ᠮᠥᠩᠭᠦᠨ ᠭᠦᠢᠯᠭᠡᠭᠡᠨ ᠤ ᠠᠯᠪᠠᠨ ᠬᠡᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/11/3
     ᠰᠤᠷᠪᠤᠯᠵᠢᠯᠠᠭᠰᠠᠨ ᠭᠤᠤᠯ ᠰᠡᠳᠦᠪ᠄ ᠮᠥᠩᠭᠦᠨ ᠭᠦᠢᠯᠭᠡᠭᠡᠨ ᠤ ᠠᠯᠪᠠᠨ ᠬᠡᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ      ᠰᠤᠷᠪᠤᠯᠵᠢᠯᠠᠭᠰᠠᠨ ᠴᠠᠭ᠄ 2021 ᠣᠨ ᠤ 10 ᠰᠠᠷ᠎ᠠ ᠶᠢᠨ 21᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ      ᠵᠣᠣ ᠵᠢᠶᠠᠨ      ᠰᠤᠷᠪᠤᠯᠵᠢᠯᠠᠭᠰᠠᠨ‌ᠠᠬᠤᠶ ᠪᠠᠶᠢᠳᠠᠯ᠄ ᠮᠠᠯᠴᠢᠨ ᠲᠠᠷᠢᠶᠠᠴᠢᠨ  ᠬᠦᠯᠦᠰᠦᠨ ᠠᠵᠢᠯᠴᠢᠳ ᠤᠨ ᠮᠥᠩᠭᠦᠨ  ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠵᠤ᠂ ᠵᠢᠭᠡᠯᠡᠯᠭᠡ ᠶᠢᠨ ᠬᠤᠶᠠᠷ ᠲᠠᠯ᠎ᠠ ᠶᠢᠨ ᠬᠦᠴᠢᠷᠲᠡᠶ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠮᠥᠩᠭᠦᠨ ᠭᠦᠢᠯᠭᠡᠭᠡᠨ ᠤ ᠠᠯᠪᠠᠨ ᠬᠡᠷ ᠠᠴᠠ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ᠂ 2021 ᠣᠨ ᠤ 9 ᠰᠠᠷ᠎ᠠ ᠶᠢᠨ 9᠎ ᠤ ᠡᠳᠦᠷ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠬᠦᠴᠦᠷᠬᠡᠭᠵᠢᠯ ᠵᠠᠮ ᠤᠨ ᠰᠠᠯᠪᠤᠷᠢ ᠪᠠᠩᠬᠢ ᠳᠤ ᠴᠢᠩᠱᠠᠨ ᠲᠣᠭᠤᠷᠢᠭ ᠤᠨ ᠠᠩᠬᠠᠳᠠᠭᠴᠢ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠢ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠪᠠ᠃ ᠡᠨᠡ ᠪᠣᠯ ᠮᠠᠨ ᠤ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠲᠦᠭᠡᠮᠡᠯ ᠬᠠᠷᠠᠭᠠᠯᠵᠠᠯᠲᠤ ᠮᠥᠩᠭᠦᠨ  ᠭᠦᠢᠯᠭᠡᠭᠡᠨ ᠢ ᠦᠢᠯᠡᠳᠦᠯᠭᠡᠵᠢᠭᠦᠯᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠶᠢᠰᠢᠳᠠ ᠠᠯᠪᠠᠨ ᠬᠡᠷ ᠦᠷᠭᠦᠯᠵᠢᠯᠡᠨ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠵᠡᠷᠭᠡ ᠭᠤᠤᠯ ᠪᠣᠯᠬᠤ ᠮᠥᠩᠭᠦᠨ  ᠭᠦᠢᠯᠭᠡᠭᠡᠨ ᠤ ᠪᠠᠶᠢᠭᠤᠯᠤᠮᠵᠢ ᠲᠠᠢ ᠨᠡᠪᠲᠡᠷᠡᠯᠴᠡᠵᠦ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠳᠥᠭᠦᠮ ᠳᠥᠲᠡ ᠢᠲᠡᠭᠡᠮᠵᠢᠲᠦ ᠵᠢᠭᠡᠯᠡᠯᠭᠡ ᠶᠢᠨ ᠵᠠᠮ ᠢ ᠢᠳᠡᠪᠬᠢᠲᠡᠶ ᠡᠭᠦᠳᠦᠨ ᠪᠠᠶᠢᠭᠤᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃      【ᠬᠥᠲᠥᠯᠥᠭᠴᠢ】      ᠮᠥᠩᠭᠦᠨ ᠭᠦᠢᠯᠭᠡᠭᠡᠨ ᠤ ᠠᠯᠪᠠᠨ ᠬᠡᠷ ᠤᠨ ᠴᠢᠩᠱᠠᠨ ᠲᠣᠭᠤᠷᠢᠭ ᠤᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠬᠢ ᠠᠵᠢᠯ ᠢ ᠲᠠᠨᠢᠯᠴᠠᠭᠤᠯᠤᠭᠠᠳ ᠥᠭᠭᠦᠨ᠎ᠡ ᠤᠤ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠵᠣᠤ ᠵᠢᠶᠠᠨ】      ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠵᠤ᠂ ᠵᠢᠭᠡᠯᠡᠯᠭᠡ ᠶᠢᠨ ᠬᠤᠶᠠᠷ ᠲᠠᠯ᠎ᠠ ᠶᠢᠨ ᠬᠦᠴᠢᠷᠲᠡᠶ ᠠᠰᠠᠭᠤᠳᠠᠯ ᠢ  ᠰᠢᠢᠳᠪᠦᠷᠢᠯᠡᠬᠦ ᠶᠢᠨ ᠲᠥᠯᠥᠭᠡ᠂ ᠮᠥᠩᠭᠦᠨ ᠭᠦᠢᠯᠭᠡᠭᠡᠨ ᠤ ᠠᠯᠪᠠᠨ ᠬᠡᠷ ᠠᠴᠠ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ᠂ 2021 ᠣᠨ ᠤ 9 ᠰᠠᠷ᠎ᠠ ᠶᠢᠨ 9᠎ ᠤ ᠡᠳᠦᠷ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠬᠦᠴᠦᠷᠬᠡᠭᠵᠢᠯ ᠵᠠᠮ ᠤᠨ ᠰᠠᠯᠪᠤᠷᠢ ᠪᠠᠩᠬᠢ ᠳᠤ ᠴᠢᠩᠱᠠᠨ ᠲᠣᠭᠤᠷᠢᠭ ᠤᠨ ᠠᠩᠬᠠᠳᠠᠭᠴᠢ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠢ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠪᠠ᠃ ᠡᠨᠡ ᠪᠣᠯ ᠮᠠᠨ ᠤ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠢ ᠦᠢᠯᠡᠳᠦᠯᠭᠡᠵᠢᠭᠦᠯᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠶᠢᠰᠢᠳᠠ ᠠᠯᠪᠠᠨ ᠬᠡᠷ ᠦᠷᠭᠦᠯᠵᠢᠯᠡᠨ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠵᠡᠷᠭᠡ ᠭᠤᠤᠯ ᠪᠣᠯᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠨᠡᠪᠲᠡᠷᠡᠯᠴᠡᠵᠦ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠳᠥᠭᠦᠮ ᠳᠥᠲᠡ ᠢᠲᠡᠭᠡᠮᠵᠢᠲᠦ ᠵᠢᠭᠡᠯᠡᠯᠭᠡ ᠶᠢᠨ ᠵᠠᠮ ᠢ ᠢᠳᠡᠪᠬᠢᠲᠡᠶ ᠡᠭᠦᠳᠦᠨ ᠪᠠᠶᠢᠭᠤᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃      【ᠬᠥᠲᠥᠯᠥᠭᠴᠢ】      ᠮᠥᠩᠭᠦᠨ ᠭᠦᠢᠯᠭᠡᠭᠡᠨ ᠤ ᠠᠯᠪᠠᠨ ᠭᠡᠷ ᠤᠨ ᠰᠢᠯᠢᠳᠡᠭ ᠪᠠᠶᠢᠭᠤᠯᠤᠮᠵᠢ ᠣᠷᠣᠭᠤᠯᠤᠨ ᠠᠪᠴᠢᠷᠠᠵᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠦᠷ᠎ᠡ ᠪᠦᠲᠦᠮᠵᠢ ᠶᠢ ᠲᠠᠨᠢᠯᠴᠠᠭᠤᠯᠤᠨ᠎ᠠ ᠤᠤ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠵᠣᠤ ᠵᠢᠶᠠᠨ】      ᠮᠥᠩᠭᠦᠨ ᠭᠦᠢᠯᠭᠡᠭᠡᠨ ᠤ ᠠᠯᠪᠠᠨ ᠬᠡᠷ ᠠᠴᠠ ᠰᠢᠩ ᠶᠧ ᠪᠠᠩᠬᠢ᠂ ᠬᠤᠸᠠ ᠰᠢᠶᠠ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠠᠵᠤ ᠠᠬᠤᠶᠢᠯᠠᠯ ᠳᠤ ᠶᠡᠷᠦᠩᠬᠡᠶᠢᠯᠡᠭᠰᠡᠨ ᠢᠲᠡᠭᠡᠮᠵᠢ 110 ᠳ᠋ᠦᠩᠰᠢᠭᠤᠷ ᠲᠥᠭᠦᠷᠢᠭ ᠣᠯᠭᠤᠪᠠ᠃ ᠮᠢᠨ ᠱᠧᠩ ᠪᠠᠩᠬᠢ ᠶᠢᠨ ᠪᠤᠭᠤᠲᠤ ᠬᠤᠲᠠ ᠳᠤ ᠨᠡᠭᠡᠭᠡᠭᠰᠡᠨ ᠠᠩᠬᠠᠳᠠᠭᠴᠢ ᠶᠡᠷᠦᠩᠬᠡᠶᠢᠯᠡᠭᠰᠡᠨ ᠴᠢᠨᠠᠷᠲᠠᠶ ᠰᠠᠯᠪᠤᠷᠢ ᠪᠠᠩᠬᠢ ᠶᠢᠨ ᠮᠢᠨ ᠱᠧᠩ ᠪᠠᠩᠬᠢ ᠶᠢᠨ ᠴᠢᠩᠱᠠᠨ ᠰᠠᠯᠪᠤᠷᠢ ᠪᠠᠩᠬᠢ ᠣᠲᠣ ᠨᠢᠭᠡᠨᠲᠡ 2021 ᠣᠨ ᠤ 3 ᠰᠠᠷ᠎ᠠ ᠶᠢᠨ 30᠎ ᠤ ᠡᠳᠦᠷ ᠠᠵᠢᠯ ᠢᠶᠠᠨ ᠡᠬᠢᠯᠡᠭᠦᠯᠪᠡ᠃ ᠠᠮᠦᠷ ᠲᠦᠪᠰᠢᠨ ᠪᠠᠩᠬᠢ ᠬᠢᠭᠡᠳ ᠲᠤᠭᠤᠷᠢᠭ ᠤᠨ ᠵᠠᠰᠠᠭ ᠤᠨ ᠣᠷᠳᠣᠨ 2020 ᠣᠨ ᠤ ᠳᠤᠮᠳᠠᠳᠤ ᠤᠯᠤᠰ ᠤᠨ ᠰᠢᠨ᠎ᠡ ᠠᠵᠤ ᠦᠢᠯᠡᠰ ᠤᠨ ᠲᠦᠷᠦᠭᠦᠴᠦᠳ ᠤᠨ ᠬᠤᠷᠠᠯ ᠳᠡᠭᠡᠷ᠎ᠡ ᠣᠷᠣᠵᠤ ᠰᠠᠭᠤᠬᠤ ᠬᠡᠯᠡᠯᠴᠡᠭᠡᠷ ᠲᠣᠭᠲᠠᠵᠤ᠂ ᠣᠲᠣ ᠪᠣᠯᠲᠠᠯ᠎ᠠ ᠴᠢᠩᠱᠠᠨ ᠲᠣᠭᠤᠷᠢᠭ ᠤᠨ ᠠᠵᠤ ᠠᠬᠤᠶᠢᠯᠠᠯ ᠳᠤ ᠨᠡᠶᠢᠲᠡ 11 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠲᠦᠢᠯ ᠤᠨ ᠶᠡᠭᠡ ᠪᠠᠷ ᠳᠡᠮᠵᠢᠭᠰᠡᠨ ᠪᠠᠶᠢᠨ᠎ᠠ᠃ ︽AA︾ ᠲᠠᠰ ᠤᠨ ᠢ ᠰᠢᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢ ᠣᠷᠣᠭᠤᠯᠤᠨ ᠠᠪᠴᠢᠷᠠᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ 1914.7 ᠲᠦᠮᠡᠨ ᠲᠥᠭᠦᠷᠢᠭ ᠤᠨ ᠵᠢᠭᠡᠯᠡᠯᠭᠡ ᠣᠷᠣᠭᠤᠯᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ 2359.98 ᠲᠦᠮᠡᠨ ᠲᠥᠭᠦᠷᠢᠭ ᠤᠨ ᠵᠢᠭᠡᠯᠡᠯᠭᠡ ᠣᠷᠣᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠣᠴᠢᠨ ᠡᠷᠦᠬᠡ 200 ᠲᠦᠮᠡᠨ ᠲᠥᠭᠦᠷᠢᠭ ᠤᠨ ᠵᠢᠭᠡᠯᠡᠯᠭᠡ ᠤᠷᠤᠭᠤᠯᠪᠠ᠃      【ᠬᠥᠲᠥᠯᠥᠭᠴᠢ】      ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠲᠠᠯ᠎ᠠ ᠪᠠᠷ ᠬᠢ ᠮᠥᠩᠭᠦᠨ ᠭᠦᠢᠯᠭᠡᠭᠡᠨ ᠤ ᠠᠯᠪᠠᠨ ᠭᠡᠷ ᠤᠨ ᠠᠵᠢᠯ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠵᠣᠤ ᠵᠢᠶᠠᠨ】      2021 ᠣᠨ ᠳᠤ ᠮᠥᠩᠭᠦᠨ ᠭᠦᠢᠯᠭᠡᠭᠡᠨ ᠤ ᠠᠯᠪᠠᠨ ᠬᠡᠷ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠲᠠᠢ ᠬᠤᠯᠪᠣᠭᠠᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠨ ᠵᠢᠭᠰᠠᠭᠠᠨ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠠᠷᠭ᠎ᠠ ᠮᠠᠶ᠋ᠢᠭ ᠢ ᠠᠪᠴᠤ᠂ ᠬᠠᠷᠢᠶ᠎ᠠ ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠲᠠᠢ ᠬᠠᠮᠢᠶ᠎ᠠ ᠪᠥᠬᠦᠶ ᠪᠠᠶᠢᠭᠤᠯᠤᠮᠵᠢ ᠳᠤ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠠᠯᠪᠠᠨ ᠬᠡᠷ ᠡᠯ᠎ᠡ ᠨᠢᠭᠡᠴᠡ ᠲᠠᠢ ᠬᠠᠮᠲᠤᠷᠠᠨ ︽ᠠᠰᠠᠷ ᠱᠦᠭᠦᠷᠳᠡᠬᠦ︾ ᠠᠵᠢᠯᠯᠠᠭᠠᠨ ᠳᠤᠮᠳᠠ ᠨᠡᠶᠢᠲᠡ ᠶᠢᠨ ᠪᠠᠶᠢᠷᠢ᠂ ᠠᠯᠪᠠᠯᠠᠬᠤ ᠠᠰᠠᠷ 28 ᠵᠢᠭᠰᠠᠭᠠᠨ  ᠪᠠᠶᠢᠴᠠᠭᠠᠵᠦ᠂ 2352 ᠠᠵᠤ ᠠᠬᠤᠶᠢᠯᠠᠯ ᠢ ᠵᠢᠭᠰᠠᠭᠠᠨ ᠪᠠᠶᠢᠴᠠᠭᠠᠪᠠ︔ 10 ᠠᠵᠤ ᠠᠬᠤᠶᠢᠯᠠᠯ ᠢ ᠭᠤᠤᠯᠳᠠᠯᠭ᠎ᠠ ᠲᠠᠢ ᠬᠢᠨᠠᠨ ᠡᠵᠡᠮᠳᠡᠪᠡ︔ 62 ᠠᠰᠠᠭᠤᠳᠠᠯ ᠲᠠᠢ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠪᠠ︔ ᠬᠠᠤᠯᠢ ᠶᠢ ᠵᠥᠷᠢᠴᠡᠭᠰᠡᠨ 6 ᠠᠵᠤ ᠠᠬᠤᠶᠢᠯᠠᠯ ᠢ ᠬᠠᠭᠠᠵᠤ ᠵᠣᠭᠰᠣᠭᠠᠪᠠ︔ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ ᠳᠤ ᠰᠢᠯᠵᠢᠭᠦᠯᠦᠨ ᠬᠦᠷᠭᠡᠭᠰᠡᠨ ᠬᠡᠷᠡᠭ 50 ᠬᠤᠪᠢ︔ ᠠᠮᠤᠷ ᠢ ᠬᠠᠮᠠᠭᠠᠯᠠᠬᠤ ᠬᠡᠷᠡᠭ ᠢ 4 ᠬᠤᠪᠢ ᠲᠤᠷᠰᠢᠨ ᠪᠠᠶᠢᠴᠠᠭᠠᠵᠤ ᠰᠢᠢᠳᠪᠦᠷᠢᠯᠡᠪᠡ︔ ᠡᠷᠡᠭᠦᠦ ᠶᠢᠨ ᠬᠡᠷᠡᠭ 3 ᠪᠤᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠡᠳ᠋ ᠪᠠᠶᠠᠯᠢᠭ ᠤᠨ ᠬᠠᠮᠢᠶᠠᠷᠤᠯᠲᠠ ᠶᠢᠨ ᠺᠣᠮᠫᠠᠨᠢ ᠶᠢ ᠵᠢᠷᠤᠮᠵᠢᠭᠤᠯᠬᠤ ᠠᠵᠢᠯ ᠤᠨ ᠲᠥᠰᠦᠯ︾᠎ ᠳᠤ ᠨᠡᠶᠢᠲᠡᠯᠡᠭᠰᠡᠨ ᠵᠢᠭᠰᠠᠭᠠᠨ ᠪᠠᠶᠢᠴᠠᠭᠠᠬᠤ ᠨᠡᠷᠡᠰ ᠤᠨ 131 ᠺᠣᠮᠫᠠᠨᠢ ᠶᠢᠨ ᠳᠣᠲᠣᠷ᠎ᠠ᠂ ᠳᠠᠩᠰᠠᠯᠠᠭᠤᠯᠤᠭᠰᠠᠨ ᠭᠠᠵᠠᠷ ᠨᠢ ᠴᠢᠩᠱᠠᠨ ᠲᠣᠭᠤᠷᠢᠭ ᠲᠤ ᠪᠠᠶᠢᠭ᠎ᠠ 55 ᠺᠣᠮᠫᠠᠨᠢ ᠶᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠠᠰᠠᠭᠤᠳᠠᠯ ᠲᠠᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠡᠵᠡᠩᠨᠡᠯᠲᠡ ᠶᠢᠨ ᠦᠨᠡᠮᠯᠡᠯ ᠤᠨ ᠡᠵᠡᠩᠨᠡᠯᠲᠡ ᠶᠢᠨ ᠬᠡᠪᠴᠢᠶ᠎ᠡ ᠶᠢ ᠨᠢ ᠬᠤᠭᠤᠴᠠᠭ᠎ᠠ ᠬᠢᠵᠠᠭᠠᠷᠯᠠᠨ ᠬᠤᠪᠢᠷᠠᠭᠤᠯᠬᠤ ᠶᠢᠨ ᠬᠠᠮᠲᠤ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠳᠠᠩᠰᠠᠯᠠᠭᠤᠯᠤᠨ ᠰᠢᠢᠳᠪᠦᠷᠢᠯᠡᠭᠦᠯᠵᠦ᠂ ᠮᠥᠩᠭᠦᠨ ᠭᠦᠢᠯᠭᠡᠭᠡᠨ ᠤ ᠫᠠᠶᠢᠰᠠ ᠦᠨᠡᠮᠯᠡᠯ ᠣᠯᠤᠭᠰᠠᠨ ᠥᠬᠡᠶ ᠬᠤᠭᠤᠴᠠᠭᠠᠨ ᠳᠤ ᠡᠵᠡᠩᠨᠡᠯᠲᠡ ᠶᠢ ᠨᠢ ᠬᠢᠵᠦ ᠪᠣᠯᠬᠤ ᠥᠬᠡᠶ ᠭᠡᠵᠡᠶ᠃ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠢᠴᠢ ᠲᠣᠭᠤᠷᠢᠭ ᠲᠤ ᠰᠠᠭᠤᠭ᠎ᠠ ᠪᠠᠩᠬᠢ ᠲᠠᠢ ᠬᠠᠮᠵᠢᠯᠴᠠᠨ ᠤᠬᠠᠭᠤᠯᠤᠨ ᠲᠠᠶᠢᠯᠪᠤᠷᠢᠯᠠᠬᠤ ᠳᠤᠭᠤᠶᠢᠯᠠᠩ ᠪᠠᠶᠢᠭᠤᠯᠵᠤ᠂ ᠡᠯ᠎ᠡ ᠵᠡᠭᠡᠯᠢ ᠪᠠᠯᠭᠠᠰᠤ ᠶᠢᠨ ᠬᠤᠳᠠᠯᠳᠤᠭᠠᠨ ᠤ ᠴᠤᠭᠯᠠᠷᠠᠯ ᠤᠨ ᠲᠣᠭᠤᠷᠢᠭ ᠲᠤ ᠭᠦᠨᠵᠡᠭᠡᠶᠢᠷᠡᠨ ᠰᠤᠷᠪᠤᠯᠵᠢᠯᠠᠨ ᠤᠬᠠᠭᠤᠯᠬᠤ ᠶᠢᠨ ᠬᠠᠮᠲᠤ᠂ ᠡᠯ᠎ᠡ ᠬᠠᠮᠢᠶ᠎ᠠ ᠪᠥᠬᠦᠶ ᠨᠢᠭᠡᠴᠡ ᠶᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ ᠬᠠᠷᠢᠶ᠎ᠠ ᠣᠷᠣᠨ ᠤ ᠳᠣᠲᠣᠷ᠎ᠠ ᠪᠠᠨ ᠤᠬᠠᠭᠤᠯᠭ᠎ᠠ ᠶᠢᠨ ᠴᠡᠭ ᠪᠠᠶᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ ᠲᠠᠪᠤᠨ ᠮᠢᠩᠭ᠎ᠠ ᠭᠠᠷᠤᠶ ᠬᠤᠪᠢ ᠲᠠᠷᠬᠠᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号