| | 4 ᠰᠠᠷ᠎ᠠ ᠶᠢᠨ 25 ᠤ ᠡᠳᠦᠷ ᠠᠴᠠ 27 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 27 ᠤ ᠦᠳᠡ ᠶᠢᠨ ᠡᠮᠦᠨ᠎ᠠ᠂ ᠰᠢ ᠶᠢᠨ ᠫᠢᠩ ᠨᠠᠨᠨᠢᠩ ᠬᠤᠲᠠ ᠶᠢᠨ | ᠭᠤᠸᠠᠩᠰᠢ ᠶᠢᠨ ᠦᠨᠳᠦᠰᠦᠲᠡᠨ ᠤ ᠮᠦᠽᠧᠢ ᠶᠢᠨ ᠭᠠᠳᠠᠨ᠎ᠠ᠂ ᠭᠤᠷᠪᠠᠨ ᠰᠠᠷ᠎ᠠ ᠶᠢᠨ ᠭᠤᠷᠪᠠᠨ ᠤ ︽ᠳᠠᠭᠤᠤ ᠶᠢᠨ ᠨᠠᠶᠢᠷ︾ ᠤᠨ | ᠦᠨᠳᠦᠰᠦᠳᠡᠨ ᠤ ᠰᠤᠶᠤᠯ ᠤᠨ ᠠᠵᠢᠯᠯᠠᠭ᠎ᠠ ᠳᠤ ᠤᠷᠤᠯᠴᠠᠵᠤ ᠪᠠᠶᠢᠭ᠎ᠠ ᠡᠯ᠎ᠠ ᠦᠨᠳᠦᠰᠦᠳᠡᠨ ᠤ ᠤᠯᠠᠨ ᠲᠦᠮᠡᠨ ᠲᠠᠢ | ᠲᠤᠳᠤᠨᠤ ᠪᠠᠷ ᠶᠠᠷᠢᠯᠴᠠᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ | | | | 4 ᠰᠠᠷ᠎ᠠ ᠶᠢᠨ 25 ᠤ ᠡᠳᠦᠷ ᠠᠴᠠ 27 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 26 ᠤ ᠦᠳᠡ ᠶᠢᠨ ᠬᠤᠶᠢᠨ᠎ᠠ᠂ ᠰᠢ ᠶᠢᠨ ᠫᠢᠩ ᠭᠤᠸᠠᠩᠰᠢ ᠶᠢᠨ | ᠯᠢᠦ ᠭᠦᠩ ᠪᠦᠯᠦᠭᠯᠡᠯ ᠺᠣᠮᠫᠠᠨᠢ ᠳᠤ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠤ ᠪᠠᠶᠢᠭ᠎ᠠ ᠨᠢ᠃ ᠰᠢᠨᠬᠤᠸᠠ | ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠭᠤᠸᠠᠩᠰᠢ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠥ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠥ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠦᠵᠡᠯ ᠰᠠᠨᠠᠭ᠎ᠠ ᠪᠠᠨ ᠴᠢᠯᠥᠭᠡᠯᠡᠨ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ | ᠪᠣᠳᠠᠲᠠᠢ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠥ᠂ ᠬᠢᠯᠢ ᠬᠢᠵᠠᠭᠠᠷ ᠤᠨ | ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠥ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ | ᠭᠠᠷᠭᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠦᠨᠳᠦᠰᠦᠲᠡᠨ ᠤ | ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠬᠢᠵᠢᠭᠦᠯᠦᠨ ᠬᠥᠭᠵᠢᠭᠦᠯᠬᠦ ᠲᠠᠯ᠎ᠠ ᠪᠠᠷ | ᠰᠢᠨ᠎ᠡ ᠡᠭᠦᠷᠭᠡᠯᠡᠯ ᠢᠶᠠᠨ ᠢᠯᠡᠷᠡᠬᠦᠯᠵᠥ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠰᠦᠷᠯᠢᠭ ᠰᠠᠶᠢᠬᠠᠨ ᠭᠤᠸᠠᠩᠰᠢ ᠶᠢ ᠪᠦᠲᠦᠭᠡᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | 4 ᠰᠠᠷ᠎ᠠ ᠶᠢᠨ 25 ᠠᠴᠠ 27 ᠤ ᠡᠳᠦᠷ ᠪᠣᠯᠲᠠᠯ᠎ᠠ᠂ ᠰᠢ ᠶᠢᠨ ᠫᠢᠩ ᠭᠤᠸᠠᠩᠰᠢ ᠶᠢᠨ ᠵᠤᠸᠠᠩ ᠦᠨᠳᠦᠰᠦᠲᠡᠨ ᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠯᠦ ᠰᠢᠨ ᠱᠧ ᠪᠣᠯᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠲᠡᠷᠢᠭᠦᠯᠡᠭᠴᠢ ᠯᠠᠨ ᠲᠢᠶᠠᠨ ᠯᠢ ᠶᠢᠨ ᠪᠠᠷ᠎ᠠ ᠪᠤᠯᠤᠯᠭ᠎ᠠ ᠲᠠᠢ ᠪᠠᠷ᠂ ᠤᠷᠢᠳ ᠬᠤᠵᠢᠳ ᠭᠦᠢᠯᠢᠨ᠂ | ᠯᠢᠦᠵᠧᠦ᠂ ᠨᠠᠨᠨᠢᠩ ᠵᠡᠷᠭᠡ ᠭᠠᠵᠠᠷ ᠲᠤ ᠬᠦᠷᠴᠦ᠂ ᠬᠤᠪᠢᠰᠬᠠᠯ ᠤᠨ ᠳᠤᠷᠠᠰᠬᠠᠯ ᠤᠨ ᠣᠷᠳᠣᠨ᠂ ᠬᠥᠳᠡᠭᠡ ᠲᠣᠰᠬᠤᠨ᠂ ᠠᠵᠤ | ᠠᠬᠤᠶᠢᠯᠠᠯ᠂ ᠦᠨᠳᠦᠰᠦᠲᠡᠨ ᠤ ᠮᠦᠽᠧᠢ ᠵᠡᠷᠬᠡ ᠳᠤ ᠭᠦᠨᠵᠡᠭᠡᠶᠢᠷᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠳᠡ ᠲᠠᠢ ᠪᠠᠶᠢᠬᠤ ᠶᠢ | ᠠᠬᠢᠭᠤᠯᠬᠤ ᠵᠡᠷᠭᠡ ᠶᠢᠨ ᠲᠤᠬᠠᠢ ᠪᠠᠶᠢᠴᠠᠭᠠᠨ ᠰᠤᠳᠤᠯᠪᠠ᠃ | 25 ᠤ ᠦᠳᠡ ᠶᠢᠨ ᠡᠮᠦᠨ᠎ᠡ᠂ ᠰᠢ ᠶᠢᠨ ᠫᠢᠩ ᠭᠦᠢᠯᠢᠨ ᠬᠤᠳᠠ ᠶᠢᠨ ᠴᠢᠤᠸᠠᠨᠵᠧᠦ ᠰᠢᠶᠠᠨ ᠤ ᠼᠠᠢ ᠸᠠᠨ | ᠪᠠᠯᠭᠠᠰᠤᠨ ᠳᠤ ᠪᠠᠶᠢᠷᠢᠯᠠᠭ᠎ᠠ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠰᠢᠶᠠᠩᠵᠢᠶᠠᠩ ᠤᠨ | ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠳᠤ ᠬᠦᠷᠴᠦ᠂ ᠰᠢᠶᠠᠩᠵᠢᠶᠠᠩ ᠤᠨ ᠳᠠᠶᠢᠯᠠᠯᠳᠤᠭᠠᠨ ᠳᠤ ᠦᠷᠡᠭᠳᠡᠭᠰᠡᠨ | ᠤᠯᠠᠭᠠᠨ ᠴᠡᠷᠢᠭ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠭᠰᠡᠨ ᠪᠥᠭᠡᠳ ᠭᠤᠷᠪᠠᠨᠲᠠ ᠮᠡᠬᠦ᠋ᠢᠨ ᠶᠣᠰᠣᠯᠠᠵᠤ᠂ | ︽ᠤᠯᠠᠭᠠᠨ ᠴᠡᠷᠢᠭ ᠤᠨ ᠰᠦᠭ ᠰᠦᠨᠡᠰᠦ︾ ᠱᠤᠭᠤᠮᠠᠯ ᠳᠤ ᠪᠠᠷᠠᠳᠠᠵᠤ᠂ ᠳᠤᠷᠠᠰᠬᠠᠯ ᠤᠨ ᠣᠷᠳᠣᠨ ᠢ ᠲᠣᠭᠤᠷᠢᠨ ᠦᠵᠡᠪᠡ᠃ | 1934 ᠣᠨ ᠤ ᠵᠢᠯ ᠤᠨ ᠰᠡᠭᠦᠯᠴᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠤᠨ | ᠲᠥᠪ ᠤᠨ ᠤᠯᠠᠭᠠᠨ ᠴᠡᠷᠢᠭ ᠤᠨ ᠭᠤᠣᠯ ᠬᠦᠴᠦᠨ ᠤ ᠰᠢᠶᠠᠩᠵᠢᠶᠠᠩ ᠮᠥᠷᠡᠨ ᠢ ᠭᠡᠲᠦᠯᠬᠦ ᠶᠢ ᠪᠠᠲᠤᠯᠠᠵᠤ᠂ ᠤᠯᠠᠭᠠᠨ | ᠴᠡᠷᠢᠭ ᠢ ᠰᠢᠶᠠᠩᠵᠢᠶᠠᠩ ᠮᠥᠷᠡᠨ ᠠᠴᠠ ᠵᠡᠭᠦᠨᠳᠠᠢ ᠪᠦᠰᠡᠯᠡᠨ ᠤᠰᠠᠳᠬᠠᠬᠤ ᠭᠡᠰᠡᠨ ᠳᠠᠶᠢᠰᠤᠨ ᠤ ᠭᠤᠷᠢᠳᠠᠯᠭ᠎ᠠ ᠶᠢ ᠪᠤᠳᠠ | ᠨᠢᠷᠭᠡᠬᠦ ᠶᠢᠨ ᠲᠥᠯᠥᠭᠡ᠂ ᠬᠡᠳᠦᠨ ᠲᠦᠮᠡᠨ ᠤᠯᠠᠭᠠᠨ ᠴᠡᠷᠢᠭ ᠤᠨ ᠳᠠᠷᠤᠭ᠎ᠠ ᠪᠠᠶᠢᠯᠳᠤᠭᠴᠢ ᠰᠢᠶᠠᠩᠵᠢᠶᠠᠩ ᠮᠥᠷᠡᠨ ᠤ ᠬᠤᠶᠠᠷ | ᠬᠦᠪᠡᠭᠡ ᠪᠠᠷ ᠴᠢᠰᠤᠳᠤ ᠪᠠᠶᠢᠯᠳᠤᠭᠠᠨ ᠬᠢᠪᠡ᠂ ᠡᠨᠡ ᠬᠦ ᠪᠠᠶᠢᠯᠳᠤᠭᠠᠨ ᠨᠢ ᠳᠤᠮᠳᠠᠳᠤ ᠤᠯᠤᠰ ᠤᠨ ᠬᠤᠪᠢᠰᠬᠠᠯ ᠤᠨ ᠮᠠᠨᠳᠤᠵᠤ | ᠮᠥᠬᠦᠬᠦ ᠲᠠᠢ ᠬᠤᠯᠪᠣᠭᠳᠠᠬᠰᠠᠨ ᠴᠢᠬᠤᠯᠠ ᠲᠡᠦᠬᠡᠨ ᠶᠠᠪᠤᠳᠠᠯ ᠪᠣᠯᠵᠠᠢ᠃ ᠰᠢ ᠶᠢᠨ ᠫᠢᠩ᠂ ᠭᠤᠸᠠᠩᠰᠢ ᠳᠤ ᠰᠢᠨᠵᠢᠯᠡᠨ | ᠪᠠᠶᠢᠴᠠᠭᠠᠬᠤ ᠠᠩᠬᠠᠨ ᠤ ᠦᠷᠳᠡᠭᠡ ᠪᠠᠨ ᠠᠳᠡ ᠲᠠᠯᠪᠢᠭᠰᠠᠨ ᠨᠢ ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠲᠠᠰᠢᠷᠠᠮ ᠢᠶᠠᠷ ᠬᠤᠪᠢᠰᠬᠠᠯ ᠤᠨ ᠤᠷᠢᠳᠤᠰ ᠢᠶᠠᠨ ᠳᠤᠷᠠᠰᠤᠨ ᠰᠠᠨᠠᠭᠠᠯᠵᠠᠵᠤ᠂ ᠡᠪ | ᠬᠠᠮᠲᠤᠴᠤᠳ ᠤᠨ ᠵᠣᠷᠢᠭ ᠰᠠᠨᠠᠭᠠᠨ ᠤ ᠠᠮᠢᠨ ᠰᠤᠳᠠᠰᠤ ᠶᠢ ᠵᠠᠯᠭᠠᠮᠵᠢᠯᠠᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠬᠤᠪᠢᠰᠬᠠᠯ ᠤᠨ ᠡᠷᠴᠢ ᠵᠣᠷᠢᠭ ᠢᠶᠠᠨ ᠬᠥᠪᠴᠢᠯᠡᠬᠦ ᠶᠢᠨ ᠲᠥᠯᠥᠭᠡ ᠶᠤᠮ᠃ ᠬᠤᠪᠢᠰᠬᠠᠯ ᠤᠨ ᠬᠦᠰᠡᠯᠡᠩ ᠶᠠᠭᠤᠨ ᠠᠴᠠ ᠴᠤ | ᠡᠷᠬᠢᠮ ᠶᠤᠮ᠂ ᠬᠦᠰᠡᠯᠡᠩ ᠢᠲᠡᠭᠡᠯ ᠪᠢᠰᠢᠷᠡᠯ ᠤᠨ ᠭᠠᠯ ᠳᠦᠷᠡᠯᠵᠡᠪᠡᠯ ᠯᠤᠲᠤ ᠶᠡᠭᠡ ᠤᠶᠤᠨ ᠰᠠᠨᠠᠭᠠᠨ ᠤ ᠬᠦᠴᠦᠨ ᠢ ᠪᠤᠢ | ᠪᠤᠯᠭᠠᠵᠤ ᠴᠢᠳᠠᠨ᠎ᠠ᠃ ᠤᠯᠠᠭᠠᠨ ᠴᠡᠷᠢᠭ ᠤᠨ ᠳᠠᠷᠤᠭ᠎ᠠ ᠪᠠᠶᠢᠯᠳᠤᠭᠴᠢᠳ ᠦᠬᠦᠬᠦ ᠠᠴᠠ ᠦᠯᠦ ᠡᠮᠢᠶᠡᠨ᠂ ᠠᠮᠢ ᠪᠠᠨ ᠴᠦᠯᠡᠨ | ᠴᠤᠴᠠᠯᠲᠠ ᠦᠭᠡᠢ ᠤᠷᠤᠭᠰᠢᠯᠠᠵᠤ᠂ ᠠᠯᠢᠪᠠ ᠬᠦᠴᠢᠷ ᠪᠡᠷᠬᠡᠰᠢᠶᠡᠯ ᠢ ᠵᠣᠷᠢᠭᠲᠠᠢ ᠪᠠᠷ ᠢᠯᠠᠨ ᠳᠠᠪᠠᠵᠤ᠂ ᠶᠠᠮᠠᠷᠪᠠ ᠬᠦᠴᠢᠷ | ᠪᠡᠷᠬᠡᠰᠢᠶᠡᠯ ᠳᠤ ᠨᠤᠭᠤᠷᠠᠰᠢ ᠦᠭᠡᠢ ᠪᠠᠶᠢᠳᠠᠭ ᠡᠷᠬᠢᠮ ᠳᠡᠭᠡᠳᠦ ᠵᠣᠷᠢᠭ ᠰᠠᠨᠠᠭ᠎ᠠ ᠶᠢ ᠪᠢᠳᠡ ᠡᠭᠦᠷᠢᠳᠡ ᠪᠠᠲᠤ ᠴᠡᠭᠡᠵᠢᠯᠡᠵᠦ | ᠪᠠᠳᠠᠷᠠᠭᠤᠯᠤᠭᠤᠰᠢᠲᠠᠢ ᠶᠤᠮ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠤᠷᠳᠤ ᠵᠠᠮ ᠤᠨ | ᠠᠶᠠᠨ ᠲᠠᠶᠢᠨ ᠳᠤ᠂ ᠪᠢᠳᠡ ᠵᠠᠪᠠᠯ ᠢᠯᠠᠬᠤ ᠢᠲᠡᠭᠡᠯ ᠵᠣᠷᠢᠭ ᠢ ᠡᠪᠦᠷᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ | ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ | ᠬᠡᠷᠡᠭᠲᠡᠢ ᠬᠡᠵᠥ ᠢᠯᠡᠳᠬᠡᠪᠡ᠃ | ᠲᠠᠷᠠᠭ᠎ᠠ ᠨᠢ᠂ ᠰᠢ ᠶᠢᠨ ᠫᠢᠩ ᠼᠠᠢ ᠸᠠᠨ ᠪᠠᠯᠭᠠᠰᠤᠨ ᠤ ᠮᠤᠤ ᠵᠦ ᠱᠠᠨ ᠲᠣᠰᠬᠤᠨ ᠳᠤ ᠬᠦᠷᠪᠡ᠃ ᠲᠤᠰ ᠲᠣᠰᠬᠤᠨ | ᠤᠢᠢᠷ᠎ᠠ ᠶᠢᠨ ᠵᠢᠯ ᠠᠴᠠ ᠦᠵᠦᠮ ᠲᠠᠷᠢᠬᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠢ ᠬᠦᠴᠦᠲᠡᠢ ᠠᠬᠢᠭᠤᠯᠵᠠᠢ᠃ ᠰᠢ ᠶᠢᠨ ᠫᠢᠩ ᠦᠵᠦᠮ ᠤᠨ ᠲᠠᠷᠢᠮᠠᠯ ᠤᠨ ᠬᠦᠷᠢᠶᠡᠯᠡᠩ ᠳᠤ ᠣᠷᠣᠵᠤ᠂ ᠦᠵᠦᠮ ᠤᠨ | ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠠᠷᠢᠶᠠᠯᠠᠩ ᠤᠨ ᠮᠡᠷᠭᠡᠵᠢᠯᠲᠡᠨ ᠶᠠᠭ ᠲᠣᠰᠬᠤᠨ ᠤ ᠠᠷᠠᠳ ᠢ | ᠵᠢᠯᠣᠭᠤᠳᠤᠨ ᠦᠵᠦᠮ ᠤᠨ ᠵᠡᠯ᠎ᠡ ᠤᠶᠠᠬᠤ᠂ ᠵᠡᠯ᠎ᠡ ᠲᠣᠭᠲᠠᠭᠠᠬᠤ ᠠᠵᠢᠯ ᠢ ᠵᠢᠯᠣᠭᠤᠳᠴᠤ ᠪᠠᠶᠢᠪᠠ᠂ ᠶᠡᠷᠦᠩᠬᠡᠶ ᠱᠦᠵᠢ ᠶᠢᠨ | ᠢᠷᠡᠭᠰᠡᠨ ᠢ ᠦᠵᠡᠭᠡᠳ ᠨᠤᠲᠤᠭ ᠤᠨ ᠠᠬ᠎ᠠ ᠳᠡᠭᠦᠦ ᠨᠡᠷ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠡᠬᠡᠪᠡ᠃ | ᠰᠢ ᠶᠢᠨ ᠫᠢᠩ ᠦᠵᠦᠮ ᠤᠨ ᠭᠠᠷᠤᠯᠳᠠ᠂ ᠶᠠᠰᠤ ᠴᠢᠨᠠᠷ᠂ ᠪᠣᠷᠣᠯᠠᠭᠤᠯᠭ᠎ᠠ ᠶᠢᠨ ᠵᠠᠮ᠂ ᠦᠨ᠎ᠡ ᠬᠠᠩᠰᠢ ᠵᠡᠷᠭᠡ ᠪᠠᠶᠢᠳᠠᠯ ᠢ ᠨᠠᠷᠢᠨ | ᠠᠰᠠᠭᠤᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ | ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠠᠵᠤ ᠠᠬᠤᠢ ᠶᠢ | ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠵᠢᠭᠤᠯᠴᠢᠯᠠᠯ᠂ | ᠰᠡᠯᠡᠭᠦᠴᠡᠯ ᠤᠨ ᠲᠠᠷᠢᠶᠠᠯᠠᠩ ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠤᠨ᠂ | ᠦᠢᠯᠡᠳᠪᠦᠷᠢᠯᠡᠯ ᠡᠳ᠋ᠰᠢᠭᠦᠯᠦᠯᠲᠡ ᠪᠣᠷᠣᠯᠠᠭᠤᠯᠭ᠎ᠠ ᠶᠢ ᠰᠢᠯᠤᠭᠤᠳᠬᠠᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠵᠤ᠂ | ᠲᠠᠷᠢᠶᠠᠴᠢᠳ ᠲᠤ ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠨᠡᠩ ᠤᠯᠠᠨ ᠡᠳ᠋ᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠭᠰᠡᠨ ᠪᠥᠭᠡᠳ ᠲᠣᠰᠬᠤᠨ ᠤ | ᠠᠷᠠᠳ ᠸᠠᠩ ᠳ᠋ᠧ ᠯᠢ ᠶᠢᠨ ᠬᠡᠷ ᠲᠤ ᠬᠦᠷᠴᠦ ᠡᠷᠬᠢᠨ ᠦᠵᠡᠵᠦ᠂ ᠬᠡᠷ ᠤᠨ ᠬᠥᠮᠦᠰ ᠲᠠᠢ ᠨᠢ ᠬᠦᠷᠢᠶᠡᠯᠡᠨ ᠰᠠᠭᠤᠵᠤ | ᠵᠣᠭᠤᠭᠳᠠᠪᠠ᠃ ᠸᠠᠩ ᠳ᠋ᠧ ᠯᠢ ᠶᠡᠷᠦᠩᠬᠡᠢ ᠱᠦᠵᠢ ᠳᠤ᠂ ᠲᠡᠳᠡᠨ ᠤ ᠬᠢᠨ 12 ᠮᠦ ᠦᠵᠦᠮ ᠲᠠᠷᠢᠵᠥ᠂ ᠲᠠᠷᠢᠶᠠᠯᠠᠩ ᠤᠨ | ᠰᠡᠯᠡᠭᠦᠦ ᠴᠠᠭ ᠲᠤ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠨᠢᠳᠤᠨᠤᠨ ᠭᠡᠷ ᠪᠦᠯᠢ ᠶᠢᠨ ᠣᠷᠣᠯᠭ᠎ᠠ ᠨᠢ 14 ᠲᠦᠮᠡᠨ | ᠲᠥᠭᠦᠷᠢᠭ ᠢ ᠳᠠᠪᠠᠵᠠᠢ ᠭᠡᠵᠦ ᠬᠡᠯᠡᠪᠡ᠃ ᠰᠢ ᠶᠢᠨ ᠫᠢᠩ ᠰᠣᠨᠣᠰᠤᠭᠠᠳ ᠮᠠᠰᠢ ᠪᠠᠶᠠᠷᠯᠠᠪᠠ᠃ ᠲᠡᠷᠡ᠂ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠬᠳᠤᠬᠤ ᠴᠢᠬᠤᠯᠠ ᠴᠠᠭ ᠮᠥᠴᠡ ᠳᠤ᠂ ᠮᠠᠨ ᠤ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠃ ᠰᠠᠶᠢᠨ | ᠰᠠᠶᠢᠬᠠᠨ ᠠᠮᠢᠳᠤᠷᠠᠯ ᠢ ᠪᠦᠷ ᠲᠡᠮᠡᠴᠡᠵᠦ ᠪᠠᠶᠢᠭᠠᠳ ᠣᠯᠳᠠᠭ ᠶᠤᠮ᠃ ᠲᠠ ᠨᠠᠷ ᠠᠵᠢᠯᠴᠢ ᠬᠥᠳᠡᠯᠮᠦᠷᠢᠴᠢ ᠤᠶᠤᠨ | ᠤᠬᠠᠭᠠᠨ ᠳᠠᠭᠠᠨ ᠲᠦᠰᠢᠭᠯᠡᠨ ᠠᠮᠢᠳᠤᠷᠠᠯ ᠢᠶᠠᠨ ᠨᠡᠩ ᠵᠣᠯ ᠵᠢᠷᠭᠠᠯᠲᠠᠢ᠂ ᠨᠡᠩ ᠡᠷᠡᠮᠡᠯᠵᠡᠯ ᠲᠠᠢ ᠪᠣᠯᠭᠠᠬᠤ ᠶᠢ ᠬᠦᠰᠡᠵᠦ | ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠷᠤᠯᠴᠠᠬᠤ ᠶᠢ ᠴᠢᠬᠤᠯᠠᠴᠢᠯᠠᠵᠤ᠂ ᠮᠡᠳᠡᠯᠭᠡ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ ᠲᠣᠰᠬᠤᠨ ᠠᠴᠠ | ᠰᠠᠯᠬᠤ ᠦᠶ᠎ᠡ ᠳᠤ᠂ ᠨᠤᠲᠤᠭ ᠤᠨ ᠠᠬ᠎ᠠ ᠳᠡᠭᠦᠦ ᠨᠡᠷ ᠥᠨᠳᠥᠷ ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ | ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠲᠡᠷᠡ᠂ ᠠᠷᠠᠳ ᠳᠦᠮᠡᠨ ᠢ ᠵᠣᠯ ᠵᠢᠷᠭᠠᠯ ᠲᠠᠢ | ᠠᠮᠢᠳᠤᠷᠠᠭᠤᠯᠬᠤ ᠪᠣᠯ ︽ᠤᠯᠤᠰ ᠤᠨ ᠶᠡᠭᠡ ᠶᠠᠪᠤᠳᠠᠯ︾ ᠮᠦᠨ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠠᠬᠢᠭᠤᠯᠬᠤ ᠭᠦᠨᠴᠡ᠂ ᠥᠷᠭᠡᠴᠡ᠂ ᠬᠦᠴᠢᠷᠳᠡᠯ ᠨᠢ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠴᠠ ᠳᠣᠣᠷ᠎ᠠ ᠦᠭᠡᠢ ᠶᠤᠮ᠂ ᠶᠠᠭᠠᠬᠢᠭᠰᠠᠨ ᠴᠤ ᠠᠮᠤᠰᠬᠢᠬᠦ ᠪᠤᠳᠤᠯ ᠤᠷᠤᠵᠤ ᠪᠣᠯᠬᠤ ᠦᠭᠡᠢ᠂ ᠰᠢᠨ᠎ᠡ ᠭᠠᠷᠤᠭ᠎ᠠ | ᠳᠡᠭᠡᠷ᠎ᠡ ᠦᠷᠭᠦᠯᠵᠢᠯᠡᠨ ᠲᠡᠮᠡᠴᠡᠵᠦ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠢ ᠮᠥᠨ | ᠴᠢᠨᠠᠷ ᠤᠨ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠭᠦᠨ ᠰᠡᠳᠬᠢᠯᠭᠡ ᠲᠠᠢ ᠬᠡᠯᠡᠪᠡ᠃ | ᠤᠢᠢᠷ᠎ᠠ ᠶᠢᠨ ᠵᠢᠯ ᠳᠤ᠂ ᠭᠦᠢᠯᠢᠨ ᠬᠤᠳᠠ ᠯᠢᠵᠢᠶᠠᠩ ᠮᠦᠷᠡᠨ ᠤ ︽ᠡᠪᠳᠡᠭᠳᠡᠯ ᠢ ᠵᠠᠰᠠᠬᠤ᠂ ᠤᠰᠤ ᠶᠢ ᠵᠠᠰᠠᠬᠤ᠂ | ᠠᠭᠤᠯᠠ ᠶᠢ ᠵᠠᠰᠠᠬᠤ᠂ ᠦᠨᠳᠦᠰᠦ ᠶᠢ ᠵᠠᠰᠠᠬᠤ︾ ᠶᠢ ᠶᠡᠭᠡ ᠪᠠᠷ ᠠᠬᠢᠭᠤᠯᠵᠤ᠂ ᠯᠢᠵᠢᠶᠠᠩ ᠮᠦᠷᠡᠨ ᠤ ᠠᠮᠢ ᠠᠬᠤᠢ ᠣᠷᠴᠢᠨ | ᠲᠣᠭᠤᠷᠢᠨ ᠢ ᠰᠠᠶᠢᠵᠢᠷᠠᠭᠤᠯᠪᠠ᠃ 25 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠯᠢᠨ ᠬᠤᠳᠠ ᠶᠢᠨ ᠶᠠᠩ ᠱᠦᠸᠧ | ᠰᠢᠶᠠᠨ ᠤ ᠯᠢᠵᠢᠶᠠᠩ ᠮᠦᠷᠡᠨ ᠤ ᠶᠠᠩ ᠳ᠋ᠢ ᠭᠠᠷᠠᠮ ᠳᠤ ᠬᠦᠷᠴᠦ᠂ ᠯᠢᠵᠢᠶᠠᠩ ᠮᠦᠷᠡᠨ ᠤ ᠰᠠᠪᠠ ᠭᠠᠵᠠᠷ ᠤᠨ | ᠶᠡᠷᠦᠩᠬᠡᠶᠢᠯᠡᠭᠰᠡᠨ ᠵᠠᠰᠠᠯᠲᠠ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠣᠩᠭᠤᠴᠠᠨ ᠳᠤ ᠰᠠᠭᠤᠵᠤ ᠯᠢᠵᠢᠶᠠᠩ ᠮᠦᠷᠡᠨ ᠤ ᠶᠠᠩ ᠱᠦᠸᠧ ᠶᠢᠨ ᠬᠡᠰᠡᠭ ᠲᠤ ᠰᠢᠨᠵᠢᠯᠡᠨ | ᠪᠠᠶᠢᠴᠠᠭᠠᠪᠠ᠃ ᠲᠡᠷᠡ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠵᠥᠪ ᠠᠮᠢ ᠠᠬᠤᠢ ᠶᠢᠨ ᠦᠵᠡᠯᠲᠡ᠂ ᠬᠥᠭᠵᠢᠯᠲᠡ ᠶᠢᠨ ᠦᠵᠡᠯᠲᠡ ᠶᠢ | ᠪᠠᠷᠢᠮᠲᠠᠯᠠᠵᠤ᠂ ᠪᠠᠶᠢᠭᠠᠯᠢ ᠶᠢ ᠳᠡᠭᠡᠳᠦᠯᠡᠵᠦ᠂ ᠪᠠᠶᠢᠭᠠᠯᠢ ᠲᠠᠢ ᠵᠣᠬᠢᠴᠠᠨ᠂ ᠪᠠᠶᠢᠭᠠᠯᠢ ᠶᠢ ᠬᠠᠮᠠᠭᠠᠯᠠᠵᠤ᠂ ᠳᠡᠭᠡᠳᠦ ᠳᠤᠤᠷᠠᠳᠤ | ᠱᠠᠳᠤ ᠪᠠᠷ ᠢᠶᠠᠨ ᠰᠡᠳᠬᠢᠯ ᠨᠢᠭᠡᠳᠤᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠭᠤᠯᠠ ᠤᠰᠤᠨ ᠤ ᠠᠮᠢ | ᠠᠬᠤᠢ ᠶᠢᠨ ᠤᠤᠭᠠᠯ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠨ᠂ | ᠠᠮᠢ ᠠᠬᠤᠢ ᠶᠢ ᠰᠡᠷᠭᠦᠭᠡᠬᠦ ᠪᠠ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠶᠢ ᠭᠦᠨᠵᠡᠭᠡᠢ ᠠᠬᠢᠭᠤᠯᠵᠤ᠂ ᠳᠤᠷ᠎ᠠ ᠪᠠᠷ ᠢᠶᠠᠨ | ᠲᠡᠭᠦᠵᠦ ᠮᠠᠯᠲᠠᠬᠤ ᠶᠢ ᠵᠤᠭᠰᠤᠭᠠᠨ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠬᠤ᠂ | ᠠᠮᠢ ᠠᠬᠤᠢ ᠶᠢᠨ ᠰᠢᠰᠲ᠋ᠧᠮ ᠦᠷᠭᠦᠯᠵᠢᠯᠡᠨ ᠰᠢᠯᠢᠳᠡᠭᠵᠢᠭᠦ᠂ ᠪᠦᠬᠦᠯᠢ ᠴᠣᠭᠴᠠ ᠶᠢᠨ ᠴᠢᠳᠠᠮᠵᠢ ᠦᠷᠭᠦᠯᠵᠢᠯᠡᠨ | ᠳᠡᠭᠡᠭᠰᠢᠯᠡᠭᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃ | 26 ᠤ ᠡᠳᠦᠷ᠂ ᠰᠢ ᠶᠢᠨ ᠫᠢᠩ ᠭᠦᠢᠯᠢᠨ ᠬᠤᠳᠠ ᠶᠢᠨ ᠰᠢᠶᠠᠩ ᠪᠢ ᠱᠠᠨ ᠴᠡᠴᠡᠷᠯᠢᠭ ᠲᠤ ᠬᠦᠷᠴᠦ᠂ ᠠᠭᠤᠯᠠ | ᠤᠰᠤᠨ ᠤ ᠦᠩᠭᠡ ᠦᠵᠡᠮᠵᠢ ᠶᠢ ᠪᠠᠷᠠᠯᠠᠵᠤ᠂ ᠶᠠᠪᠠᠭᠠᠨ ᠬᠦᠮᠦᠨ ᠤ ᠵᠠᠮ ᠢᠶᠠᠷ ᠬᠤᠳᠠᠯᠳᠤᠭ᠎ᠠ᠂ ᠰᠢᠦᠳᠠᠨ ᠵᠡᠷᠭᠡ | ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠴᠠᠭᠠᠨ ᠦᠵᠡᠪᠡ᠃ ᠵᠢᠭᠤᠯᠴᠢᠯᠠᠭᠰᠠᠳ᠄ ︽ᠶᠡᠷᠦᠩᠬᠡᠢ ᠱᠦᠵᠢ ᠰᠠᠶᠢᠨ ᠦᠦ︕︾ | ᠭᠡᠵᠦ ᠦᠨᠲᠦᠷ ᠲᠠᠭᠤᠨ ᠢᠶᠠᠷ ᠪᠠᠶᠠᠷᠯᠠᠨ ᠬᠠᠰᠬᠢᠷᠪᠠ᠃ ᠰᠢ ᠶᠢᠨ ᠫᠢᠩ ᠤᠯᠠᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ | ᠭᠦᠢᠯᠢᠨ ᠪᠣᠯ ᠠᠭᠤᠯᠠ ᠤᠰᠤ ᠪᠠᠷ ᠢᠶᠠᠨ ᠳᠡᠯᠡᠬᠡᠶ ᠳᠤ ᠠᠯᠲᠠᠷᠰᠢᠭᠰᠠᠠ ᠵᠢᠭᠤᠯᠴᠢᠯᠠᠯ ᠤᠨ ᠨᠠᠷᠠᠲᠤ ᠬᠤᠲᠠ ᠮᠥᠨ᠃ ᠡᠨᠡ ᠪᠣᠯ | ᠡᠬᠡ ᠪᠠᠶᠢᠭᠠᠯᠢ ᠠᠴᠠ ᠳᠤᠮᠳᠠᠳᠤ ᠶᠢᠨ ᠦᠨᠳᠦᠰᠦᠲᠡᠨ ᠳᠤ ᠰᠣᠶᠣᠷᠬᠠᠭᠰᠠᠨ ᠡᠷᠳᠡᠨᠢᠲᠦ ᠭᠠᠵᠠᠷ ᠮᠦᠨ᠂ ᠡᠷᠬᠡᠪᠰᠢ ᠰᠠᠶᠢᠲᠤᠷ | ᠬᠠᠮᠠᠭᠠᠯᠠᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ | ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠬᠡᠪ ᠠᠶᠠᠰ ᠴᠢᠨᠠᠷ ᠲᠡᠰ ᠢᠶᠠᠨ ᠳᠡᠭᠡᠭᠰᠢᠯᠡᠭᠦᠯᠤᠨ᠂ ᠠᠵᠢᠯᠯᠠᠵᠤ ᠠᠮᠢᠳᠤᠷᠠᠬᠤ ᠳᠤ | ᠲᠣᠬᠢᠷᠠᠮᠵᠢᠲᠠᠶ᠂ ᠨᠠᠷᠬᠢᠨ ᠵᠢᠭᠤᠯᠴᠢᠯᠠᠬᠤ ᠳᠤ ᠲᠣᠬᠢᠯᠢᠭ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ | ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠬᠤᠲᠠ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠦ ᠭᠠᠷᠭᠠᠪᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠯᠢᠤᠵᠸᠤ ᠬᠤᠳᠠ ᠳᠤ ᠬᠦᠷᠴᠤ ᠰᠢᠨᠵᠢᠯᠡᠨ ᠪᠠᠶᠢᠴᠠᠭᠠᠪᠠ᠃ | ᠭᠤᠸᠠᠩᠰᠢ ᠶᠢᠨ ᠯᠢᠦ ᠭᠦᠩ ᠪᠦᠯᠦᠭᠯᠡᠯ ᠺᠣᠮᠫᠠᠨᠢ ᠳᠤ᠂ ᠰᠢ ᠶᠢᠨ ᠫᠢᠩ ᠤᠷᠢᠳ ᠬᠤᠵᠢᠳ ᠺᠣᠮᠫᠠᠨᠢ ᠶᠢᠨ ᠦᠵᠡᠭᠦᠯᠭᠡ ᠶᠢᠨ | ᠲᠢᠩᠬᠢᠮ᠂ ᠰᠤᠳᠤᠯᠤᠨ ᠨᠡᠭᠡᠭᠡᠬᠦ ᠲᠤᠷᠰᠢᠯᠲᠠ ᠶᠢᠨ ᠲᠥᠪ᠂ ᠤᠳᠬᠤᠭᠤᠷ ᠮᠠᠰᠢᠨ ᠤᠭᠰᠠᠷᠠᠨ ᠲᠣᠨᠣᠭᠯᠠᠬᠤ ᠦᠢᠯᠡᠳᠪᠦᠷᠢ | ᠵᠡᠷᠭᠡ ᠪᠠᠷ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠭᠤᠣᠯ | ᠪᠤᠯᠬᠤ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠪᠣᠯᠤᠨ | ᠮᠡᠷᠭᠡᠵᠢᠯ ᠰᠤᠳᠤᠯᠤᠨ ᠨᠡᠭᠡᠭᠡᠬᠦ ᠬᠥᠮᠦᠰ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠦᠢᠯᠡᠳᠬᠦ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠪᠣᠯ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠶᠢᠨ | ᠭᠤᠣᠯᠳᠠᠯᠭ᠎ᠠ ᠪᠣᠯᠤᠨ᠎ᠠ᠂ ᠨᠡᠶᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ᠂ ᠪᠣᠳᠠᠲᠤ | ᠴᠣᠭᠴᠠ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠥᠮ ᠦᠢᠯᠡᠳᠬᠦ ᠦᠢᠯᠡᠰ ᠠᠴᠠ ᠰᠠᠯᠵᠤ ᠴᠢᠳᠠᠬᠤ | ᠦᠭᠡᠢ ᠶᠤᠮ᠂ ᠠᠵᠤ ᠦᠢᠯᠡᠰ ᠤᠨ ᠰᠢᠯᠢᠳᠡᠭᠵᠢᠨ ᠲᠡᠰ ᠳᠡᠪᠰᠢᠭᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦ | ᠲᠠᠯᠪᠢᠬᠤ ᠬᠡᠷᠡᠭᠲᠡᠢ᠃ ᠭᠠᠭᠴᠠ ᠬᠦ ᠰᠢᠨ᠎ᠡ ᠶᠢ ᠡᠭᠦᠳᠪᠡᠯ ᠰᠠᠶ᠋ᠢ ᠥᠪᠡᠷ ᠢ ᠪᠠᠨ ᠬᠦᠴᠦᠷᠬᠡᠭᠵᠢᠭᠦᠯᠵᠦ᠂ ᠲᠡᠷᠢᠭᠦᠨ ᠤ ᠬᠢ | ᠪᠤᠯᠬᠤ ᠪᠠᠷ ᠬᠦᠴᠦᠯᠡᠨ ᠴᠢᠷᠮᠠᠶᠢᠵᠤ ᠴᠢᠳᠠᠨ᠎ᠠ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠰᠢᠨ᠎ᠠ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠥᠪᠡᠷ ᠤᠨ ᠭᠠᠷ ᠲᠠᠭᠠᠨ | ᠪᠠᠲᠤ ᠡᠵᠡᠮᠳᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠣᠮᠫᠠᠨᠢ ᠶᠢᠨ ᠵᠠᠰᠠᠯᠲᠠ ᠶᠢ | ᠲᠡᠭᠦᠯᠳᠡᠷᠵᠢᠭᠦᠯᠬᠦ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤᠮᠳᠠ ᠨᠠᠮ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠶᠢᠨ ᠶᠠᠪᠤᠴᠠ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠯᠢᠦᠵᠸᠦ ᠶᠢᠨ ᠭᠤᠤᠯ ᠤᠨ ᠲᠤᠩ ᠤᠨ ᠰᠤᠷ ᠪᠤᠳᠠᠭᠠᠨ ᠤ ᠦᠢᠯᠡᠳᠪᠦᠷᠢᠯᠡᠯ | ᠲᠥᠪᠯᠡᠷᠡᠭᠰᠡᠨ ᠣᠷᠣᠨ ᠳᠤ ᠬᠦᠷᠴᠦ᠂ ᠭᠤᠤᠯ ᠤᠨ ᠲᠤᠩ ᠤᠨ ᠰᠤᠷ ᠪᠤᠳᠠᠭᠠᠨ ᠤ ᠤᠨᠴᠠᠯᠢᠬᠳᠤ ᠠᠵᠤ ᠦᠢᠯᠡᠰ ᠤᠨ ᠠᠵᠢᠯ | ᠣᠯᠭᠤᠯᠲᠠ ᠶᠢ ᠠᠬᠢᠭᠤᠯᠵᠤ᠂ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠰᠢ ᠶᠢᠨ ᠫᠢᠩ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠪᠣᠯ ᠣᠷᠣᠨ ᠨᠤᠲᠤᠭ ᠤᠨ ᠪᠣᠳᠠᠲᠤ | ᠴᠣᠭᠴᠠ ᠶᠢᠨ ᠠᠵᠤ ᠠᠬᠤᠢ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢᠨ ᠨᠢᠭᠡᠨ ᠪᠣᠳᠠᠲᠤ ᠠᠷᠭ᠎ᠠ | ᠬᠡᠮᠵᠢᠶ᠎ᠠ ᠮᠥᠨ᠂ ᠲᠤᠰ ᠪᠡᠶ᠎ᠡ ᠶᠢᠨ ᠨᠥᠬᠦᠴᠡᠯ ᠪᠣᠯᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠪᠠᠳᠤ ᠰᠠᠬᠢᠵᠤ᠂ | ᠪᠠᠷᠢᠮᠵᠢᠶᠠᠵᠢᠭᠤᠯᠤᠯᠲᠠ᠂ ᠲᠦᠷᠦᠯ ᠲᠡᠮᠳᠡᠭᠴᠢᠯᠡᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠨ ᠪᠤᠵᠠᠭᠠᠶᠢᠷᠬᠠᠤ ᠶᠢ ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠣᠭᠤᠳᠬᠤ ᠬᠡᠷᠡᠭᠲᠡᠶ ᠭᠡᠵᠦ | ᠵᠢᠭᠠᠵᠦ ᠭᠠᠷᠭᠠᠪᠠ᠃ | ᠭᠤᠸᠠᠩᠰᠢ ᠪᠣᠯ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠬᠠᠮᠤᠭ ᠤᠨ ᠣᠯᠠᠨ | ᠪᠠᠶᠢᠳᠠᠭ ᠥᠪᠡᠷᠲᠡᠭᠡᠨ ᠵᠠᠰᠠᠬᠤ ᠣᠷᠣᠨ ᠪᠣᠯᠤᠨ᠎ᠠ᠃ 27 ᠤ ᠦᠳᠡ ᠶᠢᠨ ᠡᠮᠦᠨ᠎ᠡ᠂ ᠰᠢ ᠶᠢᠨ ᠫᠢᠩ ᠨᠠᠨᠨᠢᠩ ᠬᠤᠲᠠ ᠶᠢᠨ | ᠶᠦᠩᠵᠢᠶᠠᠩ ᠮᠦ᠋ᠷᠠᠠ ᠤ ᠬᠥᠪᠡᠭᠡᠨ ᠳᠤ ᠪᠠᠶᠢᠭ᠎ᠠ ᠭᠤᠸᠠᠩᠰᠢ ᠶᠢᠨ ᠦᠨᠳᠦᠰᠦᠲᠡᠨ ᠤ ᠮᠦᠽᠧᠢ ᠳᠤ ᠬᠦᠷᠴᠦ᠂ ᠵᠤᠸᠠᠩ | ᠦᠨᠳᠦᠰᠦᠲᠡᠨ ᠤ ᠰᠣᠶᠣᠯ ᠤᠨ ᠦᠵᠡᠭᠦᠯᠭᠡ ᠶᠢ ᠲᠣᠭᠤᠷᠢᠨ ᠦᠵᠡᠪᠡ᠃ ᠮᠦᠽᠧᠶ ᠶᠢᠨ ᠭᠠᠳᠠᠨ᠎ᠠ᠂ ᠭᠤᠷᠪᠠᠨ ᠰᠠᠷ᠎ᠠ ᠶᠢᠨ | ᠭᠤᠷᠪᠠᠨ ᠤ ︽ᠳᠠᠭᠤᠤ ᠶᠢᠨ ᠨᠠᠶᠢᠷ︾ ᠤᠨ ᠵᠤᠸᠠᠩ ᠦᠨᠳᠦᠰᠦᠲᠡᠨ ᠤ ᠡᠯᠭᠦᠭᠡ ᠳᠠᠭᠤᠤ ᠵᠡᠷᠭᠡ ᠦᠨᠳᠦᠰᠦᠲᠡᠨ ᠤ ᠰᠣᠶᠣᠯ ᠤᠨ | ᠠᠵᠢᠯᠯᠠᠭ᠎ᠠ ᠶᠢ ᠲᠥᠪᠯᠡᠷᠡᠭᠦᠯᠦᠨ ᠬᠠᠷᠠᠭᠤᠯᠵᠤ ᠪᠠᠶᠢᠪᠠ᠃ ᠰᠢ ᠶᠢᠨ ᠫᠢᠩ᠂ ᠭᠤᠸᠠᠩᠰᠢ ᠪᠣᠯ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠪᠣᠯᠤᠨ᠎ᠠ᠂ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ᠃ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ | ᠲᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ | ᠬᠦᠰᠡᠯ ᠡᠷᠡᠮᠡᠯᠵᠡᠯ ᠤᠨ ᠡᠬᠢ ᠰᠤᠷᠪᠤᠯᠵᠢ ᠮᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠤᠭᠡᠨ ᠪᠠᠶᠢᠭᠤᠯᠬᠤ ᠰᠢᠨ᠎ᠡ ᠠᠶᠠᠨ ᠵᠠᠮ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠂ | ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠨ ᠪᠦᠯᠬᠦᠮᠳᠡᠨ ᠲᠡᠮᠡᠴᠡᠵᠦ᠂ ᠳᠤᠮᠳᠠᠳᠤ ᠶᠢᠨ | ᠦᠨᠳᠦᠰᠦᠲᠡᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠶᠡᠭᠡ ᠦᠩᠭᠡ ᠭᠡᠷᠡᠯ ᠢ ᠬᠠᠮᠲᠤ ᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠭᠤᠸᠠᠩᠰᠢ ᠶᠢᠨ ᠡᠯ᠎ᠡ ᠲᠠᠯ᠎ᠠ ᠶᠢᠨ ᠠᠵᠢᠯ ᠤᠨ ᠤᠯᠤᠭᠰᠠᠨ ᠠᠮᠵᠢᠯᠲᠠ ᠶᠢ ᠨᠤᠲᠠᠯᠠᠵᠤ᠂ ᠭᠤᠸᠠᠩᠰᠢ ᠶᠢᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠭᠤᠸᠠᠩᠰᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠢ ᠬᠦᠰᠡᠪᠡ᠃ | ᠰᠢ ᠶᠢᠨ ᠫᠢᠩ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠣᠷᠣᠨ ᠨᠤᠲᠤᠭ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠳᠠᠬᠢ ᠵᠠᠷᠴᠢᠮ ᠱᠠᠭᠠᠷᠳᠠᠯᠭ᠎ᠠ ᠶᠢ ᠭᠦᠨᠵᠡᠭᠡᠢ ᠲᠠᠨᠢᠬᠤ ᠬᠡᠷᠡᠭᠲᠡᠢ | ᠪᠥᠭᠡᠳ ᠪᠠᠰᠠ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠠᠪᠤᠴᠠ ᠳᠠᠬᠢ ᠲᠤᠰ ᠭᠠᠵᠠᠷ | ᠣᠷᠣᠨ ᠤ ᠪᠠᠨ ᠬᠠᠷᠢᠴᠠᠭᠤᠯᠤᠭᠰᠠᠨ ᠳᠠᠪᠠᠭᠤᠯᠢᠭ ᠢ ᠣᠨᠣᠪᠴᠢᠲᠠᠢ ᠡᠵᠡᠮᠳᠡᠵᠦ᠂ ᠭᠠᠵᠠᠷ ᠤᠷᠤᠨ ᠤ ᠪᠠᠨ ᠪᠣᠳᠠᠲᠤ | ᠪᠠᠶᠢᠳᠠᠯ ᠳᠤ ᠨᠡᠶᠢᠴᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ | ᠳᠡᠭᠡᠳᠦ ᠲᠡᠰᠵᠢᠬᠦ᠂ ᠤᠶᠤᠨᠴᠢᠯᠠᠬᠤ᠂ ᠪᠣᠬᠢᠷᠲᠤᠯ ᠦᠭᠡᠢ ᠪᠤᠯᠬᠤ ᠶᠢ ᠠᠬᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ | ᠰᠢᠯᠢᠳᠡᠭᠵᠢᠨ ᠲᠡᠰ ᠳᠡᠪᠰᠢᠭᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ᠂ | ᠲᠤᠭ᠎ᠠ ᠪᠠᠷᠢᠮᠳᠠ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ ᠲᠦᠷᠭᠡᠳᠬᠡᠬᠦ ᠬᠡᠷᠡᠭᠲᠡᠢ᠃ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠡᠷᠡᠰ ᠭᠤᠶᠢᠪᠢᠰᠢ ᠦᠭᠡᠢ︾ ᠶᠢ ᠪᠠᠷᠢᠮᠲᠠᠯᠠᠵᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠶᠢ ᠡᠭᠦᠳᠬᠦ ᠠᠮᠢ ᠠᠬᠤᠢ ᠤᠷᠴᠢᠨ ᠨᠦᠬᠦᠴᠡᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ | ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ ᠲᠥᠪᠯᠡᠷᠡᠬᠦ ᠶᠢ ᠠᠬᠢᠭᠤᠯᠵᠤ᠂ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠨᠳᠤᠤᠰᠢᠭᠤᠯᠬᠤ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ | ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠥᠲᠥᠭᠡᠨ ᠪᠠᠶᠢᠭᠤᠯᠬᠤ ᠳᠤ ᠠᠭᠤᠰᠤᠯᠴᠠᠵᠤ᠂ ᠪᠠᠷᠠᠭᠤᠨ ᠬᠡᠰᠡᠭ ᠤᠨ ᠡᠬᠡ ᠬᠠᠭᠤᠷᠠᠶ ᠪᠠ ᠲᠡᠯᠡᠶ ᠶᠢᠨ ᠰᠢᠨ᠎ᠡ ᠵᠠᠮ ᠢ ᠥᠨᠳᠥᠷ | ᠲᠦᠪᠰᠢᠨ ᠢᠶᠠᠷ ᠬᠠᠮᠲᠤ ᠪᠠᠷ ᠪᠥᠲᠥᠭᠡᠨ ᠪᠠᠶᠢᠭᠤᠯᠵᠤ᠂ ᠲᠡᠯᠡᠶ ᠳᠤ ᠬᠠᠨᠳᠤᠭᠰᠠᠨ ᠠᠵᠤ ᠠᠬᠤᠶ ᠶᠢ ᠶᠡᠭᠡ ᠪᠠᠷ ᠬᠥᠭᠵᠢᠭᠦᠯᠤᠨ᠂ | ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠡᠭᠡᠭᠡᠯᠳᠡᠳᠤ | ᠬᠠᠮᠲᠤᠷᠠᠯᠴᠠᠭ᠎ᠠ ᠶᠢ ᠠᠬᠢᠭᠤᠯᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠰᠠᠶᠢᠲᠤᠷ ᠡᠷᠭᠢᠯᠡᠵᠦ᠂ | ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠲᠡ ᠬᠢᠵᠦ ᠬᠥᠭᠵᠢᠭᠦᠯᠬᠦ ᠳᠠᠪᠠᠭᠤᠯᠢᠭ ᠪᠤᠯᠭᠠᠨ ᠨᠡᠩ ᠰᠠᠶᠢᠳᠦᠷ | ᠬᠤᠪᠢᠷᠠᠭᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠭᠤᠤ ᠶᠡᠭᠡ ᠵᠣᠷᠢᠭ ᠰᠠᠨᠠᠭ᠎ᠠ ᠶᠢ | ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠬᠥᠳᠡᠭᠡ | ᠲᠣᠰᠬᠤᠨ ᠤ ᠳᠣᠣᠷ᠎ᠠ ᠣᠷᠣᠯᠭ᠎ᠠ ᠲᠠᠢ ᠬᠥᠮᠦᠨ ᠠᠮᠠ ᠶᠢ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠬᠤ ᠲᠣᠭᠲᠠᠴᠠ ᠶᠢ | ᠪᠦᠷᠢᠨᠰᠢᠬᠦᠯᠤᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ | ᠦᠷᠭᠦᠯᠵᠢᠯᠡᠨ ᠲᠡᠮᠵᠢᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠳᠡᠮᠵᠢᠯᠭᠡ ᠪᠠᠨ ᠴᠢᠩᠭᠠᠳᠬᠠᠬᠤ ᠬᠡᠷᠡᠭᠲᠡᠢ᠃ | ᠭᠤᠸᠠᠩᠰᠢ ᠶᠢᠨ ᠤᠢ ᠰᠢᠭᠤᠢ ᠵᠢᠮᠢᠰ ᠢᠳᠡᠰᠢᠨ ᠨᠣᠭᠤᠭ᠎ᠠ ᠰᠢᠬᠢᠷ ᠵᠡᠷᠭᠡ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ᠂ | ᠨᠢᠭᠡ ᠪᠦᠯᠦᠭ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ᠃ ᠠᠮᠤ | ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠬᠡᠷᠡᠭᠵᠢᠭᠦᠯᠵᠦ᠂ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠯᠠᠪᠳᠠᠭᠤᠨ ᠢᠶᠠᠷ | ᠳᠡᠭᠡᠭᠰᠢᠯᠡᠭᠦᠯᠬᠦ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠪᠣᠬᠢᠷᠲᠤᠯ ᠦᠭᠡᠢ ᠳᠤᠤᠷ᠎ᠠ | ᠨᠡᠭᠦᠷᠡᠰᠦᠲᠥ᠋ᠷᠥᠭᠴᠢᠳᠤ ᠡᠷᠬᠢᠯᠳᠡᠳᠤ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠪᠠᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠣᠯᠤᠨ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ | ᠲᠠᠷᠢᠶᠠᠴᠢᠨ ᠪᠣᠯᠤᠨ ᠬᠤᠳᠠ ᠪᠠᠯᠭᠠᠰᠤᠨ ᠤ ᠬᠦᠴᠢᠷᠳᠡᠯᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ | ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ | ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠠᠴᠢᠶᠠᠨ ᠤ ᠮᠠᠰᠢᠨ ᠤ ᠵᠢᠯᠣᠭᠤᠴᠢ᠂ ᠲᠦᠷᠭᠡᠨ ᠬᠦᠷᠭᠡᠯᠳᠡ ᠶᠢᠨ | ᠰᠢᠤᠳᠠᠨᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ | ᠬᠠᠮᠠᠭᠠᠯᠠᠬᠤ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠪᠠ | ᠪᠤᠳᠠᠳᠤ ᠴᠤᠭᠴᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠠᠬᠢ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠰᠢᠰᠲ᠋ᠧᠮ ᠢ ᠴᠢᠩᠭᠠᠳᠬᠠᠨ᠂ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠨ | ᠱᠠᠲᠤᠨ ᠤ ᠰᠡᠷᠭᠡᠶᠢᠯᠡᠬᠦ᠂ ᠡᠮᠨᠡᠨ ᠵᠠᠰᠠᠬᠤ᠂ ᠰᠤᠪᠢᠯᠠᠬᠤ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ | ᠠᠳᠬᠤᠬᠤ ᠬᠡᠷᠡᠭᠲᠡᠢ᠃ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠴᠢᠩᠭ᠎ᠠ ᠰᠡᠷᠭᠡᠶᠢᠯᠡᠵᠦ᠂ ᠤᠨᠴᠠ ᠬᠦᠨᠳᠤ | ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠡᠭᠦᠰᠬᠦ ᠶᠢ ᠪᠦᠲᠦᠮᠵᠢᠲᠡᠢ ᠬᠤᠷᠢᠡᠡᠯᠠᠨ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠤᠯᠤᠨ ᠵᠢᠯᠣᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ | ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ | ᠪᠤᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠭᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠴᠢᠩᠭᠠᠳᠬᠠᠨ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠭᠤᠸᠠᠩᠰᠢ ᠶᠢᠨ ᠬᠤᠪᠢᠰᠬᠠᠯ ᠤᠨ ᠡᠬᠢ ᠪᠠᠶᠠᠯᠢᠭ ᠡᠯᠪᠡᠭ ᠳᠡᠯᠪᠡᠭ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠳᠤ ᠡᠳᠡᠭᠡᠷ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠡᠡᠯᠠᠵᠤ᠂ ᠲᠡᠦᠬᠡ ᠶᠢ ᠰᠤᠷᠤᠯᠴᠠᠵᠦ | ᠢᠲᠡᠭᠡᠯ ᠢᠶᠠᠨ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠲᠡᠦᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ ᠪᠤᠯ ᠳᠠᠷᠤᠢ | ᠢᠲᠡᠭᠡᠯ ᠪᠢᠰᠢᠷᠡᠯ᠂ ᠢᠲᠡᠭᠡᠯ ᠬᠦᠰᠡᠯ᠂ ᠢᠳᠡᠭᠡᠯ ᠵᠤᠷᠢᠭ ᠢᠶᠠᠨ ᠨᠡᠮᠡᠭᠳᠡᠭᠦᠯᠬᠦ ᠶᠠᠪᠤᠳᠠᠯ ᠪᠤᠯᠤᠨ᠎ᠠ᠂ ᠡᠨᠡ ᠪᠣᠯ ᠪᠢᠳᠡᠨ ᠤ ᠠᠯᠢᠪᠠ | ᠬᠦᠴᠦᠷᠬᠡᠭ ᠳᠠᠶᠢᠰᠤᠨ ᠢ ᠢᠯᠠᠬᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠭ᠋ᠤ᠂ ᠠᠯᠢᠪᠠ ᠢᠯᠠᠯᠲᠠ ᠶᠢ ᠲᠡᠮᠡᠴᠡᠨ ᠤᠯᠬᠤ | ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ᠃ ᠮᠠᠷᠺᠰ ᠤᠨ ᠦᠵᠡᠯ᠂ ᠡᠪ ᠬᠠᠮᠲᠤ ᠶᠣᠰᠣᠨ ᠤ ᠲᠤᠬᠠᠢ ᠢᠲᠡᠭᠡᠯ | ᠪᠢᠰᠢᠷᠡᠯ ᠢᠶᠠᠨ ᠴᠢᠩᠭᠠᠳᠬᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ | ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠢᠲᠡᠭᠡᠯ ᠪᠢᠰᠢᠷᠡᠯ ᠤᠨ ᠬᠦᠴᠦᠨ ᠢ ᠮᠡᠳᠡᠷᠡᠭᠦᠯᠦᠨ ᠤᠢᠢᠯᠠᠭᠠᠭᠤᠯᠵᠤ᠂ | ᠢᠮᠠᠭᠲᠠ ᠡᠷᠡᠰ ᠬᠠᠳᠠᠨ ᠰᠥᠰᠥ ᠵᠣᠷᠢᠭ ᠲᠠᠢ ᠪᠠᠶᠢᠯᠭᠠᠨ᠂ ᠡᠯ᠎ᠡ ᠵᠦᠢᠯ ᠤᠨ ᠬᠦᠨᠳᠦ ᠶᠡᠭᠡ ᠬᠦᠴᠢᠷ ᠪᠡᠷᠬᠡᠰᠢᠶᠡᠯ ᠪᠣᠯᠤᠨ | ᠬᠠᠲᠠᠭᠤ ᠴᠢᠩᠭ᠎ᠠ ᠥᠷᠢᠰᠥᠯᠳᠦᠭᠡᠨ ᠢ ᠵᠣᠷᠢᠭᠲᠠᠢ ᠢᠯᠠᠨ ᠳᠠᠪᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠢ ᠢᠲᠡᠭᠡᠯ ᠬᠦᠰᠡᠯ ᠢ ᠴᠢᠩᠭᠠᠳᠬᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ | ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠲᠡᠦᠬᠡ ᠶᠢᠨ | ᠬᠥᠭᠵᠢᠯᠲᠡ ᠶᠢᠨ ᠵᠠᠶᠢᠯᠠᠰᠢ ᠦᠭᠡᠢ ᠦᠷ᠎ᠡ ᠳ᠋ᠦᠩ ᠮᠥᠨ᠂ ᠳᠤᠮᠳᠠᠳᠤ ᠤᠯᠤᠰ ᠢ ᠬᠥᠭᠵᠢᠭᠦᠯᠬᠦ ᠳᠤ ᠵᠠᠶᠢᠯᠠᠰᠢ ᠦᠭᠡᠢ ᠵᠠᠮᠨᠠᠬᠤ | ᠵᠠᠮ ᠮᠥᠨ᠂ ᠦᠢᠯᠡᠳᠦᠯᠭᠡ ᠶᠢᠨ ᠰᠢᠯᠭᠠᠯᠳᠠ ᠶᠢ ᠦᠩᠭᠡᠷᠡᠭᠦᠯᠦᠭᠰᠡᠨ ᠰᠢᠨᠵᠢᠯᠡᠬᠦ ᠤᠬᠠᠭᠠᠨᠴᠢ ᠦᠨᠡᠨ ᠶᠣᠰᠣ ᠮᠥᠨ ᠭᠡᠳᠡᠭ ᠢ | ᠭᠦᠨᠵᠡᠭᠡᠢ ᠲᠠᠨᠢᠭᠤᠯᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠢ | ᠢᠮᠠᠭᠲᠠ ᠪᠠᠲᠤᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠢᠲᠡᠭᠡᠯ ᠵᠤᠷᠢᠭ ᠢ ᠴᠢᠩᠭᠠᠳᠬᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠵᠠᠪᠠᠯ ᠢᠯᠠᠬᠤ ᠢᠲᠡᠭᠡᠯ ᠢ ᠨᠢ ᠴᠢᠩᠭᠠᠳᠬᠠᠵᠤ᠂ ᠮᠠᠨ ᠤ ᠨᠠᠮ | ᠯᠠᠪᠲᠠᠢ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠵᠠᠮ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ᠂ ᠮᠠᠨ ᠤ ᠡᠨᠡ | ᠦᠶ᠎ᠡ ᠶᠢᠨ ᠬᠥᠮᠦᠰ ᠲᠤ ᠬᠠᠷᠢᠶᠠᠯᠠᠭᠳᠠᠬᠤ᠂ ᠰᠢᠨ᠎ᠡ ᠴᠠᠭ ᠦᠶ᠎ᠡ ᠳᠤ ᠣᠰᠣᠯᠳᠠᠬᠤ ᠦᠭᠡᠢ ᠲᠡᠦᠬᠡᠲᠦ ᠭᠠᠪᠢᠶ᠎ᠠ ᠵᠢᠳᠬᠦᠯ | ᠪᠠᠶᠢᠭᠤᠯᠵᠤ ᠳᠡᠶᠢᠯᠬᠦ ᠶᠢ ᠪᠠᠳᠤ ᠢᠳᠡᠭᠡᠭᠦᠯᠬᠦ ᠬᠡᠷᠡᠭᠳᠠᠢ᠃ ᠢᠲᠡᠭᠡᠯ ᠪᠢᠰᠢᠷᠡᠯ᠂ ᠢᠲᠡᠭᠡᠯ ᠬᠦᠰᠡᠯ᠂ ᠢᠲᠡᠭᠡᠯ ᠵᠤᠷᠢᠭ ᠪᠣᠯ | ᠢᠯᠵᠠᠷᠠᠯ ᠢ ᠰᠡᠷᠭᠡᠶᠢᠯᠡᠬᠦ ᠬᠠᠮᠤᠭ ᠤᠨ ᠰᠠᠶᠢᠨ ᠡᠮ ᠮᠥᠨ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ | ᠢᠮᠠᠭᠲᠠ ᠰᠠᠶᠢᠲᠤᠷ ᠠᠳᠬᠤᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ | ᠦᠭᠡᠢ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠨᠡᠩ ᠤᠯᠠᠨ ᠲᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ | ᠵᠠᠰᠠᠯᠲᠠ ᠶᠢᠨ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | | |