ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠰᠬᠠᠯ᠂ ᠤᠨᠲᠠᠬᠤ᠂ ᠭᠠᠷ | ᠤᠲᠠᠰᠤ᠂ ᠤᠩᠰᠢᠬᠤ ᠪᠢᠴᠢᠭ᠂ ᠪᠡᠶ᠎ᠡ ᠮᠠᠬᠠᠪᠣᠳ ᠵᠡᠷᠭᠡ ᠲᠠᠪᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠰᠠᠶᠢᠲᠦᠷ ᠬᠢᠬᠦ ᠵᠢᠴᠢ ︽ᠡᠳᠦᠷ ᠪᠦᠷᠢ ᠨᠢᠭᠡ ᠴᠠᠭ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠵᠦ᠂ ᠭᠠᠷᠠᠭ ᠪᠦᠷᠢ ᠨᠢᠭᠡ | ᠥᠪᠡᠷᠮᠢᠴᠡ ᠣᠨᠴᠠᠯᠢᠭ ᠲᠠᠢ ᠪᠡᠶ᠎ᠡ ᠶᠢᠨ ᠲᠠᠮᠢᠷ ᠤᠨ ᠬᠢᠴᠢᠶᠡᠯ᠂ ᠭᠠᠷᠠᠭ ᠪᠦᠷᠢ ᠨᠢᠭᠡ ᠤᠷᠠᠨ ᠪᠢᠴᠢᠯᠭᠡ ᠶᠢᠨ ᠬᠢᠴᠢᠶᠡᠯ᠂ | ᠠᠩᠭᠢ ᠪᠦᠷᠢ ᠳᠤ ᠨᠢᠭᠡ ᠨᠠᠶᠢᠷᠠᠯ ᠳᠠᠭᠤᠤ ᠶᠢᠨ ᠪᠦᠯᠬᠦᠮ᠂ ᠭᠠᠷᠠᠭ ᠪᠦᠷᠢ ᠨᠢᠭᠡ ᠤᠳᠠᠭ᠎ᠠ ᠨᠠᠶᠢᠷᠠᠯ ᠳᠠᠭᠤᠤ ᠶᠢᠨ | ᠠᠵᠢᠯᠯᠠᠭ᠎ᠠ ᠬᠢᠵᠦ᠂ ᠭᠠᠷᠠᠭ ᠪᠦᠷᠢ ᠨᠢᠭᠡ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠣᠷᠣᠵᠤ᠂ ᠰᠠᠷ᠎ᠠ ᠪᠦᠷᠢ ᠨᠢᠭᠡ | ᠬᠥᠳᠡᠯᠮᠦᠷᠢ ᠶᠢᠨ ᠦᠢᠯᠡᠳᠦᠯᠭᠡ ᠶᠢᠨ ᠡᠳᠦᠷ︾ ︵ᠳᠥᠭᠦᠮᠴᠢᠯᠡᠭᠡᠳ ︽ᠲᠤᠯᠤᠭᠠᠨ ᠨᠢᠭᠡ︾ ᠭᠡᠳᠡᠭ︶ ᠤᠨ ᠬᠠᠮᠢᠶ᠎ᠠ ᠪᠥᠬᠦᠶ | ᠠᠵᠢᠯ ᠤᠨ ᠮᠡᠳᠡᠭᠳᠡᠯ ᠢ ᠪᠥᠬᠦ ᠲᠠᠯ᠎ᠠ ᠪᠠᠷ ᠨᠠᠶᠢᠲᠠᠪᠦᠷᠢᠵᠢᠭᠤᠯᠬᠤ ᠶᠢᠨ ᠲᠦᠯᠦᠭᠡ᠂ ᠣᠶᠢᠷ᠎ᠠ ᠳᠤ᠂ ᠴᠢᠩᠱᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 35 ᠬᠥᠮᠦᠨ ᠢᠶᠠᠷ ᠲᠠᠪᠤᠨ ᠪᠠᠶᠢᠴᠠᠭᠠᠨ ᠰᠤᠳᠤᠯᠬᠤ | ᠳᠤᠭᠤᠶᠢᠯᠠᠩ ᠪᠠᠶᠢᠭᠤᠯᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ︵ᠠᠷᠠᠳ ᠠᠴᠠ ᠡᠷᠭᠢᠯᠡᠭᠰᠡᠨ ᠰᠤᠷᠭᠠᠭᠤᠯᠢ | ᠪᠠᠭᠲᠠᠨ᠎ᠠ︶ ᠶᠢᠨ 40 ᠰᠤᠷᠭᠠᠭᠤᠯᠢ ᠡᠷᠭᠢᠯᠡᠬᠦ ᠨᠢᠭᠡᠴᠡ ᠳᠤ ᠭᠦᠨᠵᠡᠭᠡᠶᠢᠷᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ | ︽ᠲᠠᠪᠤᠨ ᠬᠠᠮᠢᠶᠠᠷᠤᠯᠲᠠ︾ ᠪᠠ ︽ᠲᠤᠯᠤᠭᠠᠨ ᠨᠢᠭᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠰᠬᠠᠶ | ᠲᠥᠷᠥᠯ ᠤᠨ ᠬᠢᠨᠠᠨ ᠵᠢᠯᠣᠭᠤᠳᠬᠤ ᠪᠠᠶᠢᠴᠠᠭᠠᠨ ᠰᠤᠳᠤᠯᠤᠯᠲᠠ ᠬᠢᠵᠡᠶ᠃ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠡᠯ᠎ᠡ ᠰᠤᠷᠭᠠᠭᠤᠯᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠳᠤᠷᠢᠳᠬᠤ ᠪᠠᠭ ᠲᠠᠢ | ᠰᠠᠨᠠᠯ ᠢᠶᠠᠨ ᠭᠦᠨᠵᠡᠭᠡᠶ ᠰᠣᠯᠢᠯᠴᠠᠵᠤ᠂ ᠰᠤᠷᠭᠠᠭᠤᠯᠢ ᠶᠢᠨ ᠰᠡᠳᠬᠢᠴᠡ ᠶᠢᠨ ᠲᠠᠰᠤᠭ᠂ ᠡᠷᠡᠭᠦᠯᠵᠢᠯ ᠤᠨ ᠲᠠᠰᠤᠭ ᠵᠡᠷᠭᠡ | ᠬᠥᠮᠥᠷᠭᠡ ᠲᠠᠰᠤᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠤᠯᠲᠠ ᠶᠢᠨ ᠳᠤᠮᠳᠠ᠂ | ᠰᠣᠷᠣᠭᠴᠢ ᠶᠢᠨ ᠠᠰᠠᠭᠤᠯᠲᠠ ᠶᠢᠨ ᠬᠠᠭᠤᠳᠠᠰᠤ ᠶᠢ ᠨᠡᠶᠢᠲᠡ 2600 ᠬᠤᠪᠢ ᠲᠠᠷᠬᠠᠭᠠᠵᠤ᠂ 650 ᠪᠠᠭᠰᠢ ᠵᠢᠴᠢ | 520 ᠬᠡᠷ ᠤᠨ ᠠᠬᠠᠮᠠᠳ ᠲᠠᠢ ᠶᠠᠷᠢᠯᠴᠠᠭᠰᠠᠨ ᠤ ᠳᠠᠷᠠᠭ᠎ᠠ᠂ ᠪᠣᠯᠤᠮᠵᠢᠲᠤ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ ᠶᠢ ᠪᠣᠶ ᠪᠣᠯᠭᠠᠪᠠ᠃ ᠬᠤᠶᠢᠰᠢᠳᠠ ᠶᠢᠨ ︽ᠲᠠᠪᠤᠨ ᠬᠠᠮᠢᠶᠠᠷᠤᠯᠲᠠ︾ ︽ᠲᠤᠯᠤᠭᠠᠨ ᠨᠢᠭᠡ︾ ᠶᠢᠨ ᠠᠵᠢᠯ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠨᠠᠷᠢᠯᠢᠭ ᠣᠨᠣᠴᠠᠲᠠᠶ᠂ ᠪᠦᠲᠦᠮᠵᠢᠲᠡᠶ ᠯᠠᠪᠯᠠᠯᠲᠠ ᠶᠢᠨ ᠦᠨᠳᠦᠰᠦᠯᠡᠯ | ᠬᠠᠩᠭᠠᠵᠤ᠂ ᠮᠥᠨ ᠴᠦ ᠴᠢᠩᠱᠠᠨ ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠰᠢᠯᠢᠳᠡᠭ | ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠤᠨ᠎ᠠ᠃ | | | ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ |