ᠰᠤᠷᠭᠠᠭᠤᠯᠢ ᠶᠢᠨ ᠪᠠᠭᠰᠢ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ | ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ | ᠠᠩᠬᠠᠷᠬᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠬᠤ ᠭᠦᠨ ᠵᠤᠵᠠᠭᠠᠨ ᠤᠬᠠᠭᠤᠯᠭ᠎ᠠ ᠶᠢᠨ ᠠᠭᠤᠷ | ᠠᠮᠢᠰᠬᠤᠯ ᠢ ᠪᠣᠶ ᠪᠣᠯᠭᠠᠵᠤ᠂ ᠵᠠᠮ ᠬᠠᠷᠢᠯᠴᠠᠭᠠᠨ ᠤ ᠠᠳᠡᠯ ᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠬᠤ ᠶᠢᠨ | ᠲᠥᠯᠥᠭᠡ᠂ ᠣᠶᠢᠷ᠎ᠠ ᠳᠤ᠂ ᠰᠥᠩ ᠱᠢ ᠰᠤᠷᠭᠠᠭᠤᠯᠢ ᠨᠢ ᠴᠢᠩᠱᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠲᠠᠢ ᠬᠠᠮᠲᠤᠷᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠳᠤ ︽ᠠᠮᠤᠷ ᠲᠦᠪᠰᠢᠨ ᠤ ᠰᠢᠬᠦᠷ︾ ᠡᠷᠭᠦᠵᠦ | ᠥᠭᠭᠦᠭᠰᠡᠨ ᠪᠠᠶᠢᠨ᠎ᠠ᠃ ᠠᠵᠢᠯᠯᠠᠭ᠎ᠠ ᠶᠢᠨ ᠳᠤᠮᠳᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠠᠮ | ᠬᠠᠷᠢᠯᠴᠠᠭᠠᠨ ᠤ ᠴᠠᠭᠳᠠᠭ᠎ᠠ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠵᠠᠮ ᠬᠠᠷᠢᠯᠴᠠᠭᠠᠨ ᠤ ᠠᠳᠡᠯ ᠭᠠᠷᠤᠭᠰᠠᠨ | ᠰᠢᠯᠲᠠᠭᠠᠨ ᠢ ᠵᠠᠳᠠᠯᠵᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠤ ᠬᠤᠣᠷ ᠬᠥᠨᠥᠭᠡᠯ ᠢ | ᠰᠤᠷᠤᠭᠴᠢᠳ ᠲᠤ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠨ ᠥᠭᠴᠦ᠂ ᠥᠪᠡᠷ ᠤᠨ ᠵᠠᠮ ᠬᠠᠷᠢᠯᠴᠠᠭᠠᠨ ᠤ | ᠠᠮᠤᠷ ᠲᠦᠪᠰᠢᠨ ᠢᠶᠠᠨ ᠪᠠᠲᠤᠯᠠᠬᠤ ᠶᠢᠨ ᠬᠠᠮᠲᠤ ᠭᠡᠷ ᠤᠨ ᠠᠬᠠᠮᠠᠳ ᠤᠨ ᠡᠳᠦᠷ ᠲᠤᠲᠤᠮ ᠤᠨ ᠶᠠᠪᠤᠵᠤ ᠰᠠᠭᠤᠬᠤ | ᠠᠮᠤᠷ ᠲᠦᠪᠰᠢᠨ ᠳᠤ ᠰᠠᠶᠢᠲᠤᠷ ᠬᠢᠨᠠᠯᠲᠠ ᠲᠠᠯᠪᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ | ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠰᠤᠷᠤᠭᠴᠢᠳ ᠲᠤ ᠰᠠᠨᠠᠭᠤᠯᠤᠭᠰᠠᠨ | ᠪᠠᠶᠢᠨ᠎ᠠ᠃ ᠡᠭᠦᠨ ᠤ ᠵᠡᠷᠭᠡ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠠᠮ ᠬᠠᠷᠢᠯᠴᠠᠭᠠᠨ ᠤ | ᠴᠠᠭᠳᠠᠭ᠎ᠠ ᠬᠠᠮᠲᠤ ᠰᠤᠷᠤᠭᠴᠢᠳ ᠲᠤ ᠤᠬᠠᠭᠤᠯᠭ᠎ᠠ ᠶᠢᠨ ᠵᠠᠷ ᠲᠠᠷᠬᠠᠭᠠᠵᠤ᠂ ᠬᠠᠮᠲᠤ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠳᠦᠷᠢᠮ ᠢ ᠵᠢᠷᠤᠮᠯᠠᠨ᠂ ᠠᠮᠤᠷ ᠲᠦᠪᠰᠢᠨ ᠪᠣᠯᠪᠠᠰᠤᠨ ᠢᠶᠠᠷ | ᠶᠠᠪᠤᠵᠤ᠂ ᠠᠮᠤᠷ ᠲᠦᠪᠰᠢᠨ᠂ ᠡᠮᠬᠢ ᠵᠢᠷᠤᠮ ᠲᠠᠢ᠂ ᠪᠣᠯᠪᠠᠰᠤᠨ ᠰᠠᠶᠢᠬᠠᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ | ᠬᠠᠮᠲᠤ ᠪᠠᠷ ᠪᠤᠶ ᠪᠣᠯᠭᠠᠬᠤ ᠬᠡᠷᠡᠭᠲᠡᠶ ᠭᠡᠵᠡᠶ᠃ | | | | | | | | | ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ |