ᠰᠤᠷᠪᠤᠯᠵᠢᠯᠠᠬᠰᠠᠨ ᠭᠤᠣᠯ ᠰᠡᠳᠦᠪ᠄ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠰᠦᠯᠵᠢᠶᠡᠨ ᠳᠠᠬᠢ | ᠰᠤᠷᠪᠤᠯᠵᠢᠯᠠᠭ᠎ᠠ | ᠰᠤᠷᠪᠤᠯᠵᠢᠯᠠᠭᠰᠠᠨ ᠴᠠᠭ᠄ 2021 ᠣᠨ ᠤ 11 ᠰᠠᠷ᠎ᠠ ᠶᠢᠨ 23 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠡᠷᠬᠢᠯᠡᠭᠴᠢ ᠳ᠋ᠠᠶ ᠶᠢᠩ ᠴᠢᠶᠠᠨ | ᠰᠤᠷᠪᠤᠯᠵᠢᠯᠠᠭᠰᠠᠨ ᠠᠬᠤᠶ ᠪᠠᠶᠢᠳᠠᠯ᠄ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠲᠠᠯ᠎ᠠ ᠪᠠᠷ ᠤᠯᠠᠮ ᠨᠢᠭᠡ | ᠠᠯᠬᠤᠮ ᠬᠦᠴᠦ ᠲᠠᠯᠪᠢᠵᠤ᠂ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ ᠠᠷᠭ᠎ᠠ ᠪᠤᠳᠤᠵᠤ᠂ | ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠨ᠎ᠡ ᠵᠡᠪᠰᠡᠭ︾ ᠢ ᠬᠡᠷᠡᠭᠯᠡᠨ᠂ ︽ᠵᠢᠵᠢᠭ ᠫᠷᠤᠭ᠍ᠷᠠᠮ︾ | ︽ᠸᠢᠴᠠᠲ ᠤᠨ ᠪᠦᠯᠦᠭ︾ ᠢᠶᠠᠷ ᠭᠤᠤᠯ ᠴᠣᠭᠴᠠ ᠪᠣᠯᠭᠠᠭᠰᠠᠨ ︽ᠵᠢᠵᠢᠭ ᠪᠢᠴᠢᠯ︾ ᠤᠨ ᠠᠵᠢᠯ ᠤᠨ ᠲᠠᠪᠴᠠᠩ ᠢ | ᠢᠳᠡᠪᠬᠢᠲᠡᠶ ᠪᠠᠶᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ︽ᠳᠤᠲᠠᠭᠤ ᠭᠦᠶᠦᠬᠦ︾ ᠶᠢ ᠴᠢᠷᠮᠠᠶᠢᠨ | ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠮᠡᠳᠡᠷᠡᠯ ᠤᠨ ᠰᠡᠵᠢᠭᠦᠷ︾ ᠢ ᠨᠡᠪᠲᠡᠷᠡᠭᠦᠯᠪᠡ᠃ | 【ᠬᠥᠲᠥᠯᠥᠭᠴᠢ】 | ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢ ᠳᠡᠭᠡᠭᠰᠢᠯᠡᠭᠦᠯᠬᠦ | ᠶᠠᠪᠤᠴᠠ ᠳᠤ ᠲᠤᠯᠭᠠᠷᠠᠭᠰᠠᠨ ᠦᠨᠳᠦᠰᠦᠨ ᠠᠰᠠᠭᠤᠳᠠᠯ ᠢ ᠶᠠᠷᠢᠭᠠᠳ ᠥᠭᠭᠦᠨ᠎ᠡ ᠤᠤ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠳ᠋ᠠᠢ ᠶᠢᠩ ᠴᠢᠶᠠᠨ】 | ᠮᠦᠩᠬᠡᠵᠢᠯ ᠵᠠᠮ ᠤᠨ ᠵᠡᠭᠡᠯᠢ ᠭᠤᠲᠤᠮᠵᠢ ᠪᠣᠯ ᠥᠪᠥᠷ ᠮᠣᠩᠭᠤᠯ ᠤᠨ ᠪᠤᠭᠤᠲᠤ ᠬᠤᠳᠠ ᠶᠢᠨ ᠴᠢᠩᠱᠠᠨ | ᠲᠣᠭᠤᠷᠢᠭ ᠤᠨ ᠡᠮᠦᠨ᠎ᠡ ᠲᠠᠯ᠎ᠠ ᠳᠤ ᠪᠠᠶᠢᠷᠢᠯᠠᠵᠤ᠂ ᠭᠠᠵᠠᠷ ᠵᠦᠢ ᠶᠢᠨ ᠪᠠᠶᠢᠷᠢᠰᠢᠯ ᠪᠤᠳᠤᠯᠢᠶᠠᠨᠲᠠᠢ᠂ ᠰᠠᠭᠤᠷᠢ | ᠲᠥᠬᠦᠭᠡᠷᠦᠮᠵᠢ ᠪᠠᠭᠤᠷᠠᠢ᠂ ᠨᠡᠭᠦᠳᠡᠯ ᠬᠥᠮᠦᠨ ᠠᠮᠠ ᠤᠯᠠᠨ᠂ ᠪᠠᠶᠢᠩᠭᠤ ᠰᠠᠭᠤᠭ᠎ᠠ ᠰᠠᠭᠤᠭᠠᠯᠢ ᠠᠷᠠᠳ 32745 | ᠡᠷᠦᠬᠡ᠂ 62356 ᠬᠥᠮᠦᠨ ᠪᠠᠶᠢᠵᠤ᠂ ᠳᠣᠣᠷ᠎ᠠ ᠨᠢ 7 ᠨᠡᠶᠢᠭᠡᠮ ᠲᠣᠭᠤᠷᠢᠭ᠂ 65 ᠪᠠᠭ᠎ᠠ ᠲᠣᠭᠤᠷᠢᠭ᠂ ᠲᠣᠣᠷᠵᠢᠯ | 72 ᠪᠤᠢ᠃ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ ᠭᠠᠵᠠᠷ ᠵᠦᠢ ᠶᠢᠨ ᠣᠷᠴᠢᠨ ᠲᠣᠭᠤᠷᠢᠨ ᠨᠠᠷᠢᠨ | ᠪᠤᠳᠤᠯᠢᠶᠠᠨᠲᠠᠢ᠂ ᠬᠠᠭᠤᠴᠢᠨ ᠰᠠᠭᠤᠭᠠᠯᠢ ᠲᠣᠭᠤᠷᠢᠭ᠂ ᠣᠷᠣᠯᠭ᠎ᠠ ᠪᠠᠭ᠎ᠠ ᠲᠠᠢ ᠭᠡᠷ ᠪᠦᠯᠢ᠂ ᠬᠦᠴᠢᠷᠳᠡᠯᠲᠡᠢ ᠬᠥᠮᠦᠰ | ᠤᠯᠠᠨ᠂ ᠠᠷᠠᠳ ᠤᠨ ᠠᠮᠢᠳᠤᠷᠠᠯ ᠤᠨ ᠠᠰᠠᠭᠤᠳᠠᠯ ᠤᠨ ᠳᠤᠰᠬᠠᠯ ᠤᠯᠠᠨ ᠪᠠᠶᠢᠬᠤ ᠣᠨᠴᠠᠯᠢᠭ ᠢᠯᠡᠷᠡᠵᠡᠢ᠃ | ᠡᠭᠦᠨ ᠠᠴᠠ ᠭᠠᠳᠠᠨ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠠᠷᠠᠳ ᠤᠨ ᠡᠵᠡᠩᠨᠡᠯᠲᠡ ᠶᠢᠨ ᠡᠮᠨᠡᠯᠭᠡ ᠶᠢᠨ ᠬᠤᠷᠢᠶ᠎ᠠ᠂ ᠬᠤᠲᠠ ᠶᠢᠨ ᠰᠢᠭᠤᠳ ᠬᠠᠷᠢᠶ᠎ᠠ | ᠪᠠᠶᠢᠭᠤᠯᠤᠯᠭ᠎ᠠ᠂ ᠬᠤᠳᠠᠯᠳᠤᠭᠠᠨ ᠤ ᠶᠠᠪᠤᠳᠠᠯ ᠤᠨ ᠠᠰᠠᠷ ᠪᠠᠶᠢᠰᠢᠩ ᠵᠡᠷᠭᠡ ᠣᠷᠣᠨ ᠪᠦᠰᠡ ᠶᠢᠨ ᠨᠢᠭᠡᠴᠡ | ᠪᠤᠳᠤᠯᠢᠶᠠᠨᠲᠠᠶ ᠪᠥᠭᠡᠳ ᠣᠯᠠᠨ ᠡᠰᠢ ᠲᠠᠢ ᠪᠠᠶᠢᠵᠤ᠂ ᠡᠬᠢ ᠪᠠᠶᠠᠯᠢᠭ ᠡᠯᠪᠡᠭ ᠪᠠᠶᠢᠬᠤ ᠶᠢᠨ ᠵᠡᠷᠭᠡ ᠳᠤ ᠪᠠᠰᠠ | ᠦᠨᠳᠦᠰᠦᠨ ᠱᠠᠲᠤᠨ ᠤ ᠵᠠᠰᠠᠯᠲᠠ ᠶᠢᠨ ᠬᠦᠴᠢᠷᠳᠡᠯ ᠢ ᠨᠡᠮᠡᠭᠳᠡᠭᠦᠯᠦᠭᠰᠡᠨ ᠪᠠᠶᠢᠨ᠎ᠠ᠃ | 【ᠬᠥᠲᠥᠯᠥᠭᠴᠢ】 | ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠳᠤ ᠶᠠᠮᠠᠷ ᠶᠠᠮᠠᠷ ᠰᠢᠨ᠎ᠡ ᠶᠢ | ᠡᠭᠦᠳᠬᠦ ᠬᠡᠯᠪᠡᠷᠢ ᠶᠢᠨ ᠠᠷᠭ᠎ᠠ ᠬᠡᠮᠵᠢᠶ᠎ᠡ ᠪᠠᠶᠢᠬᠤ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠳ᠋ᠠᠢ ᠶᠢᠩ ᠴᠢᠶᠠᠨ】 | ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠠᠭᠤᠷᠢᠨ | ᠳᠡᠭᠡᠷ᠎ᠡ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠴᠢᠨᠠᠭᠰᠢᠳᠠ ᠬᠦᠴᠦ ᠣᠷᠣᠭᠤᠯᠵᠤ᠂ | ᠠᠵᠢᠯᠳᠠᠨ ᠤ ᠲᠤᠬᠢᠷᠠᠭᠤᠯᠤᠯᠳᠠ ᠶᠢ ᠰᠢᠯᠢᠳᠡᠭᠵᠢᠭᠦᠯᠬᠦ ᠲᠠᠯ᠎ᠠ ᠪᠠᠷ ᠠᠷᠭ᠎ᠠ ᠰᠦᠪᠡᠭᠴᠢᠯᠡᠵᠦ᠂ ᠤᠳᠤ ᠦᠶ᠎ᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ︽ᠰᠢᠨ᠎ᠡ ᠵᠡᠪᠰᠡᠭ︾ ᠢ ᠬᠡᠷᠡᠭᠯᠡᠵᠦ᠂ ︽ᠵᠢᠵᠢᠭ ᠫᠷᠤᠭ᠍ᠷᠠᠮ︾᠂ ︽ᠸᠢᠴᠠᠲ ᠤᠨ ᠪᠦᠯᠦᠭ︾ | ᠢᠶᠠᠷ ᠭᠤᠣᠯ ᠴᠣᠭᠴᠠ ᠪᠣᠯᠭᠠᠭᠰᠠᠨ ︽ᠵᠢᠵᠢᠭ ᠪᠢᠴᠢᠯ︾ ᠤᠨ ᠠᠵᠢᠯ ᠤᠨ ᠲᠠᠪᠴᠠᠩ ᠢ ᠢᠳᠡᠪᠬᠢᠲᠡᠢ ᠪᠠᠶᠢᠭᠤᠯᠵᠤ᠂ | ᠬᠠᠷᠢᠶ᠎ᠠ ᠣᠷᠣᠨ ᠤ ᠰᠠᠭᠤᠭᠠᠯᠢ ᠠᠷᠠᠳ ᠤᠨ ︽ᠳᠤᠲᠠᠭᠤ ᠭᠦᠶᠦᠬᠦ︾ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ | ᠱᠠᠲᠤᠨ ᠤ ᠵᠠᠰᠠᠯᠲᠠ ᠶᠢᠨ ︽ᠰᠡᠵᠢᠭᠦᠷ ᠮᠡᠳᠡᠷᠡᠯ︾ ᠢ ᠨᠡᠪᠲᠡᠷᠡᠭᠦᠯᠪᠡ᠃ | ᠨᠢᠭᠡ ᠳᠤ ︽ᠬᠤᠤᠰ ᠴᠢᠭᠯᠡᠯ ᠤᠨ ᠵᠢᠵᠢᠭ ᠫᠷᠤᠭ᠍ᠷᠠᠮ︾ ᠢ ᠬᠡᠷᠡᠭᠯᠡᠨ ︽ᠡᠭᠦᠯᠡᠨ ᠦᠢᠯᠡᠴᠢᠯᠡᠭᠡ︾ ᠶᠢ ᠰᠠᠭᠠᠳ | ᠥᠬᠡᠶ ᠨᠡᠪᠲᠡᠷᠡᠭᠦᠯᠦᠨ᠎ᠡ᠃ ︽ᠲᠦᠮᠡᠨ ᠡᠷᠦᠬᠡ ᠶᠢᠨ ᠰᠦᠯᠵᠢᠶᠡᠨ ᠤ ᠠᠵᠢᠯᠲᠠᠨ︾ ᠢ ᠣᠷᠣᠭᠤᠯᠤᠨ ᠬᠡᠷᠡᠭᠯᠡᠬᠦ ᠵᠢᠵᠢᠭ | ᠫᠷᠤᠭ᠍ᠷᠠᠮ ᠢ ᠢᠳᠡᠪᠬᠢᠲᠡᠶ ᠪᠠᠷ ᠰᠤᠳᠤᠯᠤᠨ ᠨᠡᠭᠡᠭᠡᠵᠦ᠂ ᠮᠡᠷᠭᠡᠵᠢᠯ ᠤᠨ ᠲᠠᠯ᠎ᠠ ᠠᠴᠠ ᠨᠡᠶᠢᠭᠡᠮ ᠤᠨ ᠵᠠᠰᠠᠯᠲᠠ ᠶᠢᠨ | ᠤᠶᠤᠨᠴᠢᠯᠠᠯᠲᠠ ᠶᠢ ᠦᠨᠡᠨ ᠬᠦ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠦᠨ᠂ | ᠵᠠᠳᠠᠯᠤᠨ ᠰᠤᠳᠤᠯᠵᠤ ᠮᠠᠭᠠᠳᠯᠠᠬᠤ ᠶᠢ ᠭᠦᠨᠵᠡᠭᠡᠶᠢᠷᠡᠭᠦᠯᠵᠦ᠂ ᠠᠵᠢᠯᠲᠠᠨ ᠤ ᠬᠠᠮᠢᠶᠠᠷᠤᠯᠲᠠ ᠶᠢ ᠳᠥᠭᠦᠮᠴᠢᠯᠡᠨ᠂ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ | ᠨᠠᠷᠢᠯᠢᠬᠵᠢᠭᠤᠯᠤᠨ᠎ᠠ᠃ | ᠬᠤᠶᠠᠷ ᠲᠤ᠂ ︽ᠸᠢᠴᠠᠲ ᠤᠨ ᠪᠦᠯᠦᠭ︾ ᠢ ᠵᠣᠬᠢᠶᠠᠨ ᠪᠠᠶᠢᠭᠤᠯᠵᠤ ︽ᠨᠡᠪᠲᠡᠷᠡᠯᠴᠡᠬᠦ ᠬᠥᠭᠦᠷᠭᠡ︾ ᠶᠢ ᠪᠤᠰᠬᠠᠨ᠎ᠠ᠃ | ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ︽ᠸᠢᠴᠠᠲ ᠤᠨ ᠪᠦᠯᠦᠭ︾ ᠤᠨ ︽ᠶᠡᠭᠡ ᠦᠢᠯᠡᠳᠦᠯ︾ ᠢ ᠴᠢᠩᠭ᠎ᠠ | ᠠᠩᠬᠠᠷᠴᠤ᠂ ᠰᠠᠭᠤᠭᠠᠯᠢ ᠠᠷᠠᠳ ᠲᠤ ᠦᠢᠯᠡᠴᠢᠯᠡᠬᠦ 72 ᠬᠤᠯᠪᠣᠭ᠎ᠠ ᠠᠪᠬᠤ ᠪᠦᠯᠦᠭᠯᠡᠯ ᠢ ᠲᠠᠶᠢᠴᠢᠯᠠᠨ ᠪᠠᠶᠢᠭᠤᠯᠵᠤ᠂ | ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠦᠯᠦᠭᠯᠡᠯ ᠳᠤ ᠤᠷᠤᠭᠰᠠᠨ ᠨᠤᠷᠮ᠎ᠠ ᠴᠥᠮ 80% ᠠᠴᠠ | ᠳᠡᠭᠡᠭᠰᠢ ᠲᠤᠯᠵᠦ᠂ ᠡᠳᠦᠷ ᠪᠦᠷᠢ ᠶᠢᠨ ᠬᠤᠷᠰᠢᠯᠴᠠᠬᠤ ᠨᠤᠷᠮ᠎ᠠ ᠶᠢ 96% ᠲᠤᠯᠵᠦ᠂ ᠡᠯ᠎ᠡ ᠵᠦᠢᠯ ᠤᠨ ᠠᠷᠠᠳ ᠲᠤ | ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠵᠢᠴᠢ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ︽ᠴᠡᠭ ᠠᠴᠠ | ᠴᠡᠭ ᠲᠤᠨᠢ ᠬᠦᠷᠭᠡᠬᠦ︾ ᠤᠬᠠᠭᠤᠯᠭ᠎ᠠ ᠲᠠᠢ ᠪᠣᠯᠭᠠᠵᠤ᠂ ︽ᠨᠢᠭᠤᠷ ᠵᠣᠯᠭᠠᠬᠤ ᠦᠭᠡᠢ ᠪᠠᠷ ᠠᠵᠢᠯᠯᠠᠬᠤ︾ ᠶᠠᠪᠤᠳᠠᠯ ᠢ | ᠠᠭᠠᠵᠢᠮ ᠢᠶᠠᠷ ᠬᠡᠪ ᠤᠨ ᠪᠠᠶᠢᠳᠠᠯ ᠪᠣᠯᠭᠠᠵᠤ᠂ ︽ᠮᠡᠳᠡᠭᠡ ᠵᠠᠩᠭᠢ ᠶᠢ ᠢᠯᠡᠭᠦᠦ ᠤᠬᠠᠭᠤᠯᠵᠦ᠂ ᠰᠠᠭᠤᠭᠠᠯᠢ ᠠᠷᠠᠳ ᠢ | ᠳᠤᠲᠠᠭᠤ ᠭᠦᠶᠦᠯᠭᠡᠵᠦ᠂ ᠦᠢᠯᠡᠴᠢᠯᠡᠭᠡ ᠶᠢ ᠲᠣᠣᠷ ᠲᠤ ᠣᠷᠣᠭᠤᠯᠬᠤ︾ ᠶᠢ ᠪᠡᠶᠡᠯᠡᠭᠦᠯᠵᠦ᠂ ᠰᠦᠯᠵᠢᠶᠡᠨ ᠤ ᠠᠵᠢᠯᠳᠠᠨ | ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠤᠷᠰᠢᠯᠴᠠᠭ᠎ᠠ ᠰᠣᠯᠢᠯᠴᠠᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠪᠡ᠃ | 【ᠬᠥᠲᠥᠯᠥᠭᠴᠢ】 | ᠣᠯᠠᠨ ᠲᠦᠮᠡᠨ ᠤ ᠣᠯᠠᠨ ᠶᠠᠩᠵᠤᠲᠤ ᠴᠢᠨᠠᠷ ᠤᠨ ᠬᠡᠷᠡᠭᠴᠡᠭᠡ ᠶᠢ ᠬᠠᠩᠭᠠᠬᠤ ᠦᠶ᠎ᠡ ᠳᠤ᠂ ᠮᠦᠩᠬᠡᠵᠢᠯ ᠵᠠᠮ | ᠤᠨ ᠵᠡᠭᠡᠯᠢ ᠭᠤᠳᠤᠮᠵᠢ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠳ᠋ᠠᠢ ᠶᠢᠩ ᠴᠢᠶᠠᠨ】 | ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ | ᠬᠠᠷᠢᠶ᠎ᠠ ᠣᠷᠣᠨ ᠤ ᠤᠯᠠᠨ ᠲᠦᠮᠡᠨ ᠨᠢᠭᠡᠨᠲᠡ ︽ᠲᠠᠩ ᠭᠠᠭᠴᠠ ᠦᠢᠯᠡᠴᠢᠯᠡᠭᠡ︾ ᠳᠤ ᠰᠡᠳᠬᠢᠯ ᠬᠠᠨᠤᠬᠤ ᠦᠭᠡᠢ | ᠪᠤᠯᠵᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠤᠯᠠᠨ ᠶᠠᠩᠵᠤᠴᠢᠯᠠᠬᠰᠠᠨ | ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠦᠢᠯᠡᠴᠢᠯᠡᠭᠡᠨ ᠤ ︽ᠨᠠᠷᠢᠯᠢᠭ᠂ ᠪᠦᠷᠢᠨ︾ ᠲᠠᠯ᠎ᠠ ᠪᠠᠷ ᠰᠦᠪᠡᠭᠴᠢᠯᠡᠨ | ᠦᠢᠯᠡᠳᠦᠯᠭᠡᠵᠢᠭᠦᠯᠵᠦ᠂ ᠨᠡᠶᠢᠭᠡᠮ ᠤᠨ ᠬᠦᠴᠦᠨ ᠤ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ᠂ ᠳᠠᠶᠢᠴᠢᠯᠠᠵᠤ᠂ | ᠳᠡᠮᠵᠢᠬᠦ ᠪᠠ ᠵᠢᠯᠤᠭᠤᠳᠬᠤ ᠶᠢ ᠢᠳᠡᠪᠬᠢᠲᠡᠢ ᠬᠠᠷᠢᠯᠴᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠬᠠᠮᠲᠤᠪᠠᠷ | ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠬᠠᠮᠲᠤᠪᠠᠷ ᠴᠣᠭᠴᠠᠯᠠᠨ ᠪᠠᠶᠢᠭᠤᠯᠤᠨ᠎ᠠ᠃ | ᠨᠢᠭᠡ ᠳᠤ ︽ᠪᠢᠴᠢᠯ ᠲᠥᠷᠥᠯ ᠵᠦᠢᠯ︾ ᠨᠢ ᠦᠢᠯᠡᠴᠢᠯᠡᠭᠡ ᠶᠢ ︽ᠪᠦᠬᠦᠨ ᠢ ᠬᠠᠮᠤᠷᠬᠤ︾ ᠶᠢ ᠳᠠᠶᠢᠴᠢᠯᠠᠨ᠎ᠠ᠃ | ᠰᠠᠭᠤᠭᠠᠯᠢ ᠠᠷᠠᠳ ᠤᠨ ᠥᠪᠡᠷᠮᠢᠴᠡ ᠬᠡᠷᠡᠭᠴᠡᠭᠡ ᠶᠢᠨ ᠲᠣᠭᠤᠷᠢᠨ ᠳᠤ᠂ ᠵᠡᠭᠡᠯᠢ ᠭᠤᠳᠤᠮᠵᠢ ᠶᠢᠨ ᠬᠢᠨ | ︽ᠰᠦᠯᠵᠢᠶᠡᠨ ᠤ ᠵᠠᠰᠠᠯᠲᠠ ᠶᠢᠨ ᠪᠢᠴᠢᠯ ᠲᠥᠷᠥᠯ ᠵᠦᠢᠯ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠦᠯᠵᠢᠶᠡᠨ ᠤ | ᠠᠵᠢᠯᠲᠠᠨ ᠨᠢᠭᠡᠪᠦᠷᠢ ᠲᠣᠰ ᠰᠦᠯᠵᠢᠶᠡᠨ ᠤ ᠣᠯᠠᠨ ᠲᠦᠮᠡᠨ ᠤ ᠪᠣᠳᠠᠲᠠᠶ ︽ᠪᠢᠴᠢᠯ︾ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ᠵᠢᠯ ᠪᠦᠷᠢ ᠠᠷᠠᠳ ᠤᠨ ᠰᠡᠳᠬᠢᠯ ᠳᠤ ᠨᠢᠭᠲᠠ ᠨᠡᠶᠢᠴᠡᠬᠦ᠂ ᠬᠡᠷᠡᠭᠵᠢᠭᠦᠯᠬᠦ ᠳᠤ ᠠᠮᠠᠷᠬᠠᠨ 5 — | 10 ᠪᠢᠴᠢᠯ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠳᠣᠬᠠᠨ ᠳᠤ ᠬᠠᠶᠢᠷ᠎ᠠ ᠬᠠᠯᠠᠮᠵᠢ ᠪᠠᠷ ᠬᠠᠪᠰᠤᠷᠤᠨ | ᠲᠡᠳᠬᠦᠬᠦ᠂ ᠠᠵᠢᠯ ᠣᠯᠭᠤᠯᠲᠠ ᠶᠢᠨ ᠵᠢᠯᠣᠭᠤᠳᠣᠯᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠰᠣᠶᠣᠯ ᠪᠡᠶ᠎ᠡ ᠶᠢᠨ | ᠲᠠᠮᠢᠷ ᠵᠤᠭ᠎ᠠ ᠴᠡᠩᠭᠡᠯ᠂ ᠡᠮᠴᠢᠯᠡᠭᠡ ᠡᠷᠡᠭᠦᠯᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠨᠡᠶᠢᠲᠡ 451 | ᠰᠦᠯᠵᠢᠶᠡᠨ ᠤ ᠪᠢᠴᠢᠯ ᠵᠦᠢᠯᠡᠰ ᠢ ᠬᠡᠷᠡᠭᠵᠢᠭᠦᠯᠵᠦ᠂ ᠰᠠᠭᠤᠭᠠᠯᠢ ᠠᠷᠠᠳ ᠣᠯᠠᠨ ᠲᠦᠮᠡᠨ ᠳᠤ ᠲᠤᠰᠬᠠᠶᠢᠵᠢᠭᠰᠠᠨ᠂ | ᠪᠠᠶᠢᠩᠭᠤᠵᠢᠭᠰᠠᠨ᠂ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠨ᠎ᠠ᠃ | ᠬᠤᠶᠠᠷ ᠲᠤ ︽ᠨᠡᠶᠢᠭᠡᠮ ᠤᠨ ᠵᠣᠬᠢᠶᠠᠨ ᠪᠠᠶᠢᠭᠤᠯᠤᠯᠲᠠ︾ ᠨᠢ ᠦᠢᠯᠡᠴᠢᠯᠡᠭᠡᠨ ᠤ ︽ᠰᠢᠨ᠎ᠡ ᠬᠥᠳᠡᠯᠭᠡᠭᠴᠢ | ᠡᠨᠧᠷᠭᠢ︾ ᠶᠢ ᠬᠦᠭᠵᠢᠭᠡᠨ᠎ᠡ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠺᠠᠳ᠋ᠷᠴᠤᠳ ᠵᠢᠵᠢᠭ ᠲᠣᠭᠤᠷᠢᠭ ᠲᠤ | ᠢᠳᠡᠪᠬᠢᠲᠡᠶ ᠪᠠᠷ ᠭᠦᠨᠵᠡᠭᠡᠶᠢᠷᠡᠨ ︽ᠣᠯᠠᠨ ᠲᠦᠮᠡᠨ ᠲᠠᠢ ᠨᠢᠭᠲᠠᠷᠠᠨ ᠪᠦᠯᠬᠦᠮᠳᠡᠵᠦ︾᠂ ᠲᠣᠬᠢᠶᠠᠯᠳᠤᠯ ᠢᠶᠠᠷ ᠵᠡᠭᠡᠯᠢ | ᠭᠤᠳᠤᠮᠵᠢ ᠲᠤ ᠰᠤᠷᠪᠤᠯᠵᠢᠯᠠᠬᠤ᠂ ᠬᠠᠨᠳᠤᠯᠭ᠎ᠠ ᠲᠠᠢ ᠪᠠᠷ ᠵᠥᠪᠳᠡᠯᠴᠡᠬᠦ᠂ ᠠᠷᠠᠳ ᠤᠨ ᠰᠠᠨᠠᠭ᠎ᠠ ᠪᠠᠷ ᠶᠠᠷᠢᠯᠴᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠩᠭᠤᠵᠢᠭᠤᠯᠤᠨ ᠡᠵᠡᠮᠰᠢᠪᠡ᠃ | ᠤᠯᠠᠨ ᠲᠦᠮᠡᠨ ᠤ ᠲᠥᠪᠯᠡᠷᠡᠩᠭᠦᠶ ᠳᠤᠰᠬᠠᠯ ᠢ ᠦᠨᠳᠦᠰᠦᠯᠡᠨ᠂ ᠵᠠᠰᠠᠬᠤ ᠰᠡᠳᠬᠢᠴᠡ ᠪᠠᠨ ᠥᠷᠭᠡᠳᠬᠡᠨ᠂ ᠵᠥᠪᠯᠡᠬᠦ | ᠠᠷᠠᠳᠴᠢᠯᠠᠯ ᠲᠠᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠤᠯᠠᠨ ᠲᠠᠯ᠎ᠠ ᠪᠠᠷ ᠬᠠᠮᠲᠤ ᠪᠠᠷ ᠪᠠᠶᠢᠭᠤᠯᠤᠭᠰᠠᠨ | ᠬᠠᠮᠲᠤ ᠪᠠᠷ ᠵᠠᠰᠠᠬᠤ ᠵᠠᠭᠪᠤᠷ ᠢ ᠢᠳᠡᠪᠬᠢᠲᠡᠶ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠢᠳᠡᠪᠬᠢᠲᠡᠶ ᠪᠠᠷ ᠲᠠᠳᠠᠨ ᠣᠷᠣᠭᠤᠯᠵᠤ ᠤᠯᠠᠨ ᠬᠡᠯᠪᠡᠷᠢ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ᠃ | ᠭᠤᠷᠪᠠ ᠳᠤ᠂ ︽ᠠᠷᠠᠳ ᠤᠨ ᠠᠮᠢᠳᠤᠷᠠᠯ ᠤᠨ ᠲᠥᠷᠥᠯ ᠵᠦᠢᠯ︾ ᠳᠤ ᠦᠢᠯᠡᠴᠢᠯᠡᠭᠡᠨ ᠤ ︽ᠣᠯᠠᠨ ᠡᠰᠢᠵᠢᠯᠳᠡ︾ | ᠶᠢ ᠲᠥᠪᠯᠡᠷᠡᠭᠦᠯᠦᠨ᠎ᠡ᠃ ᠿᠦᠩ ᠲᠦᠩ ᠤᠰᠤᠨ ᠤ ᠶᠠᠪᠤᠳᠠᠯ ᠤᠨ ᠺᠣᠮᠫᠠᠨᠢ᠂ ᠾᠦᠢ ᠲᠦᠩ ᠤᠰᠤᠨ ᠤ | ᠶᠠᠪᠤᠳᠠᠯ ᠤᠨ ᠺᠣᠮᠫᠠᠨᠢ ᠲᠠᠢ ᠵᠣᠬᠢᠴᠠᠭᠤᠯᠤᠨ ᠵᠣᠯᠭᠠᠭᠤᠯᠬᠤ ᠪᠠᠷ ᠳᠡᠮᠵᠢᠨ᠂ ᠹᠦ᠋ ᠨᠠᠨ᠂ ᠴᠢᠩ ᠵᠢᠶᠠᠨ᠂ ᠰᠢᠨ ᠲᠦᠩ᠂ | ᠯᠦᠩ ᠳ᠋ᠧ ᠵᠢᠶᠠ ᠶᠤᠸᠠᠨ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ 2080 ᠡᠷᠦᠬᠡ ᠰᠠᠭᠤᠭᠠᠯᠢ ᠠᠷᠠᠳ ᠲᠤ | ᠪᠠᠷᠢᠮᠵᠢᠶ᠎ᠠ ᠳᠤ ᠲᠤᠬᠢᠷᠠᠭᠰᠠᠨ ᠭᠦᠨ ᠴᠡᠪᠡᠷᠵᠢᠭᠦᠯᠦᠭᠰᠡᠨ ᠤᠰᠤ ᠤᠤᠭᠤᠯᠭᠠᠵᠤ᠂ ᠰᠠᠭᠤᠭᠠᠯᠢ ᠠᠷᠠᠳ ᠤᠨ ᠢᠳᠡᠬᠦ ᠪᠠ | ᠤᠰᠤᠨ ᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠶᠦᠩ ᠱᠧᠩ ᠴᠧᠩ ᠠᠳᠠᠯ ᠠᠬᠤᠶ ᠲᠠᠢ ᠬᠤᠯᠪᠣᠭᠠᠯᠠᠨ | ᠤᠤᠯ ᠤᠨ ᠬᠠᠭᠤᠴᠢᠨ ᠲᠡᠷᠭᠡᠨ ᠤ ᠰᠠᠷᠠᠪᠴᠢ ᠶᠢ ᠤᠶᠤᠨᠲᠤ ᠲᠡᠷᠭᠡᠨ ᠤ ᠰᠠᠷᠠᠪᠴᠢ ᠪᠣᠯᠭᠠᠨ ᠰᠢᠨ᠎ᠡ ᠪᠠᠷ ᠪᠠᠶᠢᠭᠤᠯᠵᠤ᠂ | ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠪᠦᠲᠦᠮᠵᠢᠲᠡᠶ | ᠰᠢᠢᠳᠪᠦᠷᠢᠯᠡᠪᠡ︔ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠤᠷᠠᠯᠢᠭ ᠤᠨ ᠰᠤᠷᠭᠠᠭᠤᠯᠢ ᠨᠤᠭᠤᠳ ᠢ | ᠵᠤᠬᠢᠴᠠᠭᠤᠯᠤᠨ ᠴᠡᠴᠡᠷᠯᠢᠭ ᠤᠨ ᠵᠢᠵᠢᠭ ᠲᠣᠭᠤᠷᠢᠭ ᠤᠨ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠬᠡᠮ ᠲᠠᠢ | ᠭᠦᠸᠧᠯᠦ ᠶᠢᠨ ᠬᠡᠷ ᠢ ᠨᠤᠷᠠᠭᠠᠵᠤ᠂ ᠰᠠᠭᠤᠭᠠᠯᠢ ᠠᠷᠠᠳ ᠤᠨ ᠠᠵᠢᠯᠯᠠᠭᠠᠨ ᠤ ᠲᠠᠯᠠᠪᠤᠷ ᠭᠠᠵᠠᠷ ᠪᠠᠶᠢᠭᠤᠯᠵᠤ᠂ ᠣᠯᠠᠨ | ᠲᠦᠮᠡᠨ ᠤ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠭᠠᠵᠠᠷ ᠢ ᠨᠡᠮᠡᠭᠳᠡᠭᠦᠯᠬᠦ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠪᠠᠷ ᠪᠣᠶ︔ ᠪᠣᠭᠤᠮᠲᠠ ᠶᠢᠨ ᠰᠠᠭᠤᠭᠠᠯᠢ ᠠᠷᠠᠳ ᠤᠨ ᠲᠣᠭᠤᠷᠢᠭ᠂ ᠵᠢᠦᠢ ᠿᠠᠨ ᠶᠤᠸᠠᠨ ᠲᠤ ᠴᠠᠬᠢᠯᠭᠠᠨ | ᠱᠠᠲᠤ ᠨᠡᠮᠡᠵᠦ ᠤᠭᠰᠠᠷᠠᠬᠤ ᠵᠡᠷᠭᠡ ᠨᠢ ᠰᠠᠭᠤᠭᠠᠯᠢ ᠠᠷᠠᠳ ᠲᠤ ᠨᠠᠩ ᠣᠯᠠᠨ ᠬᠦᠷᠲᠡᠭᠡᠯ ᠤᠨ ᠲᠥᠷᠥᠭᠳᠡᠯ ᠲᠠᠢ | ᠪᠣᠯᠤᠭᠰᠠᠨ ᠪᠠᠶᠢᠨ᠎ᠠ᠃ | 【ᠬᠥᠲᠥᠯᠥᠭᠴᠢ】 | ︽ᠨᠢᠭᠡ ᠪᠦᠰᠡ ᠭᠤᠷᠪᠠ ᠶᠢ ᠬᠤᠪᠢᠷᠠᠭᠤᠯᠬᠤ︾ ᠠᠵᠢᠯ ᠤᠨ ᠵᠠᠭᠪᠤᠷ ᠨᠢ ᠮᠦᠩᠬᠡᠵᠢᠯ ᠵᠠᠮ ᠤᠨ ᠵᠡᠭᠡᠯᠢ | ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠳᠤ ᠶᠠᠮᠠᠷ ᠶᠠᠮᠠᠷ ᠳᠡᠭᠡᠭᠰᠢᠯᠡᠯᠲᠡ ᠲᠠᠢ | ᠪᠣᠯᠤᠭᠰᠠᠨ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠳ᠋ᠠᠢ ᠶᠢᠩ ᠴᠢᠶᠠᠨ】 | ︽ᠨᠢᠭᠡ ᠪᠦᠰᠡ ᠭᠤᠷᠪᠠ ᠶᠢ ᠬᠤᠪᠢᠷᠠᠭᠤᠯᠬᠤ︾ ᠠᠵᠢᠯ ᠤᠨ ᠵᠠᠭᠪᠤᠷ ᠢᠶᠠᠷ ᠳᠠᠮᠵᠢᠭᠤᠯᠤᠨ᠂ ᠮᠦᠩᠬᠡᠵᠢᠯ ᠵᠠᠮ | ᠤᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠨᠠᠷᠢᠯᠢᠬᠵᠢᠭᠤᠯᠤᠭᠰᠠᠨ᠂ | ᠰᠢᠨᠵᠢᠯᠡᠬᠦ ᠤᠬᠠᠭᠠᠨᠴᠢᠯᠠᠭᠰᠠᠨ᠂ ᠲᠤᠰᠬᠠᠶᠢᠵᠢᠭᠤᠯᠤᠨ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠪᠡᠶᠡᠯᠡᠭᠦᠯᠵᠦ᠂ | ᠬᠠᠮᠢᠶᠠᠷᠤᠯᠲᠠ ᠦᠢᠯᠡᠴᠢᠯᠡᠭᠡ ᠶᠢ ᠬᠠᠮᠤᠭ ᠤᠨ ᠦᠵᠦᠭᠦᠷ ᠲᠤ ᠬᠦᠷᠲᠡᠯ᠎ᠡ ᠦᠷᠭᠦᠯᠵᠢᠯᠡᠭᠦᠯᠵᠦ᠂ ᠤᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠰᠣᠨᠣᠰᠬᠤ ᠬᠥᠮᠦᠨ ᠲᠠᠢ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠷᠢᠭᠤᠯᠬᠤ | ᠬᠥᠮᠦᠨ ᠲᠠᠢ᠂ ᠤᠯᠠᠨ ᠲᠦᠮᠡᠨ ᠳᠤ ᠬᠦᠴᠢᠷᠳᠡᠯ ᠲᠤᠯᠭᠠᠷᠠᠪᠠᠯ ᠬᠠᠪᠰᠤᠷᠬᠤ ᠬᠥᠮᠦᠨ ᠲᠠᠢ ᠪᠣᠯᠭᠠᠵᠤ᠂ ᠪᠣᠰᠤᠭ᠎ᠠ | ᠴᠣᠭᠴᠠᠴᠢᠯᠠᠭᠰᠠᠨ᠂ ᠪᠦᠬᠦᠨ ᠢ ᠪᠦᠷᠬᠦᠭᠰᠡᠨ᠂ ᠪᠦᠬᠦᠯᠢ ᠡᠳᠦᠷ ᠤᠨ ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ | ᠰᠢᠰᠲ᠋ᠧᠮ ᠢ ᠦᠨᠡᠨᠬᠦ ᠪᠠᠶᠢᠭᠤᠯᠵᠤ᠂ ᠠᠵᠢᠯ ᠢᠶᠠᠨ ᠴᠢᠨᠠᠭᠰᠢᠳᠠ ᠥᠷᠨᠢᠭᠦᠯᠬᠦ ᠳᠤ ᠦᠢᠯᠡᠳᠦᠯᠭᠡ ᠶᠢᠨ ᠠᠴᠢ | ᠬᠤᠯᠪᠣᠭᠳᠠᠯ ᠢ ᠬᠠᠩᠭᠠᠪᠠ᠃ | |