ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ | ᠠᠯᠬᠤᠮ ᠰᠠᠶᠢᠲᠤᠷ ᠬᠡᠷᠡᠭᠵᠢᠭᠦᠯᠬᠦ ᠲᠤᠬᠠᠶ ᠪᠠᠶᠢᠷᠢᠯᠠᠭᠤᠯᠵᠤ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ | ᠠᠷᠠᠳ ᠲᠤ ᠠᠰᠢᠭ ᠬᠦᠷᠲᠡᠭᠡᠬᠦ ᠦᠶ᠋ᠯᠡᠳᠦᠯ ᠢ ᠨᠠᠩ ᠰᠠᠶᠢᠲᠤᠷ ᠪᠠᠳᠠᠷᠠᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ | ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 21 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠳ᠋ ᠤᠨ ᠵᠠᠰᠠᠭ ᠤᠨ ᠪᠠᠯᠠ | ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠵᠦ᠂ | ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠦᠶ᠋ᠯᠡᠳᠦᠯ ᠢ ᠨᠠᠩ | ᠰᠠᠶᠢᠲᠤᠷ ᠪᠠᠳᠠᠷᠠᠭᠤᠯᠬᠤ ᠲᠤᠬᠠᠶ ᠪᠠᠶᠢᠷᠢᠯᠠᠭᠤᠯᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠵᠠᠢ᠃ | ᠬᠤᠷᠠᠯ ᠳᠤ ᠵᠢᠭᠠᠨ ᠭᠠᠷᠭᠠᠬᠤ ᠳᠤ ᠪᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ | ᠬᠡᠷᠡᠭᠵᠢᠭᠦᠯᠬᠦ ᠪᠣᠯ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠨ᠎ᠡ ᠶᠢ ᠡᠭᠦᠳᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠨᠢᠳᠤᠨᠤᠨ ᠲᠥᠪ ᠤᠨ | ᠡᠳ᠋ ᠤᠨ ᠵᠠᠰᠠᠭ ᠰᠢᠭᠤᠳ ᠬᠦᠷᠭᠡᠬᠦ ᠪᠠᠯᠠ ᠮᠥᠩᠭᠦ 1.7 ᠲᠦᠮᠡᠨ ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ | ᠰᠢᠶᠠᠨ ᠤ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ ᠰᠦᠶ᠋ᠳᠬᠡᠯ ᠢ ᠪᠠᠭᠤᠷᠠᠭᠤᠯᠬᠤ ᠳᠤ ︽ᠳᠠᠭᠠᠷᠠᠭᠰᠠᠨ ᠬᠥᠮᠦᠨ ᠳᠤ | ᠳᠠᠬᠤ ᠬᠦᠷᠭᠡᠬᠦ︾ ᠦᠶ᠋ᠯᠡᠳᠦᠯ ᠪᠠᠳᠠᠷᠠᠭᠤᠯᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ | ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ | ᠶᠣᠰᠣᠭᠠᠷ᠂ ᠡᠨᠡ ᠵᠢᠯ ᠰᠢᠭᠤᠳ ᠬᠦᠷᠭᠡᠬᠦ ᠲᠣᠭᠲᠠᠴᠠ ᠶᠢ ᠪᠠᠶᠢᠩᠭᠤᠵᠢᠭᠤᠯᠬᠤ ᠨᠢ ᠨᠢᠳᠤᠨᠤᠨ ᠤ ᠰᠢᠭᠤᠳ ᠬᠦᠷᠭᠡᠬᠦ ᠪᠡᠯᠡ | ᠮᠥᠩᠭᠦ ᠶᠢ ᠪᠦᠬᠦᠨ ᠢ ᠨᠡᠮᠡᠭᠳᠡᠯ ᠪᠡᠯᠡ ᠮᠥᠩᠭᠦ ᠪᠣᠯᠭᠠᠭᠰᠠᠨ ᠲᠠᠢ ᠠᠳᠠᠯᠢ ᠦᠭᠡᠢ᠂ ᠡᠨᠡ ᠵᠢᠯ ᠭᠤᠣᠯᠳᠠᠭᠤ ᠦᠯᠡᠳᠡᠭᠡᠯ ᠪᠡᠯᠡ | ᠮᠥᠩᠭᠦ ᠪᠣᠯᠭᠠᠨ᠎ᠠ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠠᠰᠢᠭ ᠲᠤᠰᠠ ᠶᠢᠨ ᠪᠠᠶᠢᠷᠢᠰᠢᠯ ᠢ ᠥᠭᠡᠷᠡᠴᠢᠯᠡᠨ | ᠲᠣᠬᠢᠷᠠᠭᠤᠯᠬᠤ ᠪᠠᠷ ᠳᠠᠮᠵᠢᠭᠤᠯᠤᠨ᠂ ᠲᠥᠪ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠡᠯ᠎ᠡ | ᠵᠦᠢᠯ ᠤᠨ ᠪᠡᠯᠡ ᠮᠥᠩᠭᠦ ᠶᠢ ᠪᠦᠬᠦᠨ ᠢ ᠨᠢ ᠰᠢᠭᠤᠳ ᠬᠦᠷᠭᠡᠬᠦ ᠬᠡᠪᠴᠢᠶᠡᠨ ᠳᠤ ᠣᠷᠣᠭᠤᠯᠵᠤ᠂ ᠪᠡᠯᠡ ᠮᠥᠩᠭᠦ ᠶᠢᠨ | ᠶᠡᠷᠦᠩᠬᠡᠶ ᠬᠡᠮᠵᠢᠶ᠎ᠡ ᠶᠢ 2.8 ᠲᠦᠮᠡᠨ ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠣᠳᠣᠬᠠᠨ ᠳᠤ ᠲᠥᠪ ᠤᠨ ᠡᠳ᠋ ᠤᠨ | ᠵᠠᠰᠠᠭ ᠠᠴᠠ ᠰᠢᠭᠤᠳ ᠪᠠᠭᠤᠯᠭᠠᠭᠰᠠᠨ ᠪᠠᠯᠠ ᠮᠥᠩᠭᠦ 2.6 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ 2.2 | ᠲᠦᠮᠡᠨ ᠳ᠋ᠦᠩᠰᠢᠭᠤᠷ ᠭᠠᠷᠤᠢ ᠲᠥᠭᠦᠷᠢᠭ ᠢ ᠨᠢᠭᠡᠨᠲᠡ ᠪᠠᠯᠠ ᠮᠥᠩᠭᠦ ᠬᠡᠷᠡᠭᠯᠡᠬᠦ ᠨᠢᠭᠡᠴᠢ ᠳᠤ ᠪᠠᠭᠤᠯᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠨᠢᠭᠡ ᠳᠤ᠂ ᠰᠢᠭᠤᠳ ᠬᠦᠷᠭᠡᠬᠦ ᠪᠠᠯᠠ ᠮᠥᠩᠭᠦ ᠶᠢᠨ ᠬᠡᠷᠡᠭᠯᠡᠯᠲᠡ ᠶᠢᠨ ᠭᠤᠤᠯᠳᠠᠯᠭ᠎ᠠ ᠶᠢ | ᠳᠣᠪᠤᠶᠢᠯᠭᠠᠨ᠎ᠠ᠃ ᠠᠵᠤ ᠠᠬᠤᠶ ᠶᠢ ᠲᠣᠭᠲᠠᠭᠤᠨ ᠪᠠᠶᠢᠯᠭᠠᠬᠤ ᠶᠢᠨ ᠳᠠᠭᠠᠤ ᠪᠠᠬᠢᠵᠢᠭᠦᠯᠬᠦ ᠶᠢ ᠠᠬᠢᠭᠤᠯᠬᠤ ᠲᠠᠯ᠎ᠠ ᠠᠴᠠ | ᠪᠣᠳᠣᠯᠬᠢᠯᠠᠨ᠂ ᠰᠢᠭᠤᠳ ᠬᠦᠷᠭᠡᠬᠦ ᠪᠠᠯᠠ ᠮᠥᠩᠭᠦ ᠶᠢ ᠬᠡᠰᠡᠭ ᠱᠠᠲᠤ ᠦᠶᠡᠴᠢ ᠴᠢᠨᠠᠷᠲᠠᠶ ᠲᠥᠷᠥ ᠶᠢᠨ ᠪᠣᠳᠣᠯᠭ᠎ᠠ ᠶᠢᠨ | ︽ᠪᠠᠭᠤᠷᠠᠯᠲᠠ︾ ᠶᠢᠨ ᠨᠥᠯᠥᠭᠡ ᠶᠢ ᠠᠷᠢᠯᠭᠠᠬᠤ ᠴᠢᠬᠤᠯᠠ ᠠᠷᠭ᠎ᠠ ᠪᠠᠷᠢᠯ ᠤᠨ ᠨᠢᠭᠡ ᠨᠢ ᠪᠣᠯᠭᠠᠵᠤ᠂ ᠲᠠᠭᠦᠨ ᠢ ᠭᠤᠤᠯᠳᠠᠭᠤ | ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠪᠠᠲᠤᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠵᠦ᠂ ᠪᠠᠯᠠ ᠮᠥᠩᠭᠦ ᠶᠢ ᠣᠯᠠᠨ ᠲᠦᠮᠡᠨ ᠤ ᠬᠦᠰᠡᠯ ᠡᠷᠡᠮᠡᠯᠵᠡᠯ᠂ ᠠᠵᠤ | ᠠᠬᠤᠶᠢᠯᠠᠯ ᠤᠨ ᠬᠦᠰᠡᠵᠦ ᠪᠠᠶᠢᠭ᠎ᠠ ᠴᠢᠭᠯᠡᠯ ᠪᠠ ᠬᠦᠷᠢᠶ᠎ᠡ ᠵᠢᠴᠢ ᠦᠨᠳᠦᠰᠦᠨ ᠱᠠᠲᠤᠨ ᠤ ᠴᠠᠯᠢᠩ ᠢ ᠪᠠᠲᠤᠯᠠᠬᠤ ᠪᠠ | ᠡᠷᠭᠢᠯᠲᠡ ᠶᠢ ᠪᠠᠲᠤᠯᠠᠬᠤ ᠳᠤ ᠬᠡᠷᠡᠭᠯᠡᠨ᠂ ᠨᠠᠩ ᠣᠯᠠᠨ ᠡᠳ᠋ ᠤᠨ ᠬᠦᠴᠦᠨ ᠢ ᠲᠥᠪᠯᠡᠷᠡᠭᠦᠯᠦᠨ ᠠᠯᠪᠠᠨ ᠵᠢᠷᠤᠮ ᠤᠨ ᠰᠤᠷᠭᠠᠨ | ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠠᠷᠠᠳ ᠤᠨ ᠦᠨᠳᠦᠰᠦᠨ ᠠᠮᠢᠳᠤᠷᠠᠯ ᠤᠨ | ᠣᠷᠣᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠩ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ | ᠬᠤᠶᠠᠷ ᠲᠤ᠂ ᠣᠷᠣᠨ ᠨᠤᠲᠤᠭ ᠢ ᠰᠢᠪᠠᠳᠠᠵᠤ ᠪᠠᠶᠢᠭᠠᠳ ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠦ ᠶᠢ ᠪᠠᠭᠤᠯᠭᠠᠬᠤ ᠪᠠ | ᠬᠡᠷᠡᠭᠯᠡᠬᠦ ᠠᠵᠢᠯ ᠢ ᠰᠠᠶᠢᠲᠤᠷ ᠬᠢᠯᠭᠡᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ | ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠨ᠎ᠠ᠃ ᠣᠷᠣᠨ ᠨᠤᠲᠤᠭ ᠢ ᠵᠢᠯᠣᠭᠤᠳᠴᠤ ᠪᠠᠶᠢᠭᠠᠳ ᠲᠥᠪ ᠤᠨ | ᠰᠢᠭᠤᠳ ᠬᠦᠷᠭᠡᠬᠦ ᠪᠡᠯᠡ ᠮᠥᠩᠭᠦ ᠶᠢᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ | ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ ᠬᠡᠪᠴᠢᠶ᠎ᠡ ᠶᠢ ᠥᠷᠭᠡᠳᠬᠡᠨ᠎ᠡ᠃ ᠮᠤᠵᠢ ᠶᠢᠨ | ᠱᠠᠲᠤᠨ ᠤ ᠵᠠᠰᠠᠭ ᠤᠨ ᠣᠷᠳᠣᠨ ᠦᠷᠭᠦᠯᠵᠢᠯᠡᠨ ︽ᠵᠠᠮ ᠤᠨ ᠨᠠᠮᠰᠠᠷᠠᠢ ᠪᠤᠷᠬᠠᠨ︾ ᠪᠣᠯᠬᠤ ᠠᠴᠠ ᠪᠢᠰᠢ ︽ᠨᠢᠷᠤᠭᠤ ᠪᠠᠨ | ᠡᠭᠦᠷᠦᠭᠰᠡᠨ ᠨᠣᠶᠠᠨ︾ ᠪᠣᠯᠵᠤ ᠪᠣᠯᠬᠤ ᠦᠭᠡᠢ᠂ ᠨᠠᠩ ᠣᠯᠠᠨ ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠵᠤ᠂ | ᠦᠨᠳᠦᠰᠦᠨ ᠱᠠᠲᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠶᠢ ᠨᠢ | ᠴᠢᠩᠭᠠᠷᠠᠭᠤᠯᠬᠤ ᠬᠡᠷᠡᠭᠲᠡᠶ᠃ ᠭᠤᠷᠪᠠ ᠳᠤ᠂ ᠰᠢᠭᠤᠳ ᠬᠦᠷᠭᠡᠬᠦ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ | ᠴᠢᠩᠳᠠᠯᠠᠨ᠎ᠠ᠃ ᠡᠳ᠋ ᠤᠨ ᠵᠠᠰᠠᠭ᠂ ᠬᠢᠨᠠᠨ ᠪᠤᠳᠤᠯᠲᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ ᠬᠢᠨᠠᠯᠲᠠ ᠪᠠᠨ | ᠴᠢᠩᠭᠠᠳᠬᠠᠵᠤ᠂ ᠣᠷᠣᠨ ᠨᠤᠲᠤᠭ ᠤᠨ ᠪᠠᠯᠠ ᠮᠥᠩᠭᠦ ᠬᠤᠪᠢᠶᠠᠷᠢᠯᠠᠭᠰᠠᠨ᠂ ᠰᠠᠯᠭᠠᠨ ᠥᠭᠭᠦᠭᠰᠡᠨ ᠪᠠ ᠬᠡᠷᠡᠭᠯᠡᠭᠰᠡᠨ ᠪᠠᠶᠢᠳᠠᠯ ᠢ | ᠬᠥᠳᠡᠯᠦᠩᠭᠦᠶ ᠪᠠᠷ ᠮᠥᠷᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ ᠵᠠᠯᠠᠷᠠᠭᠤᠯᠵᠤ᠂ | ᠬᠠᠮᠢᠶ᠎ᠠ ᠪᠥᠬᠦᠶ ᠣᠷᠣᠨ ᠨᠤᠲᠤᠭ ᠵᠢᠴᠢ ᠬᠠᠷᠢᠭᠤᠴᠠᠯᠭᠠᠲᠠᠳ ᠲᠠᠢ ᠪᠠᠶᠢᠳᠠᠯ ᠢ ᠨᠢ ᠦᠵᠡᠵᠦ ᠨᠡᠪᠲᠡᠷᠡᠭᠦᠯᠬᠦ ᠪᠠ ᠪᠣᠯᠵᠣᠨ | ᠶᠠᠷᠢᠯᠴᠠᠵᠤ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠤᠮᠳᠠ ᠠᠴᠠ ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠨᠢᠭᠡ ᠶᠢ ᠣᠯᠵᠤ ᠮᠡᠳᠡᠪᠡᠯ ᠨᠢᠭᠡ ᠶᠢ | ᠲᠦᠢᠯᠪᠤᠷᠢᠲᠠᠶ ᠪᠠᠶᠢᠴᠠᠭᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ ᠰᠢᠭᠤᠳ ᠪᠠᠯᠠ | ᠮᠥᠩᠭᠦ ᠶᠢ ᠣᠨᠢᠨ ᠳᠡᠭᠡᠷ᠎ᠡ ᠨᠢ ᠬᠡᠷᠡᠭᠯᠡᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ | ᠪᠣᠳᠠᠲᠤ ᠦᠷ᠎ᠡ ᠪᠦᠲᠦᠮᠵᠢ ᠶᠢ ᠨᠠᠩ ᠰᠠᠶᠢᠨ ᠪᠠᠳᠠᠷᠠᠭᠤᠯᠬᠤ ᠬᠡᠷᠡᠭᠲᠡᠶ ᠭᠡᠵᠡᠢ᠃ | ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ᠃ ᠲᠥᠰᠦᠯ ᠳᠤ ᠲᠠᠷᠢᠶᠠᠨ ᠭᠠᠵᠠᠷ | ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢᠯᠠᠩᠭᠤᠶ᠎ᠠ | ᠲᠠᠷᠢᠶᠠᠨ ᠭᠠᠵᠠᠷ ᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ | ᠬᠢᠵᠠᠭᠠᠷᠯᠠᠬᠤ ᠶᠢᠨ ᠬᠠᠮᠲᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ ᠳᠤ | ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠤᠯᠠᠮ ᠨᠢᠭᠡ ᠠᠯᠬᠤᠮ ᠲᠣᠳᠣᠷᠬᠠᠶ ᠬᠢᠵᠠᠭᠠᠷᠯᠠᠵᠤ᠂ ᠲᠠᠷᠢᠶᠠᠨ ᠭᠠᠵᠠᠷ ᠤᠨ | ︽ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠪᠡ᠃ ᠲᠥᠰᠦᠯ ᠨᠢ ᠭᠠᠵᠠᠷ | ᠰᠢᠷᠣᠶ ᠲᠠᠲᠠᠪᠤᠷᠢᠯᠠᠬᠤ ᠳᠡᠰ ᠳᠠᠷᠠᠭᠠᠯᠠᠯ ᠢ ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠶᠢ ᠤᠷᠢᠳᠴᠢᠯᠠᠨ ᠵᠠᠷᠯᠠᠬᠤ | ᠳᠦᠷᠢᠮ ᠢ ᠲᠣᠭᠲᠠᠭᠠᠵᠤ᠂ ᠲᠠᠲᠠᠪᠤᠷᠢᠯᠠᠯᠲᠠ ᠶᠢᠨ ᠨᠥᠬᠦᠪᠥᠷᠢ ᠶᠢ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠷᠤᠳᠠᠯ ᠢ | ᠭᠦᠢᠴᠡᠳ ᠲᠤᠭ᠎ᠠ ᠪᠠᠷ ᠪᠣᠳᠠᠲᠠᠶᠢᠵᠢᠭᠤᠯᠤᠭᠰᠠᠨ ᠦᠭᠡᠶ ᠪᠣᠯ ᠭᠠᠵᠠᠷ ᠰᠢᠷᠣᠶ ᠲᠠᠲᠠᠪᠤᠷᠢᠯᠠᠬᠤ ᠶᠢ ᠵᠥᠪᠰᠢᠶᠡᠷᠡᠵᠦ ᠪᠣᠯᠬᠤ | ᠦᠭᠡᠶ ᠭᠡᠵᠦ ᠲᠣᠭᠲᠠᠭᠠᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ | ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠠᠢ᠃ ᠲᠥᠰᠦᠯ ᠳᠤ ᠲᠠᠷᠢᠶᠠᠴᠢᠳ ᠤᠨ ᠵᠦᠢ ᠵᠣᠬᠢᠰᠲᠠᠢ ᠣᠷᠣᠨ | ᠰᠠᠭᠤᠴᠠ ᠶᠢᠨ ᠭᠠᠵᠠᠷ ᠤᠨ ᠬᠡᠷᠡᠭᠴᠡᠭᠡ ᠶᠢ ᠪᠠᠲᠤᠯᠠᠵᠤ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠲᠠᠷᠢᠶᠠᠴᠢᠳ ᠤᠨ ᠬᠠᠤᠯᠢ ᠶᠣᠰᠣᠭᠠᠷ ᠣᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ ᠠᠰᠢᠭ ᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ ᠳᠤ ᠪᠠᠰᠠ ᠭᠠᠵᠠᠷ ᠰᠢᠷᠣᠶ ᠶᠢ ᠰᠢᠪᠠᠳᠠᠨ ᠪᠠᠶᠢᠴᠠᠭᠠᠬᠤ ᠲᠦᠷᠢᠮ ᠢ | ᠨᠠᠷᠢᠯᠢᠬᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠂ ᠬᠥᠳᠡᠯᠦᠩᠭᠦᠶ ᠲᠣᠭᠤᠷᠢᠨ | ᠪᠠᠶᠢᠴᠠᠭᠠᠬᠤ ᠵᠡᠷᠭᠡ ᠲᠣᠭᠲᠠᠴᠠ ᠶᠢ ᠪᠠᠶᠢᠭᠤᠯᠬᠤ ᠶᠢᠨ ᠵᠡᠷᠭᠡᠴᠡᠭᠡ ᠲᠠᠷᠢᠶᠠᠨ ᠭᠠᠵᠠᠷ ᠢ ᠡᠪᠳᠡᠬᠦ᠂ ᠭᠠᠵᠠᠷ ᠰᠢᠷᠣᠶ ᠶᠢ ᠬᠠᠤᠯᠢ | ᠪᠤᠰᠤ ᠪᠠᠷ ᠡᠵᠡᠯᠡᠬᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ ᠭᠦᠶ᠋ᠴᠡᠳᠬᠡᠬᠦ ᠶᠢ ᠲᠡᠪᠴᠢᠬᠦ ᠵᠡᠷᠭᠡ | ᠬᠠᠤᠯᠢ ᠶᠢ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ | ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠢᠢᠳᠭᠡᠬᠦ ᠲᠤᠬᠠᠶ ᠲᠣᠭᠲᠠᠭᠠᠯ ᠨᠡᠮᠡᠭᠰᠡᠨ ᠪᠠᠶᠢᠨ᠎ᠠ᠃ | | | |