ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠰᠦᠯᠵᠢᠶᠡᠨ ᠳᠠᠬᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/11/24
     ᠰᠤᠷᠪᠤᠯᠵᠢᠯᠠᠬᠰᠠᠨ ᠭᠤᠣᠯ ᠰᠡᠳᠦᠪ᠄ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠰᠦᠯᠵᠢᠶᠡᠨ ᠳᠠᠬᠢ ᠰᠤᠷᠪᠤᠯᠵᠢᠯᠠᠭ᠎ᠠ      ᠰᠤᠷᠪᠤᠯᠵᠢᠯᠠᠭᠰᠠᠨ ᠴᠠᠭ᠄ 2021 ᠣᠨ ᠤ 11 ᠰᠠᠷ᠎ᠠ ᠶᠢᠨ 23᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠳ᠋ᠠᠶ ᠶᠢᠩ ᠴᠢᠶᠠᠨ      ᠰᠤᠷᠪᠤᠯᠵᠢᠯᠠᠭᠰᠠᠨ ᠠᠬᠤᠶ ᠪᠠᠶᠢᠳᠠᠯ᠄ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠲᠠᠯ᠎ᠠ ᠪᠠᠷ ᠤᠯᠠᠮ ᠨᠢᠭᠡ ᠠᠯᠬᠤᠮ ᠬᠦᠴᠦ ᠲᠠᠯᠪᠢᠵᠤ᠂ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ ᠠᠷᠭ᠎ᠠ ᠪᠤᠳᠤᠵᠤ᠂ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠨ᠎ᠡ ᠵᠡᠪᠰᠡᠭ︾᠎ ᠢ ᠬᠡᠷᠡᠭᠯᠡᠨ᠂ ︽ᠵᠢᠵᠢᠭ ᠫᠷᠤᠭ᠍ᠷᠠᠮ︾ ︽ᠸᠢᠴᠠᠲ ᠤᠨ ᠪᠦᠯᠦᠭ︾᠎ ᠢᠶᠠᠷ ᠭᠤᠤᠯ ᠴᠣᠭᠴᠠ ᠪᠣᠯᠭᠠᠭᠰᠠᠨ ︽ᠵᠢᠵᠢᠭ ᠪᠢᠴᠢᠯ︾᠎ ᠤᠨ ᠠᠵᠢᠯ ᠤᠨ ᠲᠠᠪᠴᠠᠩ ᠢ ᠢᠳᠡᠪᠬᠢᠲᠡᠶ ᠪᠠᠶᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ︽ᠳᠤᠲᠠᠭᠤ ᠭᠦᠶᠦᠬᠦ︾᠎ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠮᠡᠳᠡᠷᠡᠯ ᠤᠨ ᠰᠡᠵᠢᠭᠦᠷ︾᠎ ᠢ ᠨᠡᠪᠲᠡᠷᠡᠭᠦᠯᠪᠡ᠃      【ᠬᠥᠲᠥᠯᠥᠭᠴᠢ】      ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢ ᠳᠡᠭᠡᠭᠰᠢᠯᠡᠭᠦᠯᠬᠦ ᠶᠠᠪᠤᠴᠠ ᠳᠤ ᠲᠤᠯᠭᠠᠷᠠᠭᠰᠠᠨ ᠦᠨᠳᠦᠰᠦᠨ ᠠᠰᠠᠭᠤᠳᠠᠯ ᠢ ᠶᠠᠷᠢᠭᠠᠳ ᠥᠭᠭᠦᠨ᠎ᠡ ᠤᠤ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠳ᠋ᠠᠢ ᠶᠢᠩ ᠴᠢᠶᠠᠨ】      ᠮᠦᠩᠬᠡᠵᠢᠯ ᠵᠠᠮ ᠤᠨ ᠵᠡᠭᠡᠯᠢ ᠭᠤᠲᠤᠮᠵᠢ ᠪᠣᠯ ᠥᠪᠥᠷ ᠮᠣᠩᠭᠤᠯ ᠤᠨ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠡᠮᠦᠨ᠎ᠡ ᠲᠠᠯ᠎ᠠ ᠳᠤ ᠪᠠᠶᠢᠷᠢᠯᠠᠵᠤ᠂ ᠭᠠᠵᠠᠷ ᠵᠦᠢ ᠶᠢᠨ ᠪᠠᠶᠢᠷᠢᠰᠢᠯ ᠪᠤᠳᠤᠯᠢᠶᠠᠨᠲᠠᠢ᠂ ᠰᠠᠭᠤᠷᠢ ᠲᠥᠬᠦᠭᠡᠷᠦᠮᠵᠢ ᠪᠠᠭᠤᠷᠠᠢ᠂ ᠨᠡᠭᠦᠳᠡᠯ ᠬᠥᠮᠦᠨ ᠠᠮᠠ ᠤᠯᠠᠨ᠂ ᠪᠠᠶᠢᠩᠭᠤ ᠰᠠᠭᠤᠭ᠎ᠠ ᠰᠠᠭᠤᠭᠠᠯᠢ ᠠᠷᠠᠳ 32745 ᠡᠷᠦᠬᠡ᠂ 62356 ᠬᠥᠮᠦᠨ ᠪᠠᠶᠢᠵᠤ᠂ ᠳᠣᠣᠷ᠎ᠠ ᠨᠢ 7 ᠨᠡᠶᠢᠭᠡᠮ ᠲᠣᠭᠤᠷᠢᠭ᠂ 65 ᠪᠠᠭ᠎ᠠ ᠲᠣᠭᠤᠷᠢᠭ᠂ ᠲᠣᠣᠷᠵᠢᠯ 72 ᠪᠤᠢ᠃ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ ᠭᠠᠵᠠᠷ ᠵᠦᠢ ᠶᠢᠨ ᠣᠷᠴᠢᠨ ᠲᠣᠭᠤᠷᠢᠨ ᠨᠠᠷᠢᠨ ᠪᠤᠳᠤᠯᠢᠶᠠᠨᠲᠠᠢ᠂ ᠬᠠᠭᠤᠴᠢᠨ ᠰᠠᠭᠤᠭᠠᠯᠢ ᠲᠣᠭᠤᠷᠢᠭ᠂ ᠣᠷᠣᠯᠭ᠎ᠠ ᠪᠠᠭ᠎ᠠ ᠲᠠᠢ ᠭᠡᠷ ᠪᠦᠯᠢ᠂ ᠬᠦᠴᠢᠷᠳᠡᠯᠲᠡᠢ ᠬᠥᠮᠦᠰ ᠤᠯᠠᠨ᠂ ᠠᠷᠠᠳ ᠤᠨ ᠠᠮᠢᠳᠤᠷᠠᠯ ᠤᠨ ᠠᠰᠠᠭᠤᠳᠠᠯ ᠤᠨ ᠳᠤᠰᠬᠠᠯ ᠤᠯᠠᠨ ᠪᠠᠶᠢᠬᠤ ᠣᠨᠴᠠᠯᠢᠭ ᠢᠯᠡᠷᠡᠵᠡᠢ᠃ ᠡᠭᠦᠨ ᠠᠴᠠ ᠭᠠᠳᠠᠨ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠷᠠᠳ ᠤᠨ ᠡᠵᠡᠩᠨᠡᠯᠲᠡ ᠶᠢᠨ ᠡᠮᠨᠡᠯᠭᠡ ᠶᠢᠨ ᠬᠤᠷᠢᠶ᠎ᠠ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ᠂ ᠬᠤᠳᠠᠯᠳᠤᠭᠠᠨ ᠤ ᠶᠠᠪᠤᠳᠠᠯ ᠤᠨ ᠠᠰᠠᠷ ᠪᠠᠶᠢᠰᠢᠩ ᠵᠡᠷᠭᠡ ᠣᠷᠣᠨ ᠪᠦᠰᠡ ᠶᠢᠨ ᠨᠢᠭᠡᠴᠡ ᠪᠤᠳᠤᠯᠢᠶᠠᠨᠲᠠᠶ ᠪᠥᠭᠡᠳ ᠣᠯᠠᠨ ᠡᠰᠢ ᠲᠠᠢ ᠪᠠᠶᠢᠵᠤ᠂ ᠡᠬᠢ ᠪᠠᠶᠠᠯᠢᠭ ᠡᠯᠪᠡᠭ ᠪᠠᠶᠢᠬᠤ ᠶᠢᠨ ᠵᠡᠷᠭᠡ ᠳᠤ ᠪᠠᠰᠠ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷᠳᠡᠯ ᠢ ᠨᠡᠮᠡᠭᠳᠡᠭᠦᠯᠦᠭᠰᠡᠨ ᠪᠠᠶᠢᠨ᠎ᠠ᠃      【ᠬᠥᠲᠥᠯᠥᠭᠴᠢ】      ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠳᠤ ᠶᠠᠮᠠᠷ ᠶᠠᠮᠠᠷ ᠰᠢᠨ᠎ᠡ ᠶᠢ ᠡᠭᠦᠳᠬᠦ ᠬᠡᠯᠪᠡᠷᠢ ᠶᠢᠨ ᠠᠷᠭ᠎ᠠ ᠬᠡᠮᠵᠢᠶ᠎ᠡ ᠪᠠᠶᠢᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ  ᠳ᠋ᠠᠢ ᠶᠢᠩ ᠴᠢᠶᠠᠨ】      ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠴᠢᠨᠠᠭᠰᠢᠳᠠ ᠬᠦᠴᠦ ᠣᠷᠣᠭᠤᠯᠵᠤ᠂ ᠠᠵᠢᠯᠳᠠᠨ ᠤ ᠲᠤᠬᠢᠷᠠᠭᠤᠯᠤᠯᠳᠠ ᠶᠢ ᠰᠢᠯᠢᠳᠡᠭᠵᠢᠭᠦᠯᠬᠦ ᠲᠠᠯ᠎ᠠ ᠪᠠᠷ ᠠᠷᠭ᠎ᠠ ᠰᠦᠪᠡᠭᠴᠢᠯᠡᠵᠦ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠨ᠎ᠡ ᠵᠡᠪᠰᠡᠭ︾᠎ ᠢ ᠬᠡᠷᠡᠭᠯᠡᠵᠦ᠂ ︽ᠵᠢᠵᠢᠭ ᠫᠷᠤᠭ᠍ᠷᠠᠮ︾᠂ ︽ᠸᠢᠴᠠᠲ ᠤᠨ ᠪᠦᠯᠦᠭ︾᠎ ᠢᠶᠠᠷ ᠭᠤᠣᠯ ᠴᠣᠭᠴᠠ ᠪᠣᠯᠭᠠᠭᠰᠠᠨ ︽ᠵᠢᠵᠢᠭ ᠪᠢᠴᠢᠯ︾᠎ ᠤᠨ ᠠᠵᠢᠯ ᠤᠨ ᠲᠠᠪᠴᠠᠩ ᠢ ᠢᠳᠡᠪᠬᠢᠲᠡᠢ ᠪᠠᠶᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ︽ᠳᠤᠲᠠᠭᠤ ᠭᠦᠶᠦᠬᠦ︾᠎ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠰᠡᠵᠢᠭᠦᠷ ᠮᠡᠳᠡᠷᠡᠯ︾᠎ ᠢ ᠨᠡᠪᠲᠡᠷᠡᠭᠦᠯᠪᠡ᠃      ᠨᠢᠭᠡ ᠳᠤ ︽ᠬᠤᠤᠰ ᠴᠢᠭᠯᠡᠯ ᠤᠨ ᠵᠢᠵᠢᠭ ᠫᠷᠤᠭ᠍ᠷᠠᠮ︾᠎ ᠢ ᠬᠡᠷᠡᠭᠯᠡᠨ ︽ᠡᠭᠦᠯᠡᠨ ᠦᠢᠯᠡᠴᠢᠯᠡᠭᠡ︾᠎ ᠶᠢ ᠰᠠᠭᠠᠳ ᠥᠬᠡᠶ ᠨᠡᠪᠲᠡᠷᠡᠭᠦᠯᠦᠨ᠎ᠡ᠃ ︽ᠲᠦᠮᠡᠨ ᠡᠷᠦᠬᠡ ᠶᠢᠨ ᠰᠦᠯᠵᠢᠶᠡᠨ ᠤ ᠠᠵᠢᠯᠲᠠᠨ︾᠎ ᠢ ᠣᠷᠣᠭᠤᠯᠤᠨ ᠬᠡᠷᠡᠭᠯᠡᠬᠦ ᠵᠢᠵᠢᠭ ᠫᠷᠤᠭ᠍ᠷᠠᠮ ᠢ ᠢᠳᠡᠪᠬᠢᠲᠡᠶ ᠪᠠᠷ ᠰᠤᠳᠤᠯᠤᠨ ᠨᠡᠭᠡᠭᠡᠵᠦ᠂ ᠮᠡᠷᠭᠡᠵᠢᠯ ᠤᠨ ᠲᠠᠯ᠎ᠠ ᠠᠴᠠ ᠨᠡᠶᠢᠭᠡᠮ ᠤᠨ ᠵᠠᠰᠠᠯᠲᠠ ᠶᠢᠨ ᠤᠶᠤᠨᠴᠢᠯᠠᠯᠲᠠ ᠶᠢ ᠦᠨᠡᠨ ᠬᠦ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠦᠨ᠂ ᠵᠠᠳᠠᠯᠤᠨ ᠰᠤᠳᠤᠯᠵᠤ ᠮᠠᠭᠠᠳᠯᠠᠬᠤ ᠶᠢ ᠭᠦᠨᠵᠡᠭᠡᠶᠢᠷᠡᠭᠦᠯᠵᠦ᠂ ᠠᠵᠢᠯᠲᠠᠨ ᠤ ᠬᠠᠮᠢᠶᠠᠷᠤᠯᠲᠠ ᠶᠢ ᠳᠥᠭᠦᠮᠴᠢᠯᠡᠨ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠨᠠᠷᠢᠯᠢᠬᠵᠢᠭᠤᠯᠤᠨ᠎ᠠ᠃      ᠬᠤᠶᠠᠷ ᠲᠤ᠂ ︽ᠸᠢᠴᠠᠲ ᠤᠨ ᠪᠦᠯᠦᠭ︾᠎ ᠢ ᠵᠣᠬᠢᠶᠠᠨ ᠪᠠᠶᠢᠭᠤᠯᠵᠤ ︽ᠨᠡᠪᠲᠡᠷᠡᠯᠴᠡᠬᠦ ᠬᠥᠭᠦᠷᠭᠡ︾᠎ ᠶᠢ ᠪᠤᠰᠬᠠᠨ᠎ᠠ᠃ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ︽ᠸᠢᠴᠠᠲ ᠤᠨ ᠪᠦᠯᠦᠭ︾᠎ ᠤᠨ ︽ᠶᠡᠭᠡ ᠦᠢᠯᠡᠳᠦᠯ︾᠎ ᠢ ᠴᠢᠩᠭ᠎ᠠ ᠠᠩᠬᠠᠷᠴᠤ᠂ ᠰᠠᠭᠤᠭᠠᠯᠢ ᠠᠷᠠᠳ ᠲᠤ ᠦᠢᠯᠡᠴᠢᠯᠡᠬᠦ 72 ᠬᠤᠯᠪᠣᠭ᠎ᠠ ᠠᠪᠬᠤ ᠪᠦᠯᠦᠭᠯᠡᠯ ᠢ ᠲᠠᠶᠢᠴᠢᠯᠠᠨ ᠪᠠᠶᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠦᠯᠦᠭᠯᠡᠯ ᠳᠤ ᠤᠷᠤᠭᠰᠠᠨ ᠨᠤᠷᠮ᠎ᠠ ᠴᠥᠮ 80%᠎ ᠠᠴᠠ ᠳᠡᠭᠡᠭᠰᠢ ᠲᠤᠯᠵᠦ᠂ ᠡᠳᠦᠷ ᠪᠦᠷᠢ ᠶᠢᠨ ᠬᠤᠷᠰᠢᠯᠴᠠᠬᠤ ᠨᠤᠷᠮ᠎ᠠ ᠶᠢ 96%᠎  ᠲᠤᠯᠵᠦ᠂ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠵᠢᠴᠢ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ︽ᠴᠡᠭ ᠠᠴᠠ ᠴᠡᠭ ᠲᠤᠨᠢ ᠬᠦᠷᠭᠡᠬᠦ︾ ᠤᠬᠠᠭᠤᠯᠭ᠎ᠠ ᠲᠠᠢ ᠪᠣᠯᠭᠠᠵᠤ᠂ ︽ᠨᠢᠭᠤᠷ ᠵᠣᠯᠭᠠᠬᠤ ᠦᠭᠡᠢ ᠪᠠᠷ ᠠᠵᠢᠯᠯᠠᠬᠤ︾ ᠶᠠᠪᠤᠳᠠᠯ ᠢ ᠠᠭᠠᠵᠢᠮ ᠢᠶᠠᠷ ᠬᠡᠪ ᠤᠨ ᠪᠠᠶᠢᠳᠠᠯ ᠪᠣᠯᠭᠠᠵᠤ᠂ ︽ᠮᠡᠳᠡᠭᠡ ᠵᠠᠩᠭᠢ ᠶᠢ ᠢᠯᠡᠭᠦᠦ ᠤᠬᠠᠭᠤᠯᠵᠦ᠂ ᠰᠠᠭᠤᠭᠠᠯᠢ ᠠᠷᠠᠳ ᠢ ᠳᠤᠲᠠᠭᠤ ᠭᠦᠶᠦᠯᠭᠡᠵᠦ᠂ ᠦᠢᠯᠡᠴᠢᠯᠡᠭᠡ ᠶᠢ ᠲᠣᠣᠷ ᠲᠤ ᠣᠷᠣᠭᠤᠯᠬᠤ︾᠎ ᠶᠢ ᠪᠡᠶᠡᠯᠡᠭᠦᠯᠵᠦ᠂ ᠰᠦᠯᠵᠢᠶᠡᠨ ᠤ ᠠᠵᠢᠯᠳᠠᠨ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠤᠷᠰᠢᠯᠴᠠᠭ᠎ᠠ ᠰᠣᠯᠢᠯᠴᠠᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠪᠡ᠃      【ᠬᠥᠲᠥᠯᠥᠭᠴᠢ】      ᠣᠯᠠᠨ ᠲᠦᠮᠡᠨ ᠤ ᠣᠯᠠᠨ ᠶᠠᠩᠵᠤᠲᠤ ᠴᠢᠨᠠᠷ ᠤᠨ ᠬᠡᠷᠡᠭᠴᠡᠭᠡ ᠶᠢ ᠬᠠᠩᠭᠠᠬᠤ ᠦᠶ᠎ᠡ ᠳᠤ᠂ ᠮᠦᠩᠬᠡᠵᠢᠯ ᠵᠠᠮ ᠎ ᠤᠨ ᠵᠡᠭᠡᠯᠢ ᠭᠤᠳᠤᠮᠵᠢ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠳ᠋ᠠᠢ ᠶᠢᠩ ᠴᠢᠶᠠᠨ】      ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠬᠠᠷᠢᠶ᠎ᠠ ᠣᠷᠣᠨ ᠤ ᠤᠯᠠᠨ ᠲᠦᠮᠡᠨ ᠨᠢᠭᠡᠨᠲᠡ ︽ᠲᠠᠩ ᠭᠠᠭᠴᠠ ᠦᠢᠯᠡᠴᠢᠯᠡᠭᠡ︾᠎ ᠳᠤ ᠰᠡᠳᠬᠢᠯ ᠬᠠᠨᠤᠬᠤ ᠦᠭᠡᠢ ᠪᠤᠯᠵᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠤᠯᠠᠨ ᠶᠠᠩᠵᠤᠴᠢᠯᠠᠬᠰᠠᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠦᠢᠯᠡᠴᠢᠯᠡᠭᠡᠨ ᠤ ︽ᠨᠠᠷᠢᠯᠢᠭ᠂ ᠪᠦᠷᠢᠨ︾ ᠲᠠᠯ᠎ᠠ ᠪᠠᠷ ᠰᠦᠪᠡᠭᠴᠢᠯᠡᠨ ᠦᠢᠯᠡᠳᠦᠯᠭᠡᠵᠢᠭᠦᠯᠵᠦ᠂ ᠨᠡᠶᠢᠭᠡᠮ ᠤᠨ ᠬᠦᠴᠦᠨ ᠤ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ᠂ ᠳᠠᠶᠢᠴᠢᠯᠠᠵᠤ᠂ ᠳᠡᠮᠵᠢᠬᠦ ᠪᠠ ᠵᠢᠯᠤᠭᠤᠳᠬᠤ ᠶᠢ ᠢᠳᠡᠪᠬᠢᠲᠡᠢ ᠬᠠᠷᠢᠯᠴᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠬᠠᠮᠲᠤᠪᠠᠷ ᠴᠣᠭᠴᠠᠯᠠᠨ  ᠪᠠᠶᠢᠭᠤᠯᠤᠨ᠎ᠠ᠃      ᠨᠢᠭᠡ ᠳᠤ ︽ᠪᠢᠴᠢᠯ ᠲᠥᠷᠥᠯ ᠵᠦᠢᠯ︾᠎ ᠨᠢ ᠦᠢᠯᠡᠴᠢᠯᠡᠭᠡ ᠶᠢ ︽ᠪᠦᠬᠦᠨ ᠢ ᠬᠠᠮᠤᠷᠬᠤ︾᠎ ᠶᠢ ᠳᠠᠶᠢᠴᠢᠯᠠᠨ᠎ᠠ᠃ ᠰᠠᠭᠤᠭᠠᠯᠢ ᠠᠷᠠᠳ ᠤᠨ ᠥᠪᠡᠷᠮᠢᠴᠡ ᠬᠡᠷᠡᠭᠴᠡᠭᠡ ᠶᠢᠨ ᠲᠣᠭᠤᠷᠢᠨ ᠳᠤ᠂ ᠵᠡᠭᠡᠯᠢ ᠭᠤᠳᠤᠮᠵᠢ ᠶᠢᠨ ᠬᠢᠨ ︽ᠰᠦᠯᠵᠢᠶᠡᠨ ᠤ ᠵᠠᠰᠠᠯᠲᠠ ᠶᠢᠨ ᠪᠢᠴᠢᠯ ᠲᠥᠷᠥᠯ ᠵᠦᠢᠯ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠦᠯᠵᠢᠶᠡᠨ ᠤ ᠠᠵᠢᠯᠲᠠᠨ ᠨᠢᠭᠡᠪᠦᠷᠢ ᠲᠣᠰ ᠰᠦᠯᠵᠢᠶᠡᠨ ᠤ ᠣᠯᠠᠨ ᠲᠦᠮᠡᠨ ᠤ ᠪᠣᠳᠠᠲᠠᠶ ︽ᠪᠢᠴᠢᠯ︾ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠵᠢᠯ ᠪᠦᠷᠢ ᠠᠷᠠᠳ ᠤᠨ ᠰᠡᠳᠬᠢᠯ ᠳᠤ ᠨᠢᠭᠲᠠ ᠨᠡᠶᠢᠴᠡᠬᠦ᠂ ᠬᠡᠷᠡᠭᠵᠢᠭᠦᠯᠬᠦ ᠳᠤ ᠠᠮᠠᠷᠬᠠᠨ 5 — 10 ᠪᠢᠴᠢᠯ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠳᠣᠬᠠᠨ ᠳᠤ ᠬᠠᠶᠢᠷ᠎ᠠ ᠬᠠᠯᠠᠮᠵᠢ ᠪᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠶᠢᠨ ᠵᠢᠯᠣᠭᠤᠳᠣᠯᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ ᠡᠮᠴᠢᠯᠡᠭᠡ ᠡᠷᠡᠭᠦᠯᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠨᠡᠶᠢᠲᠡ 451 ᠰᠦᠯᠵᠢᠶᠡᠨ ᠤ ᠪᠢᠴᠢᠯ ᠵᠦᠢᠯᠡᠰ ᠢ ᠬᠡᠷᠡᠭᠵᠢᠭᠦᠯᠵᠦ᠂ ᠰᠠᠭᠤᠭᠠᠯᠢ ᠠᠷᠠᠳ ᠣᠯᠠᠨ ᠲᠦᠮᠡᠨ ᠳᠤ ᠲᠤᠰᠬᠠᠶᠢᠵᠢᠭᠰᠠᠨ᠂ ᠪᠠᠶᠢᠩᠭᠤᠵᠢᠭᠰᠠᠨ᠂ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠨ᠎ᠠ᠃      ᠬᠤᠶᠠᠷ ᠲᠤ ︽ᠨᠡᠶᠢᠭᠡᠮ ᠤᠨ ᠵᠣᠬᠢᠶᠠᠨ ᠪᠠᠶᠢᠭᠤᠯᠤᠯᠲᠠ︾᠎ ᠨᠢ ᠦᠢᠯᠡᠴᠢᠯᠡᠭᠡᠨ ᠤ ︽ᠰᠢᠨ᠎ᠡ ᠬᠥᠳᠡᠯᠭᠡᠭᠴᠢ ᠡᠨᠧᠷᠭᠢ︾᠎ ᠶᠢ ᠬᠦᠭᠵᠢᠭᠡᠨ᠎ᠡ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠺᠠᠳ᠋ᠷᠴᠤᠳ ᠵᠢᠵᠢᠭ ᠲᠣᠭᠤᠷᠢᠭ ᠲᠤ ᠢᠳᠡᠪᠬᠢᠲᠡᠶ ᠪᠠᠷ ᠭᠦᠨᠵᠡᠭᠡᠶᠢᠷᠡᠨ ︽ᠣᠯᠠᠨ ᠲᠦᠮᠡᠨ ᠲᠠᠢ ᠨᠢᠭᠲᠠᠷᠠᠨ ᠪᠦᠯᠬᠦᠮᠳᠡᠵᠦ︾᠂ ᠲᠣᠬᠢᠶᠠᠯᠳᠤᠯ ᠢᠶᠠᠷ ᠵᠡᠭᠡᠯᠢ ᠭᠤᠳᠤᠮᠵᠢ ᠲᠤ ᠰᠤᠷᠪᠤᠯᠵᠢᠯᠠᠬᠤ᠂ ᠬᠠᠨᠳᠤᠯᠭ᠎ᠠ ᠲᠠᠢ ᠪᠠᠷ ᠵᠥᠪᠳᠡᠯᠴᠡᠬᠦ᠂ ᠠᠷᠠᠳ ᠤᠨ ᠰᠠᠨᠠᠭ᠎ᠠ ᠪᠠᠷ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠩᠭᠤᠵᠢᠭᠤᠯᠤᠨ ᠡᠵᠡᠮᠰᠢᠪᠡ᠃ ᠤᠯᠠᠨ ᠲᠦᠮᠡᠨ ᠤ ᠲᠥᠪᠯᠡᠷᠡᠩᠭᠦᠶ ᠳᠤᠰᠬᠠᠯ ᠢ ᠦᠨᠳᠦᠰᠦᠯᠡᠨ᠂ ᠵᠠᠰᠠᠬᠤ ᠰᠡᠳᠬᠢᠴᠡ ᠪᠠᠨ ᠥᠷᠭᠡᠳᠬᠡᠨ᠂ ᠵᠥᠪᠯᠡᠬᠦ ᠠᠷᠠᠳᠴᠢᠯᠠᠯ ᠲᠠᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠤᠯᠠᠨ ᠲᠠᠯ᠎ᠠ ᠪᠠᠷ ᠬᠠᠮᠲᠤ ᠪᠠᠷ ᠪᠠᠶᠢᠭᠤᠯᠤᠭᠰᠠᠨ ᠬᠠᠮᠲᠤ ᠪᠠᠷ ᠵᠠᠰᠠᠬᠤ ᠵᠠᠭᠪᠤᠷ ᠢ ᠢᠳᠡᠪᠬᠢᠲᠡᠶ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠠᠷ ᠲᠠᠳᠠᠨ ᠣᠷᠣᠭᠤᠯᠵᠤ ᠤᠯᠠᠨ ᠬᠡᠯᠪᠡᠷᠢ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ᠃      ᠭᠤᠷᠪᠠ ᠳᠤ᠂ ︽ᠠᠷᠠᠳ ᠤᠨ ᠠᠮᠢᠳᠤᠷᠠᠯ ᠤᠨ ᠲᠥᠷᠥᠯ ᠵᠦᠢᠯ︾᠎ ᠳᠤ ᠦᠢᠯᠡᠴᠢᠯᠡᠭᠡᠨ ᠤ ︽ᠣᠯᠠᠨ ᠡᠰᠢᠵᠢᠯᠳᠡ︾᠎ ᠶᠢ ᠲᠥᠪᠯᠡᠷᠡᠭᠦᠯᠦᠨ᠎ᠡ᠃ ᠿᠦᠩ ᠲᠦᠩ ᠤᠰᠤᠨ ᠤ ᠶᠠᠪᠤᠳᠠᠯ ᠤᠨ ᠺᠣᠮᠫᠠᠨᠢ᠂ ᠾᠦᠢ ᠲᠦᠩ ᠤᠰᠤᠨ ᠤ ᠶᠠᠪᠤᠳᠠᠯ ᠤᠨ ᠺᠣᠮᠫᠠᠨᠢ ᠲᠠᠢ ᠵᠣᠬᠢᠴᠠᠭᠤᠯᠤᠨ ᠵᠣᠯᠭᠠᠭᠤᠯᠬᠤ ᠪᠠᠷ ᠳᠡᠮᠵᠢᠨ᠂ ᠹᠦ᠋ ᠨᠠᠨ᠂ ᠴᠢᠩ ᠵᠢᠶᠠᠨ᠂ ᠰᠢᠨ ᠲᠦᠩ᠂ ᠯᠦᠩ ᠳ᠋ᠧ ᠵᠢᠶᠠ ᠶᠤᠸᠠᠨ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ 2080 ᠡᠷᠦᠬᠡ ᠰᠠᠭᠤᠭᠠᠯᠢ ᠠᠷᠠᠳ ᠲᠤ ᠪᠠᠷᠢᠮᠵᠢᠶ᠎ᠠ ᠳᠤ ᠲᠤᠬᠢᠷᠠᠭᠰᠠᠨ ᠭᠦᠨ ᠴᠡᠪᠡᠷᠵᠢᠭᠦᠯᠦᠭᠰᠡᠨ ᠤᠰᠤ ᠤᠤᠭᠤᠯᠭᠠᠵᠤ᠂ ᠰᠠᠭᠤᠭᠠᠯᠢ ᠠᠷᠠᠳ ᠤᠨ ᠢᠳᠡᠬᠦ ᠪᠠ ᠤᠰᠤᠨ ᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠶᠦᠩ ᠱᠧᠩ ᠴᠧᠩ ᠠᠳᠠᠯ ᠠᠬᠤᠶ ᠲᠠᠢ ᠬᠤᠯᠪᠣᠭᠠᠯᠠᠨ ᠤᠤᠯ ᠤᠨ ᠬᠠᠭᠤᠴᠢᠨ ᠲᠡᠷᠭᠡᠨ ᠤ ᠰᠠᠷᠠᠪᠴᠢ ᠶᠢ ᠤᠶᠤᠨᠲᠤ ᠲᠡᠷᠭᠡᠨ ᠤ ᠰᠠᠷᠠᠪᠴᠢ ᠪᠣᠯᠭᠠᠨ ᠰᠢᠨ᠎ᠡ ᠪᠠᠷ ᠪᠠᠶᠢᠭᠤᠯᠵᠤ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠪᠦᠲᠦᠮᠵᠢᠲᠡᠶ ᠰᠢᠢᠳᠪᠦᠷᠢᠯᠡᠪᠡ︔ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠤᠷᠠᠯᠢᠭ ᠤᠨ ᠰᠤᠷᠭᠠᠭᠤᠯᠢ ᠨᠤᠭᠤᠳ ᠢ ᠵᠤᠬᠢᠴᠠᠭᠤᠯᠤᠨ ᠴᠡᠴᠡᠷᠯᠢᠭ ᠤᠨ ᠵᠢᠵᠢᠭ ᠲᠣᠭᠤᠷᠢᠭ ᠤᠨ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠬᠡᠮ ᠲᠠᠢ ᠭᠦᠸᠧᠯᠦ ᠶᠢᠨ ᠬᠡᠷ ᠢ ᠨᠤᠷᠠᠭᠠᠵᠤ᠂ ᠰᠠᠭᠤᠭᠠᠯᠢ ᠠᠷᠠᠳ ᠤᠨ ᠠᠵᠢᠯᠯᠠᠭᠠᠨ ᠤ ᠲᠠᠯᠠᠪᠤᠷ ᠭᠠᠵᠠᠷ ᠪᠠᠶᠢᠭᠤᠯᠵᠤ᠂ ᠣᠯᠠᠨ ᠲᠦᠮᠡᠨ ᠤ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠭᠠᠵᠠᠷ ᠢ ᠨᠡᠮᠡᠭᠳᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠪᠣᠶ︔ ᠪᠣᠭᠤᠮᠲᠠ ᠶᠢᠨ ᠰᠠᠭᠤᠭᠠᠯᠢ ᠠᠷᠠᠳ ᠤᠨ ᠲᠣᠭᠤᠷᠢᠭ᠂ ᠵᠢᠦᠢ ᠿᠠᠨ ᠶᠤᠸᠠᠨ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ ᠨᠢ ᠰᠠᠭᠤᠭᠠᠯᠢ ᠠᠷᠠᠳ ᠲᠤ ᠨᠠᠩ ᠣᠯᠠᠨ ᠬᠦᠷᠲᠡᠭᠡᠯ ᠤᠨ ᠲᠥᠷᠥᠭᠳᠡᠯ ᠲᠠᠢ ᠪᠣᠯᠤᠭᠰᠠᠨ ᠪᠠᠶᠢᠨ᠎ᠠ᠃                                                                              【ᠬᠥᠲᠥᠯᠥᠭᠴᠢ】      ︽ᠨᠢᠭᠡ ᠪᠦᠰᠡ ᠭᠤᠷᠪᠠ ᠶᠢ ᠬᠤᠪᠢᠷᠠᠭᠤᠯᠬᠤ︾ ᠠᠵᠢᠯ ᠤᠨ ᠵᠠᠭᠪᠤᠷ ᠨᠢ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠳᠤ ᠶᠠᠮᠠᠷ ᠶᠠᠮᠠᠷ ᠳᠡᠭᠡᠭᠰᠢᠯᠡᠯᠲᠡ ᠲᠠᠢ ᠪᠣᠯᠤᠭᠰᠠᠨ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠳ᠋ᠠᠢ ᠶᠢᠩ ᠴᠢᠶᠠᠨ】      ︽ᠨᠢᠭᠡ ᠪᠦᠰᠡ ᠭᠤᠷᠪᠠ ᠶᠢ ᠬᠤᠪᠢᠷᠠᠭᠤᠯᠬᠤ︾ ᠠᠵᠢᠯ ᠤᠨ ᠵᠠᠭᠪᠤᠷ ᠢᠶᠠᠷ ᠳᠠᠮᠵᠢᠭᠤᠯᠤᠨ᠂ ᠮᠦᠩᠬᠡᠵᠢᠯ ᠵᠠᠮ ᠎ ᠤᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠨᠠᠷᠢᠯᠢᠬᠵᠢᠭᠤᠯᠤᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠲᠤᠰᠬᠠᠶᠢᠵᠢᠭᠤᠯᠤᠨ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠪᠡᠶᠡᠯᠡᠭᠦᠯᠵᠦ᠂ ᠬᠠᠮᠢᠶᠠᠷᠤᠯᠲᠠ ᠦᠢᠯᠡᠴᠢᠯᠡᠭᠡ ᠶᠢ ᠬᠠᠮᠤᠭ ᠤᠨ ᠦᠵᠦᠭᠦᠷ ᠲᠤ ᠬᠦᠷᠲᠡᠯ᠎ᠡ ᠦᠷᠭᠦᠯᠵᠢᠯᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ ᠬᠥᠮᠦᠨ ᠲᠠᠢ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠷᠢᠭᠤᠯᠬᠤ ᠬᠥᠮᠦᠨ ᠲᠠᠢ᠂ ᠤᠯᠠᠨ ᠲᠦᠮᠡᠨ ᠳᠤ ᠬᠦᠴᠢᠷᠳᠡᠯ ᠲᠤᠯᠭᠠᠷᠠᠪᠠᠯ ᠬᠠᠪᠰᠤᠷᠬᠤ ᠬᠥᠮᠦᠨ ᠲᠠᠢ ᠪᠣᠯᠭᠠᠵᠤ᠂ ᠪᠣᠰᠤᠭ᠎ᠠ ᠴᠣᠭᠴᠠᠴᠢᠯᠠᠭᠰᠠᠨ᠂ ᠪᠦᠬᠦᠨ ᠢ ᠪᠦᠷᠬᠦᠭᠰᠡᠨ᠂ ᠪᠦᠬᠦᠯᠢ ᠡᠳᠦᠷ ᠤᠨ ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ ᠰᠢᠰᠲ᠋ᠧᠮ ᠢ ᠦᠨᠡᠨᠬᠦ ᠪᠠᠶᠢᠭᠤᠯᠵᠤ᠂ ᠠᠵᠢᠯ ᠢᠶᠠᠨ ᠴᠢᠨᠠᠭᠰᠢᠳᠠ ᠥᠷᠨᠢᠭᠦᠯᠬᠦ ᠳᠤ ᠦᠢᠯᠡᠳᠦᠯᠭᠡ ᠶᠢᠨ ᠠᠴᠢ ᠬᠤᠯᠪᠣᠭᠳᠠᠯ ᠢ ᠬᠠᠩᠭᠠᠪᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号