ᠴᠢᠩᠱᠠᠨ ᠲᠤᠭᠤᠷᠢᠭ ᠭᠤᠤᠯᠳᠠᠯᠭᠠᠳᠤ ᠤᠷᠤᠨ ᠬᠡᠪᠴᠢᠶᠡᠨ ᠤ ᠬᠦᠮᠦᠰ ᠲᠤ ᠠᠷᠪᠠᠳᠤᠭᠠᠷ ᠡᠭᠡᠯᠵᠢ ᠶᠢᠨ ᠪᠦᠭᠡᠮ ᠬᠦᠴᠢᠯ ᠤᠨ ᠪᠠᠶᠢᠴᠠᠭᠠᠯᠳᠠ ᠬᠢᠭᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/10/13
                ︵2022ᠤᠨ ᠤ 28 ᠳ᠋ᠣᠭᠠᠷ ᠲᠤᠭᠠᠳᠤ︶      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠰᠢᠨᠵᠢᠯᠡᠬᠦ ᠤᠬᠠᠭᠠᠨᠴᠢ᠂ ᠤᠨᠤᠴᠢᠳᠠᠢ ᠪᠠᠷ ᠰᠠᠶᠢᠳᠤᠷ ᠬᠢᠵᠤ᠂ ᠬᠢᠵᠢᠭ ᠤᠨ ᠪᠠᠶᠢᠳᠠᠯ ᠤᠨ ᠲᠠᠷᠬᠠᠯᠳᠠ ᠶᠢᠨ ᠵᠠᠮ ᠢ ᠲᠠᠰᠤᠯᠵᠤ᠂ ᠪᠦᠬᠦ ᠲᠤᠭᠤᠷᠢᠭ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠪᠠ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠦᠯᠦᠭᠡ᠂ ᠴᠢᠩᠱᠠᠨ ᠲᠤᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠤᠨ ᠵᠢᠯᠤᠭᠤᠳᠬᠤ ᠭᠠᠵᠠᠷ ᠲᠤᠭᠤᠷᠢᠭ ᠤᠨ ᠭᠤᠤᠯᠳᠠᠯᠭᠠᠳᠤ ᠤᠷᠤᠨ ᠬᠡᠪᠴᠢᠶᠡᠨ ᠤ ᠬᠦᠮᠦᠰ ᠎ ᠲᠤ ᠵᠢᠷᠭᠤᠳᠤᠭᠠᠷ ᠡᠭᠡᠯᠵᠢ ᠶᠢᠨ ᠪᠦᠭᠡᠮ ᠬᠦᠴᠢᠯ ᠤᠨ ᠪᠠᠶᠢᠴᠠᠭᠠᠯᠳᠠ ᠬᠢᠭᠦ ᠎ ᠪᠠᠷ ᠰᠤᠳᠤᠯᠤᠨ ᠲᠤᠭᠳᠠᠭᠠᠵᠠᠢ᠃ ᠬᠤᠯᠪᠤᠭᠳᠠᠯ ᠪᠦᠬᠦᠢ ᠶᠠᠪᠤᠳᠠᠯ ᠤᠨ ᠲᠤᠬᠠᠢ ᠲᠤᠤᠷᠠᠬᠢ ᠮᠡᠳᠦ ᠵᠠᠷᠯᠠᠶ᠎ᠠ᠄      ᠨᠢᠭᠡ᠂ ᠪᠦᠭᠡᠮ ᠬᠦᠴᠢᠯ ᠤᠨ ᠪᠠᠶᠢᠴᠠᠭᠠᠯᠳᠠ ᠶᠢᠨ ᠴᠠᠭ      2022 ᠤᠨ ᠤ 10 ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨᠡᠬᠢ 6᠄ 00 ᠴᠠᠭ       ᠬᠤᠶᠠᠷ᠂ ᠪᠦᠭᠡᠮ ᠬᠦᠴᠢᠯ ᠤᠨ ᠪᠠᠶᠢᠴᠠᠭᠠᠯᠳᠠ ᠬᠢᠭᠦ ᠬᠦᠷᠢᠶ᠎ᠡ ᠬᠡᠪᠴᠢᠶ᠎ᠡ      ᠴᠢᠩᠱᠠᠨ ᠲᠤᠭᠤᠷᠢᠭ ᠤᠨ ᠬᠠᠷᠢᠶᠠᠳᠤ ᠤᠷᠤᠨ ᠤ ᠪᠦᠬᠦ ᠰᠠᠭᠤᠭᠠᠯᠢ ᠠᠷᠠᠳ ᠲᠤᠰ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠨ᠎ᠠ᠃ ᠭᠡᠷ ᠲᠡᠭᠡᠨ ᠲᠤᠰᠭᠠᠷᠯᠠᠵᠤ ᠪᠠᠶᠢᠭ᠎ᠠ ᠬᠦᠮᠦᠰ ᠲᠤᠰ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠬᠤ ᠦᠭᠡᠢ᠃      ᠭᠤᠷᠪᠠ᠂ ᠪᠦᠭᠡᠮ ᠬᠦᠴᠢᠯ ᠤᠨ ᠪᠠᠶᠢᠴᠠᠭᠠᠯᠳᠠ ᠬᠢᠭᠦ ᠳᠤ ᠠᠩᠬᠠᠷᠬᠤ ᠵᠦᠢᠯ ᠤᠳ      ︵ᠨᠢᠭᠡ︶ 10 ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ ᠶᠢᠨ 5᠄00 ᠴᠠᠭ ᠠᠴᠠ ᠡᠬᠢᠯᠡᠨ ᠰᠠᠭᠤᠭᠠᠯᠢ ᠲᠤᠭᠤᠷᠢᠭ ᠢ ᠴᠢᠩᠭ᠎ᠠ ᠬᠠᠮᠢᠶᠠᠷᠤᠨ ᠡᠵᠡᠮᠳᠡᠨ᠎ᠡ᠂ ᠤᠨᠴᠠᠭᠠᠢ ᠪᠠᠶᠢᠳᠠᠯ ᠦᠭᠡᠢ ᠪᠤᠯ ᠭᠠᠳᠠᠭᠰᠢ ᠭᠠᠷᠭᠠᠬᠤ ᠦᠭᠡᠢ᠂ ᠬᠤᠳᠠ ᠶᠢᠨ ᠪᠠᠳᠤᠯᠠᠭ᠎ᠠ᠂ ᠬᠠᠩᠭᠠᠯᠭ᠎ᠠ ᠶᠢᠨ ᠪᠠᠳᠤᠯᠠᠭᠠᠨ ᠤ ᠠᠵᠤ ᠠᠬᠤᠶᠢᠯᠡᠯ ᠦᠢᠯᠡᠳᠪᠦᠷᠢᠯᠡᠯ ᠵᠡᠷᠭᠡ ᠤᠨᠴᠠᠭᠠᠢ ᠪᠠᠶᠢᠳᠠᠯ ᠲᠠᠢ ᠪᠠᠷ ᠭᠠᠳᠠᠭᠰᠢ ᠭᠠᠷᠬᠤ ᠴᠢᠬᠤᠯᠠᠳᠠᠢ ᠬᠦᠮᠦᠰ᠂ ᠨᠡᠪᠳᠡᠷᠡᠭᠦ ᠦᠨᠡᠮᠯᠡᠯ ᠢᠶᠠᠨ ᠦᠵᠡᠭᠦᠯᠭᠦ ᠶᠢᠨ ᠬᠠᠮᠳᠤ ᠲᠠᠩᠰᠠᠯᠠᠭᠤᠯᠵᠤ᠂ ᠤᠶᠢᠷ᠎ᠠ ᠬᠠᠪᠢ ᠳᠠᠭᠠᠨ ᠴᠠᠭ ᠲᠤᠬᠠᠢ ᠳᠤᠨᠢ ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ᠃ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠲᠡᠮᠳᠡᠭᠯᠡᠬᠦ ᠬᠤᠶᠠᠷ ᠬᠡᠮᠵᠢᠯᠳᠦ ᠺᠣᠳ᠋ ᠶᠢᠨ ᠮᠡᠳᠡᠭᠡ ᠵᠠᠩᠬᠢ ᠪᠠᠨ ᠲᠠᠬᠯᠠᠵᠤ᠂ ᠪᠡᠶ᠎ᠡ ᠶᠢᠨ ᠦᠨᠡᠮᠯᠡᠯ ᠪᠤᠶᠤ ᠭᠠᠳᠠᠭᠠᠳᠤ ᠤᠯᠤᠰ ᠤᠨ ᠬᠠᠷᠢᠶ᠎ᠠ ᠲᠠᠢ ᠪᠡᠶ᠎ᠡ ᠶᠢᠨ ᠦᠨᠡᠮᠯᠡᠯ ᠢᠶᠠᠨ ᠠᠪᠴᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠨ᠎ᠡ᠃      ︵ᠬᠤᠶᠠᠷ︶ ᠥᠷᠭᠡᠨ ᠣᠯᠠᠨ ᠰᠠᠭᠤᠭᠠᠯᠢ ᠠᠷᠠᠳ ᠬᠠᠤᠯᠢ ᠎ ᠪᠠᠷ ᠲᠤᠭᠳᠠᠭᠠᠭᠰᠠᠨ ᠡᠭᠦᠷᠭᠡ ᠪᠠᠨ ᠤᠬᠠᠮᠰᠠᠷ ᠎ ᠠᠴᠠ ᠪᠠᠨ ᠬᠦᠢᠴᠡᠳᠭᠡᠬᠦ ᠭᠡᠷᠡᠭᠳᠡᠢ᠃ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠳᠤ ᠬᠠᠮᠵᠢᠯᠴᠠᠬᠤ ᠶᠢ ᠲᠡᠪᠴᠢᠭᠰᠡᠨ᠂ ᠮᠡᠳᠡᠭᠡ ᠵᠠᠩᠭᠢ ᠶᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠬᠠᠭᠤᠷᠮᠠᠭᠯᠠᠨ ᠵᠣᠬᠢᠶᠠᠭᠰᠠᠨ᠂ ᠥᠯᠢᠭᠡᠷ ᠠᠪᠬᠤ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠥᠮᠦᠰ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠦᠭᠡᠮ ᠬᠦᠴᠢᠯ ᠤᠨ ᠪᠠᠶᠢᠴᠠᠭᠠᠯᠳᠠ ᠬᠢᠬᠦ ᠪᠦᠭᠦ ᠶᠠᠪᠤᠴᠠ ᠳᠤ ᠠᠮᠠᠠᠪᠴᠢ ᠵᠡᠭᠦᠵᠤ᠂ ᠪᠤᠰᠤᠳ ᠬᠦᠮᠦᠨ ᠯᠦᠭᠡ ᠶᠢᠨ ᠬᠤᠭᠤᠷᠤᠨᠳᠤᠬᠢ ᠵᠠᠢ ᠶᠢ 1 ᠮᠧᠲᠷ ᠠᠴᠠ ᠲᠡᠭᠡᠭᠰᠢ ᠪᠠᠶᠢᠯᠭᠠᠬᠤ ᠶᠢ ᠪᠠᠳᠤᠯᠠᠵᠤ᠂ 14 ᠨᠠᠰᠤ ᠬᠦᠷᠦᠭᠡ ᠦᠭᠡᠢ ᠪᠤᠶᠤ ᠡᠪᠡᠳᠴᠢᠨ ᠲᠠᠢ ᠬᠦᠮᠦᠰ ᠬᠢᠨᠠᠨ ᠬᠠᠮᠠᠭᠠᠯᠠᠭᠴᠢ ᠨᠢ ᠪᠠᠷ᠎ᠠ ᠪᠤᠯᠵᠤ ᠪᠠᠶᠢᠴᠠᠭᠠᠯᠳᠠ ᠬᠢᠭᠦ ᠬᠡᠷᠡᠭᠳᠡᠢ᠃ ᠶᠠᠷᠢᠯᠴᠠᠬᠤ ᠦᠭᠡᠢ᠂ ᠴᠤᠭᠯᠠᠷᠠᠬᠤ ᠦᠭᠡᠢ᠂ ᠦᠪᠡᠷ ᠤᠨ ᠪᠡᠶ᠎ᠡ ᠪᠠᠨ ᠰᠠᠶᠢᠳᠤᠷ ᠬᠠᠮᠠᠭᠠᠯᠠᠨ᠎ᠠ᠃ ᠡᠭᠦᠨ ᠤ ᠲᠠᠭᠠᠤ ᠬᠦᠢᠳᠡᠨ ᠢ ᠰᠡᠷᠭᠡᠶᠢᠯᠡᠵᠦ᠂ ᠨᠠᠰᠤᠳᠠᠨ ᠪᠠ ᠬᠡᠦᠭᠡᠳ ᠢ ᠰᠠᠶᠢᠬᠠᠨ ᠬᠠᠷᠠᠭᠠᠯᠵᠠᠭᠠᠷᠠᠢ᠃      ︵ᠭᠤᠷᠪᠠ︶ ᠬᠠᠯᠠᠭᠤᠷᠠᠬᠤ᠂ ᠬᠠᠨᠢᠶᠠᠯᠭᠠᠬᠤ ᠵᠡᠷᠭᠡ ᠢᠯᠡᠷᠡᠯ ᠲᠠᠢ ᠪᠤᠶᠤ 48 ᠴᠠᠭ ᠤᠨ ᠳᠣᠲᠣᠷ᠎ᠠ ᠰᠢᠨ᠎ᠡ ᠸᠠᠺᠼᠢᠨ ᠤ ᠲᠠᠷᠢᠯᠭ᠎ᠠ ᠬᠢᠭᠰᠡᠨ ᠰᠠᠭᠤᠭᠠᠯᠢ ᠠᠷᠠᠳ ᠲᠦᠷ ᠴᠠᠭ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠳᠤ ᠣᠷᠣᠯᠴᠠᠬᠤ ᠥᠬᠡᠶ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠮᠡᠳᠡᠭᠦᠯᠬᠦ ᠬᠡᠷᠡᠭᠲᠡᠶ᠃      ︵ᠲᠦᠷᠪᠡ︶ ᠥᠷᠭᠡᠨ ᠣᠯᠠᠨ ᠰᠠᠭᠤᠭᠠᠯᠢ ᠠᠷᠠᠳ ᠵᠡᠭᠡᠯᠢ ᠭᠤᠳᠤᠮᠵᠢ᠂ ᠨᠡᠶᠢᠭᠡᠮ ᠲᠤᠭᠤᠷᠢᠭ ︵ᠲᠤᠰᠬᠤᠨ︶᠎ ᠤᠨ ᠮᠡᠳᠡᠭᠳᠡᠯ ︵ᠵᠠᠷᠯᠠᠯ︶ ᠵᠢᠴᠢ ᠠᠵᠢᠯᠳᠠᠳ ᠤᠨ ᠵᠢᠯᠤᠭᠤᠳᠤᠯᠭ᠎ᠠ ᠪᠠᠷ᠂ ᠴᠠᠭ ᠢᠶᠠᠨ ᠬᠤᠪᠢᠶᠠᠷᠢᠯᠠᠨ ᠡᠮᠬᠢ ᠲᠢᠭᠯᠢᠮ ᠎ ᠲᠠᠢ ᠪᠠᠷ ᠲᠤᠭᠳᠠᠭᠰᠠᠨ ᠭᠠᠵᠠᠷ ᠲᠤ ᠬᠦᠷᠴᠦ ᠪᠦᠭᠡᠮ ᠬᠦᠴᠢᠯ ᠤᠨ ᠪᠠᠶᠢᠴᠠᠭᠠᠯᠳᠠ ᠬᠢᠵᠤ᠂ ᠪᠦᠭᠡᠮᠨᠡᠷᠡᠬᠦ᠂ ᠤᠳᠠᠭᠠᠨ ᠴᠠᠭ ᠢᠶᠠᠷ ᠮᠦᠷᠯᠡᠨ ᠬᠦᠯᠢᠶᠡᠭᠦ ᠠᠴᠠ ᠵᠠᠶᠢᠯᠠᠰᠬᠢᠨ᠎ᠡ᠃      ︵ᠲᠠᠪᠤ︶ ᠥᠷᠭᠡᠨ ᠣᠯᠠᠨ ᠰᠠᠭᠤᠭᠠᠯᠢ ᠠᠷᠠᠳ ᠤᠬᠠᠮᠰᠠᠷ ᠠᠴᠠ ᠪᠠᠨ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠳᠡᠭᠡᠭᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠪᠠᠶᠠᠰᠤᠩᠭᠤᠢ ᠰᠡᠳᠬᠢᠴᠡ ᠶᠢᠨ ᠪᠠᠶᠢᠳᠠᠯ ᠎ ᠲᠠᠢ᠂ ᠰᠢᠨᠵᠢᠯᠡᠬᠦ ᠤᠬᠠᠭᠠᠨᠴᠢ ᠲᠠᠨᠢᠯᠲᠠ ᠲᠠᠢ ᠪᠠᠶᠢᠵᠤ᠂ ᠪᠦᠭᠡᠮ ᠬᠦᠴᠢᠯ ᠤᠨ ᠪᠠᠶᠢᠴᠠᠭᠠᠯᠳᠠ ᠳ᠋ᠤ᠋‌ᠢᠳᠡᠪᠬᠢᠳᠡᠢ ᠤᠷᠤᠯᠴᠠᠬᠤ ᠭᠡᠷᠡᠭᠳᠡᠢ᠃ ᠮᠠᠭᠤ ᠰᠠᠨᠠᠭ᠎ᠠ ᠲᠠᠢ ᠪᠠᠷ ᠴᠤᠤᠷᠬᠠᠯ ᠲᠠᠷᠬᠠᠭᠠᠵᠤ᠂ ᠦᠨᠡᠨ ᠪᠤᠳᠠᠳᠤ ᠪᠤᠰᠤ ᠬᠡᠷᠡᠯ ᠵᠢᠷᠤᠭ᠂ ᠸᠢᠳᠢᠣ᠋ ᠪᠤᠶᠤ ᠶᠠᠷᠢᠶ᠎ᠠ ᠬᠡᠯᠡᠯᠴᠡᠭᠡ ᠶᠢ ᠤᠯᠠᠮᠵᠢᠯᠠᠨ ᠲᠠᠷᠬᠠᠭᠠᠭᠰᠠᠨ ᠠᠴᠠ ᠪᠤᠯᠵᠤ ᠬᠦᠨᠳᠦ ᠨᠤᠴᠢᠳᠠᠢ ᠨᠡᠶᠢᠭᠡᠮ ᠤᠨ ᠨᠦᠯᠦᠭᠡᠯᠡᠯ ᠢ ᠪᠤᠢ ᠪᠤᠯᠭᠠᠭᠰᠠᠳ ᠢ ᠬᠠᠤᠯᠢ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠠᠭᠡᠮᠵᠢᠯᠡᠨ᠎ᠡ᠃      ︵ᠵᠢᠷᠭᠤᠭ᠎ᠠ︶ ᠪᠦᠭᠡᠮ ᠬᠦᠴᠢᠯ ᠤᠨ ᠪᠠᠶᠢᠴᠠᠭᠠᠯᠳᠠ ᠶᠢᠨ ᠦᠷ᠎ᠡ ᠳ᠋ᠦᠩ ᠢ ᠬᠦᠯᠢᠶᠡᠵᠦ ᠪᠠᠶᠢᠬᠤ ᠬᠤᠭᠤᠴᠠᠭᠠᠨ ᠎ ᠳᠤ᠂ ᠥᠷᠭᠡᠨ ᠣᠯᠠᠨ ᠰᠠᠭᠤᠭᠠᠯᠢ ᠠᠷᠠᠳ ᠪᠠᠴᠢᠮ ᠴᠢᠬᠤᠯᠠ ᠤᠴᠢᠷ ᠦᠭᠡᠢ ᠪᠣᠯ ᠭᠠᠳᠠᠭᠰᠢ ᠭᠠᠷᠬᠤ ᠵᠢᠴᠢ ᠴᠤᠭᠯᠠᠭᠠᠨ ᠤ ᠬᠦᠳᠡᠯᠭᠡᠭᠡᠨ ᠢᠶᠠᠨ ᠲᠦᠷ ᠵᠤᠭᠰᠤᠭᠠᠨ᠎ᠠ᠂ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠤᠷ ᠬᠢᠵᠤ᠂ ᠰᠠᠭᠤᠭᠠᠯᠢ ᠠᠷᠠᠳ ᠬᠡᠷᠪᠡ ᠡᠪᠡᠳᠴᠢᠨ ᠦᠵᠡᠭᠦᠯᠬᠦ ᠡᠮ ᠬᠡᠷᠡᠭᠯᠡᠬᠦ ᠵᠡᠷᠭᠡ ᠦᠨᠡᠭᠡᠷ ᠭᠠᠳᠠᠭᠰᠢ ᠭᠠᠷᠬᠤ ᠴᠢᠬᠤᠯᠠᠳᠠᠢ ᠪᠣᠯ᠂ ᠰᠠᠭᠤᠭᠠᠯᠢ ᠲᠤᠭᠤᠷᠢᠭ ︵ᠲᠤᠰᠬᠤᠨ︶᠎ ᠲᠤ ᠮᠡᠳᠡᠭᠦᠯᠵᠦ ᠲᠠᠩᠰᠠᠯᠠᠭᠤᠯᠤᠭᠰᠠᠨ ᠤ ᠰᠡᠭᠦᠯᠡᠷ ᠭᠠᠳᠠᠭᠰᠢ ᠭᠠᠷᠴᠤ ᠪᠤᠯᠤᠨ᠎ᠠ᠃      ︵ᠲᠤᠯᠤᠭ᠎ᠠ︶ ᠪᠦᠭᠡᠮ ᠬᠦᠴᠢᠯ ᠤᠨ ᠪᠠᠶᠢᠴᠠᠭᠠᠯᠳᠠ ᠶᠢᠨ ᠬᠤᠭᠤᠴᠠᠭᠠᠨ ᠳᠤ ᠰᠠᠭᠤᠭᠠᠯᠢ ᠲᠤᠭᠤᠷᠢᠭ ᠢ ᠪᠢᠳᠡᠭᠦᠮᠵᠢᠯᠡᠨ ᠬᠠᠮᠢᠶᠠᠷᠴᠤ᠂ ᠬᠡᠳᠦ ᠲᠡᠯᠭᠡᠭᠦᠷ ︵ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠭᠦᠷ ᠢ ᠪᠠᠭᠳᠠᠭᠠᠨ᠎ᠠ︶᠂ ᠲᠦᠭᠦᠮ ᠲᠡᠯᠭᠡᠭᠦᠷ᠂ ᠡᠮᠴᠢᠯᠡᠭᠡᠨ ᠤ ᠪᠠᠶᠢᠭᠤᠯᠤᠮᠵᠢ᠂ ᠡᠮ ᠤᠨ ᠲᠡᠯᠭᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠭᠡᠯᠪᠡᠷᠢ ᠶᠢ ᠴᠢᠩᠳᠠᠯᠠᠭᠰᠠᠨ ᠤᠷᠢᠳᠠᠯ ᠲᠤᠤᠷ᠎ᠠ ᠭᠡᠪ ᠤᠨ ᠶᠤᠰᠤᠭᠠᠷ ᠡᠵᠡᠩᠨᠡᠨ᠎ᠡ᠂ ᠡᠷᠦᠭᠡ ᠨᠢᠭᠡᠪᠦᠷᠢ ᠠᠴᠠ ᠨᠢᠭᠡ ᠬᠦᠮᠦᠨ ᠲᠤᠬᠢᠷᠠᠭᠤᠯᠵᠤ ᠠᠮᠢᠳᠤᠷᠠᠯ ᠤᠨ ᠭᠡᠷᠡᠭᠰᠡᠯ ᠢ ᠡᠮᠬᠢ ᠲᠢᠭᠯᠢᠮ ᠲᠠᠢ ᠪᠠᠷ ᠬᠤᠳᠠᠯᠳᠤᠨ ᠠᠪᠤᠨ᠎ᠠ᠃ KTV᠂ ᠪᠡᠶ᠎ᠡ ᠤᠬᠢᠶᠠᠯᠭ᠎ᠠ ᠶᠢᠨ ᠭᠠᠵᠠᠷ᠂ ᠰᠢᠳᠠᠷ᠎ᠠ ᠶᠢᠨ ᠭᠡᠷ ᠵᠡᠷᠭᠡ ᠰᠤᠶᠤᠯ ᠵᠤᠭ᠎ᠠ ᠴᠡᠩᠭᠡᠯ ᠤᠨ ᠭᠠᠵᠠᠷ ᠪᠦᠬᠦᠨ ᠢᠶᠠᠷ ᠢᠶᠠᠨ ᠡᠵᠡᠩᠨᠡᠯᠳᠡ ᠪᠠᠨ ᠲᠦᠷ ᠵᠤᠭᠰᠤᠭᠠᠵᠤ᠂ ᠢᠳᠡᠭᠡᠨ ᠤᠮᠳᠠᠭᠠᠨ ᠤ ᠠᠵᠢᠯ ᠲᠦᠷᠦᠯ ᠬᠤᠭᠤᠯᠠᠨ ᠭᠡᠷ ᠎ ᠲᠡᠭᠡᠨ ᠵᠤᠴᠢᠯᠠᠬᠤ ᠦᠭᠡᠢ᠃ ᠥᠷᠭᠡᠨ ᠣᠯᠠᠨ ᠰᠠᠭᠤᠭᠠᠯᠢ ᠠᠷᠠᠳ ᠮᠡᠳᠡᠵᠤ᠂ ᠬᠠᠮᠵᠢᠯᠴᠠᠭᠠᠷᠠᠢ᠃      ᠤᠨᠴᠠᠭᠠᠶᠢᠯᠠᠨ ᠵᠠᠷᠯᠠᠪᠠ᠃               ᠴᠢᠩᠱᠠᠨ ᠲᠤᠭᠤᠷᠢᠭ ᠤᠨ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ ᠬᠢᠵᠢᠭ ᠤᠨ             ᠪᠠᠶᠢᠳᠠᠯ ᠢ ᠰᠡᠷᠭᠡᠶᠢᠯᠡᠨ ᠡᠳᠡᠮᠳᠡᠬᠦ ᠠᠵᠢᠯ ᠤᠨ ᠵᠢᠯᠤᠭᠤᠳᠬᠤ ᠭᠠᠵᠠᠷ                    2022 ᠤᠨ ᠤ 10 ᠰᠠᠷ᠎ᠠ ᠶᠢᠨ13᠎ ᠤ ᠡᠳᠦᠷ   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号