ᠰᠤᠷᠪᠤᠯᠵᠢᠯᠠᠭᠰᠠᠨ ᠭᠤᠤᠯ ᠰᠡᠳᠦᠪ᠄ ᠬᠠᠤᠯᠢ ᠴᠠᠭᠠᠵᠠ ᠶᠢᠨ ᠲᠣᠪᠴᠢᠶ᠎ᠠ ᠶᠢᠨ ︽ᠨᠢᠭᠡ ᠪᠠᠷ ᠬᠥᠲᠥᠯᠥᠨ | ᠵᠢᠯᠣᠭᠤᠳᠴᠤ᠂ ᠳᠤᠯᠤᠭ᠎ᠠ ᠶᠢ ᠤᠶᠠᠯᠳᠤᠭᠤᠯᠬᠤ︾ ᠠᠵᠢᠯ ᠤᠨ ᠠᠷᠭ᠎ᠠ | ᠰᠤᠷᠪᠤᠯᠵᠢᠯᠠᠭᠰᠠᠨ ᠴᠠᠭ᠄ 2021 ᠤᠨ ᠤ 4 ᠰᠠᠷ᠎ᠠ ᠶᠢᠨ 22 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠶᠢᠨ ᠸᠧᠶ ᠵᠢᠶᠧ | ᠬᠦᠲᠦᠯᠦᠭᠴᠢ᠄ ᠲᠠ ︽ᠨᠢᠭᠡ ᠪᠠᠷ ᠬᠥᠲᠥᠯᠦᠨ ᠵᠢᠯᠣᠭᠤᠳᠴᠤ᠂ ᠳᠣᠯᠤᠭ᠎ᠠ ᠶᠢ ᠤᠶᠠᠯᠳᠤᠭᠤᠯᠬᠤ︾ ᠠᠵᠢᠯ ᠤᠨ | ᠠᠷᠭ᠎ᠠ ᠶᠢ ᠨᠠᠷᠢᠨ ᠲᠠᠨᠢᠯᠴᠠᠭᠤᠯᠣᠭᠠᠳ ᠥᠩᠭᠦᠨᠡ ᠤᠤ︖ ᠡᠨᠡᠬᠦ ᠠᠵᠢᠯ ᠤᠨ ᠠᠷᠭ᠎ᠠ ᠶᠢᠨ ᠵᠠᠩᠭᠢᠯᠠᠭ᠎ᠠ ᠨᠢ ᠶᠠᠭᠤ | ᠪᠣᠶ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠢᠨ ᠸᠧᠶ ᠵᠢᠶᠧ᠄ | 1᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠨᠠᠮ ᠤᠨ ᠪᠠᠶᠢᠭᠤᠯᠤᠯᠲᠠ ᠪᠠᠷ | ᠵᠢᠯᠣᠭᠤᠳᠤᠮᠵᠢ ᠪᠣᠯᠭᠠᠵᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰ | ᠲᠣᠪᠴᠢᠶᠠᠨ ᠤ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠵᠤ᠂ ︽ᠨᠢᠭᠡ ᠪᠠᠷ ᠬᠥᠲᠥᠯᠥᠨ ᠳᠠᠭᠠᠭᠤᠯᠵᠤ᠂ | ᠳᠤᠯᠤᠭ᠎ᠠ ᠶᠢ ᠤᠶᠠᠯᠳᠤᠭᠤᠯᠬᠤ︾ ᠠᠵᠢᠯ ᠤᠨ ᠠᠷᠭ᠎ᠠ ᠶᠢ ᠪᠤᠶ ᠪᠣᠯᠭᠠᠪᠠ᠃ ᠲᠤᠬᠠᠶᠢᠯᠠᠪᠠᠯ ᠨᠠᠮ ᠤᠨ | ᠪᠠᠶᠢᠭᠤᠯᠤᠯᠲᠠ ᠶᠢᠨ ᠠᠵᠢᠯ ᠢᠶᠠᠷ ᠵᠢᠯᠣᠭᠤᠳᠤᠮᠵᠢ ᠪᠣᠯᠭᠠᠨ ᠬᠠᠤᠯᠢ ᠴᠠᠭᠠᠵᠠ ᠶᠢᠨ ᠭᠠᠵᠠᠷ ᠤᠨ ᠬᠠᠤᠯᠢ ᠴᠠᠭᠠᠵᠠ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ᠂ ᠨᠡᠶᠢᠭᠡᠮ ᠲᠣᠭᠤᠷᠢᠭ ᠲᠤ ᠵᠠᠯᠠᠷᠠᠭᠤᠯᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ᠂ ᠵᠥᠷᠢᠴᠡᠯ ᠢ ᠵᠢᠭᠰᠠᠭᠠᠨ ᠪᠠᠶᠢᠴᠠᠭᠠᠬᠤ᠂ ᠠᠷᠠᠳ ᠤᠨ ᠡᠶᠡᠳᠡᠭᠦᠯᠭᠡ᠂ ᠠᠯᠪᠠᠨ | ᠭᠡᠷᠡᠴᠢᠯᠡᠭᠡ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠲᠤᠯᠤᠭᠠᠨ ᠵᠦᠢᠯ ᠤᠨ ᠠᠵᠢᠯ ᠢ | ᠬᠠᠤᠯᠢ ᠴᠠᠭᠠᠵᠠ ᠶᠢᠨ ᠭᠠᠵᠠᠷ ᠤᠨ ᠬᠠᠤᠯᠢ ᠴᠠᠭᠠᠵᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠲᠠᠢ | ᠤᠶᠠᠯᠳᠤᠭᠤᠯᠤᠨ᠎ᠠ᠃ | 2᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ | ︽ᠬᠤᠶᠠᠷ ᠢ ᠤᠶᠠᠯᠳᠤᠭᠤᠯᠬᠤ︾ ᠳᠤ ᠪᠠᠶᠢᠨ᠎ᠠ᠄ ᠨᠢᠭᠡ ᠳᠤ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ | ᠠᠵᠢᠯ ᠲᠠᠢ ᠤᠶᠠᠯᠳᠤᠭᠤᠯᠬᠤ ᠬᠡᠷᠡᠭᠲᠡᠶ︔ ᠬᠤᠶᠠᠷ ᠲᠤ ᠨᠠᠮ ᠤᠨ ᠪᠠᠶᠢᠭᠤᠯᠤᠯᠲᠠ ᠶᠢ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠬᠤ ᠬᠡᠷᠡᠭᠲᠡᠶ᠃ ᠰᠤᠷᠭᠠᠨ | ᠬᠥᠮᠦᠵᠢᠭᠦᠯᠬᠦ ᠠᠴᠢ ᠬᠤᠯᠪᠣᠭᠳᠠᠯ ᠪᠦᠬᠦᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠦᠨᠳᠦᠰᠦᠨ ᠱᠠᠲᠤᠨ ᠤ ᠬᠠᠤᠯᠢ | ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠬᠢᠵᠢᠭᠦᠯᠵᠦ᠂ ᠨᠠᠮ ᠤᠨ | ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠤᠨ ᠬᠦᠷᠢᠶᠡᠨ ᠳᠤ ᠨᠡᠪᠴᠢᠭᠦᠯᠵᠦ᠂ ᠦᠨᠳᠦᠰᠦᠨ ᠱᠠᠲᠤᠨ ᠤ | ᠬᠠᠤᠯᠢᠴᠢ ᠶᠢᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠳᠤ ᠨᠡᠪᠴᠢᠭᠦᠯᠦᠨ᠎ᠡ︔ ᠬᠠᠤᠯᠢ ᠴᠠᠭᠠᠵᠠ ᠶᠢᠨ | ᠭᠠᠵᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠤᠯᠢ ᠴᠠᠭᠠᠵᠠ ᠶᠢᠨ ᠭᠠᠵᠠᠷ ᠤᠨ ᠬᠠᠮᠢᠶᠠᠷᠤᠯᠲᠠ᠂ | ᠬᠠᠤᠯᠢᠴᠢ ᠶᠢᠨ ᠲᠦᠷᠢ ᠲᠥᠷᠬᠦ ᠶᠢᠨ ᠪᠠᠶᠢᠭᠤᠯᠤᠯᠲᠠ ᠲᠠᠢ ᠨᠢᠭᠡᠳᠦᠭᠦᠯᠪᠡ᠃ 4 ᠬᠠᠤᠯᠢ ᠴᠠᠭᠠᠵᠠ ᠶᠢᠨ ᠭᠠᠵᠠᠷ ᠵᠢᠴᠢ | 5 ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠲᠤ ᠪᠠᠶᠢᠭᠤᠯᠤᠮᠵᠢ ᠶᠢᠨ ᠪᠤᠰᠤ ᠨᠠᠮ ᠤᠨ ᠡᠭᠦᠷ ᠢ ᠪᠠᠶᠢᠭᠤᠯᠵᠤ᠂ | ᠨᠠᠮ ᠤᠨ ᠭᠡᠰᠢᠭᠦᠨ ᠤ ᠬᠥᠮᠦᠨ ᠤ ᠲᠤᠭ᠎ᠠ ᠪᠠᠷ ᠨᠡᠯᠢᠶᠡᠳ ᠴᠥᠭᠡᠨ ᠪᠤᠶᠤ ᠨᠠᠮ ᠤᠨ ᠭᠡᠰᠢᠭᠦᠨ ᠦᠭᠡᠢ ᠬᠠᠤᠯᠢ | ᠴᠠᠭᠠᠵᠠ ᠶᠢᠨ ᠭᠠᠵᠠᠷ ᠲᠤ ᠨᠠᠮ ᠤᠨ ᠪᠠᠶᠢᠭᠤᠯᠤᠯᠲᠠ ᠶᠢᠨ ᠵᠢᠭᠠᠨ ᠵᠢᠯᠤᠭᠤᠳᠤᠭᠴᠢ ᠶᠢ ᠲᠣᠮᠢᠯᠠᠵᠤ᠂ ᠨᠠᠮ ᠤᠨ | ᠪᠠᠶᠢᠭᠤᠯᠤᠯᠲᠠ ᠶᠢᠨ ᠠᠵᠢᠯ ᠢ ᠨᠢ ᠵᠢᠯᠣᠭᠤᠳᠣᠭᠤᠯᠪᠠ᠃ | ᠬᠦᠲᠦᠯᠦᠭᠴᠢ᠄ ︽ᠨᠢᠭᠡ ᠪᠠᠷ ᠬᠥᠲᠥᠯᠦᠨ ᠳᠠᠭᠠᠭᠤᠯᠵᠤ᠂ ᠳᠣᠯᠤᠭ᠎ᠠ ᠶᠢ ᠤᠶᠠᠯᠳᠤᠭᠤᠯᠬᠤ︾ ᠠᠵᠢᠯ ᠤᠨ | ᠠᠷᠭ᠎ᠠ ᠨᠢ ᠪᠣᠳᠠᠲᠠᠶ ᠶᠠᠮᠠᠷ ᠶᠠᠮᠠᠷ ᠠᠵᠢᠯ ᠤᠨ ᠦᠷ᠎ᠡ ᠪᠦᠲᠦᠭᠡᠯ ᠲᠠᠢ ᠪᠣᠶ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠢᠨ ᠸᠧᠶ ᠵᠢᠶᠧ᠄ | 1᠂ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠯ᠎ᠠ ᠪᠠᠷ᠃ ᠨᠢᠭᠡᠨᠲᠡ ᠪᠠᠶᠢᠭᠤᠯᠤᠭᠰᠠᠨ ᠵᠡᠭᠡᠯᠢ | ᠭᠤᠳᠤᠮᠵᠢ ᠶᠢᠨ ᠨᠢᠭᠡᠳᠦᠭᠡᠷ ᠳᠡᠰ ᠤᠨ ᠬᠠᠤᠯᠢ ᠴᠠᠭᠠᠵᠠ ᠶᠢᠨ ᠭᠠᠵᠠᠷ ᠤᠨ ᠲᠠᠪᠴᠠᠩ᠂ ᠵᠡᠭᠡᠯᠢ ᠪᠠᠯᠭᠠᠰᠤ ᠶᠢᠨ | ᠶᠡᠷᠦᠩᠬᠡᠶᠢᠯᠡᠨ ᠵᠠᠰᠠᠬᠤ ᠲᠥᠪ ᠵᠡᠷᠭᠡ ᠳᠤ ᠲᠦᠰᠢᠭᠯᠡᠨ᠂ ᠵᠡᠭᠡᠯᠢ ᠪᠠᠯᠭᠠᠰᠤ ᠶᠢᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠶᠢ 10 ᠪᠠᠶᠢᠭᠤᠯᠵᠤ᠂ ᠪᠥᠬᠦ ᠲᠤᠭᠤᠷᠢᠭ ᠲᠤ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠠᠤᠯᠢ | ᠴᠠᠭᠠᠵᠠ ᠶᠢᠨ ᠲᠠᠶᠢᠯᠤᠮᠵᠢ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠢ ᠢᠳᠡᠪᠬᠢᠲᠡᠶ ᠥᠷᠨᠢᠭᠦᠯᠵᠦ᠂ ᠬᠠᠤᠯᠢ ᠴᠠᠭᠠᠵᠠ ᠶᠢᠨ | ᠭᠠᠵᠠᠷ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠭᠠᠵᠠᠷ᠂ ᠠᠯᠪᠠᠨ | ᠭᠡᠷᠡᠴᠢᠯᠡᠭᠡ ᠶᠢᠨ ᠭᠠᠵᠠᠷ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠰᠠᠶᠢᠲᠤᠷ | ᠬᠢᠨ᠎ᠡ᠃ | 2᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠯ᠎ᠠ ᠪᠠᠷ᠃ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠬᠢᠴᠢᠶᠡᠯ ᠤᠨ ᠲᠠᠩᠬᠢᠮ — ᠴᠢᠨᠦ ᠦᠯᠢᠭᠡᠷ ᠢᠶᠠᠨ ᠶᠠᠷᠢᠬᠤ︾ ᠨᠡᠷᠡᠲᠦ ᠲᠡᠮᠳᠡᠭ᠂ ︽ᠴᠢᠩᠱᠠᠨ | ᠲᠣᠭᠤᠷᠢᠭ ᠤᠨ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ | ᠭᠠᠵᠠᠷ︾᠂ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠵᠡᠷᠭᠡ ᠨᠡᠷᠡᠲᠦ ᠲᠡᠮᠳᠡᠭ ᠤᠨ ᠰᠠᠭᠤᠷᠢᠨ | ᠭᠠᠵᠠᠷ ᠤᠨ ᠦᠢᠯᠡᠳᠦᠯ ᠢ ᠠᠰᠢᠭᠯᠠᠵᠤ᠂ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ᠂ | ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠪᠠ ᠰᠠᠶᠢᠨ | ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ᠂ ᠰᠤᠷᠭᠠᠭᠤᠯᠢ ᠳᠤ ᠣᠷᠣᠭᠤᠯᠬᠤ ᠵᠡᠷᠭᠡ | ᠡᠳᠦᠷ ᠲᠤᠲᠤᠮ ᠤᠨ ᠤᠬᠠᠭᠤᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠣᠯᠠᠨ ᠲᠦᠮᠡᠨ ᠤ ᠬᠠᠤᠯᠢ | ᠴᠠᠭᠠᠵᠠ ᠶᠢᠨ ᠯᠠᠪᠯᠠᠯᠭ᠎ᠠ ᠶᠢ ᠬᠠᠷᠢᠭᠤᠯᠬᠤ᠂ ᠬᠠᠤᠯᠢ ᠪᠠᠷ ᠵᠠᠰᠠᠬᠤ ᠭᠤᠤᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠡᠪᠬᠡᠮᠡᠯ ᠬᠠᠭᠤᠳᠠᠰᠤ᠂ ᠤᠬᠠᠭᠤᠯᠭ᠎ᠠ ᠶᠢᠨ ᠳᠡᠪᠢᠭᠦᠷ ᠵᠢᠴᠢ ᠭᠠᠷ | ᠤᠭᠤᠲᠠ ᠲᠠᠷᠬᠠᠭᠠᠵᠤ᠂ ᠡᠯ᠎ᠡ ᠨᠡᠶᠢᠭᠡᠮ ᠲᠣᠭᠤᠷᠢᠭ ︵ᠲᠣᠰᠬᠤᠨ︶ ᠳᠤ ᠬᠠᠤᠯᠢ ᠪᠠᠷ ᠵᠠᠰᠠᠬᠤ ᠤᠬᠠᠭᠤᠯᠭ᠎ᠠ ᠶᠢᠨ | ᠪᠤᠯᠤᠩ᠂ ᠬᠠᠤᠯᠢ ᠪᠠᠷ ᠵᠠᠰᠠᠬᠤ ᠨᠣᠮ ᠪᠢᠴᠢᠭ ᠤᠨ ᠪᠤᠯᠤᠩ ᠵᠡᠷᠭᠡ ᠶᠢ ᠪᠠᠶᠢᠭᠤᠯᠤᠨ᠎ᠠ᠃ | 3᠂ ᠵᠢᠭᠤᠷᠠᠯᠳᠤᠭᠠᠨ ᠢ ᠰᠢᠢᠳᠪᠦᠷᠢᠯᠡᠬᠦ ᠲᠠᠯ᠎ᠠ ᠪᠠᠷ᠃ ︽ᠹᠧᠩ ᠴᠢᠶᠣᠤ ᠶᠢᠨ ᠲᠤᠷᠰᠢᠯᠭ᠎ᠠ︾ ᠶᠢ ᠮᠠᠨ ᠤ | ᠲᠤᠭᠤᠷᠢᠭ ᠤᠨ ᠪᠣᠳᠠᠲᠠᠶ ᠲᠠᠢ ᠤᠶᠠᠯᠳᠤᠭᠤᠯᠵᠤ᠂ ᠠᠷᠠᠳ ᠤᠨ ᠡᠶᠡᠳᠡᠭᠦᠯᠭᠡ ᠪᠠᠷ ᠵᠥᠷᠢᠴᠡᠯ ᠵᠢᠭᠤᠷᠠᠯᠳᠤᠭᠠᠨ ᠢ | ᠰᠡᠷᠭᠡᠶᠢᠯᠡᠨ ᠠᠷᠢᠯᠭᠠᠬᠤ ᠴᠢᠳᠠᠮᠵᠢ ᠶᠢ ᠴᠢᠩᠭᠠᠷᠠᠭᠤᠯᠤᠨ᠎ᠠ᠃ 2018 ᠣᠨ ᠳᠤ ᠲᠣᠭᠤᠷᠢᠭ ᠤᠨ ᠬᠡᠷ ᠪᠠᠶᠢᠰᠢᠩ ᠤᠨ | ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠰᠢᠭᠦᠬᠦ ᠬᠤᠷᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠯᠤᠭ᠎ᠠ ᠠᠳᠠᠯ ᠠᠬᠤᠶ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠤᠳᠤᠷᠢᠳᠬᠤ ᠳᠤᠭᠤᠶᠢᠯᠠᠩ | ᠪᠠᠶᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠢᠭᠤᠷᠠᠯᠳᠤᠭᠠᠨ ᠢ ᠬᠤᠯᠪᠣᠭᠠᠯᠠᠨ ᠳᠣᠭᠢᠷᠠᠭᠤᠯᠬᠤ ᠲᠥᠪ | ᠪᠠᠶᠢᠭᠤᠯᠵᠤ᠂ ᠬᠠᠤᠯᠢ ᠴᠠᠭᠠᠵᠠ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠠᠷᠠᠳ ᠤᠨ ᠡᠶᠡᠳᠡᠭᠦᠯᠭᠡ ᠶᠢ | ᠨᠢᠭᠲᠠ ᠬᠠᠮᠵᠢᠯᠴᠠᠭᠤᠯᠵᠤ᠂ ᠡᠶᠡᠳᠡᠭᠦᠯᠭᠡ ᠪᠠ ᠵᠠᠷᠭᠤ ᠶᠢ ᠪᠦᠲᠦᠮᠵᠢᠲᠡᠶ ᠵᠣᠯᠭᠠᠭᠤᠯᠤᠨ᠎ᠠ︔ ᠪᠤᠭᠤᠲᠤ ᠬᠤᠳᠠ ᠶᠢᠨ | ᠪᠠᠩᠬᠢ ᠶᠢᠨ ᠦᠢᠯᠡᠰ ᠤᠨ ᠨᠡᠶᠢᠭᠡᠮᠯᠢᠭ᠂ ᠪᠤᠭᠤᠲᠤ ᠬᠤᠳᠠ ᠶᠢᠨ ᠳᠠᠭᠠᠳᠬᠠᠯ ᠤᠨ ᠨᠡᠶᠢᠭᠡᠮᠯᠢᠭ ᠯᠦᠭᠡ ᠪᠤᠭᠤᠲᠤ | ᠬᠤᠳᠠ ᠶᠢᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠪᠠ᠃ | 2019 ᠣᠨ ᠳᠤ ᠪᠤᠭᠤᠲᠤ ᠬᠤᠳᠠ ᠶᠢᠨ ᠠᠩᠬᠠᠳᠠᠭᠴᠢ ᠠᠷᠠᠳ ᠤᠨ ᠡᠵᠡᠩᠨᠡᠯᠲᠡ ᠶᠢᠨ ᠵᠢᠵᠢᠭ ᠪᠢᠴᠢᠯ ᠠᠵᠤ | ᠠᠬᠤᠶᠢᠯᠠᠯ ᠤᠨ ᠵᠥᠷᠢᠴᠡᠯ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠵᠥᠪᠯᠡᠯ ᠵᠢᠴᠢ ᠬᠠᠤᠯᠢᠴᠢ ᠶᠢᠨ ᠡᠶᠡᠳᠡᠭᠦᠯᠬᠦ | ᠠᠵᠢᠯ ᠤᠨ ᠦᠷᠳᠡᠭᠡ ᠶᠢ ᠪᠠᠶᠢᠭᠤᠯᠪᠠ᠃ 2020 ᠣᠨ ᠳᠤ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤ ᠪᠠᠷ ᠮᠠᠨ ᠤ ᠬᠤᠲᠠ ᠶᠢᠨ ᠠᠩᠬᠠᠳᠠᠭᠴᠢ ᠬᠡᠷᠡᠭᠯᠡᠭᠡᠨ ᠤ | ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠪᠠ᠃ ᠣᠳᠣᠬᠠᠨ ᠳᠤ᠂ ᠴᠢᠩᠱᠠᠨ ᠲᠣᠭᠤᠷᠢᠭ ᠲᠤ ᠡᠯ᠎ᠡ | ᠲᠥᠷᠥᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ 169᠂ ᠵᠡᠭᠡᠯᠢ ᠪᠠᠯᠭᠠᠰᠤᠨ ᠤ ᠡᠶᠡᠳᠡᠭᠦᠯᠬᠦ ᠺᠣᠮᠢᠰ 10᠂ | ᠨᠡᠶᠢᠭᠡᠮ ᠲᠣᠭᠤᠷᠢᠭ ᠲᠣᠰᠬᠤᠨ ᠤ ᠡᠶᠡᠳᠡᠭᠦᠯᠬᠦ ᠺᠣᠮᠢᠰ 77᠂ ᠲᠤᠰᠬᠠᠶ ᠮᠡᠷᠭᠡᠵᠢᠯ ᠤᠨ ᠴᠢᠨᠠᠷᠲᠠᠶ᠂ ᠠᠵᠢᠯ | ᠲᠥᠷᠥᠯ ᠤᠨ ᠴᠢᠨᠠᠷᠲᠠᠶ ᠡᠶᠡᠳᠡᠭᠦᠯᠬᠦ ᠺᠣᠮᠢᠰ 7 ᠪᠠᠶᠢᠭᠤᠯᠵᠤ᠂ ᠵᠠᠮ ᠬᠠᠷᠢᠯᠴᠠᠭ᠎ᠠ᠂ ᠬᠡᠷᠡᠭᠯᠡᠭᠡ᠂ ᠣᠷᠤᠭ ᠬᠡᠷ ᠪᠦᠯᠢ᠂ | ᠠᠳᠠᠯ ᠠᠬᠤᠶ᠂ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡ ᠵᠡᠷᠭᠡ ᠳᠤ ᠬᠤᠯᠪᠣᠭᠳᠠᠵᠠᠶ᠃ | ᠵᠢᠱᠢᠶᠡᠯᠡᠪᠡᠯ ᠴᠢᠩᠱᠠᠨ ᠲᠣᠭᠤᠷᠢᠭ ᠤᠨ ᠵᠠᠮ ᠬᠠᠷᠢᠯᠴᠠᠭᠠᠨ ᠤ ᠡ᠊ᠨᠳᠡᠯ ᠤᠨ ᠠᠷᠠᠳ ᠤᠨ ᠡᠶᠡᠳᠡᠭᠦᠯᠭᠡ ᠶᠢᠨ ᠺᠣᠮᠢᠰ | ᠲᠤᠰᠬᠠᠶ ᠠᠵᠢᠯ ᠤᠨ ᠠᠷᠠᠳ ᠤᠨ ᠡᠶᠡᠳᠡᠭᠦᠯᠦᠭᠴᠢ ᠤᠷᠢᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ | ᠮᠥᠴᠢᠷ ᠤᠨ ᠠᠵᠢᠯ ᠤᠨ ᠬᠡᠮᠵᠢᠶ᠎ᠡ ᠶᠢ ᠲᠦᠢᠯ ᠤᠨ ᠶᠡᠭᠡ ᠪᠠᠷ ᠬᠥᠩᠭᠡᠷᠡᠭᠦᠯᠪᠡ︔ ᠠᠳᠠᠯ ᠠᠬᠤᠶ ᠶᠢᠨ | ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠨᠢ ᠠᠳᠠᠯ ᠠᠬᠤᠶ ᠶᠢᠨ ᠺᠣᠮᠫᠠᠨᠢ ᠪᠠ ᠥᠮᠴᠢᠲᠡᠨ ᠤ | ᠬᠤᠭᠤᠷᠣᠨᠳᠣᠬᠢ ᠵᠥᠷᠢᠴᠡᠯ ᠢ ᠠᠷᠢᠯᠭᠠᠵᠤ᠂ ᠲᠤᠬᠠᠶ ᠶᠢᠨ ᠬᠥᠮᠦᠨ ᠤ ᠴᠠᠭ ᠤᠨ ᠥᠪᠡᠷ ᠤᠨ ᠦᠷᠳᠡᠭ ᠪᠠ ᠡᠷᠬᠡ ᠪᠠᠨ | ᠬᠠᠮᠠᠭᠠᠯᠠᠬᠤ ᠥᠪᠡᠷ ᠤᠨ ᠦᠷᠳᠡᠭ ᠢ ᠪᠠᠭᠠᠰᠬᠠᠪᠠ︔ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ | ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ᠃ ᠰᠠᠯᠠᠭ᠎ᠠ ᠮᠥᠴᠢᠷ ᠤᠨ | ᠵᠣᠯᠭᠠᠯᠴᠠᠭ᠎ᠠ ᠶᠢᠨ ︽ᠲᠦᠭᠵᠢᠷᠡᠯ︾ ᠢ ᠰᠢᠯᠤᠭᠤᠳᠬᠠᠵᠤ᠂ ᠬᠠᠤᠯᠢ ᠴᠠᠭᠠᠵᠠ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ | ᠡᠶᠡᠳᠡᠭᠦᠯᠭᠡ᠂ ᠠᠷᠠᠳ ᠤᠨ ᠡᠶᠡᠳᠡᠭᠦᠯᠭᠡ ᠶᠢ ᠣᠷᠭᠠᠨᠢᠭ ᠢᠶᠠᠷ ᠤᠶᠠᠯᠳᠤᠭᠤᠯᠤᠨ᠎ᠠ᠃ ᠲᠣᠭᠤᠷᠢᠭ ᠤᠨ ᠰᠢᠭᠦᠬᠦ | ᠬᠤᠷᠢᠶ᠎ᠠ ᠳᠤ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠠᠰᠤᠭ ᠭᠠᠷᠭᠠᠵᠤ᠂ ᠲᠤᠰᠬᠠᠶ ᠲᠤᠰᠢᠶᠠᠯᠲᠤ | ᠬᠠᠤᠯᠢᠴᠢ ᠶᠢ ᠤᠷᠢᠵᠤ ᠣᠨᠴᠠ ᠤᠷᠢᠭᠰᠠᠨ ᠡᠶᠡᠳᠡᠭᠦᠯᠦᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠵᠠᠭᠠᠯᠳᠤᠬᠤ ᠠᠴᠠ | ᠡᠮᠦᠨ᠎ᠡ ᠡᠶᠡᠳᠡᠭᠦᠯᠬᠦ ᠠᠵᠢᠯ ᠢ ᠥᠷᠨᠢᠭᠦᠯᠦᠨ᠂ ᠵᠠᠷᠭᠤ ᠳᠤ ᠬᠤᠯᠪᠣᠭᠳᠠᠭᠰᠠᠨ ᠡᠯ᠎ᠡ ᠲᠦᠷᠦᠯ ᠤᠨ ᠬᠡᠷᠡᠭ ᠢ ᠰᠠᠯᠭᠠᠨ | ᠡᠶᠡᠳᠡᠭᠦᠯᠵᠦ ᠰᠢᠢᠳᠪᠦᠷᠢᠯᠡᠪᠡ︔ ᠲᠣᠭᠤᠷᠢᠭ ᠤᠨ ᠪᠠᠶᠢᠴᠠᠭᠠᠬᠤ ᠬᠤᠷᠢᠶ᠎ᠠ ᠳᠤ ᠡᠶᠡᠳᠡᠭᠦᠯᠬᠦ ᠲᠠᠰᠤᠭ ᠭᠠᠷᠭᠠᠪᠠ︔ | ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠠᠮᠲᠤᠷᠠᠨ ᠡᠶᠡᠳᠡᠭᠦᠯᠦᠨ ᠰᠢᠢᠳᠪᠦᠷᠢᠯᠡᠬᠦ ᠲᠠᠰᠤᠭ | ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠬᠠᠤᠯᠢᠴᠢ ᠶᠢ ᠣᠷᠣᠭᠤᠯᠤᠨ ᠰᠠᠭᠤᠯᠭᠠᠵᠤ᠂ ᠴᠢᠬᠤᠯᠠ ᠶᠡᠭᠡ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠪᠠ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠢ | ᠡᠶᠡᠳᠡᠭᠦᠯᠦᠨ ᠰᠢᠢᠳᠪᠦᠷᠢᠯᠡᠬᠦ ᠳᠤ ᠣᠷᠣᠯᠴᠠᠭᠤᠯᠤᠨ᠎ᠠ︔ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠲᠠᠢ ᠬᠠᠮᠲᠤᠷᠠᠨ ︽ᠬᠤᠶᠠᠷ ᠭᠠᠵᠠᠷ ᠭᠤᠷᠪᠠᠨ ᠬᠠᠮᠲᠤ ᠪᠠᠷ ᠠᠵᠢᠯᠯᠠᠬᠤ︾᠂ ᠲᠤᠬᠠᠶᠢᠯᠠᠪᠠᠯ ᠲᠣᠮᠢᠯᠠᠭᠰᠠᠨ | ᠰᠠᠯᠪᠤᠷᠢ᠂ ᠬᠠᠤᠯᠢ ᠴᠠᠭᠠᠵᠠ ᠶᠢᠨ ᠭᠠᠵᠠᠷ ᠬᠤᠶᠠᠷ ᠭᠠᠵᠠᠷ ᠬᠤᠯᠪᠣᠭᠠᠯᠠᠨ ᠬᠥᠳᠡᠯᠦᠯᠴᠡᠵᠦ᠂ ᠬᠠᠮᠲᠤ ᠪᠠᠷ ᠰᠡᠷᠭᠡᠶᠢᠯᠡᠬᠦ᠂ | ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ ᠲᠣᠭᠲᠠᠴᠠ ᠶᠢ ᠪᠡᠶᠡᠯᠡᠭᠦᠯᠦᠨ᠂ ᠦᠨᠳᠦᠰᠦᠨ ᠱᠠᠲᠤᠨ ᠤ | ᠴᠠᠭᠳᠠᠭᠠᠨ ᠤ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠰᠢᠩ ᠱᠧᠩ ᠪᠠᠯᠭᠠᠰᠤᠨ ᠤ ᠲᠣᠮᠢᠯᠠᠭᠰᠠᠨ | ᠰᠠᠯᠪᠤᠷᠢ᠂ ᠬᠠᠤᠯᠢ ᠴᠠᠭᠠᠵᠠ ᠶᠢᠨ ᠭᠠᠵᠠᠷ ᠢᠶᠠᠷ ᠥᠯᠢᠭᠡᠷ ᠳᠠᠭᠤᠷᠢᠶᠠᠯ ᠪᠣᠯᠭᠠᠨ᠂ ᠠᠯᠪᠠᠨ ᠠᠴᠠ ᠡᠶᠡᠳᠡᠭᠦᠯᠬᠦ ᠶᠢ | ᠵᠣᠯᠭᠠᠭᠤᠯᠬᠤ ᠲᠠᠰᠤᠭ ᠭᠠᠷᠭᠠᠵᠤ᠂ ᠰᠠᠭᠤᠭᠠᠯᠢ ᠠᠷᠠᠳ ᠲᠤ ᠨᠢᠭᠡ ᠯᠡ ᠤᠳᠠᠭ᠎ᠠ ᠭᠦᠶᠦᠪᠡᠯ ᠳᠠᠷᠤᠶ ᠲᠣᠮᠢᠯᠠᠭᠰᠠᠨ | ᠰᠠᠯᠪᠤᠷᠢ ᠪᠣᠯᠤᠨ ᠬᠠᠤᠯᠢ ᠪᠠᠷᠢᠬᠤ ᠭᠠᠵᠠᠷ ᠤᠨ ᠬᠠᠲᠠᠭᠤ ᠵᠥᠭᠡᠯᠡᠨ ᠢ ᠬᠤᠤᠰᠯᠠᠭᠤᠯᠤᠭᠰᠠᠨ ᠬᠠᠤᠯᠢ ᠴᠠᠭᠠᠵᠠ ᠶᠢᠨ | ᠦᠢᠯᠡᠴᠢᠯᠡᠭᠡ ᠶᠢ ᠬᠦᠷᠲᠡᠭᠡᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ | ᠬᠡᠷᠡᠭᠯᠡᠭᠡᠨ ᠤ ᠵᠢᠭᠤᠷᠠᠯᠳᠤᠭᠠᠨ ᠢ ᠡᠶᠡᠳᠡᠭᠦᠯᠬᠦ ᠺᠣᠮᠢᠰ ᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ 11 | ᠭᠠᠵᠠᠷ ᠲᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠠᠰᠤᠭ ᠢ ᠪᠠᠶᠢᠭᠤᠯᠪᠠ᠃ ︽ᠲᠤᠰᠬᠠᠶ ᠵᠦᠢᠯ + ᠡᠳᠦᠷ | ᠲᠤᠳᠤᠮ ᠤᠨ ᠠᠵᠢᠯ︾ ᠳᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ | ᠰᠢᠢᠳᠪᠦᠷᠢᠯᠡᠬᠦ ᠠᠵᠢᠯ ᠢ ᠬᠢᠨᠠᠮᠠᠭᠠᠶ ᠥᠷᠨᠢᠭᠦᠯᠪᠡ᠃ ᠡᠯ᠎ᠡ ᠬᠠᠤᠯᠢ ᠴᠠᠭᠠᠵᠠ ᠶᠢᠨ ᠭᠠᠵᠠᠷ ᠤᠨ ᠬᠢᠨ ᠰᠠᠷ᠎ᠠ ᠪᠦᠷᠢ | ᠬᠤᠶᠠᠷ ᠤᠳᠠᠭ᠎ᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ᠴᠢᠬᠤᠯᠠ ᠪᠠᠶᠠᠷ | ᠳᠤᠷᠠᠰᠬᠠᠯ ᠤᠨ ᠡᠳᠦᠷ ᠪᠠ ᠴᠢᠬᠤᠯᠠ ᠶᠡᠭᠡ ᠠᠵᠢᠯᠯᠠᠭ᠎ᠠ ᠲᠠᠢ ᠲᠣᠬᠢᠶᠠᠯᠳᠤᠪᠠᠯ ᠲᠤᠰᠬᠠᠢ ᠵᠢᠭᠰᠠᠭᠠᠨ ᠪᠠᠶᠢᠴᠠᠭᠠᠬᠤ ᠶᠢ | ᠪᠠᠷᠢᠮᠲᠠᠯᠠᠵᠤ᠂ ᠵᠥᠷᠢᠴᠡᠯ ᠢ ᠵᠢᠭᠰᠠᠭᠠᠨ ᠪᠠᠶᠢᠴᠠᠭᠠᠬᠤ ᠠᠵᠢᠯ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ | ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠲᠦᠮᠵᠢᠲᠡᠢ ᠬᠠᠮᠠᠭᠠᠯᠠᠪᠠ᠃ | 4᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠠᠯ᠎ᠠ ᠪᠠᠷ᠃ ︽ᠰᠦᠯᠵᠢᠶᠡᠨ ᠳᠡᠭᠡᠷᠡᠬᠢ + | ᠰᠦᠯᠵᠢᠶᠡᠨ ᠭᠠᠳᠠᠨᠠᠬᠢ︾ ᠶᠢᠨ ᠤᠬᠠᠭᠤᠯᠭ᠎ᠠ ᠪᠠᠷ ᠲᠠᠮᠵᠢᠨ ᠤᠯᠠᠨ ᠲᠦᠮᠡᠨ ᠢ ᠥᠷᠭᠡᠨ ᠢᠶᠠᠷ ᠲᠠᠶᠢᠴᠢᠯᠠᠪᠠ᠃ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠠᠯᠪᠠᠨ ᠭᠡᠷᠡᠴᠢᠯᠡᠭᠡᠨ ᠤ | ᠭᠠᠵᠠᠷ ᠤᠨ ᠦᠢᠯᠡᠳᠦᠯ ᠢ ᠪᠠᠳᠠᠷᠠᠭᠤᠯᠵᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠵᠤ | ᠡᠷᠦᠬᠡ ᠳᠤ ᠣᠷᠣᠭᠤᠯᠬᠤ᠂ ᠲᠥᠪᠯᠡᠷᠡᠭᠦᠯᠦᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠥᠳᠡᠭᠡ | ᠲᠣᠰᠬᠤᠨ ᠳᠤ ᠭᠦᠨᠵᠡᠭᠡᠶᠢᠷᠡᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠠᠤᠯᠢ ᠪᠠᠷ ᠵᠠᠰᠠᠬᠤ | ᠤᠬᠠᠭᠤᠯᠭ᠎ᠠ ᠶᠢ ᠥᠷᠨᠢᠭᠦᠯᠦᠨ᠎ᠡ᠃ ᠬᠠᠤᠯᠢ ᠪᠠᠷ ᠵᠠᠰᠠᠬᠤ ᠴᠡᠴᠡᠷᠯᠢᠭ᠂ ᠬᠠᠤᠯᠢ ᠪᠠᠷ ᠵᠠᠰᠠᠬᠤ ᠨᠢᠭᠡ ᠵᠡᠭᠡᠯᠢ᠂ ᠴᠢᠩᠱᠠᠨ | ᠤ ᠬᠠᠤᠯᠢ ᠴᠠᠭᠠᠵᠠ ᠶᠢᠨ ᠸᠢᠴᠠᠲ ᠤᠨ ᠤᠯᠠᠨ ᠨᠡᠶᠢᠲᠡ ᠶᠢᠨ ᠲᠠᠪᠴᠠᠩ ᠵᠡᠷᠭᠡ ᠬᠠᠤᠯᠢ ᠪᠠᠷ ᠵᠠᠰᠠᠬᠤ ᠵᠢᠭᠰᠠᠭᠠᠯ ᠤᠨ | ᠭᠠᠵᠠᠷ ᠢ ᠪᠠᠳᠠᠷᠠᠭᠤᠯᠤᠨ ᠭᠤᠣᠯ ᠰᠡᠳᠦᠪᠲᠦ ᠤᠬᠠᠭᠤᠯᠭ᠎ᠠ ᠶᠢ ᠥᠷᠨᠢᠭᠦᠯᠪᠡ᠃ ᠢᠯᠡᠴᠢᠯᠡᠨ ᠮᠡᠳᠡᠭᠦᠯᠦᠭᠰᠡᠨ | ᠰᠦᠪᠡᠭᠴᠢ ᠶᠢ ᠢᠳᠡᠪᠬᠢᠲᠡᠶ ᠪᠠᠷ ᠴᠤᠭᠯᠠᠭᠤᠯᠵᠤ᠂ ᠬᠠᠤᠯᠢᠴᠢ ᠶᠢᠨ ᠬᠠᠷ᠎ᠠ ᠨᠡᠶᠢᠭᠡᠮ ᠳᠤ ᠬᠤᠯᠪᠣᠭᠳᠠᠭᠰᠠᠨ ᠬᠠᠷᠭᠢᠰ | ᠬᠦᠴᠦᠨ ᠳᠤ ᠬᠤᠯᠪᠣᠭᠳᠠᠭᠰᠠᠨ ᠬᠡᠷᠡᠭ ᠲᠤ ᠣᠷᠣᠯᠴᠠᠬᠤ ᠠᠵᠢᠯ ᠤᠨ ᠮᠡᠳᠡᠭᠦᠯᠦᠯᠲᠡ ᠶᠢᠨ ᠲᠦᠷᠢᠮ ᠢ ᠴᠢᠩᠭ᠎ᠠ | ᠬᠡᠷᠡᠭᠵᠢᠭᠦᠯᠪᠡ᠃ | ᠬᠦᠲᠦᠯᠦᠭᠴᠢ᠄ ᠲᠠ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠲᠠᠨᠢᠯᠴᠠᠭᠤᠯᠤᠭᠠᠳ ᠥᠭᠭᠦᠨ᠎ᠡ | ᠤᠤ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠢᠨ ᠸᠧᠶ ᠵᠢᠶᠧ᠄ | 1᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠨᠠᠷᠢᠨ ᠨᠢᠮᠪᠠᠶ ᠳᠣᠭᠢᠷᠠᠭᠤᠯᠤᠨ | ᠪᠠᠶᠢᠷᠢᠯᠠᠭᠤᠯᠤᠨ᠎ᠠ᠃ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠲᠤᠰᠬᠠᠶᠢᠯᠠᠨ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ | ᠱᠦᠵᠢ ᠮᠧᠩ ᠹᠠᠨ ᠯᠢ ᠶᠢᠨ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠬᠤᠷᠠᠯ ᠳᠡᠭᠡᠷᠡᠬᠢ ᠶᠠᠷᠢᠶ᠎ᠠ ᠪᠠ ︽ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠵᠤ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠢ | ᠤᠯᠠᠮᠵᠢᠯᠠᠨ ᠰᠤᠷᠤᠯᠴᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ᠂ ᠬᠠᠤᠯᠢ | ᠬᠡᠷᠡᠭᠵᠢᠭᠦᠯᠦᠯᠲᠡ ᠶᠢᠨ ᠪᠦᠬᠦ ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠦᠯᠲᠡ ᠶᠢᠨ | ᠲᠣᠭᠲᠠᠭᠠᠯ ᠳᠤ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠬᠢᠬᠦ ︽ᠭᠤᠷᠪᠠᠨ ᠵᠦᠢᠯ ᠤᠨ ᠲᠦᠷᠢᠮ︾ ᠢ ᠪᠦᠬᠦ | ᠲᠠᠯ᠎ᠠ ᠪᠠᠷ ᠬᠡᠷᠡᠭᠵᠢᠭᠦᠯᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠬᠡᠷᠡᠭ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠦᠨ᠎ᠡ᠃ ︽ᠴᠢᠩᠱᠠᠨ ᠲᠣᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠷᠪᠠᠨ ᠵᠦᠢᠯ ᠤᠨ ᠠᠷᠭ᠎ᠠ ᠬᠡᠮᠵᠢᠶ᠎ᠡ︾ ︽ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ | ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ | ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ ︽ᠬᠠᠤᠯᠢᠴᠢ ᠪᠠ ᠠᠵᠤ ᠠᠬᠤᠶᠢᠯᠠᠯ ᠢ | ᠬᠠᠮᠲᠤ ᠪᠠᠷ ᠪᠠᠶᠢᠭᠤᠯᠬᠤ︾᠂ ︽ᠬᠠᠤᠯᠢ ᠴᠠᠭᠠᠵᠠ ᠶᠢᠨ ᠪᠠ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ︾ ᠪᠠ | ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠠᠵᠤ | ᠠᠬᠤᠶᠢᠯᠠᠯ ᠤᠨ ᠡᠵᠡᠩᠨᠡᠯᠲᠡ ᠶᠢᠨ ᠠᠶᠤᠯ ᠲᠦᠭᠰᠢᠭᠦᠷᠢ ᠶᠢ ᠪᠠᠭᠠᠰᠬᠠᠨ ᠬᠢᠵᠠᠭᠠᠷᠯᠠᠨ᠎ᠠ᠃ ᠠᠯᠪᠠᠨ ᠭᠡᠷᠡᠴᠢᠯᠡᠭᠡ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠠᠷᠭ᠎ᠠ ᠵᠠᠮ ᠢ ᠥᠷᠭᠡᠳᠬᠡᠨ᠂ ᠦᠢᠯᠡᠴᠢᠯᠡᠭᠡᠨ ᠤ ᠠᠵᠤ ᠠᠬᠤᠶᠢᠯᠠᠯ ᠳᠤ | ᠠᠮᠠᠯᠳᠠᠬᠤ ᠲᠦᠷᠢᠮ ᠢ ᠬᠡᠷᠡᠭᠵᠢᠭᠦᠯᠵᠦ᠂ ᠠᠯᠪᠠᠨ ᠭᠡᠷᠡᠴᠢᠯᠡᠭᠡ ᠶᠢ ᠭᠦᠢᠴᠡᠳᠭᠡᠬᠦ ᠰᠠᠭᠠᠳ ᠥᠬᠡᠶ ᠨᠡᠪᠲᠡᠷᠡᠬᠦ ᠵᠠᠮ ᠢ | ᠨᠡᠭᠡᠭᠡᠨ᠎ᠡ᠃ ︽ᠴᠢᠩᠱᠠᠨ ᠲᠣᠭᠤᠷᠢᠭ ᠤᠨ ᠬᠡᠷᠡᠭᠯᠡᠭᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠠᠵᠢᠯ ᠤᠨ | ᠲᠦᠷᠢᠮ︾ ︽ᠠᠷᠢᠯᠭᠠᠬᠤ ᠪᠠ ᠵᠣᠬᠢᠴᠠᠭᠤᠯᠬᠤ ᠶᠢ ᠵᠣᠯᠭᠠᠭᠤᠯᠵᠤ ᠡᠶᠡᠳᠡᠭᠦᠯᠦᠨ ᠰᠢᠢᠳᠪᠦᠷᠢᠯᠡᠬᠦ ᠦᠨᠳᠦᠰᠦᠨ ᠵᠠᠷᠴᠢᠮ︾ | ᠢ ᠪᠠᠶᠢᠭᠤᠯᠵᠤ᠂ ︽ᠡᠶᠡᠳᠡᠭᠦᠯᠬᠦ ᠠᠵᠢᠯ ᠤᠨ ᠲᠦᠷᠢᠮ︾ ᠢ ᠨᠡᠶᠢᠲᠡᠯᠡᠵᠦ᠂ ︽ᠴᠢᠩᠱᠠᠨ ᠲᠣᠭᠤᠷᠢᠭ ᠤᠨ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ | ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠡᠭᠦᠯᠳᠡᠷᠵᠢᠭᠦᠯᠪᠡ᠃ ᠠᠵᠤ ᠠᠬᠤᠶᠢᠯᠠᠯ ᠳᠤ ᠬᠤᠯᠪᠣᠭᠳᠠᠬᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ | ᠴᠢᠩᠭᠠᠳᠬᠠᠵᠤ᠂ ᠠᠵᠤ ᠠᠬᠤᠶᠢᠯᠠᠯ ᠤᠨ ᠠᠰᠢᠭ ᠲᠤᠰᠠ ᠳᠤ ᠬᠠᠯᠳᠠᠭᠰᠠᠨ᠂ ᠵᠦᠶ ᠶᠣᠰᠣᠨ ᠤ ᠥᠷᠢᠰᠥᠯᠳᠦᠭᠡᠨ ᠳᠤ | ᠠᠰᠢᠭ ᠥᠬᠡᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠶᠢ ᠲᠠᠰᠤ ᠵᠣᠭᠰᠣᠭᠠᠬᠤ ᠬᠡᠷᠡᠭᠲᠡᠶ᠃ | ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠲᠠᠢ ᠨᠢᠭᠡᠳᠦᠯ ᠥᠬᠡᠶ᠂ ᠬᠠᠷᠢᠯᠴᠠᠨ | ᠬᠠᠷᠰᠢᠯᠳᠤᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠵᠤ᠂ ᠬᠠᠤᠯᠢ ᠪᠠᠷ | ᠵᠠᠰᠠᠬᠤ ᠶᠢᠨ ᠨᠢᠭᠡᠳᠦᠯ ᠢ ᠪᠥᠬᠦ ᠲᠠᠯ᠎ᠠ ᠪᠠᠷ ᠪᠠᠲᠤᠯᠠᠨ᠎ᠠ᠃ | 2᠂ ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠦᠨᠡᠨ ᠰᠡᠳᠬᠢᠯᠭᠡ ᠪᠠᠷ ᠠᠵᠤ | ᠠᠬᠤᠶᠢᠯᠠᠯ ᠳᠤ ᠬᠦᠴᠦᠨ ᠨᠡᠮᠡᠷᠢᠯᠡᠨ᠎ᠡ᠃ ︽ᠢᠨᠲ᠋ᠧᠷ ᠰᠦᠯᠵᠢᠶ᠎ᠡ + ᠬᠠᠤᠯᠢᠴᠢ︾ ᠶᠢᠨ ᠲᠥᠷᠥᠯ ᠵᠦᠢᠯ ᠢ ᠡᠬᠢᠯᠡᠭᠦᠯᠵᠦ᠂ | ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠢᠨᠲ᠋ᠧᠷ ᠰᠦᠯᠵᠢᠶ᠎ᠡ· | ᠬᠥᠮᠦᠨ ᠥᠬᠡᠶ ᠬᠠᠤᠯᠢ ᠴᠠᠭᠠᠵᠠ ᠶᠢᠨ ᠭᠠᠵᠠᠷ︾ ᠨᠢᠭᠡ᠂ ︽ᠠᠵᠤ ᠠᠬᠤᠶᠢᠯᠠᠯ ᠤᠨ ᠬᠠᠤᠯᠢ ᠶᠢᠨ ᠶᠠᠪᠤᠳᠠᠯ ᠤᠨ | ᠲᠤᠰᠠᠯᠠᠭᠴᠢ︾ ᠨᠢᠭᠡ ᠶᠢ ᠤᠭᠰᠠᠷᠠᠪᠠ︔ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠶᠡᠭᠡ ᠲᠢᠩᠬᠢᠮ ᠳᠤ | ᠶᠡᠷᠦᠩᠬᠡᠶᠢᠯᠡᠭᠰᠡᠨ ᠦᠢᠯᠡᠴᠢᠯᠡᠭᠡᠨ ᠤ ᠨᠢᠭᠡ ᠴᠣᠭᠴᠠᠲᠤ ᠮᠠᠰᠢᠨ ᠢ ᠤᠭᠰᠠᠷᠠᠨ᠎ᠠ︔ ᠰᠢᠨᠵᠢᠯᠡᠬᠦ ᠤᠬᠠᠭᠠᠨᠴᠢ ᠵᠠᠮ ᠤᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ︽ᠲᠣᠰᠬᠤᠨ ᠤ ᠰᠠᠭᠤᠭᠠᠯᠢ ᠠᠷᠠᠳ ᠤᠨ ᠬᠠᠤᠯᠢ | ᠴᠠᠭᠠᠵᠠ ᠶᠢᠨ ᠶᠠᠪᠤᠳᠠᠯ ᠤᠨ ᠲᠤᠰᠠᠯᠠᠭᠴᠢ︾ ᠨᠢᠭᠡ ᠶᠢ ᠤᠭᠰᠠᠷᠠᠪᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠬᠡᠷᠡᠭᠯᠡᠨ᠂ ᠰᠦᠯᠵᠢᠶᠡᠨ ᠠᠴᠠ ᠭᠠᠳᠠᠭᠤᠷᠬᠢ ᠪᠣᠳᠠᠲᠤ ᠴᠣᠭᠴᠠ ᠶᠢᠨ ᠤᠶᠤᠨᠲᠤ ᠦᠵᠦᠭᠦᠷ ᠢᠶᠠᠷ | ᠳᠠᠮᠵᠢᠭᠤᠯᠤᠨ᠂ ᠮᠠᠰᠢ ᠤᠯᠠᠨ ᠬᠠᠤᠯᠢᠴᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠢᠨᠲ᠋ᠧᠷ ᠰᠦᠯᠵᠢᠶᠡᠨ ᠤ | ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤ ᠪᠠᠷ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠮᠠᠨ ᠤ | ᠬᠤᠲᠠ ᠶᠢᠨ ᠠᠩᠬᠠᠳᠠᠭᠴᠢ ᠬᠡᠷᠡᠭᠯᠡᠭᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ — ᠴᠢᠩᠱᠠᠨ | ᠲᠣᠭᠤᠷᠢᠭ ᠤᠨ ᠬᠡᠷᠡᠭᠯᠡᠭᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠢ ᠬᠠᠤᠯᠢ ᠶᠣᠰᠣᠭᠠᠷ ᠪᠠᠶᠢᠭᠤᠯᠪᠠ᠃ | ᠬᠠᠤᠯᠢᠴᠢ ᠶᠢ ᠵᠣᠬᠢᠶᠠᠨ ᠪᠠᠶᠢᠭᠤᠯᠤᠨ ᠪᠤᠭᠤᠲᠤ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠤᠷᠤᠭᠤᠯᠵᠦ᠂ ᠬᠦᠷᠢᠶᠡᠯᠡᠩ ᠲᠣᠭᠤᠷᠢᠭ ᠤᠨ ᠳᠣᠲᠣᠷᠠᠬᠢ 30 ᠭᠠᠷᠤᠢ ᠠᠵᠤ | ᠠᠬᠤᠶᠢᠯᠠᠯ ᠳᠤ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠵᠢᠴᠢ ᠠᠵᠤ ᠠᠬᠤᠶᠢᠯᠠᠯ ᠤᠨ ᠬᠠᠤᠯᠢ | ᠲᠣᠭᠲᠠᠭᠠᠯ ᠤᠨ ᠶᠠᠷᠢᠯᠴᠠᠬᠤ ᠬᠤᠷᠠᠯ ᠥᠷᠨᠢᠭᠦᠯᠪᠡ᠃ ᠪᠤᠭᠤᠲᠤ ᠬᠤᠲᠠ ᠶᠢᠨ ᠬᠤᠩ ᠵᠢᠶᠠᠨ ᠤ ᠠᠯᠪᠠᠨ | ᠭᠡᠷᠡᠴᠢᠯᠡᠭᠡ ᠶᠢᠨ ᠭᠠᠵᠠᠷ ︽ᠮᠦᠩᠬᠡ ᠰᠤᠪᠠᠭ︾ ᠤᠨ ᠦᠵᠦᠭᠦᠷ ᠢ ᠵᠣᠯᠭᠠᠭᠤᠯᠬᠤ ᠶᠢ ᠤᠷᠤᠭᠰᠢᠲᠠᠶ ᠪᠡᠶᠡᠯᠡᠭᠦᠯᠵᠦ᠂ | ᠲᠤᠬᠠᠶ ᠶᠢᠨ ᠬᠥᠮᠦᠨ ᠭᠠᠷ ᠤᠲᠠᠰᠤ ᠪᠠᠷ ᠢᠶᠠᠨ ︽ᠮᠦᠩᠬᠡ ᠰᠤᠪᠠᠭ︾ ᠤᠨ ᠵᠥᠭᠡᠯᠡᠨ ᠲᠣᠨᠤᠭ ᠢ ᠪᠠᠭᠤᠯᠭᠠᠵᠤ | ᠠᠪᠬᠤ ᠶᠢ ᠪᠡᠶᠡᠯᠡᠭᠦᠯᠵᠦ᠂ ᠬᠡᠷ ᠠᠴᠠ ᠪᠠᠨ ᠭᠠᠷᠬᠤ ᠥᠬᠡᠶ ᠪᠠᠷ ᠰᠦᠯᠵᠢᠶᠡᠨ ᠳᠡᠭᠡᠷᠡᠬᠢ ᠠᠯᠪᠠᠨ ᠭᠡᠷᠡᠴᠢᠯᠡᠭᠡ ᠶᠢᠨ | ᠯᠠᠪᠯᠠᠭ᠎ᠠ ᠪᠠ ᠠᠯᠪᠠᠨ ᠭᠡᠷᠡᠴᠢᠯᠡᠭᠡ ᠶᠢᠨ ᠭᠤᠶᠤᠴᠢᠯᠠᠯ ᠤᠨ ᠳᠥᠭᠦᠮ ᠳᠥᠲᠡ ᠦᠢᠯᠡᠴᠢᠯᠡᠭᠡ ᠶᠢ ᠭᠥᠷᠳᠡᠵᠦ ᠴᠢᠳᠠᠬᠤ | ᠪᠣᠯᠤᠭᠰᠠᠨ ᠪᠠᠶᠢᠨ᠎ᠠ᠃ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠠᠢ ᠬᠠᠮᠲᠤ ᠪᠠᠷ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ︾ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠠᠵᠤ | ᠠᠬᠤᠶᠢᠯᠠᠯ ᠳᠤ ᠬᠦᠷᠭᠡᠨ᠎ᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠪᠤᠭᠤᠲᠤ ᠶᠢᠨ ᠼᠠᠩ ᠬᠤᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠪᠤᠭᠤᠲᠤ ᠶᠢᠨ ᠵᠢᠩ ᠤᠣ | ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠠᠨ ᠱᠠᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ︽ᠬᠠᠤᠯᠢᠴᠢ ᠶᠢ ᠠᠵᠤ ᠠᠬᠤᠶᠢᠯᠠᠯ ᠳᠤ ᠣᠷᠣᠭᠤᠯᠬᠤ︾ | ᠬᠠᠤᠯᠢᠵᠢᠯ ᠤᠨ ᠲᠠᠶᠢᠯᠤᠮᠵᠢ ᠡᠷᠬᠢᠯᠡᠪᠡ᠃ ᠪᠤᠭᠤᠲᠤ ᠬᠤᠳᠠ ᠶᠢᠨ ᠨᠡᠷᠡᠨ ᠮᠠᠨᠳᠤᠯ᠎ᠠ ᠴᠠᠬᠢᠯᠭᠠᠨ ᠳᠡᠭᠡᠰᠦᠨ ᠤ | ᠬᠢᠵᠠᠭᠠᠷᠲᠤ ᠺᠣᠮᠫᠠᠨᠢ ᠳᠤ ᠬᠦᠷᠴᠦ ᠶᠠᠷᠢᠯᠴᠠᠬᠤ ᠬᠤᠷᠠᠯ ᠬᠢᠵᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠤᠯᠢ | ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠠᠵᠤ ᠠᠬᠤᠶᠢᠯᠠᠯ ᠳᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠬᠠᠤᠯᠢ ᠶᠢ ᠰᠤᠷᠤᠯᠴᠠᠵᠤ ᠠᠵᠤ | ᠠᠬᠤᠶᠢᠯᠠᠯ ᠳᠤ ᠣᠷᠣᠬᠤ ᠤᠬᠠᠭᠤᠯᠭ᠎ᠠ ᠶᠢᠨ ᠭᠠᠷ ᠳᠡᠪᠲᠡᠷ︾᠂ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠭᠰᠠᠨ | ᠲᠡᠮᠳᠡᠭᠯᠡᠯ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠠᠲ᠋ᠧᠷᠢᠶᠠᠯ ᠨᠡᠶᠢᠲᠡ 300 | ᠭᠠᠷᠤᠶ ᠳᠡᠪᠲᠡᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ | 200 ᠭᠠᠷᠤᠶ ᠬᠤᠪᠢ ᠪᠡᠯᠡᠭᠯᠡᠨ ᠭᠥᠷᠭᠡᠪᠠ᠃ |