ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠴᠢᠩᠱᠠᠨ ᠲᠣᠭᠤᠷᠢᠭ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠦᠭᠵᠢᠯᠲᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ᠤᠨ ᠮᠡᠳᠡᠭᠳᠡᠯ
ᠨᠡᠶᠢᠲᠡᠯᠡᠭᠰᠡᠨ ᠴᠠᠭ᠄
2021/11/29
     ᠴᠢᠩᠱᠠᠨ ᠵᠠᠰᠠᠭ ᠠᠯᠪᠠᠨ ᠲᠠᠷᠬᠠᠭᠠᠭᠰᠠᠨ ﹇2021﹈ 20 ᠳ᠋ᠤᠭᠠᠷ ᠲᠣᠭᠠᠲᠤ      ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠴᠢᠩᠱᠠᠨ ᠲᠣᠭᠤᠷᠢᠭ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ  ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠦᠭᠵᠢᠯᠲᠡ ᠶᠢᠨ ᠬᠠᠮᠢᠶᠠᠷᠤᠯᠲᠠ  ᠎ ᠶᠢᠨ ᠬᠡᠷᠡᠭᠵᠢᠭᠦᠯᠬᠦ ᠲᠥᠰᠦᠯ ᠎ ᠤᠨ ᠮᠡᠳᠡᠭᠳᠡᠯ      ︽ᠴᠢᠩᠱᠠᠨ ᠲᠣᠭᠤᠷᠢᠭ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ  ᠲᠤᠭᠤᠷᠢᠭ ᠤᠨ ᠰᠢᠨ᠎ᠡ ᠶᠢ ᠡᠭᠦᠳᠬᠦ ᠬᠦᠭᠵᠢᠯᠲᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾᠎ ᠢ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃      ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ      2021 ᠣᠨ ᠤ 11 ᠰᠠᠷ᠎ᠠ ᠶᠢᠨ 4  ᠎ ᠤ ᠡᠳᠦᠷ      ᠴᠢᠩᠱᠠᠨ ᠲᠣᠭᠤᠷᠢᠭ ᠤᠨ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠦᠭᠵᠢᠯᠲᠡ ᠶᠢᠨ ᠬᠠᠮᠢᠶᠠᠷᠤᠯᠲᠠ  ᠎ ᠶᠢᠨ ᠬᠡᠷᠡᠭᠵᠢᠭᠦᠯᠬᠦ ᠲᠥᠰᠦᠯ      ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ᠂ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ︽ᠤᠯᠤᠰ ᠤᠨ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠬᠠᠮᠢᠶᠠᠷᠤᠯᠲᠠ ᠶᠢᠨ ᠠᠷᠭ᠎ᠠ︾ ︵ᠰᠣᠶᠣᠯ ᠵᠢᠭᠤᠯᠴᠢᠯᠠᠯ ᠣᠯᠠᠨ ᠨᠡᠶᠢᠲᠡ ᠶᠢᠨ ᠲᠠᠷᠬᠠᠭᠠᠭᠰᠠᠨ ︹ 2020 ︺ 32 ᠳ᠋ᠤᠭᠠᠷ ᠲᠣᠭᠠᠲᠤ︶᠎ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ︵ᠳᠤᠤᠷ᠎ᠠ ᠵᠢᠱᠢᠶ᠎ᠡ ᠦᠵᠡᠭᠦᠯᠬᠦ ᠣᠷᠣᠨ ᠭᠡᠵᠦ ᠲᠣᠪᠴᠢᠯᠠᠨ᠎ᠠ︶᠎ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠰᠢᠰᠲ᠋ᠧᠮ ᠶᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ᠂ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ︽ᠪᠤᠭᠤᠲᠤ ᠬᠤᠲᠠ ᠶᠢᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠦᠭᠵᠢᠯᠲᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ︵ᠪᠤᠭᠤᠲᠦ ᠵᠠᠰᠠᠭ ᠠᠯᠪᠠᠨ ᠲᠠᠷᠬᠠᠭᠠᠭᠰᠠᠨ ︹ 2021 ︺ 56 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠤᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠤᠬᠠᠭᠠᠤᠯᠤᠨ ᠲᠤᠤᠱᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠲᠤᠯᠠᠬᠤ ᠬᠠᠤᠯᠢ︾᠎ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠦᠨᠳᠦᠰᠦᠨ ᠴᠢᠨᠠᠷᠲᠠᠶ᠂ ᠠᠳᠠᠯᠢ ᠲᠡᠭᠰᠢ ᠴᠢᠨᠠᠷᠲᠠᠶ᠂ ᠳᠥᠭᠦᠮ ᠳᠥᠲᠡ ᠴᠢᠨᠠᠷᠲᠠᠶ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠲᠤ ᠪᠠᠬᠢ ᠪᠤᠶ ᠪᠣᠯᠭᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠷ᠎ᠡ ᠠᠰᠢᠭ ᠢ ᠳᠡᠭᠡᠭᠰᠢᠯᠡᠭᠦᠯᠬᠦ ᠪᠠᠷ ᠵᠣᠷᠢᠯᠲᠠ ᠪᠣᠯᠭᠠᠵᠤ᠂ ᠰᠣᠶᠣᠯ ᠴᠡᠴᠡᠭᠯᠡᠨ ᠬᠥᠭᠵᠢᠭᠰᠡᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠴᠢᠩᠱᠠᠨ ᠶᠢ ᠴᠣᠭᠴᠠᠯᠠᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ︽ᠣᠨᠴᠠᠯᠢᠭ ᠨᠢ ᠢᠯᠡ ᠲᠣᠳᠣ᠂ ᠤᠯᠠᠨ ᠲᠦᠮᠡᠨ ᠳᠤ ᠨᠡᠶᠢᠳᠡᠮ ᠠᠰᠢᠭ ᠬᠦᠷᠲᠡᠭᠡᠬᠦ᠂ ᠬᠠᠮᠢᠶᠠᠷᠤᠯᠲᠠ ᠨᠢ ᠵᠢᠷᠤᠮᠵᠢᠯ ᠲᠠᠢ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠪᠠᠲᠤᠯᠠᠭ᠎ᠠ ᠨᠢ ᠬᠦᠴᠦᠲᠡᠶ︾ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠷᠠᠳ ᠤᠯᠠᠨ ᠤ ᠰᠣᠶᠣᠯ ᠤᠨ ᠦᠨᠳᠦᠰᠦᠨ ᠡᠷᠬᠡ ᠠᠰᠢᠭ ᠢ ᠪᠦᠲᠦᠮᠵᠢᠲᠡᠶ ᠪᠠᠷ ᠪᠠᠲᠤᠯᠠᠵᠤ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ  ᠬᠢᠭᠡᠳ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠤᠶᠠᠷ᠂ ᠦᠨᠳᠦᠰᠦᠨ ᠵᠠᠷᠴᠢᠮ      ︵ᠨᠢᠭᠡ︶ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠥᠷᠭᠡᠨ ᠢᠶᠠᠷ ᠣᠷᠣᠯᠴᠠᠨ᠎ᠠ᠃ ᠵᠠᠰᠠᠭ ᠤᠨ ᠣᠷᠳᠣᠨ ᠤ ᠭᠤᠤᠯ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠨᠡᠶᠢᠭᠡᠮ ᠤᠨ ᠭᠤᠤᠯ ᠴᠣᠭᠴᠠ ᠶᠢᠨ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠳᠤ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠣᠯᠠᠨ ᠶᠠᠩᠵᠤ ᠶᠢᠨ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡ ᠶᠢ ᠬᠠᠩᠭᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠨᠡᠶᠢᠭᠡᠮ ᠢᠶᠠᠷ ᠢᠶᠠᠨ ᠥᠷᠭᠡᠨ ᠢᠶᠠᠷ ᠣᠷᠣᠯᠴᠠᠭᠰᠠᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠪᠥᠬᠦ ᠲᠤᠭᠤᠷᠢᠭ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠥᠭᠵᠢᠬᠦ ᠶᠢ ᠬᠠᠮᠵᠢᠯᠴᠠᠨ ᠠᠬᠢᠭᠤᠯᠤᠨ᠎ᠠ᠃      ︵ᠬᠤᠶᠠᠷ︶ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠴᠢᠩᠭᠠᠳᠬᠠᠵᠤ᠂ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠪᠦᠬᠦᠯᠢ ᠴᠣᠭᠴᠠ ᠶᠢᠨ ᠳᠠᠪᠠᠭᠤᠯᠢᠭ ᠢ ᠪᠠᠳᠠᠷᠠᠭᠤᠯᠤᠨ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠣᠶᠣᠯ ᠤᠨ ᠬᠥᠭᠵᠢᠯᠲᠡ ᠶᠢᠨ ᠨᠢᠭᠡ ᠴᠤᠭᠴᠠᠵᠢᠭᠰᠠᠨ ᠪᠠᠶᠢᠷᠢᠰᠢᠯ ᠢ ᠪᠤᠢ ᠪᠣᠯᠭᠠᠨ᠎ᠠ᠃      ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠦᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠵᠢᠱᠢᠶ᠎ᠡ ᠦᠵᠡᠭᠦᠯᠬᠦ ᠣᠷᠣᠨ ᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠴᠢᠨᠠᠷᠲᠠᠶ ᠦᠢᠯᠡᠳᠦᠯᠭᠡ ᠶᠢ ᠴᠢᠩᠭᠠᠳᠬᠠᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢ ᠳᠦᠷᠢᠮᠵᠢᠭᠦᠯᠬᠦ᠂ ᠠᠵᠢᠯᠯᠠᠭᠠᠨ ᠤ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ᠂ ᠦᠢᠯᠡᠳᠭᠦᠨ ᠤ ᠬᠠᠩᠭᠠᠯᠭ᠎ᠠ ᠶᠢ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠵᠥᠷᠢᠴᠡᠯ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠮᠠᠨ ᠤ ᠲᠤᠭᠤᠷᠢᠭ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠭᠦᠯᠬᠦ ᠬᠠᠮᠢᠶᠠᠷᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠴᠢᠩᠱᠠᠨ ᠲᠣᠭᠤᠷᠢᠭ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠭᠦᠯᠬᠦ ᠤᠳᠤᠷᠢᠳᠬᠤ ᠳᠤᠭᠤᠶᠢᠯᠠᠩ ᠢ  ᠪᠠᠶᠢᠭᠤᠯᠪᠠ᠃      ︵ᠨᠢᠭᠡ︶ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ      ᠳᠤᠭᠤᠶᠢᠯᠠᠩ ᠤᠨ ᠳᠠᠷᠤᠭ᠎ᠠ᠄ ᠪᠠᠶ ᠶᠦᠨ ᠰᠢ ︵ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ︶      ᠳᠤᠭᠤᠶᠢᠯᠠᠩ ᠤᠨ ᠳᠡᠳ᠋ ᠳᠠᠷᠤᠭ᠎ᠠ᠄ ᠵᠧᠦ ᠰᠢᠤᠸᠠᠢ ᠯᠢᠶᠠᠩ ︵ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ︶      ᠪᠦᠷᠢᠯᠳᠦᠬᠦᠨ᠄ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠵᠡᠭᠡᠯᠢ ᠪᠠᠯᠭᠠᠰᠤ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠠ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ︵ᠲᠣᠭᠤᠷᠢᠭ ᠤᠨ ᠤᠳᠤᠷᠢᠳᠤᠯᠭ᠎ᠠ ᠶᠢᠨ ᠪᠠᠶᠢᠭ᠎ᠠ ᠰᠠᠯᠠᠭ᠎ᠠ ᠮᠥᠴᠢᠷ ᠤᠨ ᠪᠠᠶᠢᠩᠭᠤ ᠶᠢᠨ ᠳᠡᠳ᠋ ᠲᠤᠰᠢᠶᠠᠯᠲᠠᠨ ᠬᠠᠷᠢᠭᠤᠴᠠᠨ᠎ᠠ︶᠃ ᠡᠯ᠎ᠡ ᠪᠦᠷᠢᠯᠳᠦᠬᠦᠨ ᠨᠢᠭᠡᠴᠡ ᠨᠢ ᠨᠢᠭᠡ ᠠᠵᠢᠯᠲᠠᠨ ᠢ ᠲᠣᠭᠲᠠᠭᠠᠵᠤ ᠡᠳᠦᠷ ᠲᠤᠲᠤᠮ ᠤᠨ ᠨᠡᠪᠲᠡᠷᠡᠯᠴᠡᠨ ᠵᠣᠬᠢᠴᠠᠭᠤᠯᠬᠤ ᠶᠢ ᠬᠠᠷᠢᠭᠤᠴᠠᠭᠤᠯᠤᠨ᠎ᠠ᠃      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ  ᠲᠤᠬᠢᠷᠠᠭᠤᠯᠵᠦ᠂ ᠠᠯᠪᠠᠨ ᠬᠡᠷ ᠢ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠲᠣᠪᠴᠢᠶᠠᠨ ᠳᠠᠷᠤᠭ᠎ᠠ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠬᠤᠪᠢᠳᠠᠨ ᠬᠠᠮᠢᠶᠠᠷᠴᠤ ᠪᠥᠬᠦᠶ ᠳᠡᠳ᠋ ᠲᠣᠪᠴᠢᠶᠠᠨ ᠳᠠᠷᠤᠭ᠎ᠠ ᠡᠭᠦᠷᠭᠡᠯᠡᠵᠦ᠂ ᠨᠢᠭᠡᠳᠦᠯᠲᠡᠶ ᠲᠥᠯᠥᠪᠯᠡᠨ ᠳᠣᠭᠢᠷᠠᠭᠤᠯᠬᠤ᠂ ᠵᠣᠬᠢᠴᠠᠭᠤᠯᠤᠨ ᠳᠣᠭᠢᠷᠠᠭᠤᠯᠬᠤ᠂ ᠡᠭᠦᠷᠭᠡ ᠶᠢ ᠵᠠᠳᠠᠯᠬᠤ᠂ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ᠂ ᠪᠠᠶᠢᠴᠠᠭᠠᠨ ᠰᠤᠳᠤᠯᠵᠤ ᠵᠢᠯᠣᠭᠤᠳᠬᠤ᠂ ᠱᠠᠯᠠᠪᠳᠠᠭᠤᠯᠤᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ᠂ ᠰᠢᠯᠭᠠᠨ ᠬᠢᠨᠠᠵᠤ ᠦᠨᠡᠯᠡᠨ ᠵᠢᠱᠢᠬᠦ᠂ ᠪᠠᠷᠢᠮᠵᠢᠶ᠎ᠠ ᠲᠣᠭᠲᠠᠭᠠᠬᠤ᠂ ᠯᠠᠪᠯᠠᠯᠲᠠ ᠪᠣᠯᠭᠠᠵᠤ ᠯᠠᠪᠯᠠᠭ᠎ᠠ ᠥᠭᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠵᠡᠷᠭᠡ ᠡᠳᠦᠷ ᠲᠤᠲᠤᠮ ᠤᠨ ᠠᠵᠢᠯ ᠵᠢᠴᠢ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠭᠰᠠᠨ ᠪᠤᠰᠤᠳ ᠠᠵᠢᠯ ᠢ ᠬᠠᠷᠢᠭᠤᠴᠠᠨ᠎ᠠ᠃      ︵ᠬᠤᠶᠠᠷ︶ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ      1᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠄ ᠪᠥᠬᠦ ᠲᠤᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠬᠥᠮᠦᠵᠢᠭᠦᠯᠵᠦ ᠣᠷᠣᠭᠤᠯᠤᠨ ᠠᠪᠴᠢᠷᠠᠬᠤ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃      2᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︵ᠰᠣᠨᠢᠨ ᠮᠡᠳᠡᠭᠡ ᠬᠡᠪᠯᠡᠯ ᠤᠨ ᠲᠣᠪᠴᠢᠶ᠎ᠠ︶᠄ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠨᠠᠮ ᠪᠠ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠴᠢᠭᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ ᠵᠢᠯᠣᠭᠤᠳᠤᠨ᠎ᠠ︔ ᠪᠦᠬᠦ  ᠲᠤᠭᠤᠷᠢᠭ ᠤᠨ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠣᠬᠢᠴᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠤᠨ᠎ᠠ︔ ᠰᠣᠨᠢᠨ ᠮᠡᠳᠡᠭᠡ ᠬᠡᠪᠯᠡᠯ ᠤᠨ ᠬᠦᠷᠢᠶᠡᠨ ᠳᠠᠬᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ ᠠᠬᠢᠭᠤᠯᠤᠨ᠎ᠠ︔ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠥᠭᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠪᠥᠬᠦ ᠲᠤᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠬᠢᠭᠡᠳ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠰᠢᠰᠲ᠋ᠧᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠥᠬᠦ ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠡᠪᠴᠢᠶᠡᠨ ᠳᠤ ᠣᠷᠣᠭᠤᠯᠤᠨ᠎ᠠ︔ ᠨᠠᠰᠤᠨ ᠳᠤ ᠥᠯᠥ ᠬᠦᠷᠦᠭᠰᠡᠳ ᠲᠤ ᠬᠠᠨᠳᠤᠭᠤᠯᠤᠭᠰᠠᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃      3᠂ ᠲᠤᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠄ ᠪᠥᠬᠦ ᠲᠤᠭᠤᠷᠢᠭ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃      4᠂ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ᠄ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠶᠡᠷᠦᠩᠬᠡᠶᠢᠯᠡᠨ ᠬᠠᠷᠢᠯᠴᠠᠬᠤ ᠪᠠ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ  ᠎ ᠢ ᠬᠠᠷᠢᠭᠤᠴᠠᠨ᠎ᠠ᠃      5᠂ ᠲᠤᠭᠤᠷᠢᠭ ‍ᠤᠨ‌‍ᠬᠥ᠋ᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠥᠬᠦ  ᠲᠤᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠵᠤ᠂ ᠪᠥᠬᠦ ᠲᠤᠭᠤᠷᠢᠭ ᠤᠨ ᠴᠢᠬᠤᠯᠠ ᠶᠡᠭᠡ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ᠎ᠡ᠃      6᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ ᠪᠥᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠠᠳᠠᠨᠠᠬᠢ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠥᠷᠨᠢᠭᠦᠯᠬᠦ ᠶᠢ ᠬᠠᠷᠢᠭᠤᠴᠠᠨ ᠵᠢᠯᠣᠭᠤᠳᠴᠤ᠂ ᠮᠠᠨ ᠤ ᠲᠤᠭᠤᠷᠢᠭ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ ᠤᠨ ᠰᠦᠢᠳᠭᠡᠯ ᠬᠤᠷᠢᠶᠠᠬᠤ ᠥᠬᠡᠶ ᠦᠢᠯᠡᠴᠢᠯᠡᠭᠡᠨ ᠤ ᠲᠥᠷᠥᠯ ᠵᠦᠢᠯ ᠢ ᠵᠣᠬᠢᠰᠲᠠᠶ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃      7᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠮᠠᠨ ᠤ ᠲᠤᠭᠤᠷᠢᠭ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠢᠭᠡᠳ ᠣᠯᠠᠨ ᠨᠡᠶᠢᠲᠡ ᠶᠢᠨ ᠲᠣᠭᠠᠴᠢᠯᠠᠭᠰᠠᠨ ᠰᠣᠶᠣᠯ ᠤᠨ ᠦᠢᠯᠡᠴᠢᠯᠡᠭᠡᠨ ᠤ ᠣᠷᠭᠠᠨᠢᠭ ᠢᠶᠠᠷ ᠠᠭᠤᠰᠤᠯᠴᠠᠬᠤ ᠶᠢ ᠠᠬᠢᠭᠤᠯᠬᠤ ᠶᠢ ᠬᠠᠷᠢᠭᠤᠴᠠᠨ᠎ᠠ᠃      8᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠄ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠠᠵᠢᠯ ᠢ ᠪᠥᠬᠦ ᠲᠤᠭᠤᠷᠢᠭ ᠤᠨ ᠦᠨᠳᠦᠰᠦᠲᠡᠨ ᠤ ᠠᠵᠢᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠪᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠣᠷᠣᠭᠤᠯᠬᠤ ᠶᠢ ᠬᠠᠷᠢᠭᠤᠴᠠᠵᠤ᠂ ᠪᠥᠬᠦ  ᠲᠤᠭᠤᠷᠢᠭ ᠤᠨ ᠦᠨᠳᠦᠰᠦᠲᠡᠨ ᠤ ᠭᠠᠵᠠᠷ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠳᠤ ᠣᠷᠣᠯᠴᠠᠵᠤ᠂ ᠪᠥᠬᠦ ᠲᠤᠭᠤᠷᠢᠭ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠮᠵᠢᠨ ᠲᠦᠯᠬᠢᠨ ᠠᠬᠢᠭᠤᠯᠤᠨ᠎ᠠ᠃      9᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠪᠥᠬᠦ ᠲᠤᠭᠤᠷᠢᠭ ᠤᠨ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠠᠵᠢᠯᠯᠠᠭᠠᠨ ᠤ ᠪᠠᠯᠠ ᠮᠥᠩᠭᠦ ᠶᠢᠨ ᠪᠠᠲᠤᠯᠠᠭ᠎ᠠ ᠶᠢ ᠬᠠᠷᠢᠭᠤᠴᠠᠵᠤ᠂ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠥᠭᠵᠢᠬᠦ ᠳᠤ ᠬᠦᠴᠦᠲᠡᠶ ᠳᠡᠮᠵᠢᠯᠭᠡ ᠬᠠᠩᠭᠠᠨ᠎ᠠ᠃      10᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠢ ᠵᠣᠬᠢᠴᠠᠭᠤᠯᠤᠨ ᠠᠬᠢᠭᠤᠯᠵᠤ ᠰᠣᠶᠣᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠨ᠎ᠠ᠃      11᠂ ᠲᠤᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠵᠣᠬᠢᠴᠠᠭᠤᠯᠤᠨ ᠲᠣᠭᠲᠠᠭᠠᠬᠤ ᠶᠢ ᠬᠠᠷᠢᠭᠤᠴᠠᠨ᠎ᠠ︔ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠠᠬᠢᠭᠤᠯᠤᠨ᠎ᠠ︔ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ︔ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠢᠯᠣᠭᠤᠳᠬᠤ ᠪᠠ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠶᠢ ᠴᠢᠩᠭᠠᠳᠬᠠᠨ᠎ᠠ︔ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠨᠡᠶᠢᠭᠡᠮ ᠳᠤ ᠨᠡᠭᠡᠭᠡᠬᠦ ᠶᠢ ᠲᠦᠯᠬᠢᠨ ᠠᠬᠢᠭᠤᠯᠵᠤ᠂ ᠰᠣᠶᠣᠯ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃      12᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠄ ᠪᠥᠬᠦ ᠲᠤᠭᠤᠷᠢᠭ ᠤᠨ ᠠᠵᠢᠯᠲᠠᠨ ᠠᠵᠢᠯᠴᠢᠨ ᠤ ᠰᠣᠶᠣᠯ ᠪᠠ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠨ᠎ᠠ︔ ᠮᠠᠨ ᠤ ᠲᠤᠭᠤᠷᠢᠭ ᠤᠨ ᠲᠠᠷᠢᠶᠠᠴᠢᠨ ᠠᠵᠢᠯᠴᠢᠨ ᠤ ᠰᠣᠶᠣᠯ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃      13᠂ ᠡᠪᠯᠡᠯ ᠲᠣᠭᠤᠷᠢᠭ ᠤᠨ ᠬᠤᠷᠢᠶ᠎ᠠ᠄ ᠵᠠᠯᠠᠭᠤᠴᠤᠳ ᠪᠠᠭᠠᠴᠤᠳ ᠤᠨ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠵᠤ᠂ ᠨᠠᠰᠤᠨ ᠳᠤ ᠥᠯᠥ ᠭᠦᠷᠦᠭᠰᠡᠳ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃      14᠂ ᠲᠤᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠄ ᠬᠡᠷ ᠪᠦᠯᠢ ᠶᠢᠨ ᠰᠣᠶᠣᠯ ᠤᠨ ᠪᠠᠶᠢᠭᠤᠯᠤᠯᠲᠠ ᠬᠢᠭᠡᠳ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠠᠭᠤᠰᠤᠯᠴᠠᠯ ᠢ ᠠᠬᠢᠭᠤᠯᠵᠤ᠂ ᠡᠮᠡᠭᠲᠡᠶᠢᠴᠦᠳ ᠬᠡᠤᠬᠡᠳ ᠤᠨ ᠰᠣᠶᠣᠯ ᠤᠨ ᠡᠷᠬᠡ ᠠᠰᠢᠭ ᠢ ᠪᠠᠲᠤᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠢᠳᠡᠪᠬᠢᠲᠡᠶ ᠠᠬᠢᠭᠤᠯᠤᠨ᠎ᠠ᠃      15᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠄ ᠵᠡᠮᠳᠡᠭᠴᠦᠳ ᠤᠨ ᠰᠣᠶᠣᠯ ᠤᠨ ᠡᠷᠬᠡ ᠠᠰᠢᠭ ᠢ ᠪᠠᠲᠤᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠵᠡᠮᠳᠡᠭᠴᠦᠳ ᠲᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃      16᠂ ᠡᠯ᠎ᠡ ᠵᠡᠭᠡᠯᠢ ᠪᠠᠯᠭᠠᠰᠤ᠄ ᠤᠯᠤᠰ ᠤᠨ ᠪᠠᠷᠢᠮᠵᠢᠶ᠎ᠠ ᠶᠣᠰᠣᠭᠠᠷ᠂ ᠲᠣᠰ ᠲᠣᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯᠠᠪᠤᠷ ᠭᠠᠵᠠᠷ ᠢ ᠬᠠᠷᠢᠭᠤᠴᠠᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠪᠠᠶᠠᠯᠢᠭ ᠰᠠᠶᠢᠬᠠᠨ ᠤᠳᠬ᠎ᠠ ᠤᠷᠠᠯᠢᠭ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      17᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠄ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠤᠷᠤᠭᠤᠯᠬᠤ ᠶᠢ ᠬᠠᠷᠢᠭᠤᠴᠠᠨ᠎ᠠ᠃      ︵ᠭᠤᠷᠪᠠ︶ ᠬᠡᠷᠡᠭ ᠵᠥᠪᠯᠡᠬᠦ ᠲᠦᠷᠢᠮ      1᠂ ᠬᠡᠷᠡᠭ ᠵᠥᠪᠯᠡᠬᠦ ᠵᠠᠷᠴᠢᠮ᠃ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠪᠠᠷᠢᠮᠲᠠᠯᠠᠵᠤ᠂ ᠰᠢᠢᠳᠪᠦᠷᠢᠲᠦ ᠪᠤᠳᠤᠯᠭ᠎ᠠ ᠶᠢ ᠳᠡᠰ ᠳᠠᠷᠠᠭᠠᠵᠢᠭᠤᠯᠬᠤ᠂ ᠵᠢᠷᠤᠮᠵᠢᠭᠤᠯᠬᠤ᠂ ᠠᠷᠠᠳᠴᠢᠯᠠᠬᠤ ᠪᠠ ᠰᠢᠨᠵᠢᠯᠡᠬᠦ ᠤᠬᠠᠭᠠᠨᠴᠢᠯᠠᠬᠤ ᠶᠢ ᠪᠡᠶᠡᠯᠡᠭᠦᠯᠬᠦ ᠬᠡᠷᠡᠭᠲᠡᠶ᠃ ᠪᠣᠳᠠᠲᠤ ᠪᠠᠶᠢᠳᠠᠯ ᠳᠤ ᠭᠦᠨᠵᠡᠭᠡᠶᠢᠷᠡᠨ᠂ ᠪᠠᠶᠢᠴᠠᠭᠠᠨ ᠰᠤᠳᠤᠯᠤᠯᠲᠠ ᠬᠢᠵᠦ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠰᠠᠨᠠᠯ ᠢ ᠥᠷᠭᠡᠨ ᠢᠶᠠᠷ ᠰᠣᠨᠣᠰᠴᠤ᠂ ᠲᠣᠭᠲᠠᠭᠠᠯ ᠭᠠᠷᠭᠠᠭᠰᠠᠨ ᠤ ᠲᠠᠷᠠᠭ᠎ᠠ ᠡᠯ᠎ᠡ ᠬᠠᠷᠢᠭᠤᠴᠠᠯᠭ᠎ᠠ ᠲᠠᠢ ᠨᠢᠭᠡᠴᠢ ᠨᠦᠭᠦᠳ ᠢᠳᠡᠪᠬᠢᠵᠢᠯ ᠪᠠ ᠪᠦᠲᠦᠭᠡᠯᠴᠢ ᠴᠢᠨᠠᠷ ᠢᠶᠠᠨ ᠭᠦᠢᠴᠡᠳ ᠪᠠᠳᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      2᠂ ᠬᠡᠷᠡᠭ ᠵᠥᠪᠯᠡᠬᠦ ᠵᠢᠷᠤᠮ᠃ ᠵᠣᠬᠢᠴᠠᠭᠤᠯᠬᠤ ᠬᠤᠷᠠᠯ ᠢ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠪᠤᠶᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠳᠤ ᠨᠠᠶᠢᠳᠠᠵᠤ ᠡᠷᠭᠢᠯᠡᠨ ᠬᠤᠷᠠᠯᠳᠤᠭᠤᠯᠤᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠢ ᠤᠳᠤᠷᠢᠳᠬᠤ ᠳᠤᠭᠤᠶᠢᠯᠠᠩ ᠤᠨ ᠬᠠᠮᠲᠤ ᠪᠠᠷ ᠢᠶᠠᠨ ᠶᠠᠷᠢᠯᠴᠠᠵᠤ᠂ ᠰᠤᠳᠤᠯᠵᠤ ᠬᠢᠨᠠᠨ ᠲᠣᠭᠲᠠᠭᠠᠬᠤ ᠴᠢᠬᠤᠯᠠᠲᠠᠶ ᠵᠥᠪᠯᠡᠬᠦ ᠰᠡᠳᠦᠪ ᠢ ᠪᠣᠯ᠂ ᠤᠷᠢᠳᠠᠪᠠᠷ ᠰᠠᠶᠢᠲᠤᠷ ᠪᠡᠯᠡᠳᠬᠡᠯ ᠬᠢᠵᠦ᠂ ᠭᠦᠢᠴᠡᠳ ᠪᠠᠶᠢᠴᠠᠭᠠᠵᠤ᠂ ᠪᠠᠶᠢᠳᠠᠯ ᠢ ᠣᠶᠢᠯᠠᠭᠠᠭᠰᠠᠨ ᠰᠠᠭᠤᠷᠢᠨ ᠳᠡᠭᠡᠷ᠎ᠡ ᠲᠥᠰᠦᠯ ᠪᠠ ᠰᠠᠨᠠᠯ ᠢᠶᠠᠨ ᠳᠤᠷᠠᠳᠴᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢᠶᠠᠷ ᠬᠤᠷᠢᠶᠠᠩᠭᠤᠶᠢᠯᠠᠭᠤᠯᠵᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠠᠴᠠ ᠵᠢᠭᠠᠪᠤᠷᠢ ᠠᠪᠴᠤ ᠬᠢᠨᠠᠨ ᠲᠣᠭᠲᠠᠭᠠᠭᠰᠠᠨ ᠤ ᠳᠠᠷᠠᠭ᠎ᠠ ᠬᠤᠷᠠᠯ ᠳᠤ ᠳᠡᠪᠰᠢᠭᠦᠯᠵᠦ ᠰᠤᠳᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠯᠭᠠᠨ᠎ᠠ᠃ ᠴᠢᠬᠤᠯᠠ ᠶᠡᠭᠡ ᠤᠴᠢᠷ ᠶᠠᠪᠤᠳᠠᠯ ᠢ ᠶᠠᠷᠢᠯᠴᠠᠬᠤ ᠳᠤ 2 ᠡᠳᠦᠷ ᠤᠨ ᠡᠮᠦᠨ᠎ᠡ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠮᠡᠳᠡᠭᠳᠡᠬᠦ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠠᠨᠠᠯ ᠪᠠ ᠰᠠᠨᠠᠭᠤᠯᠭ᠎ᠠ ᠪᠠᠨ ᠭᠦᠢᠴᠡᠳ ᠢᠯᠡᠳᠬᠡᠬᠦ ᠬᠡᠷᠡᠭᠲᠡᠶ᠃ ︽ᠬᠠᠮᠲᠤ ᠪᠠᠷ ᠶᠠᠷᠢᠯᠴᠠᠬᠤ᠂ ᠵᠥᠪᠳᠡᠯᠴᠡᠨ ᠰᠠᠨᠠᠯ ᠨᠢᠭᠡᠳᠬᠦ︾ ᠵᠠᠷᠴᠢᠮ ᠶᠣᠰᠣᠭᠠᠷ ᠬᠤᠷᠠᠯ ᠤᠨ ᠲᠣᠪᠴᠢ ᠲᠡᠮᠳᠡᠭᠯᠡᠯ ᠢ ᠪᠤᠢ ᠪᠣᠯᠭᠠᠵᠤ᠂ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠲᠣᠳᠣᠷᠬᠠᠶᠢᠯᠠᠬᠤ ᠶᠢᠨ ᠬᠠᠮᠲᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠳᠠᠷᠤᠮᠠᠯᠯᠠᠨ ᠲᠠᠷᠬᠠᠭᠠᠨ᠎ᠠ᠃      3᠂ ᠤᠳᠤᠷᠢᠳᠬᠤ ᠳᠤᠭᠤᠶᠢᠯᠠᠩ ᠵᠢᠯ ᠪᠦᠷᠢ 1 — 2 ᠤᠳᠠᠭ᠎ᠠ ᠲᠣᠭᠲᠠᠮᠠᠯ ᠬᠤᠷᠠᠯ ᠬᠤᠷᠠᠯᠳᠤᠭᠤᠯᠵᠤ᠂ ᠬᠡᠷᠡᠭᠴᠡᠭᠡ ᠪᠠᠨ ᠦᠨᠳᠦᠰᠦᠯᠡᠨ ᠲᠦᠷ ᠴᠠᠭ ᠬᠤᠷᠠᠯᠳᠤᠭᠤᠯᠵᠤ ᠪᠣᠯᠤᠨ᠎ᠠ᠂ ᠬᠤᠷᠠᠯ ᠳᠤ ᠰᠤᠯᠠ ᠣᠷᠣᠯᠴᠠᠬᠤ ᠴᠢᠬᠤᠯᠠ ᠲᠠᠢ ᠨᠥᠬᠦᠳ ᠢ ᠳᠤᠭᠤᠶᠢᠯᠠᠩ ᠤᠨ ᠳᠠᠷᠤᠭ᠎ᠠ ᠠᠴᠠ ᠬᠤᠷᠠᠯ ᠤᠨ ᠠᠭᠤᠯᠭ᠎ᠠ ᠶᠢ ᠦᠨᠳᠦᠰᠦᠯᠡᠨ ᠲᠣᠭᠲᠠᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠬᠤᠷᠠᠯ ᠤᠨ ᠲᠡᠮᠳᠡᠭᠯᠡᠯ ᠢ ᠰᠠᠶᠢᠲᠤᠷ ᠬᠢᠵᠦ᠂ ᠬᠤᠷᠠᠯ ᠤᠨ ᠲᠡᠮᠳᠡᠭᠯᠡᠯ ᠢ ᠲᠠᠩᠰᠠ ᠡᠪᠬᠡᠮᠡᠯ ᠳᠤ ᠣᠷᠣᠭᠤᠯᠤᠨ ᠬᠠᠮᠢᠶᠠᠷᠴᠤ᠂ ᠳᠡᠭᠡᠭᠰᠢ ᠮᠡᠳᠡᠭᠦᠯᠬᠦ ᠪᠠ ᠳᠣᠷᠣᠭᠰᠢ ᠲᠠᠷᠬᠠᠭᠠᠬᠤ ᠴᠢᠬᠤᠯᠠ ᠲᠠᠢ ᠶᠢ ᠨᠢ ᠡᠮᠬᠢᠯᠡᠨ ᠲᠢᠭᠯᠡᠵᠦ ᠪᠢᠴᠢᠭ ᠮᠠᠲ᠋ᠧᠷᠢᠶᠠᠯ ᠪᠣᠯᠭᠠᠬᠤ ᠬᠡᠷᠡᠭᠲᠡᠶ᠃      ᠳᠥᠷᠪᠡ᠂ ᠭᠤᠤᠯ ᠡᠭᠦᠷᠭᠡ      ︵ᠨᠢᠭᠡ︶ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠪᠠ ︽ᠳᠥᠷᠪᠡᠨ ᠪᠥᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠤᠨ᠂ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠥᠭᠵᠢᠬᠦ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠳᠤ ᠣᠷᠣᠭᠤᠯᠤᠨ᠎ᠠ᠃ ᠲᠤᠭ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠳᠡᠯᠭᠡᠨ ᠦᠵᠡᠭᠦᠯᠬᠦ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠣᠯᠠᠨ ᠨᠡᠶᠢᠲᠡ ᠶᠢᠨ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠠᠷᠠᠳ ᠣᠯᠠᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠ ᠠᠷᠠᠳ ᠣᠯᠠᠨ ᠤ ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠶᠢ ᠬᠠᠷᠢᠯᠴᠠᠨ ᠨᠢᠭᠡᠳᠬᠡᠵᠦ᠂ ᠰᠣᠶᠣᠯ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠤᠨ᠎ᠠ᠃      ︵ᠬᠤᠶᠠᠷ︶ ᠵᠠᠮ ᠨᠡᠭᠡᠭᠡᠨ ᠰᠢᠨ᠎ᠡ ᠶᠢ ᠡᠭᠦᠳᠦᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠪ ᠤᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠨᠣᠮ ᠤᠨ ᠰᠠᠩ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢᠨ ᠵᠢᠷᠤᠮᠵᠢᠯ ᠢ ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠬᠦ ᠤᠷᠤᠨ ᠤ ᠰᠢᠨ᠎ᠡ ᠶᠢ ᠡᠭᠦᠳᠦᠨ ᠬᠥᠭᠵᠢᠭᠦᠯᠬᠦ ᠲᠥᠯᠥᠪᠵᠢᠭᠦᠯᠭᠡ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠪᠠ ᠠᠵᠢᠯ ᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠭᠠᠵᠤ᠂ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠶᠢᠨ ᠬᠠᠮᠲᠤ᠂ ᠪᠤᠭᠤᠲᠤ ᠬᠤᠲᠠ ᠶᠢᠨ ᠵᠢᠱᠢᠶ᠎ᠡ ᠦᠵᠡᠭᠦᠯᠬᠦ ᠤᠷᠤᠨ ᠤ ᠰᠢᠨ᠎ᠡ ᠶᠢ ᠡᠭᠦᠳᠦᠨ ᠬᠥᠭᠵᠢᠭᠦᠯᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠬᠦ ᠬᠡᠷᠡᠭᠲᠡᠶ᠃      ︵ᠭᠤᠷᠪᠠ︶ ᠬᠥᠮᠦᠨ ᠢᠶᠠᠷ ᠦᠨᠳᠦᠰᠦ ᠪᠣᠯᠭᠠᠬᠤ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠦᠨᠳᠦᠰᠦᠨ ᠬᠦᠴᠦᠨ ᠵᠦᠢᠯ ᠤᠨ ᠶᠣᠰᠣᠭᠠᠷ᠂ ᠪᠠᠯᠠ ᠮᠥᠩᠭᠦ ᠶᠢᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠯᠠᠭᠠᠨ ᠤ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠦᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠳᠬ᠎ᠠ ᠤᠷᠠᠯᠢᠭ ᠤᠨ ᠪᠦᠲᠦᠭᠡᠯ ᠤᠨ ᠰᠣᠳᠣᠨ ᠪᠦᠲᠦᠭᠡᠯ ᠤᠨ ᠢᠨᠵᠧᠨᠧᠷᠢᠩ ᠢ ᠬᠡᠷᠡᠭᠵᠢᠭᠦᠯᠦᠨ᠂ ᠨᠢᠭᠡ ᠪᠦᠯᠦᠭ ᠰᠢᠨ᠎ᠡ ᠴᠠᠭ ᠦᠶ᠎ᠡ᠂ ᠰᠢᠨ᠎ᠡ ᠠᠶᠠᠨ ᠵᠠᠮ᠂ ᠰᠢᠨ᠎ᠡ ᠳᠦᠷᠰᠦ ᠪᠠᠶᠢᠳᠠᠯ ᠢ ᠮᠠᠭᠲᠠᠨ ᠳᠠᠭᠤᠯᠠᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠳᠤ ᠠᠰᠢᠭᠲᠠᠶ᠂ ᠣᠯᠠᠨ ᠲᠦᠮᠡᠨ ᠤ ᠪᠠᠭ᠋ᠠᠷᠬᠠᠯ ᠢ ᠶᠡᠬᠡᠳᠡ ᠣᠯᠤᠭᠰᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠪᠣᠯᠪᠠᠰᠤᠷᠠᠭᠤᠯᠤᠨ᠎ᠠ᠃ ᠵᠠᠰᠠᠭ ᠤᠨ ᠣᠷᠳᠣᠨ ᠭᠤᠣᠯᠯᠠᠨ ᠤᠳᠤᠷᠢᠳᠴᠤ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠭᠰᠠᠨ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠤᠯᠠᠨ ᠲᠦᠮᠡᠨ ᠤ ᠬᠡᠷᠡᠭᠴᠡᠭᠡ ᠶᠢ ᠴᠤᠭᠯᠠᠭᠤᠯᠬᠤ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠭᠰᠠᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠠᠭᠪᠤᠷ ᠢ ᠪᠤᠢ ᠪᠣᠯᠭᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠦᠨ᠎ᠡ᠃      ︵ᠳᠥᠷᠪᠡ︶ ᠠᠭᠤᠰᠤᠯᠴᠠᠭᠤᠯᠬᠤ ᠶᠢ ᠰᠦᠪᠡᠭᠴᠢᠯᠡᠨ᠎ᠡ᠃ ᠲᠥᠪ ᠤᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ᠂ ᠨᠡᠶᠢᠭᠡᠮ ᠤᠨ ᠬᠦᠴᠦᠨ ᠤ ᠣᠷᠣᠯᠴᠠᠬᠤ ᠶᠢ ᠠᠬᠢᠭᠤᠯᠬᠤ᠂ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠰᠣᠶᠣᠯ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠢ ᠠᠬᠢᠭᠤᠯᠬᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠵᠢᠱᠢᠶ᠎ᠡ ᠦᠵᠡᠭᠦᠯᠬᠦ ᠦᠨ᠎ᠡ ᠥᠷᠲᠡᠭ ᠲᠠᠢ ᠠᠷᠭ᠎ᠠ ᠬᠢᠳᠡᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃      ︵ᠲᠠᠪᠤ︶ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ᠃ ᠤᠯᠤᠰ ᠤᠨ ︽ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠤᠷᠤᠨ ᠤ ᠡᠭᠦᠳᠦᠨ ᠪᠠᠶᠢᠭᠤᠯᠬᠤ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠭᠠᠯ︾᠎ ᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠱᠠᠯᠠᠪᠳᠠᠭᠤᠯᠤᠨ ᠪᠠᠶᠢᠴᠠᠭᠠᠬᠤ᠂ ᠨᠡᠶᠢᠭᠡᠮ ᠤᠨ ᠤᠬᠠᠭᠤᠯᠭ᠎ᠠ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠠᠵᠢᠯ ᠤᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃      ᠲᠠᠪᠤ᠂ ᠪᠣᠳᠠᠲᠠᠶ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠵᠠᠰᠠᠭ ᠤᠨ ᠣᠷᠳᠣᠨ ᠲᠦᠷᠦᠭᠦᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠣᠷᠣᠯᠴᠠᠭᠰᠠᠨ᠂ ᠲᠣᠭᠲᠠᠴᠠ ᠪᠦᠷᠢᠨ ᠲᠡᠭᠦᠯᠳᠡᠷ᠂ ᠠᠵᠢᠯᠯᠠᠭᠠᠨ ᠥᠨᠳᠥᠷ ᠪᠦᠲᠦᠮᠵᠢᠲᠡᠶ ᠵᠢᠱᠢᠶ᠎ᠡ ᠦᠵᠡᠭᠦᠯᠬᠦ ᠤᠷᠤᠨ ᠤ ᠰᠢᠨ᠎ᠡ ᠶᠢ ᠡᠭᠦᠳᠦᠨ ᠬᠥᠭᠵᠢᠬᠦ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠳᠤ ᠣᠷᠣᠭᠤᠯᠵᠤ᠂ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠱᠠᠩᠨᠠᠵᠤ ᠲᠣᠷᠭᠠᠬᠤ ᠵᠡᠷᠭᠡ ᠴᠢᠬᠤᠯᠠ ᠶᠡᠭᠡ  ᠵᠦᠢᠯᠡᠰ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠤᠨ ᠲᠣᠭᠲᠠᠭᠠᠨ᠎ᠠ᠃      ︵ᠬᠤᠶᠠᠷ︶ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠪᠠᠷᠢᠮᠵᠢᠶ᠎ᠠ ᠶᠣᠰᠣᠭᠠᠷ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠯᠠ ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠨ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠬᠦᠴᠦᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠨᠡᠶᠢᠭᠡᠮ ᠤᠨ ᠬᠥᠷᠥᠩᠭᠡ ᠶᠢᠨ ᠢᠳᠡᠪᠬᠢᠲᠡᠶ ᠳᠡᠮᠵᠢᠭᠰᠡᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠲᠣᠭᠲᠠᠴᠠ ᠶᠢ ᠪᠦᠷᠢᠯᠳᠦᠭᠦᠯᠦᠨ᠎ᠡ᠃      ︵ᠭᠤᠷᠪᠠ︶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠳᠠᠯᠠᠨ᠎ᠠ᠃ ᠪᠠᠶᠢᠩᠭᠤᠵᠢᠭᠰᠠᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠥᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠶᠢ ᠦᠷᠭᠦᠯᠵᠢᠯᠡᠨ ᠲᠡᠭᠦᠯᠳᠡᠷᠵᠢᠭᠦᠯᠦᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠳ᠋ᠦᠩᠨᠡᠨ᠂ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠮᠠᠨ ᠤ ᠲᠤᠭᠤᠷᠢᠭ ᠤᠨ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠲᠤᠷᠰᠢᠯᠭ᠎ᠠ  ᠎ ᠶᠢ ᠴᠠᠭ ᠲᠤᠬᠠᠶ ᠲᠤᠨᠢ ᠳ᠋ᠦᠩᠨᠡᠨ ᠤᠬᠠᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠶᠢ ᠪᠠᠳᠠᠷᠠᠭᠤᠯᠬᠤ ᠬᠡᠷᠡᠭᠲᠡᠶ᠃ ᠮᠠᠨ ᠤ ᠲᠤᠭᠤᠷᠢᠭ ᠤᠨ ᠵᠢᠱᠢᠶ᠎ᠡ ᠦᠵᠡᠭᠦᠯᠬᠦ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠢᠳᠡᠪᠬᠢᠲᠡᠶ ᠪᠠᠷ ᠤᠬᠠᠭᠤᠯᠤᠨ ᠳᠡᠯᠭᠡᠷᠡᠭᠦᠯᠦᠨ᠎ᠡ᠃      ᠵᠢᠷᠭᠤᠭ᠎ᠠ᠂ ᠰᠢᠯᠭᠠᠨ ᠬᠢᠨᠠᠵᠤ ᠦᠨᠡᠯᠡᠬᠦ      ︵ᠨᠢᠭᠡ︶ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ  ᠪᠠᠶᠢᠭᠤᠯᠤᠨ᠎ᠠ᠃ ᠡᠯ᠎ᠡ ᠪᠦᠷᠢᠯᠳᠦᠬᠦᠨ ᠨᠢᠭᠡᠴᠡ ᠨᠦᠭᠦᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠵᠢᠯ ᠪᠦᠷᠢ ᠠᠵᠢᠯ ᠤᠨ ᠲᠥᠯᠥᠪᠯᠡᠭᠡ ᠪᠠᠨ ᠲᠣᠭᠲᠠᠭᠠᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢᠶᠠᠨ ᠲᠡᠭᠦᠯᠳᠡᠷᠵᠢᠭᠦᠯᠦᠨ᠂ ᠵᠢᠯ ᠤᠨ ᠡᠴᠦᠰ ᠠᠴᠠ ᠡᠮᠦᠨ᠎ᠡ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ︔ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠳᠠᠯ ᠢ  ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠵᠢᠴᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢᠨ ᠪᠠᠶᠢᠳᠠᠯ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠪᠠ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ ᠢ ᠲᠣᠳᠣᠷᠬᠠᠶ ᠣᠶᠢᠯᠠᠭᠠᠬᠤ ᠶᠢᠨ ᠬᠠᠮᠲᠤ ᠲᠡᠭᠦᠯᠳᠡᠷᠵᠢᠭᠦᠯᠦᠨ᠎ᠡ᠃      ︵ᠬᠤᠶᠠᠷ︶ ᠦᠨᠡᠯᠡᠨ ᠵᠢᠱᠢᠬᠦ ᠰᠢᠰᠲ᠋ᠧᠮ ᠤᠨ ᠪᠦᠷᠢᠨᠰᠢᠭᠦᠯᠦᠨ᠎ᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠢᠨᠠᠨ ᠬᠡᠮᠵᠢᠬᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ᠂ ᠪᠣᠳᠠᠲᠠᠶ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠪᠠ ᠶᠠᠪᠤᠴᠠ ᠶᠢᠨ ᠬᠠᠮᠢᠶᠠᠷᠤᠯᠲᠠ ᠶᠢ ᠬᠢᠨᠠᠨ ᠰᠢᠯᠭᠠᠬᠤ ᠵᠡᠷᠭᠡ 4 ᠵᠠᠩᠭᠢᠯᠠᠭ᠎ᠠ ᠶᠢ ᠰᠠᠶᠢᠲᠤᠷ ᠬᠢᠵᠦ᠂ ᠦᠯᠡᠳᠡᠭᠡᠯ ᠭᠦᠢᠴᠡᠳᠬᠡᠬᠦ ᠲᠤᠭ᠎ᠠ ᠪᠠ ᠨᠡᠮᠡᠭᠳᠡᠯ ᠭᠦᠢᠴᠡᠳᠬᠡᠬᠦ ᠲᠤᠭ᠎ᠠ᠂ ᠰᠠᠭᠤᠷᠢ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠦᠨᠡᠯᠡᠬᠦ ᠭᠦᠢᠴᠡᠳᠭᠡᠯ ᠲᠤᠭ᠎ᠠ ᠶᠢᠨ ᠰᠢᠰᠲ᠋ᠧᠮ ᠤᠨ ᠲᠣᠭᠲᠠᠭᠠᠨ᠂ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ︵ᠢᠯᠡ ᠪᠠᠷ ᠪᠠᠶᠢᠴᠠᠭᠠᠬᠤ︶ ᠪᠠ ᠭᠤᠷᠪᠠᠳᠠᠬᠢ ᠡᠲᠡᠭᠡᠳ ᠠᠴᠠ ᠦᠨᠡᠯᠡᠬᠦ ︵ᠳᠠᠯᠳᠠᠭᠤᠷ ᠰᠤᠷᠪᠤᠯᠵᠢᠯᠠᠬᠤ︶᠎ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠡᠮᠵᠢᠶᠡᠵᠢᠭᠦᠯᠦᠨ ᠦᠨᠡᠯᠡᠬᠦ ᠬᠡᠷᠡᠭᠲᠡᠶ᠃      ︵ᠭᠤᠷᠪᠠ︶ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠵᠢᠱᠢᠶ᠎ᠡ ᠦᠵᠡᠭᠦᠯᠬᠦ ᠣᠷᠣᠨ ᠤ ᠱᠠᠯᠠᠪᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠡᠯ᠎ᠡ ᠪᠦᠷᠢᠯᠳᠦᠬᠦᠨ ᠨᠢᠭᠡᠴᠡ ᠶᠢᠨ ᠵᠢᠯ ᠤᠨ ᠡᠴᠦᠰ ᠤᠨ ᠰᠢᠯᠭᠠᠨ ᠬᠢᠨᠠᠬᠤ ᠰᠢᠰᠲ᠋ᠧᠮ ᠳᠤ ᠤᠷᠤᠭᠤᠯᠤᠨ᠎ᠠ᠃ ᠵᠢᠱᠢᠶ᠎ᠡ ᠦᠵᠡᠭᠦᠯᠬᠦ ᠤᠷᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠨᠢ ᠰᠤᠯᠠ᠂ ᠤᠬᠤᠷᠢᠯᠲᠠ ᠨᠢ ᠢᠯᠡᠷᠬᠡᠶ ᠰᠠᠯᠠᠭ᠎ᠠ ᠮᠥᠴᠢᠷ ᠢ ᠨᠡᠪᠲᠡᠷᠡᠭᠦᠯᠦᠨ ᠰᠢᠭᠦᠮᠵᠢᠯᠡᠬᠦ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠵᠢᠱᠢᠶ᠎ᠡ ᠦᠵᠡᠭᠦᠯᠬᠦ ᠤᠷᠤᠨ ᠤ ᠰᠢᠨ᠎ᠡ ᠶᠢ ᠡᠭᠦᠳᠦᠨ ᠬᠥᠭᠵᠢᠭᠦᠯᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠵᠣᠬᠢᠶᠠᠨ ᠪᠠᠶᠢᠭᠤᠯᠵᠤ ᠳᠠᠬᠢᠨ ᠬᠢᠨᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠤᠶᠤ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ᠂ ᠠᠬᠢᠭᠤᠯᠤᠭᠰᠠᠨ ᠨᠢ ᠤᠳᠠᠭᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号