ᠰᠤᠷᠭᠠᠭᠤᠯᠢ ᠶᠢᠨ ᠬᠦᠷᠢᠶᠡᠨ ᠳᠤ ᠤᠷᠤᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠲᠦ ᠪᠠᠷ ᠰᠠᠬᠢᠨ᠎ᠠ
ᠨᠡᠶᠢᠲᠡᠯᠡᠭᠰᠡᠨ ᠴᠠᠭ᠄
2021/3/31
     3 ᠰᠠᠷ᠎ᠠ ᠶᠢᠨ 29 ᠤ ᠡᠳᠦᠷ ᠪᠣᠯ 26 ᠳ᠋ᠤᠭᠠᠷ ︽ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠪᠣᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠬᠤ ᠰᠠᠶᠢᠨ ᠰᠠᠶᠢᠬᠠᠨ ᠵᠠᠩ ᠳᠠᠳᠬᠠᠯ ᠢ ᠤᠯᠠᠮ ᠨᠢᠭᠡ ᠠᠯᠬᠤᠮ ᠬᠥᠮᠦᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠴᠢᠩᠱᠠᠨ ᠵᠠᠮ ᠬᠠᠷᠢᠯᠴᠠᠭᠠᠨ ᠤ ᠴᠠᠭᠳᠠᠭ᠎ᠠ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠤᠯᠠᠨ ᠵᠦᠢᠯ ᠤᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠠᠬᠢᠨ ᠲᠦᠭᠡᠮᠡᠯᠵᠢᠭᠦᠯᠬᠦ᠂ ᠲᠠᠬᠢᠨ ᠬᠥᠮᠦᠵᠢᠭᠦᠯᠬᠦ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠤᠬᠠᠭᠤᠯᠭ᠎ᠠ ᠶᠢᠨ ᠠᠷᠠᠳ ᠤᠨ ᠴᠠᠭᠳᠠᠭ᠎ᠠ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠯᠡᠳᠬᠡᠮᠵᠢ ᠲᠡᠮᠳᠡᠭ ᠤᠨ ᠣᠷᠣᠨ᠂ ᠳᠣᠬᠢᠶᠠᠨ ᠳ᠋ᠧᠩ ᠪᠣᠯᠤᠨ ᠢᠯᠡᠳᠬᠡᠮᠵᠢ ᠲᠡᠮᠳᠡᠭ ᠤᠨ ᠠᠭᠤᠯᠭ᠎ᠠ ᠶᠢ ᠲᠠᠶᠢᠯᠪᠤᠷᠢᠯᠠᠨ ᠥᠭᠴᠦ᠂ ᠰᠤᠷᠤᠭᠴᠢᠳ ᠰᠡᠳᠦᠪ ᠵᠠᠪᠳᠤᠨ ᠬᠠᠷᠢᠭᠤᠯᠬᠤ ᠠᠷᠭ᠎ᠠ ᠮᠠᠶ᠋ᠢᠭ ᠢᠶᠠᠷ ᠡᠯ᠎ᠡ ᠵᠦᠢᠯ ᠤᠨ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ ᠤᠨ ᠴᠢᠳᠠᠮᠵᠢ ᠶᠢ ᠣᠶᠢᠯᠠᠭᠠᠪᠠ᠃ ᠡᠭᠦᠨ ᠤ ᠬᠠᠮᠲᠤ᠂ ᠴᠢᠩᠱᠠᠨ  ᠤ ᠵᠠᠮ ᠬᠠᠷᠢᠯᠴᠠᠭᠠᠨ ᠤ ᠴᠠᠭᠳᠠᠭ᠎ᠠ ︽ᠥᠨᠥᠳᠦᠷ ᠤᠨ ᠲᠡᠷᠢᠭᠦᠨ ᠵᠤᠷᠪᠤᠰ︾ ᠢ ᠠᠰᠢᠭᠯᠠᠨ ᠲᠣᠰ ᠤᠳᠠᠭᠠᠨ ᠤ ᠠᠮᠤᠷ ᠲᠦᠪᠰᠢᠨ ᠤ ᠬᠢᠴᠢᠶᠡᠯ ᠢ ᠰᠢᠭᠤᠳ ᠨᠡᠪᠲᠡᠷᠡᠭᠦᠯᠬᠦ ᠶᠢᠨ ᠬᠠᠮᠲᠤ ᠪᠥᠬᠦ ᠨᠡᠶᠢᠭᠡᠮ ᠳᠤ ᠤᠷᠢᠶᠠᠯᠠᠨ᠂ ᠪᠥᠬᠦ ᠠᠷᠠᠳ ᠤᠨ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠰᠠᠭᠠᠳ ᠥᠬᠡᠶ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠣᠶ ᠪᠣᠯᠭᠠᠵᠤ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠬᠠᠮᠠᠭᠠᠯᠠᠨ᠎ᠠ ᠭᠡᠵᠡᠶ᠃ ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号