ᠬᠠᠤᠯᠢ ᠴᠠᠭᠠᠵᠠ ᠶᠢᠨ ᠲᠣᠪᠴᠢᠶ᠎ᠠ ᠶᠢᠨ ︽ᠨᠢᠭᠡ ᠪᠠᠷ ᠬᠥᠲᠥᠯᠥᠨ ᠵᠢᠯᠣᠭᠤᠳᠴᠤ᠂ ᠳᠤᠯᠤᠭ᠎ᠠ ᠶᠢ ᠤᠶᠠᠯᠳᠤᠭᠤᠯᠬᠤ︾ ᠠᠵᠢᠯ ᠤᠨ ᠠᠷᠭ᠎ᠠ
ᠨᠡᠶᠢᠲᠡᠯᠡᠭᠰᠡᠨ ᠴᠠᠭ᠄
2021/5/12
     ᠰᠤᠷᠪᠤᠯᠵᠢᠯᠠᠭᠰᠠᠨ ᠭᠤᠤᠯ ᠰᠡᠳᠦᠪ᠄ ᠬᠠᠤᠯᠢ ᠴᠠᠭᠠᠵᠠ ᠶᠢᠨ ᠲᠣᠪᠴᠢᠶ᠎ᠠ ᠶᠢᠨ ︽ᠨᠢᠭᠡ ᠪᠠᠷ ᠬᠥᠲᠥᠯᠥᠨ ᠵᠢᠯᠣᠭᠤᠳᠴᠤ᠂ ᠳᠤᠯᠤᠭ᠎ᠠ ᠶᠢ ᠤᠶᠠᠯᠳᠤᠭᠤᠯᠬᠤ︾ ᠠᠵᠢᠯ ᠤᠨ ᠠᠷᠭ᠎ᠠ      ᠰᠤᠷᠪᠤᠯᠵᠢᠯᠠᠭᠰᠠᠨ ᠴᠠᠭ᠄ 2021 ᠤᠨ ᠤ 4 ᠰᠠᠷ᠎ᠠ ᠶᠢᠨ 22᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠶᠢᠨ ᠸᠧᠶ ᠵᠢᠶᠧ      ᠬᠦᠲᠦᠯᠦᠭᠴᠢ᠄ ᠲᠠ ︽ᠨᠢᠭᠡ ᠪᠠᠷ ᠬᠥᠲᠥᠯᠦᠨ ᠵᠢᠯᠣᠭᠤᠳᠴᠤ᠂ ᠳᠣᠯᠤᠭ᠎ᠠ ᠶᠢ ᠤᠶᠠᠯᠳᠤᠭᠤᠯᠬᠤ︾ ᠠᠵᠢᠯ ᠤᠨ ᠠᠷᠭ᠎ᠠ ᠶᠢ ᠨᠠᠷᠢᠨ ᠲᠠᠨᠢᠯᠴᠠᠭᠤᠯᠣᠭᠠᠳ  ᠥᠩᠭᠦᠨ᠎ᠡ ᠤᠤ︖ ᠡᠨᠡᠬᠦ ᠠᠵᠢᠯ ᠤᠨ ᠠᠷᠭ᠎ᠠ ᠶᠢᠨ ᠵᠠᠩᠭᠢᠯᠠᠭ᠎ᠠ ᠨᠢ ᠶᠠᠭᠤ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠢᠨ ᠸᠧᠶ ᠵᠢᠶᠧ᠄      1᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰ ᠲᠣᠪᠴᠢᠶᠠᠨ ᠤ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠵᠤ᠂ ︽ᠨᠢᠭᠡ ᠪᠠᠷ ᠬᠥᠲᠥᠯᠥᠨ ᠳᠠᠭᠠᠭᠤᠯᠵᠤ᠂ ᠳᠤᠯᠤᠭ᠎ᠠ ᠶᠢ ᠤᠶᠠᠯᠳᠤᠭᠤᠯᠬᠤ︾ ᠠᠵᠢᠯ ᠤᠨ ᠠᠷᠭ᠎ᠠ ᠶᠢ ᠪᠤᠶ ᠪᠣᠯᠭᠠᠪᠠ᠃ ᠲᠤᠬᠠᠶᠢᠯᠠᠪᠠᠯ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠵᠢᠯᠣᠭᠤᠳᠤᠮᠵᠢ ᠪᠣᠯᠭᠠᠨ ᠬᠠᠤᠯᠢ ᠴᠠᠭᠠᠵᠠ ᠶᠢᠨ ᠭᠠᠵᠠᠷ ᠤᠨ ᠬᠠᠤᠯᠢ ᠴᠠᠭᠠᠵᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠡᠶᠢᠭᠡᠮ ᠲᠣᠭᠤᠷᠢᠭ ᠲᠤ ᠵᠠᠯᠠᠷᠠᠭᠤᠯᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠵᠥᠷᠢᠴᠡᠯ ᠢ ᠵᠢᠭᠰᠠᠭᠠᠨ ᠪᠠᠶᠢᠴᠠᠭᠠᠬᠤ᠂ ᠠᠷᠠᠳ ᠤᠨ ᠡᠶᠡᠳᠡᠭᠦᠯᠭᠡ᠂ ᠠᠯᠪᠠᠨ ᠭᠡᠷᠡᠴᠢᠯᠡᠭᠡ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠲᠤᠯᠤᠭᠠᠨ ᠵᠦᠢᠯ ᠤᠨ ᠠᠵᠢᠯ ᠢ ᠬᠠᠤᠯᠢ ᠴᠠᠭᠠᠵᠠ ᠶᠢᠨ ᠭᠠᠵᠠᠷ ᠤᠨ ᠬᠠᠤᠯᠢ ᠴᠠᠭᠠᠵᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠤᠨ᠎ᠠ᠃      2᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ︽ᠬᠤᠶᠠᠷ ᠢ ᠤᠶᠠᠯᠳᠤᠭᠤᠯᠬᠤ︾᠎ ᠳᠤ ᠪᠠᠶᠢᠨ᠎ᠠ᠄ ᠨᠢᠭᠡ ᠳᠤ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠲᠠᠢ ᠤᠶᠠᠯᠳᠤᠭᠤᠯᠬᠤ ᠬᠡᠷᠡᠭᠲᠡᠶ︔ ᠬᠤᠶᠠᠷ ᠲᠤ ᠨᠠᠮ ᠤᠨ ᠪᠠᠶᠢᠭᠤᠯᠤᠯᠲᠠ ᠶᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠬᠤ ᠬᠡᠷᠡᠭᠲᠡᠶ᠃ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠪᠦᠬᠦᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠤᠨ ᠬᠦᠷᠢᠶᠡᠨ ᠳᠤ ᠨᠡᠪᠴᠢᠭᠦᠯᠵᠦ᠂ ᠦᠨᠳᠦᠰᠦᠨ ᠱᠠᠲᠤᠨ ᠤ ᠬᠠᠤᠯᠢᠴᠢ ᠶᠢᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠳᠤ ᠨᠡᠪᠴᠢᠭᠦᠯᠦᠨ᠎ᠡ︔ ᠬᠠᠤᠯᠢ ᠴᠠᠭᠠᠵᠠ ᠶᠢᠨ ᠭᠠᠵᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠤᠯᠢ ᠴᠠᠭᠠᠵᠠ ᠶᠢᠨ ᠭᠠᠵᠠᠷ ᠤᠨ ᠬᠠᠮᠢᠶᠠᠷᠤᠯᠲᠠ᠂ ᠬᠠᠤᠯᠢᠴᠢ ᠶᠢᠨ ᠲᠦᠷᠢ ᠲᠥᠷᠬᠦ ᠶᠢᠨ ᠪᠠᠶᠢᠭᠤᠯᠤᠯᠲᠠ ᠲᠠᠢ ᠨᠢᠭᠡᠳᠦᠭᠦᠯᠪᠡ᠃ 4 ᠬᠠᠤᠯᠢ ᠴᠠᠭᠠᠵᠠ ᠶᠢᠨ ᠭᠠᠵᠠᠷ ᠵᠢᠴᠢ 5 ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠲᠤ ᠪᠠᠶᠢᠭᠤᠯᠤᠮᠵᠢ ᠶᠢᠨ ᠪᠤᠰᠤ ᠨᠠᠮ ᠤᠨ ᠡᠭᠦᠷ ᠢ ᠪᠠᠶᠢᠭᠤᠯᠵᠤ᠂ ᠨᠠᠮ ᠤᠨ ᠭᠡᠰᠢᠭᠦᠨ ᠤ ᠬᠥᠮᠦᠨ ᠤ ᠲᠤᠭ᠎ᠠ ᠪᠠᠷ ᠨᠡᠯᠢᠶᠡᠳ ᠴᠥᠭᠡᠨ ᠪᠤᠶᠤ ᠨᠠᠮ ᠤᠨ ᠭᠡᠰᠢᠭᠦᠨ ᠦᠭᠡᠢ ᠬᠠᠤᠯᠢ ᠴᠠᠭᠠᠵᠠ ᠶᠢᠨ ᠭᠠᠵᠠᠷ ᠲᠤ ᠨᠠᠮ ᠤᠨ ᠪᠠᠶᠢᠭᠤᠯᠤᠯᠲᠠ ᠶᠢᠨ ᠵᠢᠭᠠᠨ ᠵᠢᠯᠤᠭᠤᠳᠤᠭᠴᠢ ᠶᠢ ᠲᠣᠮᠢᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠨᠢ ᠵᠢᠯᠣᠭᠤᠳᠣᠭᠤᠯᠪᠠ᠃      ᠬᠦᠲᠦᠯᠦᠭᠴᠢ᠄ ︽ᠨᠢᠭᠡ ᠪᠠᠷ ᠬᠥᠲᠥᠯᠦᠨ ᠳᠠᠭᠠᠭᠤᠯᠵᠤ᠂ ᠳᠣᠯᠤᠭ᠎ᠠ ᠶᠢ ᠤᠶᠠᠯᠳᠤᠭᠤᠯᠬᠤ︾ ᠠᠵᠢᠯ ᠤᠨ ᠠᠷᠭ᠎ᠠ ᠨᠢ ᠪᠣᠳᠠᠲᠠᠶ ᠶᠠᠮᠠᠷ ᠶᠠᠮᠠᠷ ᠠᠵᠢᠯ ᠤᠨ ᠦᠷ᠎ᠡ ᠪᠦᠲᠦᠭᠡᠯ ᠲᠠᠢ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠢᠨ ᠸᠧᠶ ᠵᠢᠶᠧ᠄      1᠂ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠯ᠎ᠠ ᠪᠠᠷ᠃ ᠨᠢᠭᠡᠨᠲᠡ ᠪᠠᠶᠢᠭᠤᠯᠤᠭᠰᠠᠨ ᠵᠡᠭᠡᠯᠢ ᠭᠤᠳᠤᠮᠵᠢ ᠶᠢᠨ ᠨᠢᠭᠡᠳᠦᠭᠡᠷ ᠳᠡᠰ ᠤᠨ ᠬᠠᠤᠯᠢ ᠴᠠᠭᠠᠵᠠ ᠶᠢᠨ ᠭᠠᠵᠠᠷ ᠤᠨ ᠲᠠᠪᠴᠠᠩ᠂ ᠵᠡᠭᠡᠯᠢ ᠪᠠᠯᠭᠠᠰᠤ ᠶᠢᠨ ᠶᠡᠷᠦᠩᠬᠡᠶᠢᠯᠡᠨ ᠵᠠᠰᠠᠬᠤ ᠲᠥᠪ ᠵᠡᠷᠭᠡ ᠳᠤ ᠲᠦᠰᠢᠭᠯᠡᠨ᠂ ᠵᠡᠭᠡᠯᠢ ᠪᠠᠯᠭᠠᠰᠤ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠶᠢ 10 ᠪᠠᠶᠢᠭᠤᠯᠵᠤ᠂ ᠪᠥᠬᠦ ᠲᠤᠭᠤᠷᠢᠭ ᠲᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠠᠤᠯᠢ ᠴᠠᠭᠠᠵᠠ ᠶᠢᠨ ᠲᠠᠶᠢᠯᠤᠮᠵᠢ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠢ ᠢᠳᠡᠪᠬᠢᠲᠡᠶ ᠥᠷᠨᠢᠭᠦᠯᠵᠦ᠂ ᠬᠠᠤᠯᠢ ᠴᠠᠭᠠᠵᠠ ᠶᠢᠨ ᠭᠠᠵᠠᠷ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃      2᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠯ᠎ᠠ ᠪᠠᠷ᠃ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ — ᠴᠢᠨᠦ ᠦᠯᠢᠭᠡᠷ ᠢᠶᠠᠨ  ᠶᠠᠷᠢᠬᠤ︾ ᠨᠡᠷᠡᠲᠦ ᠲᠡᠮᠳᠡᠭ᠂ ︽ᠴᠢᠩᠱᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ︾᠂ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠵᠡᠷᠭᠡ ᠨᠡᠷᠡᠲᠦ ᠲᠡᠮᠳᠡᠭ ᠤᠨ ᠰᠠᠭᠤᠷᠢᠨ ᠭᠠᠵᠠᠷ ᠤᠨ ᠦᠢᠯᠡᠳᠦᠯ ᠢ ᠠᠰᠢᠭᠯᠠᠵᠤ᠂ ︽12 · 4︾᠎ ᠤ ᠤᠯᠤᠰ ᠤᠨ ᠦᠨᠳᠦᠰᠦᠨ ᠬᠠᠤᠯᠢ ᠶᠢᠨ ᠡᠳᠦᠷ᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠎ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠪᠠ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ᠂ ᠰᠤᠷᠭᠠᠭᠤᠯᠢ ᠳᠤ ᠣᠷᠣᠭᠤᠯᠬᠤ ᠵᠡᠷᠭᠡ ᠡᠳᠦᠷ ᠲᠤᠲᠤᠮ ᠤᠨ ᠤᠬᠠᠭᠤᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠭ᠎ᠠ ᠶᠢ ᠬᠠᠷᠢᠭᠤᠯᠬᠤ᠂ ᠬᠠᠤᠯᠢ ᠪᠠᠷ ᠵᠠᠰᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠡᠪᠬᠡᠮᠡᠯ ᠬᠠᠭᠤᠳᠠᠰᠤ᠂ ᠤᠬᠠᠭᠤᠯᠭ᠎ᠠ ᠶᠢᠨ ᠳᠡᠪᠢᠭᠦᠷ ᠵᠢᠴᠢ ᠭᠠᠷ ᠤᠭᠤᠲᠠ ᠲᠠᠷᠬᠠᠭᠠᠵᠤ᠂ ᠡᠯ᠎ᠡ ᠨᠡᠶᠢᠭᠡᠮ ᠲᠣᠭᠤᠷᠢᠭ ︵ᠲᠣᠰᠬᠤᠨ︶᠎ ᠳᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠪᠤᠯᠤᠩ᠂ ᠬᠠᠤᠯᠢ ᠪᠠᠷ ᠵᠠᠰᠠᠬᠤ ᠨᠣᠮ ᠪᠢᠴᠢᠭ ᠤᠨ ᠪᠤᠯᠤᠩ ᠵᠡᠷᠭᠡ ᠶᠢ ᠪᠠᠶᠢᠭᠤᠯᠤᠨ᠎ᠠ᠃      3᠂ ᠵᠢᠭᠤᠷᠠᠯᠳᠤᠭᠠᠨ ᠢ ᠰᠢᠢᠳᠪᠦᠷᠢᠯᠡᠬᠦ ᠲᠠᠯ᠎ᠠ ᠪᠠᠷ᠃ ︽ᠹᠧᠩ ᠴᠢᠶᠣᠤ ᠶᠢᠨ ᠲᠤᠷᠰᠢᠯᠭ᠎ᠠ︾᠎ ᠶᠢ ᠮᠠᠨ ᠤ ᠲᠤᠭᠤᠷᠢᠭ ᠤᠨ ᠪᠣᠳᠠᠲᠠᠶ ᠲᠠᠢ ᠤᠶᠠᠯᠳᠤᠭᠤᠯᠵᠤ᠂ ᠠᠷᠠᠳ ᠤᠨ ᠡᠶᠡᠳᠡᠭᠦᠯᠭᠡ ᠪᠠᠷ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠴᠢᠳᠠᠮᠵᠢ ᠶᠢ ᠴᠢᠩᠭᠠᠷᠠᠭᠤᠯᠤᠨ᠎ᠠ᠃ 2018 ᠣᠨ ᠳᠤ ᠲᠣᠭᠤᠷᠢᠭ ᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠰᠢᠭᠦᠬᠦ ᠬᠤᠷᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠯᠤᠭ᠎ᠠ ᠠᠳᠠᠯ ᠠᠬᠤᠶ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠤᠳᠤᠷᠢᠳᠬᠤ ᠳᠤᠭᠤᠶᠢᠯᠠᠩ ᠪᠠᠶᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠢᠭᠤᠷᠠᠯᠳᠤᠭᠠᠨ ᠢ ᠬᠤᠯᠪᠣᠭᠠᠯᠠᠨ ᠳᠣᠭᠢᠷᠠᠭᠤᠯᠬᠤ ᠲᠥᠪ ᠪᠠᠶᠢᠭᠤᠯᠵᠤ᠂ ᠬᠠᠤᠯᠢ ᠴᠠᠭᠠᠵᠠ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠠᠷᠠᠳ ᠤᠨ ᠡᠶᠡᠳᠡᠭᠦᠯᠭᠡ ᠶᠢ ᠨᠢᠭᠲᠠ ᠬᠠᠮᠵᠢᠯᠴᠠᠭᠤᠯᠵᠤ᠂ ᠡᠶᠡᠳᠡᠭᠦᠯᠭᠡ ᠪᠠ ᠵᠠᠷᠭᠤ ᠶᠢ ᠪᠦᠲᠦᠮᠵᠢᠲᠡᠶ ᠵᠣᠯᠭᠠᠭᠤᠯᠤᠨ᠎ᠠ︔ ᠪᠤᠭᠤᠲᠤ ᠬᠤᠳᠠ ᠶᠢᠨ ᠪᠠᠩᠬᠢ ᠶᠢᠨ ᠦᠢᠯᠡᠰ ᠤᠨ ᠨᠡᠶᠢᠭᠡᠮᠯᠢᠭ᠂ ᠪᠤᠭᠤᠲᠤ ᠬᠤᠳᠠ ᠶᠢᠨ ᠳᠠᠭᠠᠳᠬᠠᠯ ᠤᠨ ᠨᠡᠶᠢᠭᠡᠮᠯᠢᠭ ᠯᠦᠭᠡ ᠪᠤᠭᠤᠲᠤ ᠬᠤᠳᠠ ᠶᠢᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠪᠠ᠃ 2019 ᠣᠨ ᠳᠤ ᠪᠤᠭᠤᠲᠤ ᠬᠤᠳᠠ ᠶᠢᠨ ᠠᠩᠬᠠᠳᠠᠭᠴᠢ ᠠᠷᠠᠳ ᠤᠨ ᠡᠵᠡᠩᠨᠡᠯᠲᠡ ᠶᠢᠨ ᠵᠢᠵᠢᠭ ᠪᠢᠴᠢᠯ ᠠᠵᠤ ᠠᠬᠤᠶᠢᠯᠠᠯ ᠤᠨ ᠵᠥᠷᠢᠴᠡᠯ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠵᠥᠪᠯᠡᠯ ᠵᠢᠴᠢ ᠬᠠᠤᠯᠢᠴᠢ ᠶᠢᠨ ᠡᠶᠡᠳᠡᠭᠦᠯᠬᠦ ᠠᠵᠢᠯ ᠤᠨ ᠦᠷᠳᠡᠭᠡ ᠶᠢ ᠪᠠᠶᠢᠭᠤᠯᠪᠠ᠃ 2020 ᠣᠨ ᠳᠤ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤ ᠪᠠᠷ ᠮᠠᠨ ᠤ ᠬᠤᠲᠠ ᠶᠢᠨ ᠠᠩᠬᠠᠳᠠᠭᠴᠢ ᠬᠡᠷᠡᠭᠯᠡᠭᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠪᠠ᠃ ᠣᠳᠣᠬᠠᠨ ᠳᠤ᠂ ᠴᠢᠩᠱᠠᠨ ᠲᠣᠭᠤᠷᠢᠭ ᠲᠤ ᠡᠯ᠎ᠡ ᠲᠥᠷᠥᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ 169᠂ ᠵᠡᠭᠡᠯᠢ ᠪᠠᠯᠭᠠᠰᠤᠨ ᠤ ᠡᠶᠡᠳᠡᠭᠦᠯᠬᠦ ᠺᠣᠮᠢᠰ 10᠂ ᠨᠡᠶᠢᠭᠡᠮ ᠲᠣᠭᠤᠷᠢᠭ ᠲᠣᠰᠬᠤᠨ ᠤ ᠡᠶᠡᠳᠡᠭᠦᠯᠬᠦ ᠺᠣᠮᠢᠰ 77᠂ ᠲᠤᠰᠬᠠᠶ ᠮᠡᠷᠭᠡᠵᠢᠯ ᠤᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ ᠡᠶᠡᠳᠡᠭᠦᠯᠬᠦ ᠺᠣᠮᠢᠰ 7 ᠪᠠᠶᠢᠭᠤᠯᠵᠤ᠂ ᠵᠠᠮ ᠬᠠᠷᠢᠯᠴᠠᠭ᠎ᠠ᠂ ᠬᠡᠷᠡᠭᠯᠡᠭᠡ᠂ ᠣᠷᠤᠭ ᠬᠡᠷ ᠪᠦᠯᠢ᠂ ᠠᠳᠠᠯ ᠠᠬᠤᠶ᠂ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡ ᠵᠡᠷᠭᠡ ᠳᠤ ᠬᠤᠯᠪᠣᠭᠳᠠᠵᠠᠶ᠃ ᠵᠢᠱᠢᠶᠡᠯᠡᠪᠡᠯ ᠴᠢᠩᠱᠠᠨ ᠲᠣᠭᠤᠷᠢᠭ ᠤᠨ ᠵᠠᠮ ᠬᠠᠷᠢᠯᠴᠠᠭᠠᠨ ᠤ ᠡ᠊ᠨᠳᠡᠯ ᠤᠨ ᠠᠷᠠᠳ ᠤᠨ ᠡᠶᠡᠳᠡᠭᠦᠯᠭᠡ ᠶᠢᠨ ᠺᠣᠮᠢᠰ ᠲᠤᠰᠬᠠᠶ ᠠᠵᠢᠯ ᠤᠨ ᠠᠷᠠᠳ ᠤᠨ ᠡᠶᠡᠳᠡᠭᠦᠯᠦᠭᠴᠢ ᠤᠷᠢᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠠᠵᠢᠯ ᠤᠨ ᠬᠡᠮᠵᠢᠶ᠎ᠡ ᠶᠢ ᠲᠦᠢᠯ ᠤᠨ ᠶᠡᠭᠡ ᠪᠠᠷ ᠬᠥᠩᠭᠡᠷᠡᠭᠦᠯᠪᠡ︔ ᠠᠳᠠᠯ ᠠᠬᠤᠶ ᠶᠢᠨ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠨᠢ ᠠᠳᠠᠯ ᠠᠬᠤᠶ ᠶᠢᠨ ᠺᠣᠮᠫᠠᠨᠢ ᠪᠠ ᠥᠮᠴᠢᠲᠡᠨ ᠤ ᠬᠤᠭᠤᠷᠣᠨᠳᠣᠬᠢ ᠵᠥᠷᠢᠴᠡᠯ ᠢ ᠠᠷᠢᠯᠭᠠᠵᠤ᠂ ᠲᠤᠬᠠᠶ ᠶᠢᠨ ᠬᠥᠮᠦᠨ ᠤ ᠴᠠᠭ ᠤᠨ ᠥᠪᠡᠷ ᠤᠨ ᠦᠷᠳᠡᠭ ᠪᠠ ᠡᠷᠬᠡ ᠪᠠᠨ ᠬᠠᠮᠠᠭᠠᠯᠠᠬᠤ ᠥᠪᠡᠷ ᠤᠨ ᠦᠷᠳᠡᠭ ᠢ ᠪᠠᠭᠠᠰᠬᠠᠪᠠ︔ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ᠃ ᠰᠠᠯᠠᠭ᠎ᠠ ᠮᠥᠴᠢᠷ ᠤᠨ ᠵᠣᠯᠭᠠᠯᠴᠠᠭ᠎ᠠ ᠶᠢᠨ ︽ᠲᠦᠭᠵᠢᠷᠡᠯ︾᠎ ᠢ ᠰᠢᠯᠤᠭᠤᠳᠬᠠᠵᠤ᠂ ᠬᠠᠤᠯᠢ ᠴᠠᠭᠠᠵᠠ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠠᠷᠠᠳ ᠤᠨ ᠡᠶᠡᠳᠡᠭᠦᠯᠭᠡ ᠶᠢ ᠣᠷᠭᠠᠨᠢᠭ ᠢᠶᠠᠷ ᠤᠶᠠᠯᠳᠤᠭᠤᠯᠤᠨ᠎ᠠ᠃ ᠲᠣᠭᠤᠷᠢᠭ ᠤᠨ ᠰᠢᠭᠦᠬᠦ ᠬᠤᠷᠢᠶ᠎ᠠ ᠳᠤ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠠᠰᠤᠭ ᠭᠠᠷᠭᠠᠵᠤ᠂ ᠲᠤᠰᠬᠠᠶ ᠲᠤᠰᠢᠶᠠᠯᠲᠤ ᠬᠠᠤᠯᠢᠴᠢ ᠶᠢ ᠤᠷᠢᠵᠤ ᠣᠨᠴᠠ ᠤᠷᠢᠭᠰᠠᠨ ᠡᠶᠡᠳᠡᠭᠦᠯᠦᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠠᠵᠢᠯ ᠢ ᠥᠷᠨᠢᠭᠦᠯᠦᠨ᠂ ᠵᠠᠷᠭᠤ ᠳᠤ ᠬᠤᠯᠪᠣᠭᠳᠠᠭᠰᠠᠨ ᠡᠯ᠎ᠡ ᠲᠦᠷᠦᠯ ᠤᠨ ᠬᠡᠷᠡᠭ ᠢ ᠰᠠᠯᠭᠠᠨ ᠡᠶᠡᠳᠡᠭᠦᠯᠵᠦ  ᠰᠢᠢᠳᠪᠦᠷᠢᠯᠡᠪᠡ︔ ᠲᠣᠭᠤᠷᠢᠭ ᠤᠨ ᠪᠠᠶᠢᠴᠠᠭᠠᠬᠤ ᠬᠤᠷᠢᠶ᠎ᠠ ᠳᠤ ᠡᠶᠡᠳᠡᠭᠦᠯᠬᠦ ᠲᠠᠰᠤᠭ ᠭᠠᠷᠭᠠᠪᠠ︔ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠠᠮᠲᠤᠷᠠᠨ ᠡᠶᠡᠳᠡᠭᠦᠯᠦᠨ ᠰᠢᠢᠳᠪᠦᠷᠢᠯᠡᠬᠦ ᠲᠠᠰᠤᠭ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠬᠠᠤᠯᠢᠴᠢ ᠶᠢ ᠣᠷᠣᠭᠤᠯᠤᠨ ᠰᠠᠭᠤᠯᠭᠠᠵᠤ᠂ ᠴᠢᠬᠤᠯᠠ ᠶᠡᠭᠡ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠪᠠ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠢ ᠡᠶᠡᠳᠡᠭᠦᠯᠦᠨ ᠰᠢᠢᠳᠪᠦᠷᠢᠯᠡᠬᠦ ᠳᠤ ᠣᠷᠣᠯᠴᠠᠭᠤᠯᠤᠨ᠎ᠠ︔ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠢ ᠬᠠᠮᠲᠤᠷᠠᠨ ︽ᠬᠤᠶᠠᠷ ᠭᠠᠵᠠᠷ ᠭᠤᠷᠪᠠᠨ ᠬᠠᠮᠲᠤ ᠪᠠᠷ ᠠᠵᠢᠯᠯᠠᠬᠤ︾᠂ ᠲᠤᠬᠠᠶᠢᠯᠠᠪᠠᠯ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠬᠤᠶᠠᠷ ᠭᠠᠵᠠᠷ ᠬᠤᠯᠪᠣᠭᠠᠯᠠᠨ ᠬᠥᠳᠡᠯᠦᠯᠴᠡᠵᠦ᠂ ᠬᠠᠮᠲᠤ ᠪᠠᠷ ᠰᠡᠷᠭᠡᠶᠢᠯᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ ᠲᠣᠭᠲᠠᠴᠠ ᠶᠢ ᠪᠡᠶᠡᠯᠡᠭᠦᠯᠦᠨ᠂ ᠦᠨᠳᠦᠰᠦᠨ ᠱᠠᠲᠤᠨ ᠤ ᠴᠠᠭᠳᠠᠭᠠᠨ ᠤ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠰᠢᠩ ᠱᠧᠩ ᠪᠠᠯᠭᠠᠰᠤᠨ ᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠢᠶᠠᠷ ᠥᠯᠢᠭᠡᠷ ᠳᠠᠭᠤᠷᠢᠶᠠᠯ ᠪᠣᠯᠭᠠᠨ᠂ ᠠᠯᠪᠠᠨ ᠠᠴᠠ ᠡᠶᠡᠳᠡᠭᠦᠯᠬᠦ ᠶᠢ ᠵᠣᠯᠭᠠᠭᠤᠯᠬᠤ ᠲᠠᠰᠤᠭ ᠭᠠᠷᠭᠠᠵᠤ᠂ ᠰᠠᠭᠤᠭᠠᠯᠢ ᠠᠷᠠᠳ ᠲᠤ ᠨᠢᠭᠡ ᠯᠡ ᠤᠳᠠᠭ᠎ᠠ ᠭᠦᠶᠦᠪᠡᠯ ᠳᠠᠷᠤᠶ ᠲᠣᠮᠢᠯᠠᠭᠰᠠᠨ ᠰᠠᠯᠪᠤᠷᠢ ᠪᠣᠯᠤᠨ ᠬᠠᠤᠯᠢ ᠪᠠᠷᠢᠬᠤ ᠭᠠᠵᠠᠷ ᠤᠨ ᠬᠠᠲᠠᠭᠤ ᠵᠥᠭᠡᠯᠡᠨ ᠢ ᠬᠤᠤᠰᠯᠠᠭᠤᠯᠤᠭᠰᠠᠨ ᠬᠠᠤᠯᠢ ᠴᠠᠭᠠᠵᠠ ᠶᠢᠨ  ᠦᠢᠯᠡᠴᠢᠯᠡᠭᠡ ᠶᠢ ᠬᠦᠷᠲᠡᠭᠡᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠡᠷᠡᠭᠯᠡᠭᠡᠨ ᠤ ᠵᠢᠭᠤᠷᠠᠯᠳᠤᠭᠠᠨ ᠢ ᠡᠶᠡᠳᠡᠭᠦᠯᠬᠦ ᠺᠣᠮᠢᠰ ᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ 11 ᠭᠠᠵᠠᠷ ᠲᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠠᠰᠤᠭ ᠢ ᠪᠠᠶᠢᠭᠤᠯᠪᠠ᠃ ︽ᠲᠤᠰᠬᠠᠶ ᠵᠦᠢᠯ + ᠡᠳᠦᠷ ᠲᠤᠳᠤᠮ ᠤᠨ ᠠᠵᠢᠯ︾᠎ ᠳᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠠᠵᠢᠯ ᠢ ᠬᠢᠨᠠᠮᠠᠭᠠᠶ ᠥᠷᠨᠢᠭᠦᠯᠪᠡ᠃ ᠡᠯ᠎ᠡ ᠬᠠᠤᠯᠢ ᠴᠠᠭᠠᠵᠠ ᠶᠢᠨ ᠭᠠᠵᠠᠷ ᠤᠨ ᠬᠢᠨ ᠰᠠᠷ᠎ᠠ ᠪᠦᠷᠢ ᠬᠤᠶᠠᠷ ᠤᠳᠠᠭ᠎ᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ᠴᠢᠬᠤᠯᠠ ᠪᠠᠶᠠᠷ ᠳᠤᠷᠠᠰᠬᠠᠯ ᠤᠨ ᠡᠳᠦᠷ ᠪᠠ ᠴᠢᠬᠤᠯᠠ ᠶᠡᠭᠡ ᠠᠵᠢᠯᠯᠠᠭ᠎ᠠ ᠲᠠᠢ ᠲᠣᠬᠢᠶᠠᠯᠳᠤᠪᠠᠯ ᠲᠤᠰᠬᠠᠢ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ᠵᠥᠷᠢᠴᠡᠯ ᠢ ᠵᠢᠭᠰᠠᠭᠠᠨ ᠪᠠᠶᠢᠴᠠᠭᠠᠬᠤ ᠠᠵᠢᠯ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠲᠦᠮᠵᠢᠲᠡᠢ ᠬᠠᠮᠠᠭᠠᠯᠠᠪᠠ᠃      4᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠠᠯ᠎ᠠ ᠪᠠᠷ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾᠎ ᠶᠢᠨ ᠤᠬᠠᠭᠤᠯᠭ᠎ᠠ ᠪᠠᠷ ᠲᠠᠮᠵᠢᠨ ᠤᠯᠠᠨ ᠲᠦᠮᠡᠨ ᠢ ᠥᠷᠭᠡᠨ ᠢᠶᠠᠷ ᠲᠠᠶᠢᠴᠢᠯᠠᠪᠠ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠠᠯᠪᠠᠨ ᠭᠡᠷᠡᠴᠢᠯᠡᠭᠡᠨ ᠤ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠵᠤ ᠡᠷᠦᠬᠡ ᠳᠤ ᠣᠷᠣᠭᠤᠯᠬᠤ᠂ ᠲᠥᠪᠯᠡᠷᠡᠭᠦᠯᠦᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠥᠳᠡᠭᠡ ᠲᠣᠰᠬᠤᠨ ᠳᠤ ᠭᠦᠨᠵᠡᠭᠡᠶᠢᠷᠡᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠠᠤᠯᠢ ᠪᠠᠷ ᠵᠠᠰᠠᠬᠤ ᠤᠬᠠᠭᠤᠯᠭ᠎ᠠ ᠶᠢ ᠥᠷᠨᠢᠭᠦᠯᠦᠨ᠎ᠡ᠃ ᠬᠠᠤᠯᠢ ᠪᠠᠷ ᠵᠠᠰᠠᠬᠤ ᠴᠡᠴᠡᠷᠯᠢᠭ᠂ ᠬᠠᠤᠯᠢ ᠪᠠᠷ ᠵᠠᠰᠠᠬᠤ ᠨᠢᠭᠡ ᠵᠡᠭᠡᠯᠢ᠂ ᠴᠢᠩᠱᠠᠨ ᠎ ᠤ ᠬᠠᠤᠯᠢ  ᠴᠠᠭᠠᠵᠠ ᠶᠢᠨ ᠸᠢᠴᠠᠲ ᠤᠨ ᠤᠯᠠᠨ ᠨᠡᠶᠢᠲᠡ ᠶᠢᠨ ᠲᠠᠪᠴᠠᠩ ᠵᠡᠷᠭᠡ ᠬᠠᠤᠯᠢ ᠪᠠᠷ ᠵᠠᠰᠠᠬᠤ ᠵᠢᠭᠰᠠᠭᠠᠯ ᠤᠨ ᠭᠠᠵᠠᠷ ᠢ ᠪᠠᠳᠠᠷᠠᠭᠤᠯᠤᠨ ᠭᠤᠣᠯ ᠰᠡᠳᠦᠪᠲᠦ ᠤᠬᠠᠭᠤᠯᠭ᠎ᠠ ᠶᠢ ᠥᠷᠨᠢᠭᠦᠯᠪᠡ᠃ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠢᠳᠡᠪᠬᠢᠲᠡᠶ ᠪᠠᠷ ᠴᠤᠭᠯᠠᠭᠤᠯᠵᠤ᠂ ᠬᠠᠤᠯᠢᠴᠢ ᠶᠢᠨ ᠬᠠᠷ᠎ᠠ ᠨᠡᠶᠢᠭᠡᠮ ᠳᠤ ᠬᠤᠯᠪᠣᠭᠳᠠᠭᠰᠠᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠲᠤ ᠣᠷᠣᠯᠴᠠᠬᠤ ᠠᠵᠢᠯ ᠤᠨ ᠮᠡᠳᠡᠭᠦᠯᠦᠯᠲᠡ ᠶᠢᠨ ᠲᠦᠷᠢᠮ ᠢ ᠴᠢᠩᠭ᠎ᠠ ᠬᠡᠷᠡᠭᠵᠢᠭᠦᠯᠪᠡ᠃      ᠬᠦᠲᠦᠯᠦᠭᠴᠢ᠄ ᠲᠠ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠲᠠᠨᠢᠯᠴᠠᠭᠤᠯᠤᠭᠠᠳ ᠥᠭᠭᠦᠨ᠎ᠡ ᠤᠤ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠢᠨ ᠸᠧᠶ ᠵᠢᠶᠧ᠄      1᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠤᠨ᠎ᠠ᠃ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠲᠤᠰᠬᠠᠶᠢᠯᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠹᠠᠨ ᠯᠢ ᠶᠢᠨ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠤᠷᠠᠯ ᠳᠡᠭᠡᠷᠡᠬᠢ ᠶᠠᠷᠢᠶ᠎ᠠ ᠪᠠ ︽ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ  ᠬᠤᠷᠢᠶ᠎ᠠ ᠶᠢᠨ ᠬᠡᠷᠡᠭᠵᠢᠭᠦᠯᠬᠦ ᠰᠠᠨᠠᠯ︾᠎ ᠢ ᠤᠯᠠᠮᠵᠢᠯᠠᠨ ᠰᠤᠷᠤᠯᠴᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ᠂ ᠬᠠᠤᠯᠢ ᠬᠡᠷᠡᠭᠵᠢᠭᠦᠯᠦᠯᠲᠡ ᠶᠢᠨ ᠪᠦᠬᠦ ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠳᠤ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠬᠢᠬᠦ ︽ᠭᠤᠷᠪᠠᠨ ᠵᠦᠢᠯ ᠤᠨ ᠲᠦᠷᠢᠮ︾᠎ ᠢ ᠪᠦᠬᠦ ᠲᠠᠯ᠎ᠠ ᠪᠠᠷ ᠬᠡᠷᠡᠭᠵᠢᠭᠦᠯᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠭᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠦᠨ᠎ᠡ᠃ ︽ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ︾ ︽ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠳᠤᠮᠳᠠ ᠵᠢᠵᠢᠭ ᠠᠵᠤ ᠠᠬᠤᠶᠢᠯᠠᠯ ᠳᠤ  ᠦᠢᠯᠡᠴᠢᠯᠡᠬᠦ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠪᠠ᠃ ︽ᠬᠠᠤᠯᠢᠴᠢ ᠪᠠ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ︾᠂ ︽ᠬᠠᠤᠯᠢ ᠴᠠᠭᠠᠵᠠ ᠶᠢᠨ ᠪᠠ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ︾ ᠪᠠ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠶᠤᠯ ᠲᠦᠭᠰᠢᠭᠦᠷᠢ ᠶᠢ ᠪᠠᠭᠠᠰᠬᠠᠨ ᠬᠢᠵᠠᠭᠠᠷᠯᠠᠨ᠎ᠠ᠃ ᠠᠯᠪᠠᠨ ᠭᠡᠷᠡᠴᠢᠯᠡᠭᠡ ᠶᠢᠨ  ᠦᠢᠯᠡᠴᠢᠯᠡᠭᠡᠨ ᠤ ᠠᠵᠤ ᠠᠬᠤᠶᠢᠯᠠᠯ ᠤᠨ ᠠᠷᠭ᠎ᠠ ᠵᠠᠮ ᠢ ᠥᠷᠭᠡᠳᠬᠡᠨ᠂ ᠦᠢᠯᠡᠴᠢᠯᠡᠭᠡᠨ ᠤ ᠠᠵᠤ ᠠᠬᠤᠶᠢᠯᠠᠯ ᠳᠤ ᠠᠮᠠᠯᠳᠠᠬᠤ ᠲᠦᠷᠢᠮ ᠢ ᠬᠡᠷᠡᠭᠵᠢᠭᠦᠯᠵᠦ᠂ ᠠᠯᠪᠠᠨ ᠭᠡᠷᠡᠴᠢᠯᠡᠭᠡ ᠶᠢ  ᠭᠦᠢᠴᠡᠳᠭᠡᠬᠦ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠨ᠎ᠡ᠃ ︽ᠴᠢᠩᠱᠠᠨ ᠲᠣᠭᠤᠷᠢᠭ ᠤᠨ ᠬᠡᠷᠡᠭᠯᠡᠭᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠠᠵᠢᠯ ᠤᠨ ᠲᠦᠷᠢᠮ︾ ︽ᠠᠷᠢᠯᠭᠠᠬᠤ ᠪᠠ ᠵᠣᠬᠢᠴᠠᠭᠤᠯᠬᠤ ᠶᠢ ᠵᠣᠯᠭᠠᠭᠤᠯᠵᠤ ᠡᠶᠡᠳᠡᠭᠦᠯᠦᠨ ᠰᠢᠢᠳᠪᠦᠷᠢᠯᠡᠬᠦ ᠦᠨᠳᠦᠰᠦᠨ ᠵᠠᠷᠴᠢᠮ︾᠎ ᠢ ᠪᠠᠶᠢᠭᠤᠯᠵᠤ᠂ ︽ᠡᠶᠡᠳᠡᠭᠦᠯᠬᠦ ᠠᠵᠢᠯ ᠤᠨ ᠲᠦᠷᠢᠮ︾᠎ ᠢ ᠨᠡᠶᠢᠲᠡᠯᠡᠵᠦ᠂ ︽ᠴᠢᠩᠱᠠᠨ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠤᠮᠳᠠ ᠵᠢᠵᠢᠭ ᠠᠵᠤ ᠠᠬᠤᠶᠢᠯᠠᠯ ᠳᠤ  ᠦᠢᠯᠡᠴᠢᠯᠡᠬᠦ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠲᠡᠭᠦᠯᠳᠡᠷᠵᠢᠭᠦᠯᠪᠡ᠃ ᠠᠵᠤ ᠠᠬᠤᠶᠢᠯᠠᠯ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠰᠢᠭ ᠲᠤᠰᠠ ᠳᠤ ᠬᠠᠯᠳᠠᠭᠰᠠᠨ᠂ ᠵᠦᠶ ᠶᠣᠰᠣᠨ ᠤ ᠥᠷᠢᠰᠥᠯᠳᠦᠭᠡᠨ ᠳᠤ ᠠᠰᠢᠭ ᠥᠬᠡᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠶᠢ ᠲᠠᠰᠤ ᠵᠣᠭᠰᠣᠭᠠᠬᠤ ᠬᠡᠷᠡᠭᠲᠡᠶ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾᠎ ᠲᠠᠢ ᠨᠢᠭᠡᠳᠦᠯ ᠥᠬᠡᠶ᠂ ᠬᠠᠷᠢᠯᠴᠠᠨ ᠬᠠᠷᠰᠢᠯᠳᠤᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠵᠤ᠂ ᠬᠠᠤᠯᠢ ᠪᠠᠷ ᠵᠠᠰᠠᠬᠤ ᠶᠢᠨ ᠨᠢᠭᠡᠳᠦᠯ ᠢ ᠪᠥᠬᠦ ᠲᠠᠯ᠎ᠠ ᠪᠠᠷ ᠪᠠᠲᠤᠯᠠᠨ᠎ᠠ᠃      2᠂ ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠦᠨᠡᠨ ᠰᠡᠳᠬᠢᠯᠭᠡ ᠪᠠᠷ ᠠᠵᠤ ᠠᠬᠤᠶᠢᠯᠠᠯ ᠳᠤ ᠬᠦᠴᠦᠨ ᠨᠡᠮᠡᠷᠢᠯᠡᠨ᠎ᠡ᠃ ︽ᠢᠨᠲ᠋ᠧᠷ ᠰᠦᠯᠵᠢᠶ᠎ᠡ + ᠬᠠᠤᠯᠢᠴᠢ︾᠎ ᠶᠢᠨ ᠲᠥᠷᠥᠯ ᠵᠦᠢᠯ ᠢ ᠡᠬᠢᠯᠡᠭᠦᠯᠵᠦ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠢᠨᠲ᠋ᠧᠷ ᠰᠦᠯᠵᠢᠶ᠎ᠡ· ᠬᠥᠮᠦᠨ ᠥᠬᠡᠶ ᠬᠠᠤᠯᠢ ᠴᠠᠭᠠᠵᠠ ᠶᠢᠨ ᠭᠠᠵᠠᠷ︾ ᠨᠢᠭᠡ᠂ ︽ᠠᠵᠤ ᠠᠬᠤᠶᠢᠯᠠᠯ ᠤᠨ ᠬᠠᠤᠯᠢ ᠶᠢᠨ ᠶᠠᠪᠤᠳᠠᠯ ᠤᠨ ᠲᠤᠰᠠᠯᠠᠭᠴᠢ︾ ᠨᠢᠭᠡ ᠶᠢ ᠤᠭᠰᠠᠷᠠᠪᠠ︔ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠶᠡᠭᠡ ᠲᠢᠩᠬᠢᠮ ᠳᠤ ᠶᠡᠷᠦᠩᠬᠡᠶᠢᠯᠡᠭᠰᠡᠨ  ᠦᠢᠯᠡᠴᠢᠯᠡᠭᠡᠨ ᠤ ᠨᠢᠭᠡ ᠴᠣᠭᠴᠠᠲᠤ ᠮᠠᠰᠢᠨ ᠢ ᠤᠭᠰᠠᠷᠠᠨ᠎ᠠ︔ ᠰᠢᠨᠵᠢᠯᠡᠬᠦ ᠤᠬᠠᠭᠠᠨᠴᠢ ᠵᠠᠮ ᠤᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠲᠢᠩᠬᠢᠮ ᠳᠤ ︽ᠲᠣᠰᠬᠤᠨ ᠤ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠶᠠᠪᠤᠳᠠᠯ ᠤᠨ ᠲᠤᠰᠠᠯᠠᠭᠴᠢ︾ ᠨᠢᠭᠡ ᠶᠢ ᠤᠭᠰᠠᠷᠠᠪᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠬᠡᠷᠡᠭᠯᠡᠨ᠂ ᠰᠦᠯᠵᠢᠶᠡᠨ ᠠᠴᠠ ᠭᠠᠳᠠᠭᠤᠷᠬᠢ ᠪᠣᠳᠠᠲᠤ ᠴᠣᠭᠴᠠ ᠶᠢᠨ ᠤᠶᠤᠨᠲᠤ ᠦᠵᠦᠭᠦᠷ ᠢᠶᠠᠷ ᠳᠠᠮᠵᠢᠭᠤᠯᠤᠨ᠂ ᠮᠠᠰᠢ ᠤᠯᠠᠨ ᠬᠠᠤᠯᠢᠴᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠢᠨᠲ᠋ᠧᠷ ᠰᠦᠯᠵᠢᠶᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤ ᠪᠠᠷ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠮᠠᠨ ᠤ ᠬᠤᠲᠠ ᠶᠢᠨ ᠠᠩᠬᠠᠳᠠᠭᠴᠢ ᠬᠡᠷᠡᠭᠯᠡᠭᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ — ᠴᠢᠩᠱᠠᠨ ᠲᠣᠭᠤᠷᠢᠭ ᠤᠨ ᠬᠡᠷᠡᠭᠯᠡᠭᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠢ ᠬᠠᠤᠯᠢ ᠶᠣᠰᠣᠭᠠᠷ ᠪᠠᠶᠢᠭᠤᠯᠪᠠ᠃ ᠬᠠᠤᠯᠢᠴᠢ ᠶᠢ ᠵᠣᠬᠢᠶᠠᠨ ᠪᠠᠶᠢᠭᠤᠯᠤᠨ ᠪᠤᠭᠤᠲᠤ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ  ᠤᠷᠤᠭᠤᠯᠵᠦ᠂ ᠬᠦᠷᠢᠶᠡᠯᠡᠩ ᠲᠣᠭᠤᠷᠢᠭ ᠤᠨ ᠳᠣᠲᠣᠷᠠᠬᠢ 30 ᠭᠠᠷᠤᠢ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠵᠢᠴᠢ ᠠᠵᠤ ᠠᠬᠤᠶᠢᠯᠠᠯ ᠤᠨ ᠬᠠᠤᠯᠢ ᠲᠣᠭᠲᠠᠭᠠᠯ ᠤᠨ ᠶᠠᠷᠢᠯᠴᠠᠬᠤ ᠬᠤᠷᠠᠯ ᠥᠷᠨᠢᠭᠦᠯᠪᠡ᠃ ᠪᠤᠭᠤᠲᠤ ᠬᠤᠲᠠ ᠶᠢᠨ ᠬᠤᠩ ᠵᠢᠶᠠᠨ ᠤ ᠠᠯᠪᠠᠨ ᠭᠡᠷᠡᠴᠢᠯᠡᠭᠡ ᠶᠢᠨ ᠭᠠᠵᠠᠷ ︽ᠮᠦᠩᠬᠡ ᠰᠤᠪᠠᠭ︾᠎ ᠤᠨ ᠦᠵᠦᠭᠦᠷ ᠢ ᠵᠣᠯᠭᠠᠭᠤᠯᠬᠤ ᠶᠢ ᠤᠷᠤᠭᠰᠢᠲᠠᠶ ᠪᠡᠶᠡᠯᠡᠭᠦᠯᠵᠦ᠂ ᠲᠤᠬᠠᠶ ᠶᠢᠨ ᠬᠥᠮᠦᠨ ᠭᠠᠷ ᠤᠲᠠᠰᠤ ᠪᠠᠷ ᠢᠶᠠᠨ ︽ᠮᠦᠩᠬᠡ ᠰᠤᠪᠠᠭ︾᠎ ᠤᠨ ᠵᠥᠭᠡᠯᠡᠨ ᠲᠣᠨᠤᠭ ᠢ ᠪᠠᠭᠤᠯᠭᠠᠵᠤ ᠠᠪᠬᠤ ᠶᠢ ᠪᠡᠶᠡᠯᠡᠭᠦᠯᠵᠦ᠂ ᠬᠡᠷ ᠠᠴᠠ ᠪᠠᠨ ᠭᠠᠷᠬᠤ ᠥᠬᠡᠶ ᠪᠠᠷ ᠰᠦᠯᠵᠢᠶᠡᠨ ᠳᠡᠭᠡᠷᠡᠬᠢ ᠠᠯᠪᠠᠨ ᠭᠡᠷᠡᠴᠢᠯᠡᠭᠡ ᠶᠢᠨ ᠯᠠᠪᠯᠠᠭ᠎ᠠ ᠪᠠ ᠠᠯᠪᠠᠨ ᠭᠡᠷᠡᠴᠢᠯᠡᠭᠡ ᠶᠢᠨ ᠭᠤᠶᠤᠴᠢᠯᠠᠯ ᠤᠨ ᠳᠥᠭᠦᠮ ᠳᠥᠲᠡ ᠦᠢᠯᠡᠴᠢᠯᠡᠭᠡ ᠶᠢ ᠭᠥᠷᠳᠡᠵᠦ ᠴᠢᠳᠠᠬᠤ ᠪᠣᠯᠤᠭᠰᠠᠨ ᠪᠠᠶᠢᠨ᠎ᠠ᠃ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠠᠢ ᠬᠠᠮᠲᠤ ᠪᠠᠷ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠬᠦᠷᠭᠡᠨ᠎ᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠤᠭᠤᠲᠤ ᠶᠢᠨ ᠼᠠᠩ ᠬᠤᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ︽ᠬᠠᠤᠯᠢᠴᠢ ᠶᠢ ᠠᠵᠤ ᠠᠬᠤᠶᠢᠯᠠᠯ ᠳᠤ ᠣᠷᠣᠭᠤᠯᠬᠤ︾ ᠬᠠᠤᠯᠢᠵᠢᠯ ᠤᠨ ᠲᠠᠶᠢᠯᠤᠮᠵᠢ ᠡᠷᠬᠢᠯᠡᠪᠡ᠃ ᠪᠤᠭᠤᠲᠤ ᠬᠤᠳᠠ ᠶᠢᠨ ᠨᠡᠷᠡᠨ ᠮᠠᠨᠳᠤᠯ᠎ᠠ ᠴᠠᠬᠢᠯᠭᠠᠨ ᠳᠡᠭᠡᠰᠦᠨ ᠤ ᠬᠢᠵᠠᠭᠠᠷᠲᠤ ᠺᠣᠮᠫᠠᠨᠢ ᠳᠤ ᠬᠦᠷᠴᠦ ᠶᠠᠷᠢᠯᠴᠠᠬᠤ ᠬᠤᠷᠠᠯ ᠬᠢᠵᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠠᠵᠤ ᠠᠬᠤᠶᠢᠯᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠬᠠᠤᠯᠢ ᠶᠢ ᠰᠤᠷᠤᠯᠴᠠᠵᠤ ᠠᠵᠤ ᠠᠬᠤᠶᠢᠯᠠᠯ ᠳᠤ ᠣᠷᠣᠬᠤ ᠤᠬᠠᠭᠤᠯᠭ᠎ᠠ ᠶᠢᠨ ᠭᠠᠷ ᠳᠡᠪᠲᠡᠷ︾᠂ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠭᠰᠠᠨ ᠲᠡᠮᠳᠡᠭᠯᠡᠯ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠠᠲ᠋ᠧᠷᠢᠶᠠᠯ ᠨᠡᠶᠢᠲᠡ 300 ᠭᠠᠷᠤᠶ ᠳᠡᠪᠲᠡᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ 200 ᠭᠠᠷᠤᠶ ᠬᠤᠪᠢ ᠪᠡᠯᠡᠭᠯᠡᠨ ᠭᠥᠷᠭᠡᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号