ᠲᠦᠷᠦᠭᠦᠬᠡᠨ᠂ ᠬᠤᠩ ᠶᠤᠸᠠᠨ ᠰᠢᠨ᠎ᠡ ᠮᠠᠲ᠋ᠧᠷᠢᠶᠠᠯ ᠤᠨ ᠪᠤᠭᠤᠲᠤ ᠶᠢᠨ ᠬᠢᠵᠠᠭᠠᠷᠲᠤ ᠺᠣᠮᠫᠠᠨᠢ ᠶᠢᠨ | ᠭᠤᠷᠪᠠᠳᠤᠭᠠᠷ ᠬᠤᠭᠤᠴᠠᠭᠠᠨ ᠤ 10GW ᠲᠠᠩ ᠲᠠᠯᠠᠰᠲᠤ ᠶᠢᠨ ᠢᠵᠢ ᠪᠦᠷᠢᠳᠦᠭᠦᠯᠬᠦ ᠢᠯᠳᠠᠰᠦ ᠶᠢᠨ ᠲᠥᠷᠥᠯ | ᠵᠦᠢᠯ ᠠᠰᠢᠭᠯᠠᠯᠲᠠ ᠳᠤ ᠣᠷᠣᠵᠤ᠂ ᠴᠢᠩᠱᠠᠨ ᠲᠣᠭᠤᠷᠢᠭ ᠤᠨ ᠬᠡᠷᠡᠯ ᠴᠡᠨᠡᠭ ᠤᠨ ᠪᠥᠬᠦ ᠠᠵᠤ ᠦᠢᠯᠡᠰ ᠤᠨ | ᠬᠡᠯᠬᠢᠶᠡᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠤᠯᠠᠮ ᠨᠢᠭᠡ ᠠᠯᠬᠤᠮ ᠬᠦᠴᠦ ᠨᠡᠮᠡᠷᠢᠯᠡᠵᠦ᠂ | ᠬᠤᠤᠰ ᠨᠡᠭᠦᠷᠡᠰᠦᠲᠥ᠋ᠷᠥᠭᠴᠢ ᠶᠢᠨ ᠬᠠᠷᠠᠯᠲᠠ ᠶᠢ ᠪᠡᠶᠡᠯᠡᠭᠦᠯᠪᠡ᠃ | ᠬᠤᠩ ᠶᠤᠸᠠᠨ ᠰᠢᠨ᠎ᠡ ᠮᠠᠲ᠋ᠧᠷᠢᠶᠠᠯ ᠤᠨ ᠪᠤᠭᠤᠲᠤ ᠶᠢᠨ ᠬᠢᠵᠠᠭᠠᠷᠲᠤ ᠺᠣᠮᠫᠠᠨᠢ ᠶᠢᠨ ᠭᠤᠷᠪᠠᠳᠤᠭᠠᠷ | ᠬᠤᠭᠤᠴᠠᠭᠠᠨ ᠤ ᠲᠠᠩ ᠲᠠᠯᠠᠰᠲᠤ ᠶᠢᠨ ᠢᠯᠳᠠᠰᠦ ᠶᠢᠨ ᠦᠢᠯᠡᠳᠪᠦᠷᠢᠯᠡᠯ ᠤᠨ ᠱᠤᠭᠤᠮ ᠤᠨ ᠦᠢᠯᠡᠳᠪᠦᠷᠢᠯᠡᠯ ᠤᠨ | ᠲᠤᠬᠠᠢ ᠶᠢᠨ ᠲᠠᠯᠠᠪᠠᠢ ᠳᠤ᠂ ᠢᠯᠲᠠᠰᠤ᠂ ᠴᠠᠪᠠᠤ ᠦᠭᠡᠶᠢᠳᠡᠭᠦᠯᠬᠦ᠂ ᠤᠬᠢᠶᠠᠨ ᠴᠡᠪᠡᠷᠯᠡᠬᠦ᠂ ᠬᠤᠪᠢᠶᠠᠨ ᠰᠣᠩᠭᠤᠬᠤ ᠵᠡᠷᠭᠡ | ᠭᠤᠭᠴᠤᠭ᠎ᠠ ᠪᠠᠷ ᠳᠠᠮᠵᠢᠨ ᠲᠠᠩ ᠲᠠᠯᠠᠰᠲᠤ ᠶᠢᠨ ᠴᠠᠬᠢᠭᠤᠷ ᠤᠨ ᠢᠯᠲᠠᠰᠤ ᠶᠢ ᠦᠢᠯᠡᠳᠪᠦᠷᠢᠯᠡᠵᠦ᠂ ᠳᠠᠷᠠᠭᠠᠴᠢ ᠶᠢᠨ | ᠠᠯᠬᠤᠮ ᠤᠨ ᠳ᠋ᠢᠶᠠᠨ ᡂᠢ ᠶᠢᠨ ᠢᠯᠲᠠᠰᠤ ᠶᠢ ᠦᠢᠯᠡᠳᠪᠦᠷᠢᠯᠡᠬᠦ ᠳᠤ ᠬᠡᠷᠡᠭᠯᠡᠭᠰᠡᠨ ᠢ ᠰᠤᠷᠪᠤᠯᠵᠢᠯᠠᠭᠴᠢ ᠣᠯᠵᠤ | ᠬᠠᠷᠠᠵᠠᠢ᠃ | ᠡᠨᠡᠬᠦ ᠦᠢᠯᠡᠳᠪᠦᠷᠢᠯᠡᠯ ᠤᠨ ᠱᠤᠭᠤᠮ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠠᠩ ᠲᠠᠯᠠᠰᠲᠤ | ᠴᠠᠬᠢᠭᠤᠷ ᠤᠨ ᠢᠯᠲᠠᠰᠤ ᠶᠢᠨ ᠦᠢᠯᠡᠳᠪᠦᠷᠢᠯᠡᠯ ᠤᠨ ᠱᠤᠭᠤᠮ᠂ ᠭᠠᠵᠠᠷ ᠣᠷᠣᠨ ᠤ ᠬᠤᠭᠤᠰᠣᠨ ᠢ ᠨᠥᠬᠦᠪᠥᠷᠢᠯᠡᠬᠦ ᠶᠢᠨ | ᠬᠠᠮᠲᠤ ᠪᠠᠰᠠ ᠴᠢᠩᠱᠠᠨ ᠲᠣᠭᠤᠷᠢᠭ ᠤᠨ ᠨᠡᠷᠡᠨ ᠡᠨᠧᠷᠭᠢ ᠶᠢᠨ ᠭᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠪᠠ᠃ | ᠬᠤᠩ ᠶᠤᠸᠠᠨ ᠤ ᠭᠤᠷᠪᠠᠳᠤᠭᠠᠷ ᠬᠤᠭᠤᠴᠠᠭᠠᠨ ᠤ ᠢᠵᠢ ᠪᠦᠷᠢᠳᠦᠭᠦᠯᠬᠦ ᠢᠯᠳᠠᠰᠦ ᠶᠢᠨ ᠲᠦᠷᠦᠯ ᠵᠦᠢᠯ ᠪᠣᠯ | ᠥᠰᠢ ᠶᠢᠨ ᠱᠠᠩ ᠵᠢᠢ ᠲᠣᠭᠠᠨ ᠤ ᠡᠵᠡᠮᠳᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠤᠭᠤᠲᠤ ᠳᠤ | ᠪᠡᠯᠡ ᠣᠷᠣᠭᠤᠯᠤᠨ ᠪᠦᠳᠦᠭᠡᠨ ᠪᠠᠶᠢᠭᠤᠯᠤᠭᠰᠠᠨ ᠠᠩᠬᠠᠳᠠᠭᠴᠢ ᠢᠯᠳᠠᠰᠦ ᠶᠢᠨ ᠦᠢᠯᠡᠳᠪᠦᠷᠢᠯᠡᠯ ᠤᠨ ᠲᠠᠰᠤᠭ᠂ | 2021 ᠣᠨ ᠳᠤ ᠪᠡᠯᠡ ᠣᠷᠣᠭᠤᠯᠤᠨ ᠪᠦᠳᠦᠭᠡᠨ ᠪᠠᠶᠢᠭᠤᠯᠵᠤ᠂ 792 ᠲᠠᠩ ᠲᠠᠯᠠᠰᠲᠤ ᠵᠤᠤᠬ᠎ᠠ ᠪᠠ 216 | ᠢᠯᠳᠠᠰᠦ ᠶᠢᠨ ᠮᠠᠰᠢᠨ ᠤᠭᠰᠠᠷᠠᠬᠤ ᠪᠠᠷ ᠲᠥᠯᠥᠪᠵᠢᠭᠦᠯᠪᠡ᠃ ᠡᠭᠦᠨ ᠳᠤ᠂ ᠲᠠᠩ ᠲᠠᠯᠠᠰᠲᠤ ᠶᠢᠨ ᠲᠥᠷᠥᠯ ᠵᠦᠢᠯ 6 | ᠰᠠᠷ᠎ᠠ ᠶᠢᠨ 27 ᠤ ᠡᠳᠦᠷ ᠠᠰᠢᠭᠯᠠᠯᠲᠠ ᠳᠤ ᠣᠷᠣᠵᠤ᠂ ᠢᠵᠢ ᠪᠥᠷᠢᠳᠦᠭᠰᠡᠨ ᠢᠯᠳᠠᠰᠦ ᠶᠢᠨ ᠲᠥᠷᠥᠯ ᠵᠦᠢᠯ 10 | ᠰᠠᠷ᠎ᠠ ᠶᠢᠨ 21 ᠤ ᠡᠳᠦᠷ ᠠᠰᠢᠭᠯᠠᠯᠲᠠ ᠳᠤ ᠣᠷᠣᠪᠠ᠃ | ᠭᠤᠷᠪᠠᠳᠤᠭᠠᠷ ᠬᠤᠭᠤᠴᠠᠭ᠎ᠠ ᠨᠢ ᠪᠦᠬᠦᠨ ᠢᠶᠠᠷ ᠢᠶᠠᠨ ᠦᠢᠯᠡᠳᠪᠦᠷᠢᠯᠡᠭᠰᠡᠨ ᠤ ᠳᠠᠷᠠᠭ᠎ᠠ᠂ ᠬᠤᠩ ᠶᠤᠸᠠᠨ | ᠵᠢᠯ ᠳᠤ 30GW ᠲᠠᠩ ᠲᠠᠯᠠᠰᠲᠤ ᠴᠠᠬᠢᠭᠤᠷ ᠪᠠ 10GW ᠢᠯᠳᠠᠰᠦ ᠶᠢᠨ ᠦᠢᠯᠡᠳᠪᠦᠷᠢᠯᠡᠯ ᠤᠨ | ᠴᠢᠳᠠᠪᠤᠷᠢ ᠲᠠᠢ ᠪᠣᠯᠤᠨ᠎ᠠ᠃ 2408 ᠲᠠᠩ ᠲᠠᠯᠠᠰᠲᠤ ᠵᠤᠤᠬ᠎ᠠ ᠲᠠᠢ ᠪᠠᠶᠢᠵᠤ᠂ ᠵᠢᠯ ᠤᠨ ᠪᠣᠷᠣᠯᠠᠭᠤᠯᠭ᠎ᠠ 160 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠭᠠᠶᠢᠯᠢ ᠶᠢᠨ ᠣᠷᠣᠯᠭ᠎ᠠ 5 — 6 ᠳ᠋ᠦᠩᠰᠢᠭᠤᠷ | ᠲᠥᠭᠦᠷᠢᠭ ᠲᠤ ᠬᠦᠷᠴᠦ᠂ 2000 — 2500 ᠬᠥᠮᠦᠨ ᠳᠤ ᠰᠢᠨ᠎ᠡ ᠪᠠᠷ ᠠᠵᠢᠯ ᠣᠯᠭᠤᠪᠠ᠃ | ︽ᠪᠢᠳᠡᠨ ᠤ ᠲᠥᠯᠥᠪᠯᠡᠭᠡ ᠪᠣᠯ 12 ᠰᠠᠷ᠎ᠠ ᠶᠢᠨ 20 ᠤ ᠡᠳᠦᠷ ᠤᠨ ᠦᠶ᠎ᠡ ᠪᠠᠷ ᠪᠦᠬᠦᠨ ᠢᠶᠠᠷ ᠢᠶᠠᠨ | ᠦᠢᠯᠡᠳᠪᠦᠷᠢᠯᠡᠯ ᠳᠦᠭᠦᠷᠴᠦ᠂ ᠵᠠᠯᠭᠠᠯᠳᠤᠭᠰᠠᠨ ᠨᠤᠷᠮ᠎ᠠ ᠨᠢ ᠪᠠᠷᠤᠭ 98.5% ᠣᠷᠴᠢᠮ ᠪᠠᠶᠢᠳᠠᠭ᠃︾ ᠭᠡᠵᠦ ᠬᠤᠩ | ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠴᠧᠨ ᠨᠢᠶᠠᠨ | ᠬᠤᠸᠠᠢ ᠬᠡᠯᠡᠪᠡ᠃ | ᠬᠤᠩ ᠶᠤᠸᠠᠨ ᠰᠢᠨ᠎ᠡ ᠮᠠᠲ᠋ᠧᠷᠢᠶᠠᠯ ᠤᠨ ᠪᠤᠭᠤᠲᠤ ᠶᠢᠨ ᠬᠢᠵᠠᠭᠠᠷᠲᠤ ᠺᠣᠮᠫᠠᠨᠢ ᠨᠢ ᠪᠤᠭᠤᠲᠤ ᠶᠢᠨ ᠲᠣᠨᠣᠭᠯᠠᠯ | ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ 680 ᠮᠦ ᠭᠠᠵᠠᠷ ᠢ ᠡᠵᠡᠯᠡᠵᠦ᠂ | ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 93 ᠳ᠋ᠦᠩᠰᠢᠭᠤᠷ | ᠲᠥᠭᠦᠷᠢᠭ ᠲᠤ ᠬᠦᠷᠴᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠬᠤᠭᠤᠴᠠᠭ᠎ᠠ ᠶᠢ ᠴᠥᠮ ᠲᠤᠰ ᠵᠢᠯ ᠳᠤ | ᠪᠦᠳᠦᠭᠡᠨ ᠪᠠᠶᠢᠭᠤᠯᠵᠤ᠂ ᠲᠤᠰ ᠵᠢᠯ ᠳᠤ ᠠᠰᠢᠭᠯᠠᠯᠲᠠ ᠳᠤ ᠣᠷᠣᠭᠤᠯᠵᠤ᠂ ᠲᠤᠰ ᠵᠢᠯ ᠳᠤ ᠪᠣᠷᠣᠯᠠᠭᠤᠯᠭ᠎ᠠ ᠶᠢ | ᠪᠡᠶᠡᠯᠡᠭᠦᠯᠪᠡ᠃ | ᠲᠦᠷᠦᠯ ᠵᠦᠢᠯ ᠨᠢ ᠲᠦᠭᠦᠬᠡᠢ ᠮᠠᠲ᠋ᠧᠷᠢᠶᠠᠯ ᠤᠨ ᠦᠵᠦᠭᠦᠷ ᠲᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠮᠥᠬᠦᠯᠢᠭᠲᠦ ᠴᠠᠬᠢᠭᠤᠷ ᠢ ᠬᠡᠷᠡᠭᠯᠡᠵᠦ᠂ ᠡᠨᠧᠷᠭᠢ ᠶᠢᠨ ᠬᠤᠷᠣᠭᠳᠠᠯ ᠨᠢ ᠵᠥᠪᠬᠡᠨ ᠤᠯᠠᠮᠵᠢᠯᠠᠯᠲᠤ ᠰᠢᠳᠠᠮᠯᠢᠭ | ᠴᠠᠬᠢᠭᠤᠷ ᠤᠨ 25% ᠪᠠᠶᠢᠵᠤ᠂ ᠠᠵᠢᠯ ᠲᠦᠷᠦᠯ ᠤᠨ ᠮᠡᠷᠭᠡᠵᠢᠯ ᠢᠶᠠᠷ ᠬᠠᠮᠤᠭ ᠤᠨ ᠲᠡᠷᠢᠭᠦᠨ ᠤ ᠲᠠᠩ ᠲᠠᠯᠠᠰᠲᠤ | ᠵᠤᠤᠬ᠎ᠠ ᠶᠢ ᠬᠡᠷᠡᠭᠯᠡᠵᠦ᠂ ᠤᠯᠠᠮᠵᠢᠯᠠᠯᠲᠤ ᠲᠠᠩ ᠲᠠᠯᠠᠰᠲᠤ ᠵᠤᠤᠬ᠎ᠠ ᠲᠠᠢ ᠬᠠᠷᠢᠴᠠᠭᠤᠯᠪᠠᠯ ᠴᠠᠬᠢᠯᠭᠠᠨ ᠬᠡᠷᠡᠭᠯᠡᠬᠦ ᠳᠤ | 15% ᠤᠨ ᠡᠨᠧᠷᠭᠢ ᠠᠷᠪᠢᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢ 10% ᠪᠠᠷ ᠳᠡᠭᠡᠭᠰᠢᠯᠡᠭᠦᠯᠦᠨ᠎ᠡ᠃ | ᠥᠩᠭᠡᠷᠡᠭᠰᠡᠨ ᠳᠤ ᠢᠯᠳᠠᠰᠦ ᠡᠨᠡᠬᠦ ᠭᠤᠭᠴᠤᠭ᠎ᠠ ᠤᠰᠤ ᠬᠡᠷᠡᠭᠯᠡᠬᠦ ᠬᠡᠮᠵᠢᠶ᠎ᠡ ᠨᠢ ᠶᠡᠭᠡ ᠤᠴᠢᠷ ᠠᠴᠠ ᠭᠤᠣᠯᠳᠠᠭᠤ | ᠡᠮᠦᠨᠡᠲᠦ ᠣᠷᠣᠨ ᠳᠤ ᠪᠠᠶᠢᠷᠢᠰᠢᠭᠤᠯᠵᠤ ᠪᠠᠶᠢᠵᠠᠶ᠃ ᠲᠣᠰ ᠤᠳᠠᠭ᠎ᠠ ᠬᠤᠩ ᠶᠤᠸᠠᠨ ᠭᠤᠷᠪᠠᠳᠤᠭᠠᠷ ᠬᠤᠭᠤᠴᠠᠭᠠᠨ ᠤ | ᠲᠥᠷᠥᠯ ᠵᠦᠢᠯ ᠢ ᠪᠥᠲᠥᠭᠡᠨ ᠪᠠᠶᠢᠭᠤᠯᠬᠤ ᠳᠠᠭᠠᠨ ᠪᠠᠰᠠ 6000 ᠭᠠᠷᠤᠶ ᠲᠦᠮᠡᠨ ᠲᠥᠭᠦᠷᠢᠭ ᠤᠨ ᠪᠠᠯᠠ | ᠣᠷᠣᠭᠤᠯᠵᠤ᠂ ᠤᠰᠤᠨ ᠤ ᠡᠷᠭᠢᠯᠲᠡ ᠶᠢᠨ ᠰᠢᠰᠲ᠋ᠧᠮ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠤᠰᠤᠨ ᠤ | ᠡᠬᠢ ᠪᠠᠶᠠᠯᠢᠭ ᠤᠨ ᠬᠡᠷᠡᠭᠯᠡᠬᠦ ᠬᠡᠮᠵᠢᠶ᠎ᠡ ᠶᠢ ᠶᠡᠭᠡ ᠪᠠᠷ ᠠᠷᠪᠢᠯᠠᠵᠤ᠂ ᠲᠥᠷᠥᠯ ᠵᠦᠢᠯ ᠤᠨ ᠡᠨᠧᠷᠭᠢ ᠶᠢᠨ | ᠬᠤᠷᠣᠭᠳᠠᠭᠤᠯᠤᠯ ᠪᠠᠭ᠎ᠠ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ ᠶᠢ ᠪᠠᠲᠤᠯᠠᠭᠰᠠᠨ ᠪᠠᠶᠢᠨ᠎ᠠ᠃ | ᠴᠧᠨ ᠨᠢᠶᠠᠨ ᠬᠤᠸᠠᠢ ᠲᠠᠨᠢᠯᠴᠠᠭᠤᠯᠬᠤ ᠳᠠᠭᠠᠨ᠂ ︽ᠡᠶᠢᠮᠦᠷᠬᠦ ᠶᠡᠭᠡ ᠬᠡᠪᠴᠢᠶᠡᠨ ᠤ ᠢᠯᠳᠠᠰᠦ ᠶᠢᠨ | ᠦᠢᠯᠡᠳᠪᠦᠷᠢ ᠶᠢᠨ ᠲᠠᠰᠤᠭ᠂ ᠨᠢᠭᠡ ᠦᠢᠯᠡᠳᠪᠦᠷᠢᠯᠡᠯ ᠤᠨ ᠲᠠᠰᠤᠭ 216 ᠰᠠᠤᠷᠢ ᠮᠠᠰᠢᠨ᠂ ᠣᠳᠣᠬᠠᠨ ᠳᠤ | ᠤᠯᠤᠰ ᠤᠨ ᠳᠣᠲᠣᠭᠠᠳᠤ ᠳᠤ ᠪᠠᠶᠢᠬᠤ ᠥᠬᠡᠶ᠃ ᠢᠷᠡᠭᠡᠳᠦᠶ ᠳᠤ ᠪᠢᠳᠡ ᠯᠠᠵᠢᠩ ᠤᠨ ᠢᠯᠳᠠᠰᠦ ᠶᠢ ᠪᠦᠬᠦᠨ ᠢ | ᠪᠤᠭᠤᠲᠤ ᠳᠤ ᠤᠷᠤᠭᠤᠯᠵᠦ᠂ ᠪᠦᠬᠦ᠋ᠢᠯᠡ ᠵᠠᠩᠭᠢᠯᠠᠭ᠎ᠠ ᠶᠢ ᠨᠡᠪᠲᠡᠷᠡᠭᠦᠯᠦᠨ᠎ᠡ᠃ ᠲᠣᠭᠲᠠᠭᠠᠭᠰᠠᠨ ᠬᠠᠷᠠᠯᠲᠠ ᠪᠣᠯ ᠡᠨᠡ | ᠵᠢᠯ ᠵᠢᠯ ᠤᠨ ᠡᠴᠦᠰ ᠪᠣᠯᠬᠤ ᠳᠤ 100 ᠳ᠋ᠦᠩᠰᠢᠭᠤᠷ ᠢ ᠪᠡᠶᠡᠯᠡᠭᠦᠯᠵᠦ᠂ ᠵᠢᠱᠢᠯᠲᠡ ᠪᠠᠷ 120 ᠳ᠋ᠦᠩᠰᠢᠭᠤᠷ ᠢ | ᠪᠡᠶᠡᠯᠡᠭᠦᠯᠵᠦ ᠲᠠᠶᠢᠯᠤᠨ᠎ᠠ︾ ᠭᠡᠵᠡᠶ᠃ | 2020 ᠣᠨ ᠳᠤ᠂ ᠬᠤᠩ ᠶᠤᠸᠠᠨ ᠰᠢᠨ᠎ᠡ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ | ᠦᠭᠡᠢ ᠦᠢᠯᠡᠳᠪᠦᠷᠢ ᠪᠠᠷ ᠦᠨᠡᠯᠡᠵᠦ᠂ ᠲᠤᠰ ᠵᠢᠯ ᠳᠤ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠪᠣᠬᠢᠷᠲᠤᠯ | ᠦᠭᠡᠢ ᠦᠢᠯᠡᠳᠪᠦᠷᠢ ᠪᠠᠷ ᠰᠣᠩᠭᠤᠪᠠ᠃ ᠢᠷᠡᠭᠡᠳᠦᠶ ᠳᠤ᠂ ᠬᠤᠩ ᠶᠤᠸᠠᠨ ᠰᠢᠨ᠎ᠡ ᠮᠠᠲ᠋ᠧᠷᠢᠶᠠᠯ ᠨᠢ ᠮᠠᠨ ᠤ ᠬᠤᠲᠠ ᠳᠤ | ᠪᠥᠬᠦ ᠪᠥᠮᠪᠥᠷᠴᠡᠭ ᠤᠨ ᠬᠠᠮᠤᠭ ᠤᠨ ᠲᠣᠮᠣ ᠲᠠᠯᠠᠰᠲᠤ ᠴᠠᠬᠢᠭᠤᠷ ᠤᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ | ᠭᠠᠵᠠᠷ᠂ ᠪᠥᠬᠦ ᠪᠥᠮᠪᠥᠷᠴᠡᠭ ᠤᠨ ᠬᠠᠮᠤᠭ ᠤᠨ ᠲᠣᠮᠣ ᠲᠠᠩ ᠲᠠᠯᠠᠰᠲᠤ ᠴᠠᠬᠢᠭᠤᠷ ᠤᠨ ᠰᠠᠪᠠᠭ᠎ᠠ᠂ ᠴᠠᠬᠢᠭᠤᠷ ᠤᠨ | ᠢᠯᠲᠠᠰᠤ ᠶᠢᠨ ᠠᠵᠤ ᠦᠢᠯᠡᠰ ᠤᠨ ᠰᠠᠭᠤᠷᠢᠨ ᠭᠠᠵᠠᠷ᠂ ᠪᠥᠬᠦ ᠪᠥᠮᠪᠥᠷᠴᠡᠭ ᠤᠨ ᠨᠡᠯᠢᠶᠡᠳ ᠲᠣᠮᠣ ᠳ᠋ᠢᠶᠠᠨ ᡂᠢ ᠶᠢ | ᠵᠣᠬᠢᠶᠠᠨ ᠪᠠᠶᠢᠭᠤᠯᠬᠤ ᠵᠡᠷᠭᠡ ᠲᠠᠯᠠᠰᠲᠤ ᠴᠠᠬᠢᠭᠤᠷ ᠤᠨ ᠢᠵᠢ ᠪᠦᠷᠢᠳᠦᠭᠦᠯᠬᠦ ᠠᠵᠤ ᠦᠢᠯᠡᠰ ᠤᠨ ᠰᠠᠭᠤᠷᠢᠨ | ᠭᠠᠵᠠᠷ ᠢ ᠪᠠᠶᠢᠭᠤᠯᠵᠤ᠂ ᠵᠢᠱᠢᠯᠲᠡ ᠪᠠᠷ 2025 ᠣᠨ ᠪᠣᠯᠬᠤ ᠳᠤ᠂ ᠬᠡᠷᠡᠯ ᠴᠡᠨᠡᠭ ᠤᠨ ᠠᠵᠤ ᠦᠢᠯᠡᠰ ᠤᠨ ᠵᠢᠯ ᠤᠨ | ᠦᠢᠯᠡᠳᠭᠦᠨ ᠤ ᠥᠷᠲᠡᠭ 2000 ᠳ᠋ᠦᠩᠰᠢᠭᠤᠷ ᠲᠥᠭᠦᠷᠢᠭ ᠲᠤ ᠬᠥᠷᠬᠦ ᠪᠣᠯᠤᠨ᠎ᠠ᠃ | | ︵ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ︶ |