡᠳᠬᠡᠨ᠎ᠡ᠃ ᠰᠣᠶᠣᠯ ᠪᠠ | ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠣᠷᠳᠣ ᠴᠠᠭᠠᠨ ᠬᠡᠷᠡᠮ ᠤᠨ ᠤᠯᠤᠰ ᠤᠨ | ᠰᠣᠶᠣᠯ ᠤᠨ ᠴᠡᠴᠡᠷᠯᠢᠭ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ᠂ ᠴᠡᠷᠢᠭ ᠤᠨ | ᠠᠵᠤ ᠦᠢᠯᠡᠳᠪᠦᠷᠢ ᠶᠢᠨ ᠰᠣᠶᠣᠯ ᠤᠨ ᠭᠤᠤᠯ ᠰᠡᠳᠦᠪᠲᠦ ᠴᠡᠴᠡᠷᠯᠢᠭ ᠤᠨ ᠦᠢᠯᠡᠴᠢᠯᠡᠭᠡᠨ ᠤ ᠶᠠᠰᠤ ᠴᠢᠨᠠᠷ ᠢ ᠲᠠᠰ | ᠳᠡᠪᠰᠢᠭᠦᠯᠵᠦ᠂ ᠨᠢᠭᠡ ᠪᠦᠯᠦᠭ ᠰᠣᠶᠣᠯ ᠤᠨ ᠠᠭᠤᠯᠤᠭᠳᠠᠬᠤᠨ ᠢᠶᠠᠷ ᠪᠠᠶᠠᠯᠢᠭ ᠵᠢᠭᠤᠯᠴᠢᠯᠠᠯ ᠤᠨ ᠦᠵᠡᠮᠵᠢ ᠶᠢᠨ | ᠣᠷᠣᠨ ᠢ ᠪᠠᠶᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠤᠷᠤᠨ ᠵᠠᠢ ᠶᠢ ᠦᠷᠭᠡᠳᠭᠡᠨ᠎ᠡ᠃ ᠪᠥᠬᠦ ᠲᠤᠭᠤᠷᠢᠭ ᠤᠨ ᠲᠠᠷᠢᠶᠠᠯᠠᠩ ᠳᠤ ᠦᠢᠯᠡᠴᠢᠯᠡᠬᠦ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠲᠠᠷᠢᠶᠠᠯᠠᠩ ᠳᠤ ᠦᠢᠯᠡᠴᠢᠯᠡᠬᠦ ᠶᠡᠷᠦᠩᠬᠡᠶᠢᠯᠡᠭᠰᠡᠨ ᠲᠥᠪ︾ ᠢ ᠪᠠᠶᠢᠭᠤᠯᠤᠨ᠂ ᠡᠯ᠎ᠡ ᠲᠥᠷᠥᠯ ᠤᠨ ᠰᠢᠨ᠎ᠡ ᠮᠠᠶ᠋ᠢᠭ ᠤᠨ | ᠡᠵᠡᠩᠨᠡᠯᠲᠡ ᠶᠢᠨ ᠭᠤᠤᠯ ᠴᠣᠭᠴᠠ ᠶᠢᠨ ᠠᠰᠢᠭ ᠲᠤᠰᠠ ᠪᠠᠨ ᠬᠤᠯᠪᠣᠬᠤ ᠲᠣᠭᠲᠠᠴᠠ ᠪᠠᠨ ᠲᠡᠭᠦᠯᠳᠡᠷᠵᠢᠭᠦᠯᠬᠦ ᠶᠢ | ᠵᠣᠷᠢᠭᠵᠢᠭᠤᠯᠤᠨ᠎ᠠ᠃ ᠰᠠᠶᠢᠷ ᠤᠨ ᠲᠤᠬᠤᠢ ᠶᠢᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠶᠢᠨ ᠲᠥᠪ ᠤᠨ | ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠿᠦᠨ ᠶᠢᠤ ᠢᠳᠡᠭᠡᠨ ᠤ ᠬᠦᠷᠢᠶᠡᠯᠡᠩ ᠲᠣᠭᠤᠷᠢᠭ᠂ ᠶᠢᠨ ᠬᠤᠸᠠ | ᠺᠦᠶ ᠪᠠ ᠦᠵᠦᠮ ᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠲᠠᠢ ᠤᠶᠠᠯᠳᠤᠭᠤᠯᠤᠨ᠂ ᠲᠠᠷᠢᠶᠠᠯᠠᠩ ᠲᠤᠰᠠᠯᠠᠬᠤ | ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠢ ᠪᠣᠶ ᠪᠣᠯᠭᠠᠨ᠎ᠠ᠃ ᠰᠡᠯᠡᠭᠦᠴᠡᠯ ᠤᠨ | ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠰᠬᠦᠯᠡᠩ ᠤᠨ ᠬᠦᠷᠢᠶᠡᠯᠡᠩ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ | ᠪᠤᠵᠠᠭᠠᠶᠢᠷᠠᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠬᠦᠯᠵᠦ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ | ᠲᠠᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃ | ︵ᠬᠤᠶᠠᠷ︶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠳᠤᠲᠠᠭᠤᠳᠠᠯ ᠪᠠᠭᠤᠷᠠᠶ ᠵᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠂ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠢᠷᠢ ᠴᠢᠳᠠᠮᠵᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ | ᠣᠷᠣᠨ ᠤ ᠬᠥᠭᠵᠢᠯᠲᠡ ᠶᠢᠨ ᠰᠡᠯᠭᠦᠬᠦ ᠬᠦᠴᠦᠨ ᠢ ᠬᠤᠷᠠᠮᠳᠤᠭᠤᠯᠤᠨ᠎ᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ᠬᠤᠲᠠ ᠶᠢᠨ | ᠠᠷᠠᠳ ᠤᠨ ᠶᠡᠭᠡ ᠲᠢᠩᠬᠢᠮ ᠢ ᠶᠡᠷᠦᠩᠬᠡᠶᠢᠯᠡᠨ ᠥᠭᠡᠷᠡᠴᠢᠯᠡᠵᠦ᠂ ᠦᠢᠯᠡᠴᠢᠯᠡᠭᠡᠨ ᠤ ᠠᠭᠤᠯᠭ᠎ᠠ ᠶᠢ ᠡᠮᠬᠢᠯᠡᠨ | ᠨᠡᠶᠢᠯᠡᠭᠦᠯᠵᠦ᠂ ᠠᠵᠤ ᠠᠬᠤᠶᠢᠯᠠᠯ ᠤᠨ ᠳᠡᠩᠰᠡᠯᠡᠯᠲᠡ᠂ ᠲᠥᠷᠥᠯ ᠵᠦᠢᠯ ᠤᠨ ᠪᠠᠯᠠ ᠣᠷᠣᠭᠤᠯᠤᠯᠲᠠ᠂ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠵᠡᠷᠭᠡ ᠨᠢᠭᠡ ᠥᠷᠲᠡᠭᠡᠨ ᠤ ᠮᠠᠶ᠋ᠢᠭ ᠤᠨ ᠬᠤᠳᠠᠯᠳᠤᠭᠠᠨ ᠤ ᠶᠠᠪᠤᠳᠠᠯ ᠤᠨ | ᠳᠡᠩᠰᠡᠯᠡᠯᠲᠡ ᠶᠢᠨ ᠶᠡᠭᠡ ᠲᠢᠩᠬᠢᠮ ᠢ ᠡᠷᠴᠢᠮᠵᠢᠭᠦᠯᠦᠨ ᠪᠥᠲᠥᠭᠡᠨ ᠪᠠᠶᠢᠭᠤᠯᠵᠤ᠂ ᠳᠤᠮᠳᠠ ᠵᠢᠵᠢᠭ ᠠᠵᠤ | ᠠᠬᠤᠶᠢᠯᠠᠯ ᠤᠨ ᠦᠢᠯᠡᠴᠢᠯᠡᠭᠡᠨ ᠤ ᠲᠠᠪᠴᠠᠩ ᠵᠢᠴᠢ 24 ᠴᠠᠭ ᠤᠨ ᠥᠪᠡᠰᠦᠪᠡᠨ ᠦᠢᠯᠡᠴᠢᠯᠡᠬᠦ ᠣᠷᠣᠨ ᠪᠦᠰᠡ ᠶᠢ | ᠨᠡᠮᠡᠨ ᠪᠠᠶᠢᠭᠤᠯᠵᠤ᠂ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠰᠠᠯᠠᠭ᠎ᠠ | ᠮᠥᠴᠢᠷ ᠤᠨ ᠵᠦᠢᠯᠡᠰ ᠤᠨ ᠬᠢᠨᠠᠨ ᠵᠥᠪᠰᠢᠶᠡᠷᠡᠯ ᠢ ᠨᠢᠭᠡ ᠴᠣᠩᠬᠤ ᠪᠠᠷ ᠭᠠᠳᠠᠭᠰᠢ ᠭᠠᠷᠭᠠᠬᠤ ᠶᠢ ᠪᠡᠶᠡᠯᠡᠭᠦᠯᠦᠨ᠎ᠡ᠃ | ᠪᠠᠯᠠ ᠣᠷᠣᠭᠤᠯᠤᠯᠲᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ | ᠠᠵᠤ ᠠᠬᠤᠶᠢᠯᠠᠯ ᠢ ᠨᠡᠭᠡᠭᠡᠨ ᠡᠷᠭᠢᠯᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠠᠵᠤ | ᠠᠬᠤᠶᠢᠯᠠᠯ ᠳᠤ ᠪᠥᠬᠦ ᠲᠠᠯ᠎ᠠ ᠪᠠᠷ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠴᠢᠯᠡᠭᠡ ᠬᠠᠩᠭᠠᠨ᠎ᠠ᠃ | ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠴᠠᠭ | ᠲᠤᠬᠠᠶ ᠳᠤᠨᠢ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠶᠢ ᠥᠷᠨᠢᠭᠦᠯᠵᠦ᠂ ᠨᠢᠭᠤᠷᠲᠠᠨ ᠪᠢᠴᠢᠭ ᠮᠠᠲ᠋ᠧᠷᠢᠶᠠᠯ ᠢ | ᠳᠠᠮᠵᠢᠭᠤᠯᠬᠤ᠂ ᠠᠰᠠᠭᠤᠳᠠᠯ ᠢ ᠠᠰᠠᠭᠤᠨ ᠬᠠᠷᠢᠭᠤᠯᠬᠤ ᠶᠢ ᠪᠡᠶᠡᠯᠡᠭᠦᠯᠦᠨ᠎ᠡ᠃ ︽ᠰᠠᠶᠢᠨ ᠮᠠᠭᠤ ᠶᠢ ᠦᠨᠡᠯᠡᠬᠦ︾ | ᠲᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠳᠡᠯᠭᠡᠷᠡᠭᠦᠯᠦᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ | ᠲᠠᠪᠴᠠᠩ ᠢ ᠪᠦᠲᠦᠮᠵᠢᠲᠡᠶ ᠠᠰᠢᠭᠯᠠᠨ ᠣᠯᠠᠨ ᠲᠦᠮᠡᠨ ᠤ ᠦᠨᠡᠯᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ | ᠴᠠᠭ ᠲᠤᠬᠠᠶ ᠳᠤᠨᠢ ᠪᠠᠶᠢᠴᠠᠭᠠᠵᠤ ᠳᠠᠬᠢᠨ ᠬᠢᠨᠠᠬᠤ ᠪᠠ ᠱᠠᠯᠠᠪᠳᠠᠭᠤᠯᠤᠨ ᠰᠢᠢᠳᠪᠦᠷᠢᠯᠡᠵᠦ ᠴᠡᠭᠴᠡᠯᠡᠨ | ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ ᠬᠦᠴᠦᠯᠡᠨ ᠠᠬᠢᠭᠤᠯᠤᠨ᠎ᠠ᠃ ︽ᠵᠢᠷᠭᠤᠭ᠎ᠠ ᠶᠢ ᠪᠠᠭᠠᠰᠬᠠᠵᠤ ᠨᠢᠭᠡ | ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠥᠨᠳᠥᠷ | ᠲᠠᠪᠳᠠᠮᠵᠢᠳᠤ ᠬᠡᠷᠡᠭ ᠶᠠᠪᠤᠳᠠᠯ ᠢ ᠭᠦᠢᠴᠡᠳᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠭᠡᠬᠦ︾ ᠬᠡᠷᠡᠭ ᠶᠠᠪᠤᠳᠠᠯ ᠢ ᠡᠮᠬᠢᠯᠡᠨ ᠳᠢᠭᠯᠡᠬᠦ ᠶᠢᠨ ᠬᠠᠮᠲᠤ ᠰᠦᠯᠵᠢᠶᠡᠨ ᠳᠡᠭᠡᠷ᠎ᠡ | ᠰᠢᠢᠳᠪᠦᠷᠢᠯᠡᠬᠦ ᠶᠢ ᠳᠥᠯᠭᠢᠨ ᠠᠬᠢᠭᠤᠯᠤᠨ᠎ᠠ᠃ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠢ | ᠰᠢᠯᠢᠳᠡᠭᠵᠢᠭᠦᠯᠵᠦ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠢ ᠬᠡᠯᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠶᠢ ᠲᠦᠷᠭᠡᠳᠬᠡᠨ᠂ | ᠬᠤᠯᠪᠣᠭᠠᠯᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠨᠢᠭᠡ ᠭᠠᠵᠠᠷ ᠲᠤ | ᠢᠲᠡᠭᠡᠯ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠪᠠᠶᠢᠷᠢᠰᠢᠯ ᠢ | ᠪᠠᠶᠢᠭᠤᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠭᠰᠠᠨ ᠬᠤᠷᠠᠯᠳᠤᠭᠠᠨ ᠤ ᠲᠦᠷᠢᠮ ᠢ | ᠲᠡᠭᠦᠯᠳᠡᠷᠵᠢᠭᠦᠯᠵᠦ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ᠂ ᠪᠠᠩᠬᠢ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ | ᠵᠡᠷᠭᠡ ᠶᠢ ᠵᠣᠯᠭᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ | ᠠᠷᠭ᠎ᠠ ᠵᠠᠮ ᠢ ᠥᠷᠭᠡᠳᠬᠡᠨ᠎ᠡ᠃ ᠣᠲᠣ ᠪᠠᠶᠢᠭ᠎ᠠ ᠣᠯᠠᠨ ᠨᠡᠶᠢᠲᠡ ᠶᠢᠨ ᠲᠠᠪᠴᠠᠩ ᠢ ᠥᠨᠳᠥᠷ ᠪᠦᠲᠦᠮᠵᠢᠲᠡᠶ ᠪᠠᠷ | ᠠᠰᠢᠭᠯᠠᠨ ᠡᠭᠦᠯᠡᠨ ᠦᠵᠦᠭᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠣᠯᠠᠨ ᠠᠷᠭ᠎ᠠ ᠵᠠᠮ ᠠᠷᠭ᠎ᠠ | ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠵᠤ | ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠂ ᠠᠵᠤ | ᠠᠬᠤᠶᠢᠯᠠᠯ ᠤᠨ ᠬᠦᠰᠡᠯ ᠬᠢᠨᠠᠨ ᠵᠥᠪᠰᠢᠶᠡᠷᠡᠬᠦ ᠵᠦᠢᠯᠡᠰ ᠢᠶᠠᠷ ᠬᠠᠮᠤᠭ ᠤᠨ ᠴᠥᠭᠡᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠᠷ ᠬᠠᠮᠤᠭ ᠤᠨ ᠰᠠᠶᠢᠨ᠂ ᠬᠢᠨᠠᠨ ᠵᠥᠪᠰᠢᠶᠡᠷᠡᠬᠦ ᠪᠠ ᠦᠢᠯᠡᠴᠢᠯᠡᠬᠦ ᠬᠤᠷᠳᠤᠴᠠ ᠪᠠᠷ ᠬᠠᠮᠤᠭ ᠤᠨ | ᠲᠦᠷᠭᠡᠨ ᠪᠠᠶᠢᠳᠠᠭ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠪᠤᠢ | ᠪᠣᠯᠭᠠᠨ᠎ᠠ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ᠬᠤᠳᠠᠯᠳᠤᠭᠠᠴᠢᠨ ᠤᠷᠢᠬᠤ ᠪᠠᠶᠢᠭᠤᠯᠤᠯ ᠲᠣᠭᠲᠠᠴᠠ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠣᠷᠴᠢᠨ ᠠᠬᠤᠶ ᠶᠢᠨ | ᠬᠠᠮᠠᠭᠠᠯᠠᠯᠲᠠ᠂ ᠪᠡᠯᠡ ᠣᠷᠣᠭᠤᠯᠤᠯᠲᠠ ᠶᠢᠨ ᠬᠦᠴᠦᠯᠡᠴᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ᠂ ᠮᠦ | ᠪᠦᠷᠢ ᠶᠢᠨ ᠳᠤᠮᠳᠠᠴᠢ ᠦᠷ᠎ᠡ ᠠᠰᠢᠭ ᠵᠡᠷᠭᠡ ᠭᠦᠢᠴᠡᠳᠬᠡᠯ ᠲᠤᠭ᠎ᠠ ᠪᠠᠷ ᠬᠤᠳᠠᠯᠳᠤᠭᠠᠴᠢᠨ ᠰᠣᠩᠭᠤᠬᠤ ᠪᠠ ᠪᠡᠯᠡ | ᠮᠥᠩᠭᠦ ᠰᠣᠩᠭᠤᠬᠤ ᠶᠢ ᠲᠤᠪᠤᠶᠢᠯᠭᠠᠨ᠂ ᠠᠵᠤ ᠦᠢᠯᠡᠰ ᠤᠨ ᠭᠠᠵᠠᠷ ᠤᠨ ᠵᠢᠷᠤᠭ ᠪᠠ ᠬᠤᠳᠠᠯᠳᠤᠭᠠᠴᠢᠨ ᠤᠷᠢᠬᠤ | ᠵᠢᠷᠤᠭ ᠤᠨ ᠵᠢᠭᠰᠠᠯ ᠢ ᠲᠦᠷᠭᠡᠪᠴᠢᠯᠡᠨ ᠨᠠᠶᠢᠷᠠᠭᠤᠯᠤᠨ ᠵᠣᠬᠢᠶᠠᠵᠤ᠂ ᠵᠠᠰᠠᠭ ᠤᠨ ᠣᠷᠳᠣᠨ᠂ ᠠᠵᠤ ᠠᠬᠤᠶᠢᠯᠠᠯ᠂ | ᠵᠠᠭᠤᠴᠢ᠂ ᠬᠤᠳᠠᠯᠳᠤᠭᠠᠴᠢᠨ ᠤ ᠨᠡᠶᠢᠭᠡᠮᠯᠢᠭ ᠤᠨ ᠬᠠᠮᠵᠢᠯᠴᠠᠨ ᠬᠤᠳᠠᠯᠳᠤᠭᠠᠴᠢᠨ ᠤᠷᠢᠬᠤ ᠠᠵᠢᠯ ᠤᠨ ᠪᠠᠶᠢᠷᠢᠰᠢᠯ ᠢ | ᠪᠤᠢ ᠪᠣᠯᠭᠠᠨ᠎ᠠ᠃ ᠬᠦᠷᠢᠶᠡᠯᠡᠩ ᠲᠣᠭᠤᠷᠢᠭ ᠲᠤ ᠲᠦᠰᠢᠭᠯᠡᠨ ᠡᠭᠦᠷ ᠪᠠᠷᠢᠵᠤ ᠭᠠᠷᠤᠳᠢ ᠲᠠᠲᠠᠵᠤ᠂ ᠬᠡᠷᠡᠯ ᠸᠣᠯᠲ᠂ | ᠮᠠᠰᠢᠨ ᠲᠡᠷᠭᠡᠨ ᠤ ᠠᠵᠤ ᠦᠢᠯᠡᠰ ᠤᠨ ᠪᠦᠯᠦᠭᠯᠡᠨ ᠬᠥᠭᠵᠢᠬᠦ ︽ᠵᠢᠷᠭᠤᠭᠠᠨ ᠶᠡᠭᠡ ᠠᠵᠢᠯᠯᠠᠭ᠎ᠠ︾ ᠶᠢᠨ ᠲᠥᠰᠦᠯ ᠪᠠ | ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ ᠵᠡᠷᠭᠡ 13 | ᠵᠤᠷᠪᠤᠰ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ 500 ᠬᠦᠴᠦᠷᠬᠡᠭ ᠪᠠ ᠠᠵᠢᠯ ᠲᠥᠷᠥᠯ ᠤᠨ ᠳᠠᠭᠠᠭᠤᠯᠤᠭᠴᠢ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠠᠨᠳᠤᠰᠢ ᠶᠢ ᠬᠠᠷᠠᠭᠠᠯᠠᠨ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ | ᠤᠷᠢᠬᠤ ᠪᠠ ᠦᠢᠯᠡᠴᠢᠯᠡᠭᠡ ᠥᠷᠨᠢᠭᠦᠯᠦᠨ᠎ᠡ᠃ ᠪᠥᠬᠦ ᠵᠢᠯ ᠳᠤ 50 ᠲᠥᠷᠥᠯ ᠵᠦᠢᠯ ᠲᠠᠢ ᠭᠡᠷ᠎ᠡ ᠲᠣᠭᠲᠠᠵᠤ᠂ 230 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠲᠥᠷᠥᠯ | ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠬᠤᠯᠠ ᠶᠡᠭᠡ | ᠲᠥᠷᠥᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠬᠦ᠂ ᠬᠢᠨᠠᠨ ᠬᠠᠷᠭᠤᠭᠤᠯᠬᠤ᠂ ᠭᠠᠵᠠᠷ | ᠬᠡᠷᠡᠭᠯᠡᠬᠦ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ ᠠᠮᠤᠷ ᠲᠦᠪᠰᠢᠨ ᠤ ᠦᠨᠡᠯᠡᠯᠲᠡ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠲᠠᠰ ᠳᠠᠪᠬᠤᠷᠭ᠎ᠠ ᠶᠢᠨ ᠲᠣᠬᠢᠷᠠᠭᠤᠯᠤᠯᠲᠠ ᠶᠢ ᠴᠢᠩᠭᠠᠳᠬᠠᠨ᠎ᠠ᠃ | 85 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠤᠨ ᠲᠦᠷᠦᠭᠦᠤ ᠬᠠᠭᠠᠰ | ᠵᠢᠯ ᠳᠤ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠦᠨᠡᠨᠬᠦ ᠪᠠᠲᠤᠯᠠᠵᠤ᠂ ᠵᠢᠯ ᠤᠨ ᠳᠣᠲᠣᠷ᠎ᠠ | 25 ᠠᠴᠠ ᠳᠡᠭᠡᠭᠰᠢᠬᠢ ᠶᠢ ᠪᠠᠷᠢᠯᠭ᠎ᠠ ᠳᠠᠭᠤᠰᠬᠠᠵᠤ᠂ ᠰᠢᠨ᠎ᠡ ᠪᠠᠷ ︽ᠳᠥᠷᠪᠡ ᠶᠢ ᠬᠥᠭᠵᠢᠭᠦᠯᠬᠦ︾ ᠠᠵᠤ ᠠᠬᠤᠶᠢᠯᠠᠯ | 20 ᠡᠷᠦᠬᠡ ᠨᠡᠮᠡᠭᠳᠡᠪᠡ᠃ | ︵ᠭᠤᠷᠪᠠ︶ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠶᠢᠨ ᠡᠪᠡᠷᠰᠢᠶᠡᠯ ᠳᠤ ᠠᠩᠬᠠᠷᠤᠯ ᠢᠶᠠᠨ | ᠲᠥᠪᠯᠡᠷᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠂ ᠰᠢᠨ᠎ᠡ ᠶᠢ ᠡᠭᠦᠳᠬᠦ ᠪᠠᠷ ᠬᠥᠲᠥᠯᠦᠨ | ᠳᠠᠭᠠᠭᠤᠯᠬᠤ ᠶᠢ ᠴᠢᠩᠭᠠᠳᠬᠠᠵᠤ᠂ ᠭᠠᠵᠠᠷ ᠣᠷᠣᠨ ᠤ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠨ᠎ᠡ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠠᠵᠢᠯ | ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠤᠨ ᠡᠭᠦᠷᠭᠡ ᠶᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢ ᠪᠠᠲᠤᠯᠠᠨ᠎ᠠ᠃ | ᠲᠤᠭᠤᠷᠢᠭ ᠤᠨ ᠬᠠᠷᠢᠶ᠎ᠠ ᠪᠥᠬᠦᠢ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠲᠥᠯᠬᠢᠨ ᠠᠬᠢᠭᠤᠯᠵᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢ | ᠪᠥᠷᠢᠨᠰᠢᠬᠦᠯᠵᠤ᠂ ᠡᠵᠡᠩᠨᠡᠯᠲᠡ ᠬᠠᠮᠢᠶᠠᠷᠤᠯᠲᠠ ᠶᠢᠨ ᠠᠵᠢᠯᠳᠠᠨ ᠢ ᠰᠣᠩᠭᠤᠨ ᠳᠡᠪᠰᠢᠭᠦᠯᠵᠦ ᠲᠣᠮᠢᠯᠠᠨ ᠬᠡᠷᠡᠭᠯᠡᠬᠦ | ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠥᠪᠡᠷ ᠤᠨ ᠥᠷᠳᠡᠭ ᠢ ᠡᠵᠡᠮᠳᠡᠬᠦ᠂ ᠡᠵᠡᠩᠨᠡᠯᠲᠡ ᠶᠢ | ᠵᠠᠳᠠᠯᠬᠤ᠂ ᠬᠥᠷᠥᠩᠭᠡ ᠶᠢ ᠰᠢᠢᠳᠪᠦᠷᠢᠯᠡᠬᠦ ᠪᠠ ᠠᠰᠢᠭ ᠬᠤᠨᠵᠢᠪᠣᠷᠢ ᠶᠢ ᠬᠤᠪᠢᠶᠠᠷᠢᠯᠠᠬᠤ ᠶᠢ ᠵᠢᠷᠤᠮᠵᠢᠭᠤᠯᠵᠤ᠂ ᠬᠠᠮᠢᠶ᠎ᠠ | ᠪᠥᠬᠦᠢ ᠲᠥᠷᠢᠮ ᠢ ᠨᠢᠭᠡᠳᠦᠯᠲᠡᠶ ᠲᠥᠯᠥᠪᠯᠡᠨ ᠲᠣᠭᠲᠠᠭᠠᠨ᠎ᠠ᠃ ᠨᠡᠶᠢᠭᠡᠮ ᠲᠣᠭᠤᠷᠢᠭ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠶᠡᠷᠦᠩᠬᠡᠶ ᠰᠠᠯᠠᠭᠠᠨ ᠤ ᠲᠣᠣᠷᠵᠢᠯ︾ ᠢ ᠪᠤᠢ ᠪᠣᠯᠭᠠᠨ᠎ᠠ᠃ ᠦᠨᠳᠦᠰᠦᠨ ᠱᠠᠲᠤᠨ ᠤ ᠵᠥᠪᠯᠡᠬᠦ | ᠠᠷᠠᠳᠴᠢᠯᠠᠯ ᠢᠶᠠᠷ ᠬᠡᠷᠡᠭ ᠵᠥᠪᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠤᠯᠠᠨ ᠡᠰᠢᠲᠦ | ᠪᠡᠶᠡᠴᠢ ᠴᠣᠭᠴᠠ ᠶᠢᠨ ᠬᠠᠮᠲᠤ ᠪᠠᠷ ᠵᠠᠰᠠᠬᠤ ᠳᠤ ᠣᠷᠣᠯᠴᠠᠬᠤ ᠶᠢ ᠬᠥᠲᠥᠯᠥᠨ ᠵᠢᠯᠣᠭᠤᠳᠴᠤ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠪᠦᠬᠦ | ᠤᠯᠤᠰ ᠤᠨ ᠤᠷᠤᠭᠯᠠᠬᠤ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠳᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ | ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠥᠳᠡᠭᠡ | ᠲᠣᠰᠬᠤᠨ ᠤ ᠬᠠᠮᠲᠤ ᠶᠢᠨ ᠡᠳ᠋ ᠬᠦᠷᠦᠩᠭᠡ ᠶᠢᠨ ᠰᠲ᠋ᠣᠺ ᠤᠨ ᠡᠷᠬᠡ ᠪᠠᠨ ᠳᠠᠨᠵᠢᠯᠠᠵᠤ ᠵᠢᠭᠡᠯᠡᠯᠭᠡ ᠶᠢᠨ ᠠᠷᠭ᠎ᠠ ᠪᠠᠷᠢᠯ | ᠢ ᠰᠤᠳᠤᠯᠤᠨ ᠲᠤᠭᠲᠠᠭᠠᠨ᠎ᠠ᠃ ᠬᠥᠳᠡᠭᠡ ᠲᠣᠰᠬᠤᠨ ᠤ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ᠪᠠ ᠰᠤᠯᠠ | ᠪᠠᠶᠢᠭ᠎ᠠ ᠣᠷᠣᠨ ᠰᠠᠭᠤᠴᠠ ᠶᠢ ᠠᠮᠢᠳᠤᠯᠢᠭ ᠢᠶᠠᠷ ᠠᠰᠢᠭᠯᠠᠬᠤ ᠠᠵᠢᠯ ᠢ ᠲᠤᠷᠰᠢᠨ ᠥᠷᠨᠢᠭᠦᠯᠦᠨ᠎ᠡ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ | ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢᠶᠠᠷ ᠮᠡᠳᠡᠭᠦᠯᠬᠦ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ | ᠬᠠᠮᠵᠢᠯᠴᠠᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ᠂ ᠶᠠᠰᠤ ᠴᠢᠨᠠᠷ ᠢ ᠰᠢᠯᠭᠠᠨ ᠪᠠᠶᠢᠴᠠᠭᠠᠵᠤ ᠪᠠᠶᠢᠴᠠᠭᠠᠨ | ᠰᠢᠨᠵᠢᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠵᠥᠩ ᠳ᠋ᠢᠶᠠᠨ ᠭᠤᠸᠠᠩ ᠬᠥ᠋ ᠰᠢᠨᠵᠢᠯᠡᠬᠦ ᠤᠬᠠᠭᠠᠨ ᠤ ᠰᠢᠨ᠎ᠡ ᠶᠢ | ᠡᠭᠦᠳᠬᠦ ᠲᠥᠪ ᠪᠠ ᠲᠣᠨᠤᠭ ᠲᠥᠬᠦᠭᠡᠷᠦᠮᠵᠢ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠢ ᠪᠥᠲᠥᠭᠡᠨ ᠪᠠᠶᠢᠭᠤᠯᠵᠤ᠂ ᠠᠵᠤ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠪᠧᠢ ᠪᠧᠨ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠬᠦᠨᠳᠦ ᠺᠠᠷᠲ ᠤᠨ ᠵᠢᠱᠢᠶ᠎ᠡ ᠦᠵᠡᠭᠦᠯᠬᠦ ᠬᠡᠷᠡᠭᠯᠡᠭᠡᠨ ᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠮᠵᠢᠵᠦ᠂ ᠤᠮᠠᠷᠠᠲᠤ ᠶᠢᠨ ᠬᠦᠨᠳᠦ ᠠᠵᠤ | ᠦᠢᠯᠡᠳᠪᠦᠷᠢ ᠶᠢᠨ ᠪᠦᠯᠦᠭᠯᠡᠯ ᠤᠨ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠪᠠᠷ | ᠮᠡᠳᠡᠭᠦᠯᠬᠦ ᠶᠢ ᠪᠥᠬᠦ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ | ︽ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ︾ ᠤᠨ | ᠬᠦᠷᠢᠶᠡᠨ ᠳᠤ ᠳᠠᠭᠠᠭᠤᠯᠤᠭᠴᠢ ᠠᠵᠤ ᠠᠬᠤᠶᠢᠯᠠᠯ ᠢ ᠠᠭᠤᠳᠠᠯᠤᠨ ᠪᠤᠶᠢᠵᠢᠭᠤᠯᠬᠤ ᠪᠠᠷ ᠭᠤᠣᠯᠳᠠᠯᠭ᠎ᠠ ᠪᠣᠯᠭᠠᠨ᠎ᠠ᠃ | ᠰᠢᠨ᠎ᠡ ᠶᠢ ᠡᠭᠦᠳᠬᠦ ᠬᠡᠯᠬᠢᠶ᠎ᠡ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠳᠡᠭᠡᠳᠦ ᠲᠡᠰ | ᠳᠠᠪᠬᠤᠷᠭ᠎ᠠ ᠶᠢᠨ ᠴᠢᠳᠠᠪᠤᠷᠢᠲᠠᠨ ᠢ ᠨᠡᠩ ᠶᠡᠭᠡ ᠡᠷᠴᠢᠮ ᠢᠶᠠᠷ ᠳᠠᠳᠠᠨ ᠠᠪᠴᠢᠷᠠᠵᠤ᠂ ᠨᠢᠭᠡ ᠪᠦᠯᠦᠭ ᠰᠢᠯᠢᠳᠡᠭ | ᠴᠢᠳᠠᠪᠤᠷᠢᠲᠠᠨ ᠢ ᠴᠤᠭᠯᠠᠷᠠᠭᠤᠯᠤᠨ ᠬᠥᠮᠦᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠤ ᠵᠠᠰᠠᠭ | ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ ᠵᠠᠭᠪᠤᠷ ᠢ ᠰᠦᠪᠡᠭᠴᠢᠯᠡᠵᠦ᠂ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠠᠭᠤᠰᠤᠯᠴᠠᠭᠤᠯᠬᠤ ᠬᠡᠯᠪᠡᠷᠢ ᠶᠢᠨ | ᠴᠢᠳᠠᠪᠤᠷᠢᠲᠠᠨ ᠪᠠ ᠲᠤᠰᠬᠠᠢ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠥᠮᠦᠵᠢᠭᠦᠯᠵᠦ᠂ | ᠤᠯᠠᠨ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠤ ᠠᠮᠢ ᠠᠬᠤᠢ ᠶᠢ ᠲᠦᠷᠭᠡᠨ ᠪᠦᠷᠢᠯᠳᠦᠭᠦᠯᠦᠨ᠎ᠡ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠶᠢ ᠣᠷᠣᠭᠤᠯᠤᠨ | ᠠᠪᠴᠢᠷᠠᠵᠤ ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠶ ᠶᠢᠨ ᠮᠡᠷᠭᠡᠵᠢᠯ ᠤᠨ ᠰᠢᠨ᠎ᠡ ᠶᠢ ᠡᠭᠦᠳᠬᠦ | ᠰᠤᠳᠤᠯᠭᠠᠨ ᠤ ᠬᠦᠷᠢᠶᠡᠯᠡᠩ ᠢ ᠪᠥᠲᠥᠭᠡᠨ ᠪᠠᠶᠢᠭᠤᠯᠵᠤ᠂ ᠬᠤᠤ ᠱᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ | ᠬᠢᠭᠡᠳ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠬᠠᠮᠲᠤᠷᠠᠨ ᠪᠠᠷᠠᠭᠤᠨ ᠬᠤᠶᠢᠲᠤ ᠶᠢᠨ | ᠰᠤᠳᠤᠯᠭᠠᠨ ᠤ ᠬᠦᠷᠢᠶᠡᠯᠡᠩ ᠪᠠᠶᠢᠭᠤᠯᠬᠤ ᠶᠢ ᠳᠥᠯᠭᠢᠨ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠰᠢᠨᠵᠢᠯᠡᠬᠦ | ᠤᠬᠠᠭᠠᠨ ᠮᠡᠷᠭᠡᠵᠢᠯ ᠤᠨ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢ 25 ᠠᠴᠠ ᠳᠡᠭᠡᠭᠰᠢ | ᠪᠤᠶᠢᠵᠢᠭᠤᠯᠤᠨ᠎ᠠ᠃ | ᠲᠣᠭᠠᠴᠢᠯᠠᠭᠰᠠᠨ ᠬᠤᠲᠠ ᠶᠢᠨ ᠲᠣᠭᠤᠷᠢᠭ ᠢ ᠶᠡᠬᠡᠪᠡᠷ ᠪᠥᠲᠥᠭᠡᠨ ᠪᠠᠶᠢᠭᠤᠯᠤᠨ᠎ᠠ᠃ ᠭᠠᠵᠠᠷ ᠣᠷᠣᠨ ᠤ ᠮᠡᠳᠡᠭᠡ | ᠵᠠᠩᠭᠢ ᠶᠢᠨ ᠰᠠᠭᠤᠷᠢ ᠪᠡᠯᠡᠳᠬᠡᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ 5G ᠶᠢᠨ ᠰᠠᠭᠤᠷᠢ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ 5G ᠶᠢᠨ ᠲᠣᠤᠷ ᠰᠦᠯᠵᠢᠶ᠎ᠡ ᠶᠢ | ᠬᠡᠪᠴᠢᠶᠡᠵᠢᠭᠦᠯᠦᠨ ᠲᠣᠤᠷᠵᠢᠭᠤᠯᠬᠤ᠂ ᠵᠠᠯᠭᠠᠯᠳᠤᠭᠤᠯᠤᠨ ᠪᠦᠷᠬᠦᠭᠦᠯᠬᠦ ᠶᠢ ᠪᠡᠶᠡᠯᠡᠭᠦᠯᠦᠨ᠎ᠡ᠃ ︽ᠤᠶᠤᠨᠲᠤ ᠬᠦᠷᠢᠶᠡᠯᠡᠩ | ᠲᠣᠭᠤᠷᠢᠭ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠤᠶᠤᠨᠴᠢᠯᠠᠭᠰᠠᠨ | ᠡᠵᠡᠩᠨᠡᠯᠲᠡ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠣᠶ ᠪᠣᠯᠭᠠᠨ᠎ᠠ᠃ ᠦᠢᠯᠡᠳᠬᠦ ᠦᠢᠯᠡᠰ ᠤᠨ | ᠬᠦᠷᠢᠶᠡᠨ ᠳᠠᠬᠢ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ︾ ᠶᠢᠨ ᠤᠷᠢᠳᠠᠴᠢ ᠬᠡᠷᠡᠭᠯᠡᠭᠡ ᠶᠢ | ᠠᠬᠢᠭᠤᠯᠵᠤ᠂ ᠪᠧᠢ ᠪᠧᠨ ᠮᠠᠰᠢᠨ ᠲᠡᠷᠭᠡᠨ ᠤ ᠰᠦᠯᠵᠢᠶ᠎ᠡ᠂ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠸᠠᠨ ᠵᠢᠶᠠ᠂ | ᠴᠢᠩᠳᠣᠤ ᠶᠢᠨ ᠨᠢᠮᠪᠡᠭᠡ ᠪᠤᠷᠴᠠᠭ ᠵᠡᠷᠭᠡ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ | ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠣᠶᠤᠨᠴᠢ ᠦᠢᠯᠡᠳᠬᠦ ᠲᠤᠷᠰᠢᠯᠲᠠ ᠶᠢᠨ ᠴᠡᠭ ᠤᠨ | ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠨᠢᠭᠡ ᠪᠦᠯᠦᠭ ᠠᠵᠤ ᠦᠢᠯᠡᠳᠪᠦᠷᠢ ᠬᠢᠭᠡᠳ ᠢᠨᠲ᠋ᠧᠷ | ᠰᠦᠯᠵᠢᠶ᠎ᠡ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠴᠢᠷᠮᠠᠶᠢᠨ ᠪᠣᠶ | ᠪᠣᠯᠭᠠᠨ᠎ᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠣᠭᠠᠴᠢᠯᠠᠭᠰᠠᠨ ᠬᠡᠷᠡᠭᠯᠡᠭᠡ ᠶᠢ ᠲᠦᠷᠭᠡᠳᠬᠡᠨ | ᠠᠬᠢᠭᠤᠯᠵᠤ᠂ ︽ᠤᠶᠤᠨᠲᠤ ᠢᠳᠡᠰᠢᠨ ᠨᠣᠭᠤᠭ᠎ᠠ ᠶᠢᠨ ᠲᠠᠯᠠᠪᠠᠶ︾ ᠶᠢ ᠪᠠᠶᠢᠭᠤᠯᠤᠨ᠎ᠠ᠃ ᠤᠶᠤᠨᠲᠤ ᠨᠡᠶᠢᠭᠡᠮ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠠᠷᠢᠯᠢᠬᠵᠢᠭᠤᠯᠤᠨ ᠲᠣᠭᠲᠠᠭᠠᠬᠤ᠂ | ︽ᠪᠢᠴᠢᠯ ᠠᠮᠢᠳᠤᠷᠠᠯ︾ ︽ᠡᠭᠦᠯᠡᠨ ᠨᠡᠶᠢᠭᠡᠮ ᠲᠣᠭᠤᠷᠢᠭ︾ ᠵᠡᠷᠭᠡ ᠦᠢᠯᠡᠴᠢᠯᠡᠭᠡᠨ ᠤ ᠵᠠᠭᠪᠤᠷ ᠢ ᠬᠥᠭᠵᠢᠭᠦᠯᠵᠦ᠂ | ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ᠃ | ︵ᠳᠥᠷᠪᠡ︶ ᠬᠤᠲᠠ ᠬᠥᠳᠡᠭᠡ ᠶᠢᠨ ᠣᠷᠣᠨ ᠪᠦᠰᠡ ᠶᠢᠨ ᠴᠢᠳᠠᠮᠵᠢ ᠶᠠᠰᠤ ᠴᠢᠨᠠᠷ ᠲᠤ ᠠᠩᠬᠠᠷᠤᠯ ᠢᠶᠠᠨ | ᠲᠥᠪᠯᠡᠷᠡᠭᠦᠯᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠣᠷᠣᠨ ᠤ | ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ | ᠬᠤᠲᠠ ᠶᠢᠨ ᠲᠣᠭᠤᠷᠢᠭ ᠢ ᠴᠣᠭᠴᠠᠯᠠᠨ ᠪᠠᠶᠢᠭᠤᠯᠤᠨ᠎ᠠ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠬᠤᠳᠠ ᠶᠢᠨ ᠵᠠᠮ ᠤᠨ ᠲᠣᠣᠷ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠢᠨ ᠾᠧ ᠵᠠᠮ᠂ ᠲᠠᠩᠺ ᠤᠨ | ᠵᠠᠮ ᠵᠡᠷᠭᠡ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ ᠠᠬᠢᠴᠠ ᠶᠢ ᠲᠦᠷᠭᠡᠳᠬᠡᠵᠦ᠂ 110 ᠤᠯᠤᠰ ᠤᠨ ᠵᠠᠮ ᠤᠨ | ᠤᠮᠠᠷᠠᠰᠢ ᠬᠤᠳᠠ ᠶᠢ ᠲᠣᠭᠤᠷᠢᠭᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠴᠢᠩᠱᠠᠨ ᠤ ᠴᠡᠴᠡᠷᠯᠢᠭ᠂ ᠬᠡᠤᠬᠡᠳ ᠤᠨ ᠴᠡᠴᠡᠷᠯᠢᠭ ᠵᠡᠷᠭᠡ ᠴᠡᠴᠡᠷᠯᠢᠭ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠵᠠᠮ᠂ ᠴᠡᠴᠡᠷᠯᠢᠭ᠂ ᠠᠭᠤᠳᠠᠮ ᠲᠠᠯᠠᠪᠠᠶ ᠶᠢᠨ ᠨᠣᠭᠤᠭᠠᠷᠠᠭᠤᠯᠤᠯᠲᠠ ᠶᠢᠨ | ᠨᠥᠬᠦᠵᠦ ᠤᠷᠭᠤᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠴᠢᠩᠱᠠᠨ ᠤ ᠵᠤᠴᠢᠳ ᠤᠨ ᠪᠠᠭᠤᠳᠠᠯ᠂ ᠳ᠋ᠠ | ᠬᠤᠸᠠ ᠵᠡᠷᠭᠡ 44 ᠬᠠᠭᠤᠴᠢᠨ ᠵᠢᠵᠢᠭ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠵᠦ᠂ ᠬᠤᠶᠠᠳᠤᠭᠠᠷ ᠪᠦᠯᠦᠭ ᠤᠨ | ᠨᠢᠭᠡᠨᠲᠡ ᠪᠠᠶᠢᠭ᠎ᠠ ᠣᠷᠣᠨ ᠰᠠᠭᠤᠴᠠ ᠳᠤ ᠴᠠᠬᠢᠯᠭᠠᠨ ᠱᠠᠳᠤ ᠨᠡᠮᠡᠵᠦ ᠤᠭᠰᠠᠷᠠᠬᠤ ᠢᠨᠵᠧᠨᠧᠷᠢᠩ ᠢ ᠪᠡᠶᠡᠯᠡᠭᠦᠯᠦᠨ᠎ᠡ᠃ | G6 ᠲᠦᠷᠭᠡᠨ ᠳᠠᠪᠬᠢᠬᠤ ᠵᠠᠰᠠᠮᠠᠯ ᠵᠠᠮ ᠤᠨ ᠴᠢᠩᠱᠠᠨ ᠤ ᠭᠠᠷᠬᠤ ᠵᠠᠮ ᠢ ᠨᠡᠪᠲᠡᠷᠡᠭᠦᠯᠦᠨ ᠠᠰᠢᠭᠯᠠᠯᠲᠠ ᠳᠤ | ᠣᠷᠣᠭᠤᠯᠬᠤ ᠶᠢ ᠳᠥᠯᠭᠢᠨ ᠠᠬᠢᠭᠤᠯᠵᠤ᠂ ᠬᠤᠲᠠ ᠶᠢᠨ ᠲᠣᠭᠤᠷᠢᠭ ᠤᠨ ᠲᠦᠷᠭᠡᠨ ᠳᠠᠪᠬᠢᠬᠤ ᠵᠠᠮ ᠢ ᠨᠡᠪᠲᠡᠷᠡᠭᠦᠯᠦᠨ᠎ᠡ᠃ | 110 ᠤᠯᠤᠰ ᠤᠨ ᠵᠠᠮ ᠤᠨ ᠲᠦᠷᠭᠡᠨ ᠬᠤᠷᠳᠤ ᠶᠢᠨ ᠵᠠᠮ ᠪᠠᠶᠢᠭᠤᠯᠬᠤ ᠠᠵᠠ ᠲᠣᠬᠢᠶᠠᠯ ᠢ ᠭᠦᠢᠴᠡᠳ ᠠᠰᠢᠭᠯᠠᠨ᠂ | ᠴᠢᠩ ᠹᠦ᠋ ᠰᠢᠨ ᠴᠧᠩ᠂ ᠴᠢᠩᠱᠠᠨ ᠹᠧᠩ ᠵᠢᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠵᠠᠮ ᠳᠠᠭᠠᠤ ᠶᠢᠨ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠤᠲᠠ ᠶᠢᠨ | ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠶᠠᠩ ᠱᠠᠨ ᠶᠣᠣ ᠲᠣᠰᠬᠤᠨ ᠬᠢᠭᠡᠳ ᠳ᠋ᠢᠩ ᠳ᠋ᠦ᠋ ᠯᠦᠩ ᠬᠦᠶ | ᠲᠣᠰᠬᠤᠨ᠂ ᠬᠦᠷᠢᠶᠡᠯᠡᠩ ᠲᠣᠭᠤᠷᠢᠭ ᠬᠢᠭᠡᠳ ᠳᠤᠮᠳᠠᠳᠤ ᠤᠯᠤᠰ ᠤᠨ ᠴᠥᠮ᠎ᠡ ᠶᠢᠨ ᠬᠤᠶᠢᠲᠤ ᠬᠡᠰᠡᠭ ᠤᠨ | ᠦᠢᠯᠡᠳᠪᠦᠷᠢ ᠶᠢᠨ ᠲᠣᠭᠤᠷᠢᠭ ᠤᠨ ᠵᠠᠮ ᠢ ᠬᠤᠯᠪᠣᠬᠤ ᠶᠢ ᠪᠡᠶᠡᠯᠡᠭᠦᠯᠵᠦ᠂ ︽ᠬᠤᠲᠠ ᠶᠢ ᠨᠡᠪᠲᠡᠷᠡᠭᠦᠯᠵᠦ ᠲᠣᠰᠬᠤᠨ ᠢ | ᠬᠤᠯᠪᠣᠭᠰᠠᠨ︾ ᠬᠥᠳᠡᠭᠡ ᠲᠣᠰᠬᠤᠨ ᠤ ᠵᠠᠮ ᠤᠨ ᠲᠣᠤᠷ ᠤᠨ ᠪᠠᠶᠢᠷᠢᠰᠢᠯ ᠢ ᠪᠣᠶ ᠪᠣᠯᠭᠠᠨ᠎ᠠ᠃ | ᠬᠤᠳᠠ ᠬᠥᠳᠡᠭᠡ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠪᠠ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠬᠤ ᠶᠢ ᠤᠭᠲᠤᠬᠤ ᠠᠵᠢᠯ ᠢ ᠭᠦᠨᠵᠡᠭᠡᠶ ᠳᠥᠯᠭᠢᠨ | ᠠᠬᠢᠭᠤᠯᠵᠤ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠮᠬᠢ ᠳᠢᠭᠯᠢᠮ ᠢ ᠲᠣᠤᠷᠵᠢᠭᠤᠯᠤᠨ ᠰᠢᠯᠭᠠᠨ | ᠦᠨᠡᠯᠡᠬᠦ᠂ ᠪᠠᠶᠢᠩᠭᠤᠵᠢᠭᠤᠯᠤᠨ ᠪᠠᠲᠤᠯᠠᠬᠤ᠂ ᠨᠠᠷᠢᠯᠢᠬᠵᠢᠭᠤᠯᠤᠨ ᠬᠠᠮᠢᠶᠠᠷᠬᠤ ᠬᠠᠮᠢᠶ᠎ᠠ ᠪᠥᠬᠦᠶ ᠲᠦᠷᠢᠮ ᠢ | ᠨᠠᠶᠢᠳᠠᠪᠤᠷᠢᠵᠢᠭᠤᠯᠤᠨ᠎ᠠ᠃ ᠬᠤᠳᠠ ᠶᠢᠨ ᠠᠷᠬᠠᠭ ᠭᠡᠮ ᠢ ᠵᠠᠰᠠᠬᠤ ᠶᠢ ᠤᠯᠠᠮ ᠨᠢᠭᠡ ᠠᠯᠬᠤᠮ ᠴᠢᠩᠭ᠎ᠠ ᠠᠳᠬᠤᠵᠤ᠂ | ︽ᠡᠭᠦᠳᠡᠨ ᠡᠮᠦᠨ᠎ᠡ ᠬᠤᠶᠢᠨ᠎ᠠ ᠭᠤᠷᠪᠠ ᠶᠢ ᠳᠠᠭᠠᠭᠠᠴᠢᠯᠠᠭᠤᠯᠬᠤ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ᠂ ᠨᠣᠬᠠᠶ ᠲᠡᠵᠢᠭᠡᠬᠦ ᠶᠢ ᠵᠢᠷᠤᠮᠵᠢᠭᠤᠯᠬᠤ ᠵᠡᠷᠭᠡ ᠠᠷᠪᠠᠨ ᠶᠡᠭᠡ ᠴᠡᠭᠴᠡᠯᠡᠨ | ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠢᠯᠣᠭᠤᠳᠬᠤ ᠲᠠᠪᠴᠠᠩ ᠢ ᠲᠠᠰ ᠳᠡᠪᠰᠢᠭᠦᠯᠵᠦ᠂ ︽ᠭᠤᠷᠪᠠᠳᠤᠭᠠᠷ ᠳᠡᠰ ᠤᠨ ᠵᠡᠭᠡᠯᠢ ᠶᠢᠨ ᠳᠠᠷᠤᠭ᠎ᠠ︾ | ᠶᠢᠨ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ᠂ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢ ᠨᠠᠷᠢᠯᠢᠭ | ᠣᠨᠣᠴᠠᠲᠠᠶ ᠪᠣᠯᠭᠠᠬᠤ ᠶᠢ ᠪᠡᠶᠡᠯᠡᠭᠦᠯᠦᠨ᠎ᠡ᠃ ᠣᠶᠤᠨᠴᠢ ᠪᠠᠷ ᠲᠡᠷᠭᠡ ᠵᠣᠭᠰᠣᠭᠠᠬᠤ ᠪᠥᠲᠥᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠡᠭ ᠤᠨ ᠠᠵᠢᠯ ᠢ ᠰᠦᠪᠡᠭᠴᠢᠯᠡᠨ ᠬᠡᠷᠡᠭᠵᠢᠭᠦᠯᠵᠦ᠂ ᠬᠥᠭᠵᠢᠶᠡᠨ ᠨᠠᠷᠭᠢᠶᠠᠨ ᠲᠠᠢ ᠵᠠᠮ ᠤᠨ | ᠬᠡᠰᠡᠭ ᠤᠨ ᠲᠡᠷᠭᠡ ᠵᠣᠭᠰᠣᠭᠠᠬᠤ ᠪᠠᠶᠢᠷᠢ ᠶᠢ ᠡᠷᠭᠢᠯᠳᠦᠭᠦᠯᠦᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠵᠠᠰᠠᠭ ᠤᠨ | ᠣᠷᠳᠣᠨ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠬᠤᠳᠠᠯᠳᠤᠨ ᠠᠪᠬᠤ ᠲᠣᠭᠲᠠᠴᠠ ᠶᠢ | ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂ ︽ᠭᠤᠷᠪᠠᠨ ᠬᠤᠷᠰᠢᠶ᠎ᠠ ᠬᠠᠮᠲᠤᠷᠠᠨ ᠬᠥᠳᠡᠯᠦᠯᠴᠡᠬᠦ︾ | ᠵᠠᠰᠠᠯᠲᠠ ᠶᠢᠨ ᠵᠠᠭᠪᠤᠷ ᠢ ᠪᠦᠷᠢᠨᠰᠢᠬᠦᠯᠦᠨ᠎ᠠ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠠᠳᠠᠯ ᠠᠬᠤᠶ ᠶᠢᠨ ︽ᠭᠤᠷᠪᠠ ᠶᠢ ᠬᠠᠩᠭᠠᠬᠤ ᠨᠢᠭᠡ ᠦᠢᠯᠡᠰ︾ ᠤᠨ | ᠪᠠ ᠬᠠᠭᠤᠴᠢᠨ ᠵᠢᠵᠢᠭ ᠲᠣᠭᠤᠷᠢᠭ ᠢ ᠶᠡᠷᠦᠩᠬᠡᠶᠢᠯᠡᠨ ᠵᠠᠰᠠᠵᠤ ᠥᠭᠡᠷᠡᠴᠢᠯᠡᠭᠰᠡᠨ ᠦᠷ᠎ᠡ ᠪᠦᠲᠦᠭᠡᠯ ᠢ ᠪᠦᠲᠦᠮᠵᠢᠲᠡᠶ | ᠠᠰᠢᠭᠯᠠᠵᠤ᠂ ᠨᠠᠷᠠᠲᠤ ᠲᠡᠮᠳᠡᠭᠲᠦ ᠠᠳᠠᠯ ᠠᠬᠤᠶ ᠶᠢᠨ ᠺᠣᠮᠫᠠᠨᠢ ᠶᠢ ᠣᠯᠠᠨ ᠲᠠᠯ᠎ᠠ ᠠᠴᠠ ᠣᠷᠣᠭᠤᠯᠤᠨ ᠠᠪᠴᠢᠷᠠᠵᠤ᠂ | ᠵᠢᠵᠢᠭ ᠲᠣᠭᠤᠷᠢᠭ ᠢ ᠲᠠᠩᠰᠠ ᠡᠪᠬᠡᠮᠡᠯ ᠳᠤ ᠣᠷᠣᠭᠤᠯᠤᠨ ᠠᠵᠢᠯᠯᠠᠭᠤᠯᠤᠨ᠎ᠠ᠃ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠳᠠ ᠬᠥᠳᠡᠭᠡ ᠶᠢᠨ ᠠᠭᠤᠯᠵᠠᠷ ᠭᠠᠵᠠᠷ ᠤᠨ | ᠠᠶᠢᠯ ᠲᠣᠰᠬᠤᠨ ᠤ ᠬᠤᠳᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠭᠰᠡᠨ | ᠠᠵᠢᠯᠯᠠᠭᠠᠨ ᠤ ᠬᠡᠪ ᠵᠠᠭᠪᠤᠷ ᠢ ᠰᠦᠪᠡᠭᠴᠢᠯᠡᠨ᠎ᠡ᠃ | ᠠᠮᠢ ᠠᠬᠤᠶ ᠶᠢᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠵᠠᠰᠠᠪᠤᠷᠢᠯᠠᠨ᠎ᠠ᠃ ᠬᠥᠷᠥᠰᠥ ᠰᠢᠷᠣᠶ ᠶᠢᠨ ᠣᠷᠴᠢᠨ | ᠠᠬᠤᠶ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ | ᠠᠬᠤᠶ ᠶᠢ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠵᠦ᠂ ᠠᠶᠤᠯᠲᠠᠶ ᠬᠠᠶᠠᠭᠳᠠᠮᠠᠯ ᠪᠣᠳᠠᠰ ᠢ ᠬᠠᠤᠯᠢ | ᠪᠤᠰᠤ ᠪᠠᠷ ᠰᠢᠯᠵᠢᠭᠦᠯᠦᠨ ᠰᠢᠢᠳᠪᠦᠷᠢᠯᠡᠬᠦ ᠶᠢ ᠪᠦᠬᠦ ᠲᠠᠯ᠎ᠠ ᠪᠠᠷ ᠬᠤᠷᠢᠭᠯᠠᠨ᠎ᠠ᠃ ᠨᠢᠭᠡᠳᠦᠭᠡᠷ ᠮᠠᠰᠢᠨ ᠦᠢᠯᠡᠳᠬᠦ | ᠪᠦᠯᠦᠭᠯᠡᠯ ᠤᠨ 845 ᠱᠤᠭᠤᠮ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠪᠣᠭᠠᠯᠠᠬᠤ ᠲᠠᠯᠠᠪᠠᠶ ᠶᠢ | ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢ ᠪᠦᠲᠦᠮᠵᠢᠲᠡᠶ ᠠᠰᠢᠭᠯᠠᠵᠤ᠂ ᠪᠣᠬᠢᠷᠲᠤᠯ ᠥᠬᠡᠶ ᠠᠮᠢ ᠠᠬᠤᠶ ᠶᠢᠨ | ᠦᠵᠡᠮᠵᠢ ᠶᠢ ᠢᠳᠡᠪᠬᠢᠲᠡᠶ ᠪᠠᠷ ᠪᠣᠶ ᠪᠣᠯᠭᠠᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠡᠨᠧᠷᠭᠢ ᠠᠷᠪᠢᠯᠠᠵᠤ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠨ ᠠᠬᠢᠭᠤᠯᠤᠨ᠎ᠠ᠃ ᠡᠨᠧᠷᠭᠢ ᠶᠢᠨ | ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ | ᠬᠠᠷᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠠᠭᠠᠷ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠵᠤ᠂ ᠠᠵᠤ ᠠᠬᠤᠶᠢᠯᠠᠯ ᠤᠨ ᠬᠠᠶᠠᠭᠳᠠᠮᠠᠯ ᠬᠡᠶ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ᠂ | ᠬᠤᠸᠠᠷ ᠫᠤᠤᠵᠢᠩ ᠲᠠᠯᠪᠢᠬᠤ ᠶᠢᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠡᠭᠦᠰᠬᠦ ᠶᠢ ᠪᠠᠭᠠᠰᠬᠠᠨ᠎ᠠ᠃ ᠤᠰᠤᠨ ᠤ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ | ᠭᠠᠳᠠᠭᠰᠢᠯᠠᠭᠤᠯᠬᠤ ᠥᠬᠡᠶ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠪᠣᠬᠢᠷ ᠦᠮᠡᠬᠡᠶ ᠤᠰᠤᠨ | ᠴᠣᠭᠴᠠ ᠶᠢ ᠴᠡᠭᠴᠡᠯᠡᠨ ᠵᠠᠰᠠᠬᠤ ᠵᠡᠷᠭᠡ ᠠᠵᠢᠯ ᠤᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠥᠷᠢᠮ ᠢ ᠪᠠᠶᠢᠭᠤᠯᠤᠨ᠎ᠠ᠃ ᠳᠠᠯᠠᠨ ᠬᠠᠷ᠎ᠠ | ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢ ᠰᠡᠷᠭᠦᠭᠡᠬᠦ ᠪᠠ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ | ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ 1 ᠲᠦᠮᠡᠨ ᠮᠥ ᠰᠢᠨ᠎ᠡ ᠪᠠᠷ ᠣᠶᠢᠵᠢᠭᠤᠯᠵᠤ᠂ 7.9 ᠲᠦᠮᠡᠨ ᠮᠥ | ᠣᠶᠢᠲᠤ ᠭᠠᠵᠠᠷ ᠢ ᠠᠷᠠᠴᠢᠯᠠᠨ ᠬᠠᠮᠠᠭᠠᠯᠠᠵᠤ ᠲᠠᠰ ᠳᠡᠪᠰᠢᠭᠦᠯᠵᠦ᠂ 3000 ᠮᠥ ᠠᠭᠤᠷᠬᠠᠶ ᠶᠢᠨ ᠣᠷᠴᠢᠨ | ᠲᠣᠭᠤᠷᠢᠨ ᠢ ᠵᠠᠰᠠᠬᠤ ᠣᠷᠣᠨ ᠪᠦᠰᠡ ᠶᠢ ᠪᠡᠶᠡᠯᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠢᠯᠢ ᠶᠢᠨ ᠵᠠᠭᠠᠭ ᠲᠤ ᠲᠣᠬᠢᠷᠠᠭᠤᠯᠤᠯᠲᠠ ᠬᠢᠬᠦ ᠠᠵᠠ ᠲᠣᠬᠢᠶᠠᠯ ᠳᠤ ᠲᠦᠰᠢᠭᠯᠡᠨ᠂ | ᠪᠣᠬᠢᠷᠲᠤᠯ ᠥᠬᠡᠶ ᠠᠮᠢ ᠠᠬᠤᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠤᠭᠤᠲᠤ ᠶᠢᠨ | ᠬᠤᠲᠠ ᠶᠢᠨ ᠲᠣᠭᠤᠷᠢᠭ ᠤᠨ ᠬᠤᠶᠢᠲᠤ ᠬᠡᠰᠡᠭ ᠤᠨ ᠨᠤᠲᠤᠭ ᠤᠨ ᠤᠷᠭᠤᠮᠠᠯ ᠤᠨ ᠬᠦᠷᠢᠶᠡᠯᠡᠩ ᠢ ᠪᠠᠶᠢᠭᠤᠯᠵᠤ᠂ | ᠬᠥᠬᠡᠮᠳᠦᠭ ᠨᠣᠭᠤᠭᠠᠨ ᠠᠭᠤᠯᠠ ᠤᠰᠤ ᠶᠢ ᠴᠢᠩᠱᠠᠨ ᠤ ᠠᠷᠠᠳ ᠲᠦᠮᠡᠨ ᠤ ︽ᠵᠣᠯ ᠵᠢᠷᠭᠠᠯᠲᠤ ᠥᠯᠥ ᠬᠥᠳᠡᠯᠬᠦ | ᠬᠥᠷᠥᠩᠭᠡ︾ ᠪᠣᠯᠭᠠᠨ᠎ᠠ᠃ | ︵ᠲᠠᠪᠤ︶ ᠠᠷᠠᠳ ᠤᠯᠠᠨ ᠤ ᠬᠦᠰᠡᠨ ᠡᠷᠡᠮᠡᠯᠵᠡᠵᠦ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠨ ᠵᠦᠢᠯ ᠢ ᠪᠠᠲᠤᠯᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠᠷ ᠬᠦᠴᠦᠯᠡᠨ | ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ | ᠨᠡᠶᠢᠭᠡᠮ ᠤᠨ ᠪᠠᠲᠤᠯᠠᠭ᠎ᠠ ᠶᠢᠨ ᠲᠣᠣᠷ ᠰᠦᠯᠵᠢᠶ᠎ᠡ ᠶᠢ ᠨᠢᠭᠲᠠ ᠪᠥᠭᠡᠳ ᠪᠠᠲᠤ ᠰᠦᠯᠵᠢᠨ᠎ᠡ᠃ ᠪᠥᠬᠦ | ᠤᠯᠤᠰ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠣᠷᠣᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠠᠷᠠᠳ ᠤᠨ | ᠶᠠᠪᠤᠳᠠᠯ ᠤᠨ ᠶᠠᠮᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠦᠨᠳᠦᠰᠦᠨ ᠱᠠᠲᠤᠨ ᠤ ᠬᠠᠷᠢᠯᠴᠠᠬᠤ ᠴᠡᠭ ᠤᠨ | ᠠᠵᠢᠯ ᠢ ᠬᠢᠨᠠᠮᠠᠭᠠᠶ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠥᠳᠥᠭᠡᠨ ᠪᠠᠶᠢᠭᠤᠯᠤᠯᠲᠠ ᠶᠢ ᠦᠷᠭᠦᠯᠵᠢᠯᠡᠨ ᠲᠥᠯᠬᠢᠨ ᠠᠬᠢᠭᠤᠯᠵᠤ᠂ | ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠠᠬᠢᠴᠠ ᠶᠢ ᠲᠦᠷᠭᠡᠳᠬᠡᠨ᠎ᠡ᠃ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ᠣᠯᠠᠨ ᠰᠠᠯᠠᠭ᠎ᠠ ᠮᠥᠴᠢᠷ ᠤᠨ ᠬᠠᠮᠲᠤᠷᠠᠨ ᠪᠠᠶᠢᠴᠠᠭᠠᠬᠤ ᠶᠢ ᠠᠬᠢᠭᠤᠯᠤᠨ᠎ᠠ᠃ ᠬᠠᠷᠰᠢ ᠰᠠᠭᠠᠳ ᠥᠬᠡᠶ ᠥᠭᠡᠷᠡᠴᠢᠯᠡᠬᠦ | ᠢᠨᠵᠧᠨᠧᠷᠢᠩ ᠢ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠴᠢᠩᠱᠠᠨ ᠲᠣᠭᠤᠷᠢᠭ ᠤᠨ ᠵᠡᠮᠳᠡᠭᠴᠦᠳ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠥᠪ ᠢ ᠪᠠᠶᠢᠭᠤᠯᠤᠨ᠎ᠠ᠃ ᠤᠯᠤᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠪᠤᠭᠤᠲᠤ ᠬᠤᠲᠠ ᠶᠢᠨ | ᠴᠢᠩᠱᠠᠨ ᠲᠣᠭᠤᠷᠢᠭ ᠤᠨ ᠠᠷᠠᠴᠢᠯᠠᠨ ᠬᠠᠮᠠᠭᠠᠯᠠᠬᠤ ᠬᠦᠷᠢᠶᠡᠯᠡᠩ ᠤᠨ ᠲᠥᠷᠥᠯ ᠵᠦᠢᠯ ᠢ ᠵᠢᠯ ᠤᠨ ᠳᠣᠲᠣᠷ᠎ᠠ ᠭᠤᠤᠯ | ᠴᠣᠭᠴᠠ ᠶᠢᠨ ᠠᠵᠢᠯ ᠳᠠᠭᠤᠰᠬᠠᠬᠤ ᠪᠠᠷ ᠴᠢᠷᠮᠠᠶᠢᠨ᠎ᠠ᠃ ︽ᠨᠠᠰᠤᠲᠠᠶᠢᠴᠤᠳ ᠵᠠᠯᠠᠭᠤᠴᠤᠳ ᠤᠨ ᠴᠡᠩᠭᠡᠯ ᠤᠨ | ᠬᠦᠷᠢᠶᠡᠯᠡᠩ︾ ᠢ ᠰᠢᠨ᠎ᠡ ᠪᠠᠷ 5 ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ | ᠤᠯᠠᠮ ᠨᠢᠭᠡ ᠬᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠢ ᠰᠢᠯᠢᠳᠡᠭᠵᠢᠭᠦᠯᠵᠦ᠂ | ᠲᠥᠪᠯᠡᠷᠡᠭᠦᠯᠦᠨ ᠬᠠᠮᠢᠶᠠᠷᠴᠤ ᠡᠵᠡᠩᠨᠡᠵᠦ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠣᠤᠷ | ᠰᠦᠯᠵᠢᠶ᠎ᠡ ᠶᠢ ᠪᠠᠶᠢᠭᠤᠯᠤᠨ᠂ ᠬᠡᠷ ᠪᠦᠯᠢ ᠶᠢᠨ ᠬᠠᠷᠠᠭᠠᠯᠵᠠᠨ ᠠᠰᠠᠷᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠬᠤᠶᠠᠷ ᠢ | ᠬᠦᠷᠢᠶᠡᠯᠡᠬᠦ ᠵᠢᠱᠢᠶᠡᠴᠢ ᠶᠢ ᠡᠭᠦᠳᠦᠨ ᠪᠠᠶᠢᠭᠤᠯᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠥᠬᠦ | ᠤᠯᠤᠰ ᠤᠨ ᠵᠢᠱᠢᠶ᠎ᠡ ᠦᠵᠡᠭᠦᠯᠬᠦ ᠮᠠᠶ᠋ᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ 2 | ᠪᠠᠶᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠠᠭ᠋ᠠᠶ ᠪᠠᠭᠰᠢ | ᠰᠦᠯᠵᠢᠶ᠎ᠡ ᠶᠢᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠶᠡᠷᠦᠩᠬᠡᠶ ᠭᠠᠵᠠᠷ ᠤᠨ ᠬᠦᠷᠢᠶᠡᠯᠡᠩ ᠲᠣᠭᠤᠷᠢᠭ ᠵᠡᠷᠭᠡ | ᠨᠡᠪᠴᠢᠭᠦᠯᠬᠦ ᠰᠠᠭᠤᠷᠢᠨ ᠭᠠᠵᠠᠷ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ | ᠵᠢᠯ ᠳᠤ 1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠶᠢᠨ 3000 ᠠᠵᠢᠯ | ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 1800 ᠬᠥᠮᠦᠨ ᠳᠤ ᠳᠠᠬᠢᠨ ᠠᠵᠢᠯ | ᠤᠯᠭᠤᠬᠤ ᠶᠢ ᠪᠠᠲᠤᠯᠠᠵᠦ᠂ 7000 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠲᠠᠯᠪᠢᠵᠤ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠠᠶᠢᠳᠠᠯ ᠢ ᠴᠡᠪᠡᠷ ᠪᠠᠶᠢᠯᠭᠠᠬᠤ ᠶᠢ | ᠪᠠᠲᠤᠯᠠᠨ᠎ᠠ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠾᠧᠩ ᠳ᠋ᠠ | ᠰᠤᠷᠭᠠᠭᠤᠯᠢ ᠶᠢᠨ ᠣᠷᠳᠣᠨ ᠤ ᠶᠢᠰᠦᠨ ᠵᠢᠯ ᠤᠨ ᠳᠦᠷᠢᠮᠲᠦ ᠰᠤᠷᠭᠠᠭᠤᠯᠢ ᠪᠠ ᠬᠠᠳᠠ ᠵᠠᠮ ᠤᠨ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠵᠤ᠂ ᠤᠮᠠᠷᠠᠲᠤ ᠶᠢᠨ ᠬᠦᠨᠳᠦ ᠠᠵᠦ | ᠦᠢᠯᠡᠳᠪᠦᠷᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠ ᠵᠥᠩ ᠴᠧᠩ ᠣᠯᠠᠨ | ᠤᠯᠤᠰ ᠤᠨ᠂ ᠸᠠᠨ ᠺᠧ᠂ ᠯᠢᠦ ᠾᠧ ᠴᠧᠩ ᠬᠡᠤᠬᠡᠳ ᠤᠨ ᠴᠡᠴᠡᠷᠯᠢᠭ ᠢ ᠡᠨᠡ ᠵᠢᠯ ᠤᠨ ᠳᠣᠲᠣᠷ᠎ᠠ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾ ᠶᠢ | ᠪᠠᠷᠢᠮᠲᠠᠯᠠᠨ᠂ ᠰᠣᠷᠣᠭᠴᠢ ᠣᠯᠠᠨᠲᠠᠶ ᠠᠩᠭᠢ ᠶᠢᠨ ᠲᠤᠭ᠎ᠠ ᠶᠢ ᠬᠢᠵᠠᠭᠠᠷᠯᠠᠬᠤ᠂ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠪᠠᠨ ᠪᠠᠲᠤᠯᠠᠬᠤ ᠠᠵᠢᠯ ᠤᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠪᠠᠭᠠᠴᠤᠳ ᠤᠨ ᠣᠷᠳᠣᠨ ᠤ ᠦᠢᠯᠡᠴᠢᠯᠡᠭᠡᠨ ᠤ ᠬᠠᠮᠲᠤᠯᠢᠭ ᠢ ᠥᠷᠭᠡᠳᠬᠡᠵᠦ᠂ | ᠲᠤᠰᠬᠠᠢ ᠲᠦᠷᠦᠯ ᠤᠨ ᠭᠡᠷ ᠤᠨ ᠠᠬᠠᠮᠠᠳ ᠤᠨ ᠰᠤᠷᠭᠠᠭᠤᠯᠢ ᠶᠢ ᠪᠠᠶᠢᠭᠤᠯᠵᠤ᠂ ᠪᠦᠬᠦ ᠨᠠᠰᠤᠨ ᠤ ᠱᠠᠳᠤ ᠶᠢ | ᠬᠠᠮᠤᠷᠤᠭᠰᠠᠨ ᠬᠤᠳᠠ ᠶᠢᠨ ᠠᠷᠠᠳ ᠤᠨ ᠰᠤᠷᠭᠠᠨ ᠬᠥᠮᠦᠵᠢᠯ ᠤᠨ ᠲᠥᠪ ᠢ ᠪᠠᠶᠢᠭᠤᠯᠤᠨ᠎ᠠ᠃ ᠬᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠴᠢᠩᠱᠠᠨ ᠲᠣᠭᠤᠷᠢᠭ ᠤᠨ | ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠮᠨᠡᠯᠭᠡ ᠳᠤ ᠰᠠᠭᠤᠬᠤ ᠶᠡᠷᠦᠩᠬᠡᠶᠢᠯᠡᠭᠰᠡᠨ ᠠᠰᠠᠷ ᠤᠨ ᠲᠥᠷᠥᠯ | ᠵᠦᠢᠯ ᠢ ᠵᠢᠯ ᠤᠨ ᠰᠡᠭᠦᠯᠴᠢ ᠪᠡᠶᠡᠯᠡᠭᠦᠯᠬᠦ ᠪᠠᠷ ᠴᠢᠷᠮᠠᠶᠢᠨ᠎ᠠ᠃ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠶᠢ | ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ | ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠸᠠᠺᠼᠢᠨ ᠤ ᠲᠠᠷᠢᠯᠭ᠎ᠠ ᠶᠢᠨ ᠠᠵᠢᠯ ᠢ | ᠰᠠᠶᠢᠲᠤᠷ ᠬᠢᠨ᠎ᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠤᠰ ᠲᠥᠷᠥ | ᠰᠤᠷᠭᠠᠭᠤᠯᠢ ᠠᠵᠤ ᠠᠬᠤᠶᠢᠯᠠᠯ ᠬᠤᠷᠰᠢᠶ᠎ᠠ ᠶᠢᠨ ᠬᠠᠮᠲᠤᠷᠠᠯᠴᠠᠭᠠᠨ ᠤ ᠰᠣᠶᠣᠯ ᠤᠨ ᠪᠦᠲᠦᠭᠡᠯᠴᠢ ᠦᠢᠯᠡᠳᠭᠦᠨ ᠢ | ᠰᠤᠳᠤᠯᠤᠨ ᠨᠡᠭᠡᠭᠡᠬᠦ᠂ ᠳᠡᠯᠭᠡᠨ ᠦᠵᠡᠭᠦᠯᠬᠦ ᠪᠠ ᠬᠡᠷᠡᠭᠯᠡᠬᠦ ᠶᠢ ᠴᠢᠩᠭᠠᠳᠬᠠᠵᠤ᠂ ᠴᠡᠷᠢᠭ ᠤᠨ ᠠᠵᠤ ᠦᠢᠯᠡᠳᠪᠦᠷᠢ ᠶᠢᠨ | ᠵᠣᠷᠢᠭ ᠰᠠᠨᠠᠭ᠎ᠠ ᠶᠢ ᠪᠠᠳᠠᠷᠠᠭᠤᠯᠤᠨ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ | ᠠᠬᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ | ᠰᠢᠷᠢᠰ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠰᠣᠶᠣᠯ ᠤᠨ ᠣᠷᠳᠣᠨ ᠢ ᠨᠡᠭᠦᠯᠭᠡᠬᠦ ᠪᠠ ᠤᠷᠠᠨ ᠵᠢᠷᠤᠭ ᠤᠨ | ᠣᠷᠳᠣᠨ ᠳᠤ ᠫᠠᠶᠢᠰᠠ ᠡᠯᠭᠦᠬᠦ ᠠᠵᠢᠯ ᠢ ᠲᠦᠷᠭᠡᠬᠡᠨ ᠪᠡᠶᠡᠯᠡᠭᠦᠯᠵᠦ᠂ ᠰᠣᠶᠣᠯ ᠤᠨ ᠣᠷᠳᠣᠨ ᠤ ᠤᠯᠤᠰ ᠤᠨ | ᠨᠢᠭᠡᠳᠦᠭᠡᠷ ᠳᠡᠰ ᠤᠨ ᠣᠷᠳᠣᠨ ᠤ ᠦᠨᠡᠯᠡᠨ ᠵᠢᠱᠢᠯᠲᠡ ᠶᠢ ᠤᠷᠤᠭᠰᠢᠲᠠᠶ ᠥᠩᠭᠡᠷᠡᠭᠡᠵᠦ ᠳᠡᠰ ᠲᠣᠭᠲᠠᠭᠠᠬᠤ ᠶᠢ | ᠦᠨᠡᠨ ᠬᠦ ᠪᠠᠲᠤᠯᠠᠨ᠎ᠠ᠃ ᠬᠤᠲᠠ ᠶᠢᠨ ᠪᠡᠶ᠎ᠡ ᠶᠢᠨ ᠲᠠᠮᠢᠷ ᠤᠨ ᠲᠥᠪ ᠤᠨ ᠡᠵᠡᠩᠨᠡᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ATP ᠣᠯᠠᠨ ᠤᠯᠤᠰ ᠤᠨ ᠲᠣᠤᠷ ᠪᠥᠮᠪᠦᠭᠡ ᠶᠢᠨ ᠥᠷᠢᠰᠥᠯᠳᠦᠭᠡᠨ ᠤ ᠤᠷᠤᠯᠳᠤᠭᠠᠨ᠂ ᠪᠥᠬᠦ | ᠤᠯᠤᠰ ᠤᠨ ᠡᠷᠡᠭᠲᠡᠶ ᠶᠢᠨ ᠤᠰᠤᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠬᠤᠯᠪᠣᠭᠠᠲᠤ ᠤᠷᠤᠯᠳᠤᠭᠠᠨ ᠵᠡᠷᠭᠡ | ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠤᠷᠤᠯᠳᠤᠭᠠᠨ ᠢ ᠡᠷᠭᠢᠯᠡᠵᠦ᠂ ᠭᠤᠷᠪᠠᠳᠤᠭᠠᠷ ᠳᠡᠰ ᠤᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠤᠨ ᠥᠷᠲᠡᠭᠡ ᠴᠡᠭ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠦᠷᠭᠡᠨ ᠳᠡᠯᠭᠡᠷ | ᠶᠠᠪᠤᠭᠳᠠᠬᠤ ᠶᠢ ᠠᠬᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠷᠢᠮᠲᠠᠯᠠᠨ᠎ᠠ᠃ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ | ᠴᠢᠨᠠᠷᠲᠠᠶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠶ | ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠣᠨᠴᠠ | ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠠᠷᠠᠳ ᠤᠯᠠᠨ ᠤ ᠡᠮ ᠬᠡᠷᠡᠭᠯᠡᠬᠦ ᠠᠮᠤᠷ ᠲᠦᠪᠰᠢᠨ ᠢ ᠬᠦᠴᠦᠯᠡᠨ | ᠪᠠᠲᠤᠯᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠲᠤᠰᠬᠠᠶ ᠪᠠᠶᠢᠴᠠᠭᠠᠯᠲᠠ ᠶᠢ ᠴᠢᠩᠭᠠᠳᠬᠠᠨ᠎ᠠ᠃ ︽ᠴᠢᠩ ᠠᠨ | ᠠᠵᠤ ᠠᠬᠤᠶᠢᠯᠠᠯ ᠤᠨ ᠢᠲᠡᠭᠡᠮᠵᠢ︾ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠰᠢᠰᠲ᠋ᠧᠮ ᠢ ᠲᠡᠭᠦᠯᠳᠡᠷᠵᠢᠭᠦᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠭ᠎ᠠ ᠶᠢ ᠬᠦᠯᠢᠶᠡᠨ ᠠᠪᠴᠤ ᠪᠣᠯᠵᠣᠨ | ᠰᠤᠷᠪᠤᠯᠵᠢᠯᠠᠬᠤ ᠪᠠ ᠬᠡᠷᠡᠭ ᠢ ᠳᠠᠭᠠᠭᠠᠴᠢᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠲᠦᠷᠢᠮ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠳᠤᠳᠬᠠᠨ᠎ᠠ᠃ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠶᠢᠩ ᠪᠢᠨ ᠳ᠋ᠤᠤ᠂ ᠴᠢᠩ ᠹᠦ᠋ ᠪᠠᠯᠭᠠᠰᠤᠨ ᠤ ᠲᠣᠮᠢᠯᠠᠭᠰᠠᠨ ᠰᠠᠯᠪᠤᠷᠢ ᠶᠢ | ᠰᠢᠨ᠎ᠡ ᠪᠠᠷ ᠪᠠᠶᠢᠭᠤᠯᠵᠤ᠂ ᠬᠤᠣᠷᠲᠤ ᠡᠳ᠋ ᠢ ᠴᠠᠭᠠᠵᠠᠯᠠᠵᠤ ᠴᠡᠭᠡᠷᠯᠡᠬᠦ᠂ ᠠᠵᠤ ᠠᠬᠤᠢ ᠶᠢᠨ ᠲᠤᠷᠰᠢᠨ | ᠪᠠᠶᠢᠴᠠᠭᠠᠯᠲᠠ ᠶᠢᠨ ᠳᠠᠷᠤᠭᠳᠠᠭᠰᠠᠨ ᠬᠡᠷᠡᠭ ᠢ ᠢᠯᠡᠷᠡᠭᠦᠯᠬᠦ ᠵᠡᠷᠭᠡ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢ | ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠢᠴᠢ ᠲᠡᠭᠦᠨ ᠤ ︽ᠬᠠᠮᠠᠭᠠᠯᠠᠭᠴᠢ ᠰᠢᠬᠦᠷ︾ ᠳᠤ | ᠡᠷᠡᠰ ᠭᠤᠶᠢᠪᠢᠰᠢ ᠦᠭᠡᠢ ᠴᠣᠬᠢᠯᠲᠠ ᠥᠭᠴᠦ᠂ ᠬᠤᠳᠠ ᠬᠥᠳᠡᠭᠡ ᠶᠢ ᠨᠡᠩ ᠠᠮᠤᠷ ᠲᠣᠭᠲᠠᠭᠤᠨ᠂ ᠤᠯᠠᠨ ᠲᠦᠮᠡᠨ ᠢ | ᠨᠡᠩ ᠠᠮᠤᠷ ᠵᠢᠷᠭᠠᠯ ᠲᠠᠢ ᠪᠣᠯᠭᠠᠨ᠎ᠠ᠃ | ᠡᠭᠦᠨ ᠤ ᠬᠠᠮᠲᠤ᠂ ᠪᠢᠳᠡ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠲᠠ ᠪᠠ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠵᠡᠷᠭᠡ ᠪᠠᠷ ᠳᠡᠭᠡᠭᠰᠢᠯᠡᠭᠦᠯᠬᠦ ᠶᠢ ᠳᠥᠯᠭᠢᠨ | ᠠᠬᠢᠭᠤᠯᠵᠤ᠂ ᠱᠠᠰᠢᠨ ᠰᠤᠷᠲᠠᠬᠤᠨ᠂ ᠣᠶᠢᠯᠠᠯᠭ᠎ᠠ᠂ ᠠᠬᠠᠮᠠᠳ ᠺᠠᠳ᠋ᠷ᠂ ᠡᠮᠡᠭᠲᠡᠶᠢᠴᠦᠳ ᠬᠡᠤᠬᠡᠳ᠂ ᠬᠤᠶᠢᠴᠢ | ᠦᠶ᠎ᠡ ᠶᠢᠨ ᠬᠢᠨ ᠢᠶᠠᠨ᠂ ᠤᠯᠠᠭᠠᠨ ᠵᠠᠭᠠᠯᠮᠠᠶᠢᠲᠠᠨ ᠢ ᠬᠠᠯᠠᠮᠵᠢᠯᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠬᠢᠬᠦ ᠬᠡᠷᠡᠭᠲᠡᠶ᠃ | ︵ᠵᠢᠷᠭᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠤᠷᠲᠠᠯ ᠢᠶᠠᠨ ᠬᠤᠪᠢᠷᠠᠭᠤᠯᠬᠤ ᠶᠢ ᠲᠦᠷᠭᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ | ᠤᠯᠤᠰ ᠲᠦᠷᠦ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ᠃ ᠵᠥᠪ ᠣᠨᠣᠪᠴᠢᠲᠠᠶ ᠤᠯᠤᠰ | ᠲᠥᠷᠥ ᠶᠢᠨ ᠴᠢᠭᠯᠡᠯ ᠢ ᠢᠮᠠᠭᠲᠠ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠡᠷᠡᠰ ᠭᠦᠢᠴᠡᠳᠬᠡᠵᠦ᠂ ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠠᠶᠢᠭᠤᠯᠤᠯᠲᠠ ᠶᠢᠨ ᠦᠨᠢᠳᠡ ᠶᠢᠨ ᠰᠡᠳᠦᠪ ᠪᠣᠯᠭᠠᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠦᠨᠡᠨᠬᠦ ᠦᠢᠯᠡ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ | ᠪᠠᠶᠢᠬᠤ ᠶᠢ ᠲᠠᠶᠢᠯᠪᠤᠷᠢᠯᠠᠵᠤ᠂ ᠦᠷ᠎ᠡ ᠪᠦᠲᠦᠮᠵᠢ ᠪᠠᠷ ᠢᠶᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠢᠯᠡᠷᠡᠭᠦᠯᠬᠦ ᠬᠡᠷᠡᠭᠲᠡᠢ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠦᠨᠳᠦᠰᠦᠨ ᠬᠠᠤᠯᠢ ᠬᠠᠤᠯᠢ | ᠴᠠᠭᠠᠵᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠬᠡᠷᠡᠭᠵᠢᠭᠦᠯᠬᠦ᠂ ᠬᠠᠤᠯᠢ ᠶᠣᠰᠣᠭᠠᠷ | ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠡᠷᠡᠭ ᠡᠷᠬᠢᠯᠡᠬᠦ ᠶᠢ ᠪᠠᠷᠢᠮᠲᠠᠯᠠᠨ᠎ᠠ᠃ ᠴᠢᠬᠤᠯᠠ ᠶᠡᠭᠡ ᠲᠦᠷᠦ ᠶᠢᠨ | ᠪᠤᠳᠤᠯᠭ᠎ᠠ ᠶᠢᠨ ᠬᠡᠷᠡᠭ ᠤᠨ ᠡᠮᠦᠨ᠎ᠡ ᠦᠨᠡᠯᠡᠨ ᠵᠢᠱᠢᠬᠦ ᠪᠠ ᠬᠡᠷᠡᠭ ᠤᠨ ᠲᠠᠷᠠᠭ᠎ᠠ ᠦᠨᠡᠯᠡᠨ ᠵᠢᠱᠢᠬᠦ ᠲᠦᠷᠢᠮ ᠢ | ᠲᠡᠭᠦᠯᠳᠡᠷᠵᠢᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠵᠦᠢᠯᠡᠰ ᠢ ᠪᠠᠶᠢᠭᠤᠯᠬᠤ᠂ | ᠥᠭᠡᠷᠡᠴᠢᠯᠡᠯᠲᠡ ᠬᠢᠬᠦ ᠶᠢᠨ ᠤᠷᠢᠳᠠᠴᠢ ᠵᠢᠷᠤᠮ ᠪᠠ ᠵᠠᠪᠠᠯ ᠪᠦᠷᠢᠯᠳᠦᠭᠦᠯᠬᠦ ᠨᠥᠬᠦᠴᠡᠯ ᠪᠣᠯᠭᠠᠨ᠎ᠠ᠃ ᠨᠠᠢᠮᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠨᠢᠭᠡᠳᠦᠭᠡᠷ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠲᠦᠷᠦᠯ ᠤᠨ ᠲᠦᠷᠢᠮ︾ ᠢ | ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠪᠴᠢᠶ᠎ᠠ ᠶᠢ ᠲᠥᠯᠥᠪᠯᠡᠨ ᠪᠠᠶᠢᠭᠤᠯᠵᠤ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠤᠯᠤᠰ ᠤᠨ 26 | ᠲᠤᠷᠰᠢᠯᠲᠠ ᠶᠢᠨ ᠴᠡᠭ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ | ᠤᠷᠲᠤᠳᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ | ᠬᠢᠨᠠᠯᠲᠠ ᠪᠠ ᠬᠢᠨᠠᠨ ᠪᠤᠳᠤᠯᠲᠠ ᠶᠢᠨ ᠬᠢᠨᠠᠯᠲᠠ ᠶᠢ ᠴᠢᠩᠭᠠᠳᠬᠠᠨ᠎ᠠ᠃ | ᠬᠦᠴᠦᠨ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠥᠳᠡᠯᠦᠩᠭᠦᠶ ᠪᠠᠷ ᠦᠨᠡᠯᠡᠨ ᠵᠢᠱᠢᠵᠦ ᠬᠢᠨᠠᠯᠲᠠ ᠲᠠᠯᠪᠢᠬᠤ ᠶᠢ | ᠴᠢᠩᠭᠠᠳᠬᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ᠂ ᠱᠠᠯᠠᠪᠳᠠᠭᠤᠯᠤᠨ ᠪᠠᠶᠢᠴᠠᠭᠠᠬᠤ᠂ ᠪᠠᠶᠢᠳᠠᠯ ᠢ ᠮᠡᠳᠡᠭᠡᠯᠡᠬᠦ᠂ | ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠵᠡᠷᠭᠡ ᠪᠢᠲᠡᠭᠦᠦ ᠲᠣᠭᠲᠠᠴᠠ ᠶᠢ ᠴᠢᠩᠭ᠎ᠠ ᠬᠡᠷᠡᠭᠵᠢᠭᠦᠯᠦᠨ᠎ᠡ᠃ | ᠪᠣᠳᠠᠲᠠᠶ ᠪᠠᠷ ᠠᠵᠢᠯᠯᠠᠬᠤ ᠦᠢᠯᠡᠳᠦᠯᠭᠡᠵᠢᠭᠦᠯᠬᠦ ᠪᠣᠳᠠᠲᠤ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ | ᠴᠢᠩᠭᠠᠳᠬᠠᠵᠤ᠂ ᠮᠠᠲ᠋ᠧᠷᠢᠶᠠᠯ ᠢ ᠴᠣᠮᠬᠠᠳᠬᠠᠨ ᠬᠤᠷᠠᠯ ᠢ ᠴᠥᠭᠡᠳᠬᠡᠬᠦ ᠠᠵᠢᠯ ᠢ ᠶᠡᠭᠡ ᠪᠠᠷ ᠬᠢᠵᠦ᠂ ᠪᠠᠶᠢᠴᠠᠭᠠᠨ | ᠰᠤᠳᠤᠯᠤᠯᠲᠠ ᠶᠢ ᠰᠠᠶᠢᠵᠢᠷᠠᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠪᠣᠳᠠᠲᠠᠢ ᠠᠵᠢᠯᠯᠠᠵᠤ | ᠡᠭᠦᠷᠭᠡᠯᠡᠭᠴᠢ ᠳᠤ ᠲᠦᠰᠢᠭ ᠪᠤᠯᠵᠤ ᠡᠷᠴᠢ ᠵᠣᠷᠢᠭ ᠢ ᠨᠢ ᠬᠥᠪᠴᠢᠯᠡᠵᠦ᠂ ᠵᠠᠯᠬᠠᠭᠤ ᠵᠠᠰᠠᠭ ᠦᠬᠡᠨᠴᠡ ᠵᠠᠰᠠᠭ ᠤᠨ | ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ | ᠡᠩᠨᠡᠭᠡ ᠶᠢ ᠪᠠᠶᠢᠭᠤᠯᠵᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠶᠢ ᠡᠭᠦᠳᠬᠦ ᠠᠮᠵᠢᠯᠲᠠ | ᠪᠦᠲᠦᠮᠵᠢ ᠶᠢ ᠲᠡᠮᠡᠴᠡᠨ ᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠶᠢ ᠦᠨᠡᠨ ᠬᠦ ᠭᠦᠢᠴᠡᠳᠬᠡᠨ᠎ᠡ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ | ᠠᠵᠢᠯ ᠤᠨ ᠪᠠᠶᠢᠷᠢ ᠶᠢᠨ ᠬᠢᠨᠠᠯᠲᠠ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢ ᠴᠢᠩᠭ᠎ᠠ ᠬᠢᠨᠠᠮᠭᠠᠠᠢ ᠬᠡᠷᠡᠭᠵᠢᠭᠦᠯᠦᠨ᠎ᠡ᠃ ᠠᠷᠪᠢᠯᠠᠨ ᠭᠠᠮᠨᠠᠬᠤ ᠦᠵᠡᠯ | ᠰᠠᠨᠠᠭ᠎ᠠ ᠶᠢ ᠴᠢᠩᠭᠠᠳᠬᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ | ᠰᠦᠢᠳᠬᠡᠬᠦ ᠶᠢ ᠡᠰᠡᠷᠭᠦᠴᠡᠨ᠎ᠡ᠃ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠨ᠂ ᠴᠢᠬᠤᠯᠠ ᠪᠤᠰᠤ | ᠵᠠᠷᠤᠯᠭ᠎ᠠ ᠶᠢ ᠡᠷᠡᠰ ᠦᠭᠡᠶᠢᠰᠬᠡᠵᠦ᠂ ᠰᠢᠨ᠎ᠡ ᠪᠠᠷ ᠨᠡᠮᠡᠭᠳᠡᠬᠦ ᠵᠠᠷᠤᠯᠭ᠎ᠠ ᠶᠢ ᠴᠢᠩᠭ᠎ᠠ ᠬᠢᠵᠠᠭᠠᠷᠯᠠᠵᠦ᠂ ᠵᠣᠭᠤᠰ | ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠲᠥᠪ ᠬᠤᠷᠢᠶᠠᠨ ᠤ | ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠥᠨᠳᠥᠷ | ᠪᠠᠷᠢᠮᠵᠢᠶ᠎ᠠ ᠪᠠᠷ ᠲᠤᠤᠱᠯᠠᠭᠤᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ | ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠡᠷᠡᠰ ᠴᠡᠭᠴᠡᠯᠡᠨ ᠵᠠᠰᠠᠪᠠ᠃ ᠤᠯᠠᠨ ᠲᠦᠮᠡᠨ ᠤ ᠠᠮᠢ | ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠨ | ᠲᠥᠯᠥᠭᠡ ᠪᠣᠳᠠᠲᠤ ᠠᠵᠢᠯᠯᠠᠭ᠎ᠠ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠮᠥᠨ ᠴᠢᠨᠠᠷ ᠢᠶᠠᠨ | ᠢᠮᠠᠭᠲᠠ ᠪᠠᠲᠤᠯᠠᠨ᠎ᠠ᠃ | ᠲᠥᠯᠥᠭᠡᠯᠡᠭᠴᠢᠳ ᠡ︕ ᠰᠢᠨ᠎ᠡ ᠪᠠᠶᠢᠳᠠᠯ ᠳᠤ ᠰᠢᠨ᠎ᠡ ᠬᠠᠷᠢᠭᠤᠴᠠᠯᠭ᠎ᠠ ᠡᠭᠦᠷᠭᠡᠯᠡᠬᠦ ᠶᠢ ᠱᠠᠭᠠᠷᠳᠠᠵᠦ᠂ ᠰᠢᠨ᠎ᠡ | ᠠᠶᠠᠨ ᠵᠠᠮ ᠰᠢᠨ᠎ᠡ ᠵᠢᠳᠬᠦᠯ ᠴᠢᠷᠮᠠᠶᠢᠯᠭ᠎ᠠ ᠶᠢ ᠬᠦᠰᠡᠨ ᠱᠠᠭᠠᠷᠳᠠᠵᠤ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠢᠭᠲᠠ ᠲᠦᠰᠢᠭᠯᠡᠵᠦ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠳᠠᠪᠲᠠᠨ ᠪᠣᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠡᠭᠦᠷᠭᠡᠯᠡᠵᠦ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ | ᠴᠢᠩᠱᠠᠨ ᠶᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠰᠢᠯᠢᠳᠡᠭ ᠬᠢᠷᠢ | ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠶ᠎ᠡ︕ | |