【 ᠴᠢᠩᠱᠠᠨ ᠲᠤᠭᠤᠷᠢᠭ  ᠤᠨ ᠰᠣᠶᠣᠯ】ᠲᠣᠮᠳᠠᠳᠣ ᠶᠢᠨ ᠥᠨᠳᠥᠰᠥᠳᠡᠨ ᠤ ᠰᠥᠭ ᠰᠥᠨᠠᠰᠣ ----- ᠪᠣᠭᠤᠳᠣ ᠶᠢᠨ ᠣᠷᠳᠣ ᠴᠠᠭᠠᠨ ᠭᠡᠷᠡᠮ ᠤᠨ ᠰᠣᠶᠣᠯ ᠤᠨ ᠥᠵᠡᠰᠭᠦᠯᠡᠩ‌‍ᠪᠤᠭᠤᠳᠤ ᠶᠢᠨ ᠴᠡᠷᠢᠭ ᠤᠨ ᠠᠵᠤ ᠦᠢᠯᠡᠳᠪᠦᠷᠢ ᠶᠢᠨ ᠰᠤᠶᠤᠯ ᠤᠨ ᠭᠤᠤᠯ ᠰᠡᠳᠦᠪᠳᠦ ᠴᠡᠴᠡᠷᠯᠢᠭ ︵ᠴᠡᠷᠢᠭ ᠤᠨ ᠠᠵᠤ ᠦᠢᠯᠡᠳᠪᠦᠷᠢ ᠶᠢᠨ ᠰᠤᠶᠤᠯ ᠤᠨ ᠠᠭᠤᠳᠠᠮ ᠲᠠᠯᠠᠪᠠᠢ︶ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/10/12
 20200616100810845.jpg    
           ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠤᠶᠢᠵᠢᠯᠳᠠ ᠶᠢ ᠲᠠᠭᠠᠯᠳᠤᠨ᠂ ᠪᠤᠭᠤᠳᠤ ᠬᠤᠳᠠ ᠲᠡᠦᠭᠡᠨ ᠲᠡᠭᠡᠷᠡᠭᠢ ᠬᠢᠯᠢ ᠶᠢᠨ ᠪᠤᠭᠤᠮᠳᠠ ᠶᠢᠨ ᠴᠢᠬᠤᠯᠠ ᠪᠠᠯᠭᠠᠰᠤ᠂ ᠤᠰᠤ ᠬᠠᠭᠤᠷᠠᠢ ᠵᠠᠮ ᠤᠨ ᠭᠠᠷᠠᠮ ᠪᠠᠶᠢᠭᠰᠠᠨ  ᠠᠴᠠ ᠠᠭᠠᠵᠢᠮ ᠢᠶᠠᠷ ᠡᠭᠡ ᠤᠯᠤᠰ  ᠤᠨ ᠤᠮᠠᠷᠠᠳᠤ ᠬᠢᠯᠢ ᠶᠢᠨ《ᠲᠠᠯ᠎ᠠ ᠨᠤᠳᠤᠭ ᠤᠨ ᠪᠤᠯᠤᠳ ᠬᠤᠳᠠ》ᠪᠠ《ᠴᠡᠷᠢᠭ  ᠤᠨ ᠠᠵᠤ ᠦᠢᠯᠡᠳᠪᠦᠷᠢ ᠶᠢᠨ ᠬᠤᠳᠠ ᠪᠤᠯᠤᠭᠰᠠᠨ》ᠪᠠᠶᠢᠨ᠎ᠠ᠃ ᠤᠯᠤᠰ  ᠤᠨ《ᠨᠢᠭᠡᠳᠦᠭᠡᠷ ᠲᠠᠪᠤᠨ ᠵᠢᠯ》 ᠤᠨ ᠬᠤᠭᠤᠴᠠᠭᠠᠨ ᠳᠤ᠂ ᠭᠤᠤᠯ ᠲᠠᠶᠢᠨ ᠪᠠᠶᠢᠯᠳᠤᠭᠠᠨ ᠤ ᠲᠠᠩᠺᠡ ᠦᠢᠯᠡᠳᠬᠦ᠂ ᠭᠠᠯᠳᠤ ᠫᠤᠤ  ᠶᠢ ᠰᠤᠳᠤᠯᠤᠨ ᠨᠡᠭᠡᠭᠡᠬᠦ ᠬᠤᠶᠠᠷ ᠲᠦᠷᠦᠯ ᠵᠦᠢᠯ ᠨᠢ ᠪᠤᠭᠤᠳᠤ ᠳᠤ ᠨᠤᠳᠤᠭᠰᠢᠨ᠂ ᠨᠢᠭᠡᠳᠦᠭᠡᠷ ᠮᠠᠰᠢᠨ ᠤ ᠦᠢᠯᠡᠳᠪᠦᠷᠢ᠂ ᠬᠤᠶᠠᠳᠤᠭᠠᠷ ᠮᠠᠰᠢᠨ ᠤ ᠦᠢᠯᠡᠳᠪᠦᠷᠢ ᠶᠢ ᠵᠠᠯᠭᠠᠯᠳᠤᠭ᠎ᠠ ᠪᠠᠷ ᠪᠡᠯᠡᠳᠭᠡᠨ ᠪᠠᠶᠢᠭᠤᠯᠵᠤ᠂ 1958 ᠤᠨ ᠳᠤ ᠲᠤᠮᠳᠠᠳᠤ ᠤᠯᠤᠰ ᠤᠨ ᠠᠩᠬᠠᠳᠠᠭᠴᠢ ᠴᠦᠮ᠎ᠡ ᠶᠢᠨ ᠲᠦᠯᠡᠰᠢ ᠶᠢᠨ ᠦᠨᠳᠦᠰᠦᠨ ᠲᠤᠨᠤᠭ ᠤᠨ ᠦᠢᠯᠡᠳᠪᠦᠷᠢ —202 ᠦᠢᠯᠳᠪᠦᠷᠢ ᠨᠢ ᠪᠠᠰᠠ ᠠᠳᠡ ᠰᠠᠭᠤᠷᠢᠰᠢᠪᠠ᠃
     ᠦᠢᠯᠡᠳᠪᠦᠷᠢ ᠶᠢ ᠪᠦᠳᠦᠭᠡᠨ ᠪᠠᠶᠢᠭᠤᠯᠬᠤ ᠭᠠᠵᠠᠷ ᠰᠤᠩᠭᠤᠬᠤ ᠪᠠ ᠤᠷᠴᠢᠨ ᠲᠤᠭᠤᠷᠢᠨ ᠤ ᠠᠮᠤᠷ ᠲᠦᠪᠰᠢᠨ ᠤ ᠱᠠᠭᠠᠷᠳᠠᠯᠭ᠎ᠠ ᠶᠢ ᠦᠨᠳᠦᠰᠦᠯᠡᠨ᠂ ᠪᠤᠭᠤᠳᠤ ᠬᠤᠳᠠ ᠬᠤᠳᠠ ᠶᠢᠨ ᠲᠤᠭᠤᠷᠢᠭ ᠤᠨ ᠲᠦᠯᠦᠪᠵᠢᠭᠦᠯᠭᠡ  ᠶᠢᠨ ᠡᠭᠢᠨ ᠤ ᠦᠶ᠎ᠡ ᠳᠤ᠂ ᠬᠤᠳᠠ ᠶᠢᠨ ᠲᠤᠭᠤᠷᠢᠭ ᠤᠨ ᠬᠤᠶᠢᠳᠤ ᠲᠠᠯ᠎ᠠ ᠶᠢᠨ ᠠᠵᠤ ᠦᠢᠯᠡᠳᠪᠦᠷᠢ ᠶᠢᠨ ᠲᠤᠭᠤᠷᠢᠭ ᠢ ᠨᠢᠭᠡᠳᠦᠭᠡᠷ ᠮᠠᠰᠢᠨ ᠤ ᠦᠢᠯᠡᠳᠪᠦᠷᠢ᠂ ᠬᠤᠶᠠᠳᠤᠭᠠᠷ ᠴᠠᠬᠢᠯᠭᠠᠨ ᠤ ᠦᠢᠯᠡᠳᠪᠦᠷᠢ᠂ ᠬᠤᠶᠠᠳᠤᠭᠠᠷ ᠮᠠᠰᠢᠨ  ᠤ ᠦᠢᠯᠡᠳᠪᠦᠷᠢ ᠶᠢᠨ ᠱᠤᠭᠤᠮ ᠲᠠᠭᠠᠤ ᠦᠢᠯᠡᠳᠪᠦᠷᠢ ᠶᠢᠨ ᠡᠮᠦᠨ᠎ᠡ ᠵᠠᠮ ᠢ ᠪᠠᠶᠢᠭᠤᠯᠤᠨ ᠨᠡᠪᠳᠡᠷᠡᠭᠦᠯᠵᠦ᠂ 2000 ᠤᠨ ᠠᠴᠠ ᠬᠤᠶᠢᠰᠢ᠂《ᠦᠢᠯᠡᠳᠪᠦᠷᠢ ᠶᠢᠨ ᠡᠮᠦᠨ᠎ᠡ ᠵᠠᠮ 》 ᠢ ᠲᠡᠰ ᠲᠡᠪᠰᠢᠭᠦᠯᠦᠨ ᠵᠠᠰᠠᠨ ᠰᠠᠶᠢᠵᠢᠷᠠᠭᠤᠯᠵᠤ᠂  ᠨᠡᠷ᠎ᠡ ᠶᠢ ᠨᠢ《 ᠴᠡᠷᠢᠭ ᠤᠨ ᠠᠵᠤ ᠦᠢᠯᠡᠳᠪᠦᠷᠢ ᠵᠠᠮ》ᠬᠡᠵᠦ ᠬᠠᠯᠠᠭᠰᠠᠨ ᠪᠠᠶᠢᠨ᠎ᠠ᠃ ᠴᠡᠷᠢᠭ ᠤᠨ ᠠᠵᠤ ᠦᠢᠯᠡᠳᠪᠦᠷᠢ ᠵᠠᠮ ᠡᠭᠡᠴᠢ ᠲᠡᠭᠦᠦ ᠬᠤᠶᠠᠷ ᠴᠡᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠤᠯᠪᠤᠯᠳᠤᠭᠤᠯᠤᠨ᠂ ᠴᠢᠩᠱᠠᠨ ᠲᠤᠭᠤᠷᠢᠭ ᠤᠨ ᠵᠡᠭᠦᠨ ᠪᠠᠷᠠᠭᠤᠨ ᠴᠢᠭᠯᠡᠯ ᠢ ᠨᠡᠪᠳᠡᠷᠡᠭᠦᠯᠦᠨ᠂ ᠬᠤᠯᠪᠤᠭᠰᠠᠨ ᠭᠤᠤᠯ ᠵᠠᠮ ᠪᠤᠯᠵᠤ᠂ ᠪᠦᠭᠦ ᠤᠯᠤᠰ ᠤᠨ ᠡᠯ᠎ᠡ ᠭᠠᠵᠠᠷ᠂ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠪᠡ ᠲᠤᠰᠬᠠᠢ ᠮᠡᠷᠭᠡᠵᠢᠯ ᠤᠨ ᠴᠢᠳᠠᠪᠤᠷᠢᠳᠠᠳ ᠪᠤᠭᠤᠳᠤ ᠶᠢ ᠲᠡᠮᠵᠢᠵᠦ᠂ ᠴᠡᠷᠢᠭ  ᠤᠨ ᠠᠵᠤ ᠦᠢᠯᠡᠳᠪᠦᠷᠢ ᠶᠢ ᠬᠠᠮᠳᠤ ᠪᠠᠷ ᠪᠦᠳᠦᠭᠡᠨ ᠪᠠᠶᠢᠭᠤᠯᠤᠭᠰᠠᠨ ᠭᠡᠷᠡᠯ ᠰᠠᠴᠤᠷᠠᠩᠭᠤᠢ ᠦᠩᠭᠡᠷᠡᠯᠳᠡ ᠶᠢ ᠬᠡᠷᠡᠴᠢᠯᠡᠭᠰᠡᠨ ᠪᠠᠶᠢᠨ᠎ᠠ᠃《ᠪᠤᠭᠤᠳᠤ ᠬᠤᠳᠠ  ᠶᠢᠨ ᠴᠡᠷᠢᠭ ᠤᠨ ᠠᠵᠤ ᠦᠢᠯᠡᠳᠪᠦᠷᠢ ᠵᠠᠮ ᠤᠨ ᠪᠦᠰᠡᠯᠢᠭ ᠴᠡᠴᠡᠷᠯᠢᠭ》 ︵ᠲᠤᠤᠷ᠎ᠠ ᠴᠡᠷᠢᠭ ᠤᠨ ᠠᠵᠤ ᠦᠢᠯᠡᠳᠪᠦᠷᠢ ᠶᠢᠨ ᠤᠢ ᠶᠢᠨ ᠪᠦᠰᠡ ᠬᠡᠵᠦ ᠲᠤᠪᠴᠢᠯᠠᠶ᠎ᠠ︶ ᠤᠨ ᠬᠦᠷᠢᠶ᠎ᠡ ᠭᠡᠪᠴᠢᠶ᠎ᠡ ᠨᠢ ᠴᠡᠷᠢᠭ ᠤᠨ ᠠᠵᠤ ᠦᠢᠯᠡᠳᠪᠦᠷᠢ ᠵᠠᠮ ᠤᠨ ᠨᠤᠭᠤᠭᠠᠨ ᠵᠠᠮ ᠵᠢᠴᠢ ᠡᠷᠬᠢᠨ ᠲᠤᠭᠤᠷᠢᠨ ᠤ ᠵᠦᠯᠭᠡ ᠭᠠᠵᠠᠷ ᠪᠠᠶᠢᠵᠤ᠂ ᠡᠭᠦᠨ  ᠳᠤ《ᠤᠮᠠᠷᠠᠳᠤ ᠶᠢᠨ ᠴᠡᠷᠢᠭ ᠤᠨ ᠵᠡᠪᠰᠡᠭ ᠤᠨ ᠬᠤᠳᠠ》《ᠮᠠᠳᠠᠷ ᠨᠠᠭᠤᠷ》《ᠬᠤᠨᠳᠤ ᠨᠠᠭᠤᠷ》《ᠨᠠᠷᠠᠨ ᠨᠠᠭᠤᠷ》ᠴᠡᠴᠡᠷᠯᠢᠭ ᠵᠢᠴᠢ ᠡᠷᠬᠢᠨ ᠲᠤᠭᠤᠷᠢᠨ ᠤ ᠵᠦᠯᠭᠡ ᠭᠠᠵᠠᠷ ᠢ ᠪᠠᠭᠳᠠᠭᠠᠵᠤ᠂ ᠴᠡᠷᠢᠭ ᠤᠨ ᠠᠵᠤ ᠦᠢᠯᠡᠳᠪᠦᠷᠢ  ᠶᠢᠨ ᠤᠢ ᠰᠢᠭᠤᠢ ᠨᠢ ᠵᠡᠭᠦᠨᠰᠢ ᠴᠢᠩᠱᠠᠨ ᠵᠡᠭᠦᠨ ᠰᠤᠭᠤ ᠵᠠᠮ ᠠᠴᠠ ᠡᠬᠢᠯᠡᠵᠦ᠂ ᠪᠠᠷᠠᠭᠤᠨᠰᠢ ᠬᠦᠴᠦᠷᠭᠡᠭᠵᠢᠯ ᠵᠠᠮ ᠬᠦᠷᠴᠦ᠂ ᠪᠦᠬᠦ ᠤᠷᠳᠤ ᠨᠢ 6 ᠺᠢᠯᠤᠮᠧᠲᠷ ᠪᠠᠶᠢᠳᠠᠭ᠃     ᠬᠤᠳᠠ ᠶᠢᠨ ᠴᠢᠳᠠᠪᠬᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢᠨ ᠲᠦᠯᠦᠭᠡ᠂ 2017 ᠤᠨ ᠳᠤ ᠪᠤᠭᠤᠳᠤ ᠬᠤᠳᠠ ᠪᠤᠯᠤᠨ ᠴᠢᠩᠱᠠᠨ ᠲᠤᠭᠤᠷᠢᠭ ᠬᠠᠮᠳᠤ ᠪᠠᠷ ᠴᠡᠷᠢᠭ ᠤᠨ ᠠᠵᠤ ᠦᠢᠯᠡᠳᠪᠦᠷᠢ ᠶᠢᠨ ᠤᠢ ᠰᠢᠭᠤᠢ  ᠶᠢᠨ ᠪᠦᠰᠡ ᠳᠤ ᠲᠡᠰ ᠲᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠴᠡᠷᠢᠭ ᠤᠨ ᠠᠵᠤ ᠦᠢᠯᠡᠳᠪᠦᠷᠢ ᠶᠢᠨ ᠤᠢ  ᠶᠢᠨ ᠪᠦᠰᠡ ᠶᠢᠨ ᠭᠤᠤᠯ ᠨᠤᠭᠤᠭᠠᠨ ᠵᠠᠮ ᠵᠢᠴᠢ ᠡᠷᠬᠢᠨ ᠲᠤᠭᠤᠷᠢᠨ ᠤ ᠵᠦᠯᠭᠡ ᠭᠠᠵᠠᠷ ᠤᠨ ᠦᠩᠭᠡ ᠦᠵᠡᠮᠵᠢ ᠶᠢ ᠵᠠᠰᠠᠨ ᠰᠠᠶᠢᠵᠢᠷᠠᠭᠤᠯᠪᠠ᠃ 2019 ᠤᠨ ᠳᠤ᠂ ᠴᠡᠷᠢᠭ ᠤᠨ ᠠᠵᠤ ᠦᠢᠯᠡᠳᠪᠦᠷᠢ ᠶᠢᠨ ᠰᠤᠶᠤᠯ  ᠤᠨ ᠠᠭᠤᠯᠤᠭᠳᠠᠬᠤᠨ ᠢ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠦᠯᠦᠭᠡ᠂ ᠴᠢᠩᠱᠠᠨ ᠲᠤᠭᠤᠷᠢᠭ ᠴᠡᠷᠢᠭ ᠤᠨ ᠠᠵᠤ ᠦᠢᠯᠡᠳᠪᠦᠷᠢ ᠶᠢᠨ ᠤᠢ ᠶᠢᠨ ᠪᠦᠰᠡ ᠶᠢ ᠴᠡᠷᠢᠭ ᠤᠨ ᠠᠵᠤ ᠦᠢᠯᠡᠳᠪᠦᠷᠢ ᠶᠢᠨ ᠰᠤᠶᠤᠯ ᠤᠨ ᠭᠤᠤᠯ ᠰᠡᠳᠦᠪᠳᠦ ᠴᠡᠴᠡᠷᠯᠢᠭ ᠪᠤᠯᠭᠠᠨ ᠪᠠᠶᠢᠭᠤᠯᠵᠤ᠂ ᠨᠢᠭᠡ ᠪᠦᠰᠡ ︵ᠴᠡᠷᠢᠭ ᠤᠨ ᠠᠵᠤ ᠦᠢᠯᠡᠳᠪᠦᠷᠢ ᠶᠢᠨ ᠤᠢ  ᠶᠢᠨ ᠪᠦᠰᠡ︶᠂ ᠬᠤᠶᠠᠷ ᠲᠤᠭᠤᠷᠢᠭ ︵ᠤᠮᠠᠷᠠᠳᠤ ᠶᠢᠨ ᠴᠡᠷᠢᠭ ᠤᠨ ᠵᠡᠪᠰᠡᠭ ᠤᠨ ᠬᠤᠳᠠ᠂ ᠴᠡᠷᠢᠭ ᠤᠨ ᠠᠵᠤ ᠦᠢᠯᠡᠳᠪᠦᠷᠢ ᠶᠢᠨ ᠰᠤᠶᠤᠯ ᠤᠨ ᠠᠭᠤᠳᠠᠮ ᠲᠠᠯᠠᠪᠠᠢ︶᠂ ᠭᠤᠷᠪᠠᠨ ᠨᠠᠭᠤᠷ ︵ᠬᠤᠨᠳᠤ ᠨᠠᠭᠤᠷ᠂ ᠮᠠᠳᠠᠷ ᠨᠠᠭᠤᠷ᠂ ᠨᠠᠷᠠᠨ ᠨᠠᠭᠤᠷ︶᠂ ᠲᠠᠪᠤᠨ ᠬᠦᠷᠢᠶᠡᠯᠡᠩ ︵ᠨᠠᠮ ᠤᠨ ᠪᠠᠶᠢᠭᠤᠯᠤᠯᠳᠠ ᠶᠢᠨ ᠬᠦᠷᠢᠶᠡᠯᠡᠩ᠂ ᠠᠷᠢᠭᠤᠨ ᠴᠢᠭᠡᠴᠢ ᠪᠠᠷ ᠵᠠᠰᠠᠭ ᠪᠠᠷᠢᠵᠤ ᠬᠠᠤᠯᠢ ᠪᠠᠷ ᠵᠠᠰᠠᠬᠤ ᠬᠦᠷᠢᠶᠡᠯᠡᠩ᠂ ᠬᠤᠶᠠᠷ ᠢ ᠬᠦᠷᠢᠶᠡᠯᠡᠭᠦ ᠬᠦᠷᠢᠶᠡᠯᠡᠩ᠂ ᠠᠵᠤ ᠠᠬᠤᠶᠢᠯᠡᠯ ᠭᠠᠵᠠᠷ ᠤᠷᠤᠨ ᠬᠠᠮᠳᠤ ᠪᠠᠷ ᠪᠠᠶᠢᠭᠤᠯᠤᠭᠰᠠᠨ ᠬᠦᠷᠢᠶᠡᠯᠡᠩ᠂ ᠰᠤᠶᠤᠯ ᠮᠡᠳᠡᠯᠭᠡ ᠰᠤᠷᠭᠠᠬᠤ ᠶᠢ ᠤᠯᠠᠮᠵᠢᠯᠠᠭᠰᠠᠨ ᠬᠦᠷᠢᠶᠡᠯᠡᠩ︶ ᠤᠨ ᠤᠷᠤᠨ ᠵᠠᠢ  ᠶᠢᠨ ᠪᠠᠶᠢᠷᠢᠰᠢᠯ ᠢ ᠪᠦᠷᠢᠯᠳᠦᠭᠦᠯᠪᠡ᠃     ᠪᠤᠭᠤᠳᠤ ᠬᠤᠳᠠ ᠶᠢᠨ ᠴᠡᠷᠢᠭ ᠤᠨ ᠠᠵᠤ ᠦᠢᠯᠡᠳᠪᠦᠷᠢ ᠶᠢᠨ ᠰᠤᠶᠤᠯ ᠤᠨ ᠠᠭᠤᠳᠠᠮ ᠲᠠᠯᠠᠪᠠᠢ ᠨᠢ ᠴᠡᠷᠢᠭ ᠤᠨ ᠠᠵᠤ ᠦᠢᠯᠡᠳᠪᠦᠷᠢ ᠵᠠᠮ ᠤᠨ ᠲᠤᠮᠳᠠ ᠭᠡᠰᠡᠭ ᠲᠤ ᠪᠠᠶᠢᠷᠢᠰᠢᠵᠦ᠂ ᠵᠡᠭᠦᠨ ᠠᠴᠠ ᠬᠠᠨ ᠤᠷᠬᠢᠯ ᠵᠠᠮ  ᠠᠴᠠ ᠡᠬᠢᠯᠡᠵᠦ᠂ ᠪᠠᠷᠠᠭᠤᠨᠰᠢ ᠪᠠᠨ ᠬᠦᠳᠡᠯᠮᠦᠷᠢ ᠶᠡᠭᠡ ᠵᠡᠭᠡᠯᠢ ᠬᠦᠷᠴᠦ᠂ ᠤᠷᠳᠤ ᠨᠢ ᠪᠠᠷᠤᠭ 843 ᠮᠧᠲᠷ᠂ ᠡᠵᠡᠯᠡᠬᠦ ᠲᠠᠯᠠᠪᠠᠢ ᠨᠢ ᠪᠠᠷᠤᠭ 11.3 ᠲᠡᠭᠰᠢ ᠲᠦᠷᠪᠡᠯᠵᠢᠨ ᠮᠧᠲᠷ ᠪᠠᠶᠢᠳᠠᠭ᠃ ᠠᠭᠤᠳᠠᠮ ᠲᠠᠯᠠᠪᠠᠢ ᠶᠢᠨ ᠰᠤᠶᠤᠯ ᠤᠨ ᠦᠵᠡᠮᠵᠢ  ᠶᠢ《ᠴᠡᠷᠢᠭ ᠤᠨ ᠠᠵᠤ ᠦᠢᠯᠡᠳᠪᠦᠷᠢ ᠶᠢᠨ ᠠᠵᠢᠯᠳᠠᠨ ︵ᠴᠡᠷᠢᠭ ᠤᠨ ᠠᠵᠤ ᠦᠢᠯᠡᠳᠪᠦᠷᠢ ᠶᠢᠨ ᠡᠷᠳᠡᠮᠳᠡᠨ︶᠂ ᠴᠡᠷᠢᠭ ᠤᠨ ᠠᠵᠤ ᠦᠢᠯᠡᠳᠪᠦᠷᠢ ᠶᠢᠨ ᠶᠠᠪᠤᠳᠠᠯ ︵ᠬᠦᠭᠵᠢᠯᠳᠡ ᠶᠢᠨ ᠦᠩᠭᠡᠷᠡᠯᠳᠡ︶᠂ ᠴᠡᠷᠢᠭ ᠤᠨ ᠠᠵᠤ ᠦᠢᠯᠡᠳᠪᠦᠷᠢ ᠶᠢᠨ ᠰᠦᠭ ᠰᠦᠨᠡᠰᠦ ︵ᠴᠡᠷᠢᠭ ᠤᠨ ᠠᠵᠤ ᠦᠢᠯᠡᠳᠪᠦᠷᠢ ᠶᠢᠨ ᠵᠤᠷᠢᠭ ᠰᠠᠨᠠᠭ᠎ᠠ︶》ᠵᠡᠷᠭᠡ ᠭᠤᠷᠪᠠᠨ ᠭᠡᠰᠡᠭ ᠢᠶᠠᠷ ᠵᠢᠷᠤᠭᠯᠠᠨ ᠲᠦᠯᠦᠪᠯᠡᠵᠦ᠂ ᠴᠡᠷᠢᠭ ᠤᠨ ᠠᠵᠤ ᠦᠢᠯᠡᠳᠪᠦᠷᠢ ᠶᠢᠨ ᠰᠡᠳᠦᠪᠳᠦ ᠬᠤᠳᠠ ᠶᠢᠨ ᠱᠤᠭᠤᠮᠠᠯ ᠵᠢᠴᠢ ᠦᠵᠡᠮᠵᠢ ᠶᠢᠨ ᠰᠤᠳᠤᠯ ᠤᠨ ᠤᠬᠤᠷ ᠵᠤᠬᠢᠶᠠᠯ ᠢ ᠨᠠᠮᠡᠵᠦ ᠪᠠᠶᠢᠭᠤᠯᠤᠨ᠂ ᠴᠢᠯᠠᠭᠤᠨ ᠮᠠᠲ᠋ᠧᠷᠢᠶᠠᠯ ᠤᠨ ᠬᠦᠳᠦᠭᠦᠷ ᠱᠤᠭᠤᠮᠠᠯ᠂ ᠪᠤᠯᠤᠳ ᠬᠠᠪᠳᠠᠰᠤᠨ ᠰᠡᠶᠢᠯᠦᠮᠡᠯ᠂ ᠬᠠᠭᠤᠴᠢᠨ ᠮᠠᠰᠢᠨ ᠲᠦᠭᠦᠭᠡᠷᠦᠮᠵᠢ ᠶᠢᠨ ᠦᠵᠡᠭᠦᠯᠦᠯᠭᠡ᠂《ᠴᠡᠷᠢᠭ ᠤᠨ ᠠᠵᠤ ᠦᠢᠯᠡᠳᠪᠦᠷᠢ ᠶᠢᠨ ᠮᠠᠭᠳᠠᠭᠠᠯ》 ᠤᠨ ᠲᠠᠮᠠᠭᠠᠨ ᠰᠡᠶᠢᠯᠤᠮᠡᠯ᠂ ᠦᠵᠡᠮᠵᠢ ᠶᠢᠨ ᠭᠤᠳᠤᠮ ᠤᠨ ᠵᠢᠶᠠᠰᠠ ᠵᠡᠷᠭᠡ ᠭᠡᠯᠪᠡᠷᠢ ᠪᠠᠷ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ᠂ ᠤᠮᠠᠷᠠᠳᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ᠂ ᠲᠤᠮᠳᠠᠳᠤ ᠴᠦᠮ᠎ᠡ ᠶᠢᠨ ᠤᠮᠠᠷᠠᠳᠤ ᠶᠢᠨ ᠴᠦᠮ᠎ᠡ ᠶᠢᠨ ᠲᠦᠯᠡᠰᠢ ᠶᠢᠨ ᠦᠨᠳᠦᠰᠦᠨ ᠲᠤᠨᠤᠭ ᠤᠨ ᠬᠢᠵᠠᠭᠠᠷᠳᠤ ᠺᠤᠮᠫᠠᠨᠢ ᠶᠢᠨ ᠦᠢᠯᠡᠳᠪᠦᠷᠢᠯᠡᠯ ᠠᠮᠢᠳᠤᠷᠠᠯ ᠯᠤᠭ᠎ᠠ ᠬᠤᠯᠪᠤᠭᠳᠠᠬᠤ ᠬᠦᠮᠦᠰ᠂ ᠬᠡᠷᠡᠭ ᠶᠠᠪᠤᠳᠠᠯ᠂ ᠬᠦᠭᠵᠢᠯᠳᠡ ᠶᠢᠨ ᠶᠠᠪᠤᠴᠠ ᠵᠡᠷᠭᠡ ᠴᠡᠷᠢᠭ ᠤᠨ ᠠᠵᠤ ᠦᠢᠯᠡᠳᠪᠦᠷᠢ  ᠶᠢᠨ ᠰᠤᠶᠤᠯ ᠤᠨ ᠡᠯᠧᠮᠧᠨ᠋ᠲ ᠢ ᠲᠡᠯᠭᠡᠨ ᠦᠵᠡᠭᠦᠯᠦᠭᠰᠡᠨ ᠪᠠᠶᠢᠨ᠎ᠠ᠃     ᠪᠤᠭᠤᠳᠤ ᠶᠢᠨ ᠴᠡᠷᠢᠭ ᠤᠨ ᠠᠵᠤ ᠦᠢᠯᠡᠳᠪᠦᠷᠢ ᠶᠢᠨ ᠰᠤᠶᠤᠯ ᠤᠨ ᠠᠭᠤᠳᠠᠮ ᠲᠠᠯᠪᠠᠢ ᠳᠤ ᠪᠠᠰᠠ ᠤᠯᠤᠰ ᠢᠶᠠᠨ ᠬᠦᠴᠦᠷᠭᠡᠭᠵᠢᠭᠦᠯᠵᠦ ᠴᠡᠷᠢᠭ ᠢᠶᠠᠨ ᠬᠦᠴᠦᠷᠭᠡᠭᠵᠢᠭᠦᠯᠬᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠤᠷᠭᠠᠨ ᠬᠦᠮᠦᠵᠢᠯ᠂ ᠴᠡᠷᠢᠭ ᠤᠨ ᠶᠠᠪᠤᠳᠠᠯ  ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠵᠡᠷᠭᠡ ᠦᠵᠡᠮᠵᠢ ᠶᠢᠨ ᠤᠬᠤᠷ ᠵᠤᠬᠢᠶᠠᠯ ᠵᠢᠴᠢ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ᠂ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠵᠡᠷᠭᠡ ᠠᠭᠤᠯᠭ᠎ᠠ ᠶᠢ ᠨᠠᠮᠡᠵᠦ ᠪᠠᠶᠢᠭᠤᠯᠤᠨ᠂ ᠬᠠᠮᠳᠤ  ᠳᠤᠨᠢ《ᠪᠤᠭᠤᠳᠤ ᠬᠤᠳᠠ ᠶᠢᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ》᠂《ᠪᠤᠭᠤᠳᠤ ᠬᠤᠳᠠ ᠶᠢᠨ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ》᠂《ᠴᠢᠩᠱᠠᠨ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠠᠭᠤᠳᠠᠮ ᠲᠠᠯᠠᠪᠠᠢ》ᠪᠤᠯᠭᠠᠨ ᠪᠦᠳᠦᠭᠡᠨ ᠪᠠᠶᠢᠭᠤᠯᠬᠤ ᠪᠤᠯᠤᠨ᠎ᠠ᠃
b580472620db45d989fcc255fa53dd9a_副本.jpg
                                          ᠤᠷᠴᠢᠭᠤᠯᠤᠭᠴᠢ᠄ ᠶᠢᠨ ᠪᠤᠤ                                          ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号