ᠪᠧᠢ ᠪᠧᠨ ᠬᠦᠨᠳᠦ ᠮᠠᠰᠢᠨ ᠲᠡᠷᠭᠡᠨ ᠤ ᠺᠣᠮᠫᠠᠨᠢ ᠤᠰᠤᠲᠥ᠋ᠷᠥᠭᠴᠢ ᠰᠢᠲᠠᠭᠠᠯᠭ᠎ᠠ ᠶᠢᠨ ᠬᠤᠳᠠᠯᠳᠤᠭᠠᠨ ᠳᠤ ᠬᠡᠷᠡᠭᠯᠡᠬᠦ ᠲᠡᠷᠭᠡ ᠦᠢᠯᠡᠳᠪᠦᠷᠢᠯᠡᠬᠦ ᠬᠢᠷᠢ ᠬᠡᠮ ᠢ ᠤᠯᠪᠠ
ᠨᠡᠶᠢᠲᠡᠯᠡᠭᠰᠡᠨ ᠴᠠᠭ᠄
2021/11/25
     11 ᠰᠠᠷ᠎ᠠ ᠶᠢᠨ 9 ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ︽ᠵᠠᠮ ᠬᠠᠷᠢᠯᠴᠠᠭᠠᠨ ᠤ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠦᠢᠯᠡᠳᠭᠦᠨ ᠤ ᠠᠯᠪᠠᠨ ᠵᠠᠷ︾ ︵350 ᠳ᠋ᠤᠭᠠᠷ ᠪᠦᠯᠦᠭ︶ ᠨᠡᠶᠢᠲᠡᠯᠡᠵᠦ᠂ ᠪᠸᠢ ᠪᠧᠨ ᠬᠦᠨᠳᠦ ᠮᠠᠰᠢᠨ ᠲᠡᠷᠭᠡᠨ ᠤ ᠠᠩᠬᠠᠨ ᠤ ᠬᠡᠯᠪᠡᠷᠢ ᠶᠢᠨ ᠤᠰᠤᠲᠥ᠋ᠷᠥᠭᠴᠢ ᠰᠢᠲᠠᠭᠠᠯᠭ᠎ᠠ ᠶᠢᠨ ᠳ᠋ᠢᠶᠠᠨ ᡂᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡᠨ ᠤ ᠰᠠᠭᠤᠷᠢ ᠲᠠᠪᠠᠭ ᠤᠨ ᠠᠯᠪᠠᠨ ᠵᠠᠷ ᠢ ᠲᠣᠰ ᠪᠦᠯᠦᠭ ᠲᠤ ᠠᠮᠵᠢᠯᠲᠠ ᠲᠠᠢ ᠪᠠᠷ ᠨᠡᠶᠢᠲᠡᠯᠡᠵᠦ᠂ ᠡᠨᠡ ᠨᠢ ᠪᠸᠢ ᠪᠧᠨ ᠬᠦᠨᠳᠦ ᠮᠠᠰᠢᠨ ᠲᠡᠷᠭᠡ ᠤᠰᠤᠲᠥ᠋ᠷᠥᠭᠴᠢ ᠰᠢᠲᠠᠭᠠᠯᠭ᠎ᠠ ᠶᠢᠨ ᠬᠤᠳᠠᠯᠳᠤᠭᠠᠨ ᠳᠤ ᠬᠡᠷᠡᠭᠯᠡᠬᠦ ᠲᠡᠷᠭᠡ ᠦᠢᠯᠡᠳᠪᠦᠷᠢᠯᠡᠬᠦ ᠬᠢᠷᠢ ᠬᠡᠮ ᠢ ᠵᠢᠩᠬᠢᠨᠢ ᠪᠠᠷ ᠣᠯᠤᠭᠰᠠᠨ ᠢ ᠬᠠᠷᠠᠭᠤᠯᠵᠤ ᠪᠠᠶᠢᠨ᠎ᠠ᠃ ᠡᠨᠡ ᠪᠣᠯ ᠪᠧᠢ ᠪᠧᠨ ᠬᠦᠨᠳᠦ ᠮᠠᠰᠢᠨ ᠲᠡᠷᠭᠡᠨ ᠤ ᠺᠣᠮᠫᠠᠨᠢ ᠶᠢᠨ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠪᠠ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠳᠠᠭᠠᠭᠤᠯᠭ᠎ᠠ ᠶᠢ ᠴᠢᠩᠭᠠᠳᠬᠠᠬᠤ ᠳᠤᠮᠳᠠ ᠣᠯᠤᠭᠰᠠᠨ ᠪᠠᠰᠠ ᠨᠢᠭᠡᠨ ᠦᠷ᠎ᠡ ᠪᠦᠲᠦᠭᠡᠯ᠂ ᠪᠧᠢ ᠪᠧᠨ ᠬᠦᠨᠳᠦ ᠮᠠᠰᠢᠨ ᠲᠡᠷᠭᠡᠨ ᠤ ᠺᠣᠮᠫᠠᠨᠢ ᠶᠢᠨ ᠬᠢᠨ ᠤᠰᠤᠲᠥ᠋ᠷᠥᠭᠴᠢ ᠰᠢᠲᠠᠭᠠᠯᠭ᠎ᠠ ᠶᠢᠨ ᠬᠦᠨᠳᠦ ᠺᠠᠷᠲ ᠤᠨ ᠠᠵᠤ ᠦᠢᠯᠡᠰ ᠤᠨ ᠬᠦᠷᠢᠶᠡᠨ ᠳᠤ ᠵᠢᠩᠬᠢᠨᠢ ᠪᠠᠷ ᠣᠷᠣᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ ᠰᠢᠨ᠎ᠡ ᠠᠶᠠᠨ ᠳᠠᠭᠠᠨ ᠮᠣᠷᠳᠠᠭᠰᠠᠨ ᠢ ᠬᠠᠷᠠᠭᠤᠯᠵᠤ ᠪᠠᠶᠢᠨ᠎ᠠ᠃ ︵ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ︶
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号