ᠪᠤᠭᠤᠲᠤ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠪᠦᠬᠦ ᠺᠠᠳ᠋ᠷ ᠠᠵᠢᠯᠳᠠᠨ ᠠᠵᠢᠯᠴᠢᠨ ᠤ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/24
     ᠤᠢᠢᠷ᠎ᠠ ᠶᠢᠨ ᠡᠳᠦᠷ᠂ ᠪᠤᠭᠤᠲᠤ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠬᠢᠨ ᠪᠦᠬᠦ ᠺᠠᠳ᠋ᠷ ᠠᠵᠢᠯᠳᠠᠨ ᠤ ᠶᠡᠭᠡ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠷᠠᠯ ᠦᠵᠡᠰᠬᠦᠯᠡᠩ ᠤᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠥᠬᠦ ᠤᠯᠤᠰ ᠤᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠥᠬᠦ ᠺᠠᠳ᠋ᠷ ᠠᠵᠢᠯᠲᠠᠨ ᠠᠵᠢᠯᠴᠢᠨ ᠳᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠪᠥᠬᠦ ᠲᠠᠯ᠎ᠠ ᠪᠠᠷ ᠳᠠᠶᠢᠴᠢᠯᠠᠪᠠ᠃ ᠡᠭᠦᠨ ᠤ ᠬᠠᠮᠲᠤ᠂ ᠬᠤᠷᠠᠯ ᠦᠵᠡᠰᠬᠦᠯᠡᠩ ᠤᠨ ᠲᠥᠪ ᠤᠨ ᠪᠥᠬᠦ ᠵᠢᠯ ᠤᠨ ᠡᠯ᠎ᠡ ᠵᠦᠢᠯ ᠤᠨ ᠠᠵᠢᠯ ᠳᠤ ᠴᠢᠭᠯᠡᠭᠦᠯᠦᠨ ᠳᠣᠭᠢᠷᠠᠭᠤᠯᠤᠨ ᠪᠠᠶᠢᠷᠢᠯᠠᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠵᠠᠯᠭᠠᠭᠠᠳ ᠪᠤᠭᠤᠲᠤ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠬᠢᠨ ᠰᠢᠨ᠎ᠡ ᠪᠠᠶᠢᠳᠠᠯ ᠳᠣᠣᠷᠠᠬᠢ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠯᠢᠪᠠ ᠪᠦᠬᠦᠨ ᠳᠤ ᠪᠣᠳᠠᠲᠤ ᠶᠠᠪᠤᠳᠠᠯ ᠢᠶᠠᠷ ᠶᠠᠷᠢᠬᠤ᠂ ᠲᠤᠭ᠎ᠠ ᠪᠠᠷᠢᠮᠲᠠ ᠪᠠᠷ ᠶᠠᠷᠢᠬᠤ᠂ ᠦᠷ᠎ᠡ ᠪᠦᠲᠦᠭᠡᠯ ᠢᠶᠠᠷ ᠶᠠᠷᠢᠬᠤ᠂ ᠢᠷᠠᠭᠤ ᠠᠯᠳᠠᠷ ᠢᠶᠠᠷ ᠶᠠᠷᠢᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠪᠣᠯᠤᠨ᠎ᠠ᠃ ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号