11 ᠰᠠᠷ᠎ᠠ ᠶᠢᠨ 18 ᠤ ᠡᠳᠦᠷ᠂ ᠪᠧᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠺᠣᠮᠫᠠᠨᠢ ᠥᠪᠥᠷ | ᠮᠣᠩᠭᠤᠯ ᠤᠨ ᠪᠤᠭᠤᠲᠤ ᠬᠤᠳᠠ ᠶᠢᠨ ᠮᠠᠰᠢᠨ ᠲᠡᠷᠭᠡᠨ ᠤ ᠲᠤᠮᠤ ᠠᠰᠠᠷ ᠤᠨ ᠨᠢᠭᠡᠳᠦᠭᠡᠷ ᠳᠠᠪᠬᠤᠷᠯᠢᠭ ᠤᠨ | ᠬᠤᠷᠠᠯ ᠤᠨ ᠭᠡᠷ ᠲᠤ《ᠲᠠᠷᠠᠬᠠᠶ ᠪᠤᠲᠠᠷᠬᠠᠶ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ》ᠲᠦᠷᠦᠯ ᠵᠦᠢᠯ ᠤᠨ | 370 ᠰᠠᠤᠷᠢ ᠰᠢᠨ᠎ᠡ ᠡᠨᠧᠷᠭᠢ ᠶᠢᠨ ᠬᠦᠨᠳᠦ ᠠᠴᠢᠶᠠᠨ ᠮᠰᠢᠨ ᠲᠡᠷᠭᠡᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠵᠠᠢ᠃ | ᠲᠤᠰ ᠤᠳᠠᠭ᠎ᠠ ᠶᠢᠨ ᠭᠡᠷ᠎ᠡ ᠲᠣᠭᠲᠠᠭᠰᠠᠨ ᠨᠢ ᠪᠤᠭᠤᠲᠤ ᠶᠢᠨ ᠪᠣᠬᠢᠷᠲᠤᠯ ᠦᠭᠡᠢ ᠴᠠᠬᠢᠯᠭᠠᠨ ᠨᠡᠭᠦᠷᠡᠰᠦᠨ ᠤ | ᠲᠡᠭᠡᠭᠡᠪᠦᠷᠢ ᠡᠬᠢᠯᠡᠭᠰᠡᠨ ᠢ ᠬᠠᠷᠠᠭᠤᠯᠵᠤ ᠪᠠᠶᠢᠨ᠎ᠠ᠃ | ᠪᠧᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠺᠣᠮᠫᠠᠨᠢ ᠪᠣᠯᠤᠨ G7 ᠶᠢᠨ ᠬᠤᠭᠤᠷᠣᠨᠳᠣᠬᠢ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠷ ᠳᠡᠮᠵᠢᠨ᠂ ᠢᠷᠡᠭᠡᠳᠦᠶ ᠳᠤ ᠬᠤᠲᠠ ᠶᠢᠨ ᠲᠤᠲᠤᠭᠠᠲᠦ ᠳᠤ 370 | ᠴᠠᠬᠢᠯᠭᠠᠨ ᠬᠥᠳᠡᠯᠭᠡᠭᠦᠷᠲᠦ ᠲᠡᠷᠭᠡ ᠪᠠᠷ ᠣᠳᠣ ᠶᠢᠨ ᠪᠤᠶ ᠪᠦᠬᠦᠢ ᠤᠯᠠᠮᠵᠢᠯᠠᠯᠲᠤ ᠴᠠᠶᠢᠶ᠋ᠢᠦ ᠲᠣᠰᠣᠨ ᠤ ᠮᠠᠰᠢᠨ | ᠲᠡᠷᠭᠡ ᠶᠢ ᠣᠷᠣᠯᠠᠭᠤᠯᠬᠤ ᠪᠠᠷ ᠲᠥᠯᠥᠪᠯᠡᠵᠦ᠂ ᠡᠨᠡ ᠪᠦᠯᠦᠭ G7 ᠤᠶᠤᠨᠲᠤ ᠬᠠᠲᠠᠭᠤ ᠬᠡᠷᠡᠭᠰᠡᠯ ᠢ ᠨᠡᠮᠡᠵᠦ | ᠤᠭᠰᠠᠷᠠᠭᠰᠠᠨ ᠲᠣᠭᠲᠠᠮᠠᠯ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠮᠰᠢᠨ ᠲᠡᠷᠭᠡ ᠨᠢ ᠪᠤᠭᠤᠲᠤ ᠬᠤᠲᠠ ᠶᠢᠨ | ︽ᠲᠠᠷᠠᠬᠠᠶ ᠪᠤᠲᠠᠷᠬᠠᠶ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ + ᠰᠢᠨ᠎ᠡ ᠡᠨᠧᠷᠭᠢ︾ ᠶᠢᠨ ᠲᠥᠷᠥᠯ ᠵᠦᠢᠯ ᠢ | ᠪᠤᠭᠤᠲᠤ ᠬᠤᠲᠠ ᠳᠤ ᠲᠦᠷᠭᠡᠨ ᠳᠡᠯᠭᠡᠷᠡᠭᠦᠯᠬᠦ ᠶᠢᠨ ᠳᠠᠭᠠᠤ ᠳᠤ ᠱᠠᠲᠤ ᠬᠤᠪᠢᠶᠠᠨ ᠠᠰᠢᠭᠯᠠᠯᠲᠠ ᠳᠤ ᠣᠷᠣᠭᠤᠯᠵᠤ᠂ | ᠥᠪᠥᠷ ᠮᠣᠩᠭᠤᠯ ᠤᠨ ᠪᠤᠭᠤᠲᠤ ᠬᠤᠲᠠ ᠶᠢᠨ ᠳᠡᠭᠳᠡᠮᠡᠯ ᠲᠣᠭᠤᠰᠣᠨ ᠤ ᠪᠣᠬᠢᠷᠲᠤᠯ᠂ ᠲᠡᠷᠭᠡ ᠬᠥᠰᠬᠡ ᠮᠥᠷᠯᠡᠬᠦ᠂ | ᠰᠡᠭᠦᠯ ᠤᠨ ᠬᠡᠶ ᠶᠢᠨ ᠪᠣᠬᠢᠷᠲᠤᠯ ᠵᠡᠷᠭᠡ ᠠᠰᠠᠭᠤᠳᠠᠯ ᠢ ᠪᠦᠲᠦᠮᠵᠢᠲᠡᠶ ᠪᠠᠭᠠᠰᠬᠠᠬᠤ ᠳᠤ ᠬᠦᠴᠦ ᠨᠡᠮᠡᠷᠢᠯᠡᠵᠦ᠂ ᠬᠤᠤᠰ | ᠨᠡᠭᠦᠷᠡᠰᠦᠲᠥ᠋ᠷᠥᠭᠴᠢ ᠶᠢᠨ ᠬᠠᠷᠠᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠬᠦ ᠪᠣᠯᠤᠨ᠎ᠠ᠃ | | | | | ︵ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ︶ | | |