【 ᠴᠢᠩᠱᠠᠨ ᠲᠤᠭᠤᠷᠢᠭ  ᠤᠨ ᠰᠣᠶᠣᠯ】ᠲᠣᠮᠳᠠᠳᠣ ᠶᠢᠨ ᠥᠨᠳᠥᠰᠥᠳᠡᠨ ᠤ ᠰᠥᠭ ᠰᠥᠨᠠᠰᠣ ----- ᠪᠣᠭᠤᠳᠣ ᠶᠢᠨ ᠣᠷᠳᠣ ᠴᠠᠭᠠᠨ ᠭᠡᠷᠡᠮ ᠤᠨ ᠰᠣᠶᠣᠯ ᠤᠨ ᠥᠵᠡᠰᠭᠦᠯᠡᠩ‌‍ᠲ᠋ᠤᠮᠳᠠᠳᠤ ᠴᠦᠮ᠎ᠡ ᠶᠢᠨ ᠤᠮᠠᠷᠠᠳᠤ ᠶᠢᠨ ᠴᠦᠮ᠎ᠡ ᠶᠢᠨ ᠲᠦᠯᠡᠰᠢ ᠶᠢᠨ ᠦᠨᠳᠦᠰᠦᠨ ᠲᠤᠨᠤᠭ ᠤᠨ ᠬᠢᠵᠠᠭᠠᠷᠳᠤ ᠺᠤᠮᠫᠠᠨᠢ ᠶᠢᠨ ᠦᠵᠡᠰᠭᠦᠯᠡᠩ ᠤᠨ ᠤᠷᠳᠤᠨ ᠤ ᠲᠤᠪᠴᠢ ᠲᠠᠨᠢᠯᠴᠠᠭᠤᠯᠭ᠎ᠠ ︵ᠡᠮᠦᠨᠡᠭᠢ ᠦᠭᠡ︶
ᠨᠡᠶᠢᠲᠡᠯᠡᠭᠰᠡᠨ ᠴᠠᠭ᠄
2022/10/12
      ᠲᠤᠮᠳᠠᠳᠤ ᠴᠦᠮ᠎ᠡ ᠶᠢᠨ ᠤᠮᠠᠷᠠᠳᠤ  ᠶᠢᠨ ᠴᠦᠮ᠎ᠡ ᠶᠢᠨ ᠲᠦᠯᠡᠰᠢ ᠶᠢᠨ ᠦᠨᠳᠦᠰᠦᠨ ᠲᠤᠨᠤᠭ  ᠤᠨ ᠬᠢᠵᠠᠭᠠᠷᠳᠤ ᠺᠤᠮᠫᠠᠨᠢ ᠶᠢᠨ ᠦᠵᠡᠰᠭᠦᠯᠡᠩ ᠤᠨ ᠤᠷᠳᠤᠨ ᠢ 2008  ᠤᠨ ᠤ 6 ᠰᠠᠷ᠎ᠠ ᠳᠤ ᠪᠠᠶᠢᠭᠤᠯᠵᠤ᠂ 2018 ᠤᠨ ᠤ 6 ᠰᠠᠷ᠎ᠠ ᠳᠤ ᠲᠡᠰ ᠲᠡᠪᠰᠢᠭᠦᠯᠦᠨ ᠦᠭᠡᠷᠡᠴᠢᠯᠡᠨ ᠪᠠᠶᠢᠭᠤᠯᠵᠤ᠂ ᠪᠠᠷᠢᠯᠭ᠎ᠠ ᠶᠢᠨ ᠶᠡᠷᠦᠩᠭᠡᠢ ᠲᠠᠯᠠᠪᠠᠢ ᠨᠢ ᠪᠠᠷᠤᠭ 2000 ᠲᠡᠭᠰᠢ ᠲᠦᠷᠪᠡᠯᠵᠢᠨ ᠮᠧᠲᠷ ᠪᠠᠶᠢᠳᠠᠭ᠃ ᠦᠵᠡᠰᠭᠦᠯᠡᠩ ᠤᠨ ᠤᠷᠳᠤᠨ ᠳᠤ ᠺᠤᠮᠫᠠᠨᠢ ᠶᠢᠨ 60  ᠵᠢᠯ  ᠤᠨ ᠭᠡᠷᠡᠯ ᠰᠠᠴᠤᠷᠠᠩᠭᠤᠢ ᠲᠡᠦᠭᠡᠨ ᠶᠠᠪᠤᠴᠠ ᠶᠢ ᠡᠷᠬᠢᠴᠡᠭᠦᠯᠵᠦ᠂ ᠺᠤᠮᠫᠠᠨᠢ ᠶᠢᠨ ᠴᠦᠮ᠎ᠡ ᠶᠢᠨ ᠮᠠᠲ᠋ᠧᠷᠢᠶᠠᠯ᠂ ᠴᠦᠮ᠎ᠡ ᠶᠢᠨ ᠲᠦᠯᠡᠰᠢ ᠶᠢᠨ ᠦᠨᠳᠦᠰᠦᠨ ᠲᠤᠨᠤᠭ  ᠤᠨ ᠬᠦᠷᠢᠶ᠎ᠡ ᠭᠡᠪᠴᠢᠶᠡᠨ  ᠳᠠᠬᠢ ᠠᠵᠤ ᠦᠢᠯᠡᠰ  ᠤᠨ ᠴᠢᠳᠠᠪᠤᠷᠢ ᠪᠤᠯᠤᠨ ᠡᠷᠳᠡᠮ ᠰᠢᠨᠵᠢᠯᠡᠭᠡᠨ  ᠤ ᠪᠤᠳᠠᠳᠤ ᠬᠦᠴᠦᠨ  ᠢ ᠲᠡᠯᠭᠡᠨ ᠦᠵᠡᠭᠦᠯᠵᠦ᠂ ᠮᠦᠨ ᠴᠤ ᠤᠯᠤᠰ  ᠢᠶᠠᠨ ᠬᠠᠶᠢᠷᠠᠯᠠᠬᠤ ᠦᠵᠡᠯ  ᠤᠨ ᠬᠦᠮᠦᠵᠢᠯ  ᠢ ᠬᠦᠷᠳᠡᠭᠡᠬᠦ᠂ ᠴᠦᠮ᠎ᠡ  ᠶᠢᠨ ᠠᠵᠤ ᠦᠢᠯᠡᠳᠪᠦᠷᠢ  ᠶᠢᠨ ᠰᠢᠯᠢᠳᠡᠭ ᠤᠯᠠᠮᠵᠢᠯᠠᠯ  ᠢ ᠤᠯᠠᠮᠵᠢᠯᠠᠨ ᠵᠠᠯᠭᠠᠮᠵᠢᠯᠠᠬᠤ ᠴᠢᠬᠤᠯᠠ ᠰᠤᠷᠭᠠᠨ ᠬᠦᠮᠦᠵᠢᠯ  ᠤᠨ ᠰᠠᠭᠤᠷᠢᠨ ᠭᠠᠵᠠᠷ ᠪᠤᠯᠬᠤ ᠶᠤᠮ᠃      2009 ᠤᠨ ᠳᠤ ᠤᠯᠤᠰ  ᠤᠨ ᠪᠠᠳᠤᠯᠠᠨ ᠬᠠᠮᠠᠭᠠᠯᠠᠯᠳᠠ  ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ ᠤᠨ ᠠᠵᠤ ᠦᠢᠯᠡᠳᠪᠦᠷᠢ  ᠶᠢᠨ ᠠᠩᠬᠠᠳᠠᠭᠴᠢ ᠪᠦᠯᠦᠭ  ᠤᠨ《 ᠴᠡᠷᠢᠭ ᠤᠨ ᠠᠵᠤ ᠦᠢᠯᠳᠪᠦᠷᠢ ᠶᠢᠨ ᠰᠤᠶᠤᠯ ᠤᠨ ᠪᠠᠶᠢᠭᠤᠯᠤᠯᠳᠠ  ᠶᠢᠨ ᠰᠤᠷᠭᠠᠨ ᠬᠦᠮᠦᠵᠢᠯ  ᠤᠨ ᠰᠠᠭᠤᠷᠢᠨ ᠭᠠᠵᠠᠷ》᠎ ᠢᠶᠠᠷ ᠲᠤᠭᠳᠠᠭᠠᠭᠳᠠᠵᠤ᠂ 2017 ᠤᠨ ᠎ ᠳᠤ《ᠪᠦᠬᠦ ᠤᠯᠤᠰ ᠤᠨ ᠴᠦᠮ᠎ᠡ ᠶᠢᠨ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠰᠤᠷᠭᠠᠨ ᠬᠦᠮᠦᠵᠢᠯ  ᠤᠨ ᠰᠠᠭᠤᠷᠢᠨ ᠭᠠᠵᠠᠷ》᠎ ᠢᠶᠠᠷ ᠨᠡᠷᠡᠶᠢᠳᠦᠭᠳᠡᠪᠡ᠃                                                                                                                                           ᠤᠷᠴᠢᠭᠤᠯᠤᠭᠴᠢ᠄ ᠶᠢᠨ ᠪᠤᠤ                                        ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号