ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠦᠷ ᠲᠦᠪᠰᠢᠨ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2021/4/8
     ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠨ᠂ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠴᠢᠩᠱᠠᠨ ᠲᠣᠭᠤᠷᠢᠭ ᠤᠨ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠤᠨ ᠢᠳᠡᠭᠡᠨ ᠤ ᠠᠮᠤᠷ ᠪᠠᠶᠢᠴᠠᠭᠠᠬᠤ ᠳᠤᠭᠤᠶᠢᠯᠠᠩ ᠤᠨ ᠬᠢᠨ ᠭᠤᠤᠯᠳᠠᠭᠤ ᠬᠤᠭᠤᠯᠠᠨ ᠬᠡᠷ ᠤᠨ ᠪᠦᠳᠦᠭᠦᠯᠢᠭ ᠡᠳ᠋ᠰᠢᠭᠦᠯᠬᠦ ᠲᠠᠰᠤᠭ᠂ ᠠᠵᠢᠯᠯᠠᠬᠤ ᠲᠠᠰᠤᠭ᠂ ᠠᠷᠢᠭᠤᠳᠬᠠᠬᠤ ᠲᠠᠰᠤᠭ᠂ ᠬᠤᠭᠤᠯᠠ ᠪᠡᠯᠡᠳᠬᠡᠬᠦ ᠲᠠᠰᠤᠭ᠂ ᠬᠥᠮᠥᠷᠭᠡ ᠵᠡᠷᠭᠡ ᠶᠢ ᠲᠤᠬᠠᠶ ᠶᠢᠨ ᠭᠠᠵᠠᠷ ᠲᠤᠨᠢ ᠰᠢᠯᠭᠠᠨ ᠪᠠᠶᠢᠴᠠᠭᠠᠵᠤ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠤᠭᠰᠠᠨ ᠪᠠᠶᠢᠳᠠᠯ᠂ ᠢᠳᠡᠭᠡᠨ ᠤ ᠥᠯᠢᠭᠡᠷ ᠡᠳ᠋ ᠦᠯᠡᠳᠡᠭᠡᠬᠦ ᠠᠵᠢᠯ᠂ ᠬᠤᠭᠤᠯᠠᠨ ᠬᠡᠷ ᠢ ᠤᠰᠠᠳᠬᠠᠭᠰᠠᠨ ᠪᠠᠶᠢᠳᠠᠯ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠵᠢᠴᠢ ᠢᠳᠡᠭᠡᠨ ᠤ ᠨᠡᠮᠡᠯᠲᠡ ᠡᠳ᠋ ᠤᠨ ᠬᠡᠷᠡᠭᠯᠡᠯᠲᠡ ᠶᠢᠨ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠨ ᠰᠢᠯᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠥᠯᠥ ᠣᠨᠣᠭᠳᠠᠬᠤ ᠵᠦᠢᠯ ᠥᠬᠡᠶ ᠪᠣᠯᠭᠠᠪᠠ᠃ ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠢᠯ ᠤᠨ ᠲᠦᠷᠢᠮ ᠢ ᠴᠢᠩᠭ᠎ᠠ ᠬᠡᠷᠡᠭᠵᠢᠭᠦᠯᠬᠦ ᠤᠬᠠᠮᠰᠠᠷᠲᠤ ᠴᠢᠨᠠᠷ ᠢ ᠬᠦᠴᠦᠲᠡᠶ ᠳᠡᠭᠡᠭᠰᠢᠯᠡᠭᠦᠯᠵᠦ᠂ ᠰᠤᠷᠭᠠᠭᠤᠯᠢ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠴᠢᠩᠭᠠᠳᠬᠠᠨ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠵᠦᠢᠯ ᠤᠨ ᠠᠷᠢᠭᠤᠨ ᠴᠡᠪᠡᠷ ᠡᠷᠡᠭᠦᠯ ᠮᠡᠨᠳᠦ ᠳᠤ ᠪᠠᠲᠤ ᠪᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠭᠦᠭᠰᠡᠨ ᠪᠠᠶᠢᠨ᠎ᠠ᠃ ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号