《ᠨᠠᠷᠢᠨ ᠭᠤᠳᠤᠮᠵᠢ ᠶᠢᠨ ᠬᠠᠮᠢᠶᠠᠷᠤᠭᠴᠢ》ᠤᠯᠠᠨ ᠤ ᠲᠦᠯᠦᠭᠡ ᠭᠤᠳᠤᠮᠵᠢ ᠶᠢ ᠬᠠᠮᠢᠶᠠᠷᠤᠭᠰᠠᠨ ᠨᠢ
ᠨᠡᠶᠢᠲᠡᠯᠡᠭᠰᠡᠨ ᠴᠠᠭ᠄
2022/10/19
 
qsq_20228261172_副本.jpg
       ᠰᠤᠷᠪᠤᠯᠵᠢᠯᠠᠭᠰᠠᠨ ᠭᠤᠤᠯ ᠰᠡᠳᠦᠪ᠄《ᠨᠠᠷᠢᠨ ᠭᠤᠳᠤᠮᠵᠢ ᠶᠢᠨ ᠬᠠᠮᠢᠶᠠᠷᠤᠭᠴᠢ》ᠤᠯᠠᠨ ᠤ ᠲᠦᠯᠦᠭᠡ ᠭᠤᠳᠤᠮᠵᠢ  ᠶᠢ ᠬᠠᠮᠢᠶᠠᠷᠤᠭᠰᠠᠨ ᠨᠢ      ᠰᠤᠷᠪᠤᠯᠵᠢᠯᠠᠭᠰᠠᠨ ᠴᠠᠭ᠄ 2022 ᠤᠨ ᠤ 8 ᠰᠠᠷ᠎ᠠ ᠶᠢᠨ 24 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠤᠭᠤᠷᠢᠭ ᠤᠨ ᠬᠦᠴᠦᠷᠭᠡᠭᠯᠡᠯ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠭᠡᠷᠡᠭ ᠡᠷᠭᠢᠯᠡᠬᠦ ᠭᠠᠵᠠᠷ ᠤᠨ ᠡᠷᠭᠢᠯᠡᠭᠴᠢ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠤᠨ ᠡᠷᠭᠢᠯᠡᠭᠴᠢ ᠭᠤᠤ ᠵᠦ      ᠰᠤᠷᠪᠤᠯᠵᠢᠯᠠᠭᠰᠠᠨ ᠠᠬᠤᠢ ᠪᠠᠶᠢᠳᠠᠯ᠄ 2021 ᠤᠨ ᠳᠤ᠂ ᠬᠦᠴᠦᠷᠭᠡᠭᠯᠡᠯ ᠵᠠᠮ ᠤᠨ ᠵᠡᠭᠡᠯᠢ ᠭᠤᠳᠤᠮᠵᠢ ᠶᠢᠨ  ᠬᠢᠨ ᠪᠦᠬᠦ ᠬᠤᠳᠠ ᠳᠤ《ᠨᠠᠷᠢᠨ ᠭᠤᠳᠤᠮᠵᠢ ᠶᠢᠨ ᠬᠠᠮᠢᠶᠠᠷᠤᠭᠴᠢ》ᠭᠡᠭᠦ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠶᠢ ᠤᠷᠢᠳ ᠢᠶᠠᠷ ᠲᠤᠷᠰᠢᠨ ᠪᠠᠶᠢᠭᠤᠯᠵᠤ᠂ ᠦᠢᠯᠡᠴᠢᠯᠡᠭᠡᠨ ᠤ ᠠᠩᠬᠢ ᠨᠢ ᠰᠠᠭᠤᠭᠠᠯᠢ ᠠᠷᠠᠳ ᠤᠨ《ᠬᠠᠮᠳᠤᠪᠡᠷ ᠪᠠᠶᠢᠭᠤᠯᠬᠤ᠂ ᠬᠠᠮᠳᠤᠪᠡᠷ ᠵᠠᠰᠠᠬᠤ᠂ ᠬᠠᠮᠳᠤᠪᠡᠷ ᠡᠳ᠋ᠯᠡᠭᠦ》 ᠳᠤ ᠤᠷᠤᠯᠴᠬᠠᠤ ᠶᠢᠨ ᠪᠤᠳᠠᠳᠤ ᠦᠢᠯᠡᠳᠦᠯᠡᠭᠡ ᠪᠤᠯᠤᠭᠰᠠᠨ ᠪᠠᠶᠢᠨ᠎ᠠ᠃    【ᠬᠦᠳᠦᠯᠦᠭᠴᠢ】    《ᠨᠠᠷᠢᠨ ᠭᠤᠳᠤᠮᠵᠢ ᠶᠢᠨ ᠬᠠᠮᠢᠶᠠᠷᠤᠭᠴᠢ》ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠪᠠᠶᠢᠭᠤᠯᠤᠭᠳᠠᠭᠰᠠᠨ ᠠᠩᠬᠠᠨ ᠤ ᠵᠤᠷᠢᠯᠳᠠ ᠪᠠᠨ ᠲᠠᠨᠢᠯᠴᠠᠭᠤᠯᠤᠭᠠᠳ ᠦᠭᠬᠦᠨ᠎ᠡ ᠦᠦ︖     【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠤᠤ ᠵᠦ】      ᠬᠦᠴᠦᠷᠭᠡᠭᠯᠡᠯ ᠵᠠᠮ ᠤᠨ ᠵᠡᠭᠡᠯᠢ ᠭᠤᠳᠤᠮᠵᠢ ᠲᠤᠤᠷ᠎ᠠ ᠪᠠᠨ 6 ᠨᠡᠶᠢᠭᠡᠮ ᠲᠤᠭᠤᠷᠢᠭ ᠲᠠᠢ᠂ ᠤᠯᠠᠩᠭᠢ ᠨᠢ ᠨᠡᠶᠢᠳᠡᠯᠢᠭ ᠬᠠᠭᠤᠴᠢᠨ ᠲᠤᠭᠤᠷᠢᠭ ᠪᠠᠶᠢᠵᠦ᠂ ᠦᠮᠴᠢᠯᠡᠯ ᠤᠨ ᠡᠷᠭᠡ  ᠶᠢᠨ ᠨᠢᠭᠡᠴᠡ ᠠᠷᠪᠢᠨ᠂ ᠵᠦᠷᠢᠴᠡᠯ ᠵᠢᠭᠤᠷᠠᠯᠳᠤᠭᠠᠨ᠂ ᠠᠮᠤᠷ ᠲᠦᠪᠰᠢᠨ ᠤ ᠲᠠᠯᠳᠠ ᠭᠡᠮ ᠤᠯᠠᠨ᠂ ᠤᠷᠴᠢᠨ ᠲᠤᠭᠤᠷᠢᠨ ᠤ ᠠᠷᠢᠭᠤᠨ ᠴᠡᠪᠡᠷᠯᠡᠭᠡ ᠶᠢᠨ ᠬᠦᠴᠢᠷᠳᠡᠯ ᠶᠡᠭᠡ᠂ ᠬᠠᠮᠢᠶᠠᠷᠬᠤ ᠳᠤ ᠬᠦᠴᠢᠷ᠂ ᠵᠡᠭᠡᠯᠢ ᠭᠤᠳᠤᠮᠵᠢ᠂ ᠨᠡᠶᠢᠭᠡᠮ ᠲᠤᠭᠤᠷᠢᠭ ᠤᠨ ᠬᠢᠨ ᠡᠳᠡᠭᠡᠷ ᠠᠰᠠᠭᠤᠳᠠᠯ ᠳᠤ ᠴᠢᠭᠯᠡᠭᠦᠯᠦᠨ ᠰᠢᠪᠳᠤᠯᠤᠯᠳᠠ ᠶᠢᠨ ᠴᠡᠭ ᠢ ᠡᠷᠢᠯᠭᠢᠭᠰᠡᠭᠡᠷ ᠢᠷᠡᠵᠡᠢ᠃ ᠡᠯ᠎ᠡ ᠨᠡᠶᠢᠭᠡᠮ ᠲᠤᠭᠤᠷᠢᠭ ᠲᠤ ᠨᠢᠭᠡ ᠪᠦᠯᠦᠭ ᠬᠠᠯᠠᠭᠤᠨ ᠰᠡᠳᠬᠢᠯ ᠲᠠᠢ ᠠᠬᠠᠮᠠᠳ ᠨᠠᠮ ᠤᠨ ᠬᠡᠰᠢᠭᠦᠨ ᠪᠠ ᠤᠯᠠᠨ ᠲᠦᠮᠡᠨ ᠲᠠᠢ ᠪᠠᠶᠢᠵᠤ᠂ ᠲᠡᠳᠡ ᠨᠠᠷ ᠤᠮᠠᠷᠠᠳᠤ ᠬᠦᠨᠳᠦ ᠠᠵᠤ ᠦᠢᠯᠡᠳᠪᠦᠷᠢ ᠶᠢᠨ ᠴᠡᠷᠢᠭ ᠵᠡᠪᠰᠡᠭ ᠤᠨ ᠵᠤᠷᠢᠭ ᠰᠠᠨᠠᠭ᠎ᠠ ᠶᠢ ᠢᠮᠠᠭᠳᠠ ᠪᠠᠷᠢᠮᠳᠠᠯᠠᠵᠤ᠂ ᠠᠵᠢᠯ ᠠᠴᠠ ᠪᠠᠨ ᠠᠮᠠᠷᠠᠭᠰᠠᠨ ᠪᠤᠯᠪᠠᠴᠤ《ᠠᠵᠢᠯ ᠤᠨ ᠪᠠᠶᠢᠷᠢ》 ᠠᠴᠠ ᠪᠠᠨ ᠰᠠᠯᠤᠭ᠎ᠠ ᠦᠭᠡᠢ᠂ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠶᠢ ᠴᠢᠬᠤᠯᠠᠴᠢᠯᠠᠵᠤ᠂ ᠦᠷᠭᠦᠯᠵᠢ ᠨᠡᠶᠢᠭᠡᠮ ᠲᠤᠭᠤᠷᠢᠭ ᠤᠨ ᠡᠯ᠎ᠡ ᠵᠦᠢᠯ  ᠤᠨ ᠬᠦᠳᠡᠯᠭᠡᠭᠡᠨ ᠪᠠ ᠦᠢᠯᠡᠴᠢᠯᠡᠭᠡ ᠳᠤ ᠤᠷᠤᠯᠴᠠᠵᠤ᠂ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠪᠠ ᠵᠠᠰᠠᠯᠳᠠ ᠳᠤ ᠤᠷᠤᠯᠴᠠᠬᠤ ᠢᠳᠡᠪᠬᠢᠵᠢᠯ ᠨᠡᠯᠢᠶᠡᠳ ᠦᠨᠳᠦᠷ ᠪᠠᠶᠢᠳᠠᠭ᠃ ᠡᠳᠡᠭᠡᠷ ᠪᠠᠶᠢᠳᠠᠯ ᠲᠠᠢ ᠤᠶᠠᠯᠳᠤᠭᠤᠯᠤᠨ᠂ 2021 ᠤᠨ ᠳᠤ᠂ ᠵᠡᠭᠡᠯᠢ ᠭᠤᠳᠤᠮᠵᠢ ᠤᠷᠢᠳ ᠢᠶᠠᠷ《ᠨᠠᠷᠢᠨ ᠭᠤᠳᠤᠮᠵᠢ ᠶᠢᠨ ᠬᠠᠮᠢᠶᠠᠷᠤᠭᠴᠢ》ᠭᠡᠭᠦ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠶᠢ ᠲᠤᠷᠰᠢᠨ ᠪᠠᠶᠢᠭᠤᠯᠵᠤ᠂ ᠰᠠᠭᠤᠭᠠᠯᠢ ᠠᠷᠠᠳ ᠤᠨ《 ᠬᠠᠮᠳᠤᠪᠡᠷ ᠪᠠᠶᠢᠭᠤᠯᠬᠤ᠂ ᠬᠠᠮᠳᠤᠪᠡᠷ ᠵᠠᠰᠠᠬᠤ᠂ ᠬᠠᠮᠳᠤᠪᠡᠷ ᠡᠳ᠋ᠯᠡᠭᠦ》 ᠳᠤ ᠤᠷᠤᠯᠴᠬᠠᠤ ᠶᠢᠨ ᠪᠤᠳᠠᠳᠤ ᠦᠢᠯᠡᠳᠦᠯᠡᠭᠡ ᠪᠤᠯᠤᠭᠰᠠᠨ ᠪᠠᠶᠢᠨ᠎ᠠ᠃    【ᠬᠦᠳᠦᠯᠦᠭᠴᠢ】    《ᠨᠠᠷᠢᠨ ᠭᠤᠳᠤᠮᠵᠢ ᠶᠢᠨ ᠬᠠᠮᠢᠶᠠᠷᠤᠭᠴᠢ》ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠶᠢ ᠬᠡᠷᠭᠢᠨ ᠬᠠᠮᠢᠶᠠᠷᠳᠠᠭ ᠪᠤᠢ︖    【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠤᠤ ᠵᠦ】      ᠨᠢᠭᠡ ᠳᠤ᠂ ᠦᠷᠭᠡᠨ ᠢᠶᠠᠷ ᠤᠬᠠᠭᠤᠯᠵᠤ᠂ ᠠᠷᠠᠳ ᠤᠨ ᠰᠠᠨᠠᠭ᠎ᠠ ᠶᠢ ᠤᠶᠢᠯᠠᠭᠠᠵᠤ᠂ ᠦᠨᠳᠦᠷ ᠪᠦᠳᠦᠮᠵᠢᠳᠡᠢ ᠭᠠᠪᠰᠢᠭᠠᠢ ᠡᠩᠨᠡᠭᠡ ᠶᠢ ᠵᠤᠭᠢᠶᠠᠨ ᠪᠠᠶᠢᠭᠤᠯᠵᠠᠢ᠃ ᠰᠠᠭᠤᠭᠠᠯᠢ ᠠᠷᠠᠳ ᠦᠪᠡᠷ ᠢ ᠪᠠᠨ ᠲᠠᠨᠢᠯᠴᠠᠭᠤᠯᠬᠤ᠂ ᠨᠡᠶᠢᠭᠡᠮ ᠲᠤᠭᠤᠷᠢᠭ ᠠᠴᠠ ᠲᠠᠨᠢᠯᠴᠠᠭᠤᠯᠬᠤ᠂ ᠡᠯᠰᠡᠭᠦ ᠪᠠᠷ ᠲᠠᠮᠵᠢᠨ 6 ᠨᠡᠶᠢᠭᠡᠮ ᠲᠤᠭᠤᠷᠢᠭ ᠲᠤ ᠪᠦᠷ《ᠨᠠᠷᠢᠨ ᠭᠤᠳᠤᠮᠵᠢ  ᠶᠢᠨ ᠬᠠᠮᠢᠶᠠᠷᠤᠭᠴᠢ》ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠪᠠᠶᠢᠭᠤᠯᠵᠠᠢ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ《ᠨᠠᠷᠢᠨ ᠭᠤᠳᠤᠮᠵᠢ ᠶᠢᠨ ᠬᠠᠮᠢᠶᠠᠷᠤᠭᠴᠢ》ᠨᠢᠭᠡᠪᠦᠷᠢ ᠶᠢ ᠠᠵᠢᠯᠯᠠᠭᠤᠯᠬᠤ ᠳᠤ ᠨᠡᠩ ᠲᠦᠭᠦᠮ ᠪᠤᠯᠭᠠᠬᠤ ᠶᠢᠨ ᠲᠦᠯᠦᠭᠡ᠂ ᠲᠡᠳᠡᠨ ᠳᠤ ᠨᠢᠭᠡᠳᠦᠯᠳᠡᠢ ᠪᠠᠷ ᠰᠠᠶᠢᠨ ᠲᠤᠷᠠᠴᠤᠤᠯ ᠤᠨ ᠬᠤᠪᠴᠠᠰᠤ ᠶᠢ ᠵᠢᠷᠤᠵᠤ ᠲᠦᠯᠦᠪᠯᠡᠨ ᠲᠦᠭᠡᠭᠡᠵᠦ᠂ ᠤᠷᠢᠯᠭ᠎ᠠ ᠶᠢᠨ ᠪᠢᠴᠢᠭ ᠪᠠ ᠠᠵᠢᠯ ᠤᠨ ᠡᠩᠭᠡᠷ ᠤᠨ ᠫᠠᠶᠢᠰᠠ ᠲᠦᠭᠡᠭᠡᠪᠡ᠃      ᠬᠤᠶᠠᠷ ᠲᠤ᠂ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠬᠦᠳᠦᠯᠡᠨ ᠲᠠᠭᠠᠭᠤᠯᠬᠤ ᠶᠢ ᠴᠢᠬᠤᠯᠠᠴᠢᠯᠠᠵᠤ᠂ ᠪᠡᠶ᠎ᠡ ᠪᠠᠷ ᠢᠶᠠᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠠᠢ᠃《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠡᠩᠭᠡᠷ ᠤᠨ ᠫᠠᠶᠢᠰᠠᠨ ᠲᠡᠭᠡᠷ᠎ᠡ ᠬᠠᠮᠢᠶᠠᠷᠤᠭᠴᠢ ᠪᠤᠯᠭᠠᠨ ᠤ ᠬᠠᠷᠢᠭᠤᠴᠠᠯᠭ᠎ᠠ ᠶᠢᠨ ᠤᠷᠤᠨ ᠪᠠ ᠬᠠᠷᠠᠭᠠᠯᠵᠠᠭᠰᠠᠨ ᠲᠤᠤᠷᠵᠢᠭᠤᠯᠤᠯᠳᠠ ᠶᠢᠨ ᠠᠵᠢᠯᠳᠠᠨ ᠪᠤᠢ᠂ ᠵᠡᠭᠡᠯᠢ ᠭᠤᠳᠤᠮᠵᠢ ᠠᠴᠠ ᠪᠠᠰᠠ《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ《ᠵᠢᠷᠭᠤᠭᠠᠨ ᠦᠰᠦᠭ ᠤᠨ ᠠᠵᠢᠯᠯᠠᠬᠤ ᠠᠷᠭ᠎ᠠ》 ᠶᠢ ᠲᠠᠷᠬᠠᠭᠠᠭᠰᠠᠨ ᠪᠠᠶᠢᠨ᠎ᠠ᠃ ᠲᠠᠷᠤᠢ ᠡᠳᠦᠷ ᠪᠦᠷᠢ《ᠲᠤᠭᠤᠷᠢᠨ ᠪᠠᠶᠢᠴᠠᠭᠠᠬᠤ》᠂ ᠦᠷᠭᠦᠯᠵᠢ《ᠰᠤᠷᠪᠤᠯᠵᠢᠯᠠᠬᠤ》᠂ ᠭᠠᠷ ᠤᠨ ᠠᠶ᠎ᠠ  ᠪᠠᠷ《ᠬᠢᠬᠦ》᠂ ᠴᠠᠭ ᠲᠤᠬᠠᠢ ᠳᠤᠨᠢ《ᠮᠡᠳᠡᠭᠦᠯᠬᠦ》᠂ ᠴᠠᠭ ᠲᠤᠬᠠᠢ ᠳᠤᠨᠢ《ᠲᠡᠮᠳᠡᠭᠯᠡᠬᠦ》ᠪᠠ ᠴᠠᠭ ᠲᠤᠬᠠᠢ  ᠳᠤᠨᠢ《ᠰᠤᠯᠢᠬᠤ》ᠵᠡᠷᠭᠡ ᠪᠠᠶᠢᠵᠤ᠂《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠠᠷᠭ᠎ᠠ ᠶᠢ ᠲᠤᠳᠤᠷᠬᠠᠶᠢᠯᠠᠵᠤ᠂《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢ ᠦᠨᠡᠨᠬᠦ ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ  ᠶᠢᠨ《ᠨᠢᠳᠦ》《 ᠴᠢᠬᠢ》《ᠠᠮᠠ》ᠪᠤᠯᠭᠠᠭᠰᠠᠨ ᠪᠠᠶᠢᠨ᠎ᠠ᠃     ᠭᠤᠷᠪᠠ ᠳᠤ᠂ ᠪᠤᠯᠪᠠᠰᠤᠷᠠᠯ ᠢ ᠴᠢᠩᠭᠠᠳᠬᠠᠵᠤ᠂ ᠪᠠᠶᠢᠩᠭᠤ ᠰᠤᠯᠢᠯᠴᠠᠵᠤ᠂ ᠬᠠᠮᠵᠢᠯᠴᠠᠨ ᠵᠠᠰᠠᠬᠤ ᠴᠢᠳᠠᠪᠤᠷᠢ  ᠶᠢ ᠲᠡᠭᠡᠭᠰᠢᠯᠡᠭᠦᠯᠵᠡᠢ᠃ ᠵᠡᠭᠡᠯᠢ ᠭᠤᠳᠤᠮᠵᠢ ᠰᠢᠨ᠎ᠡ ᠪᠠᠷ ᠲᠤᠮᠢᠯᠠᠭᠳᠠᠭᠰᠠᠨ《ᠨᠠᠷᠢᠨ ᠭᠤᠳᠤᠮᠵᠢ ᠶᠢᠨ ᠬᠠᠮᠢᠶᠠᠷᠤᠭᠴᠢ》 ᠳᠤ ᠠᠩᠬᠠᠨ ᠤ ᠲᠤᠰᠢᠶᠠᠯ ᠪᠠ ᠮᠡᠷᠭᠡᠵᠢᠯ  ᠤᠨ ᠪᠤᠯᠪᠠᠰᠤᠷᠠᠯ ᠬᠢᠵᠦ᠂ ᠲᠤᠭᠳᠠᠭᠰᠠᠨ ᠬᠤᠭᠤᠴᠠᠭ᠎ᠠ  ᠲᠠᠢ ᠪᠠᠷ ᠠᠵᠢᠯ ᠤᠨ ᠲᠤᠷᠰᠢᠯᠭ᠎ᠠ ᠪᠠᠨ ᠬᠤᠪᠢᠶᠠᠨ ᠡᠳ᠋ᠯᠡᠬᠦ ᠬᠤᠷᠠᠯ ᠬᠢᠵᠤ᠂ ᠡᠭᠦᠨ ᠤ ᠵᠡᠷᠭᠡ᠂ ᠲᠤᠭᠳᠠᠭᠰᠠᠨ ᠬᠤᠭᠤᠴᠠᠭ᠎ᠠ ᠲᠠᠢ ᠪᠠᠷ《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠲᠤᠭᠳᠠᠮᠠᠯ ᠬᠤᠷᠠᠯ ᠬᠢᠵᠤ᠂ ᠬᠠᠮᠢᠶᠠᠷᠤᠭᠴᠢᠳ ᠤᠨ ᠠᠵᠢᠯ ᠤᠨ ᠴᠢᠳᠠᠪᠤᠷᠢ᠂ ᠬᠠᠷᠢᠭᠤᠴᠠᠯᠭᠠᠳᠤ ᠰᠡᠳᠬᠢᠯ᠂ ᠡᠭᠦᠷᠭᠡᠯᠡᠯᠳᠦ ᠰᠡᠳᠭᠢᠯᠭᠡ ᠶᠢ ᠲᠠᠰᠤᠷᠠᠯᠳᠠ ᠦᠭᠡᠢ ᠲᠡᠭᠡᠭᠰᠢᠯᠡᠭᠦᠯᠵᠡᠢ᠃     ᠲᠦᠷᠪᠡ ᠳᠤ᠂ ᠲᠤᠭᠳᠠᠴᠠ ᠶᠢ ᠪᠠᠶᠢᠭᠤᠯᠤᠨ᠂ ᠪᠤᠳᠠᠳᠤ ᠦᠷ᠎ᠡ ᠪᠦᠳᠦᠮᠵᠢ ᠶᠢ ᠴᠢᠬᠤᠯᠠᠴᠢᠯᠠᠵᠤ᠂ ᠬᠠᠮᠢᠶᠠᠷᠤᠭᠴᠢ ᠶᠢᠨ ᠤᠷᠤᠯᠴᠠᠬᠤ ᠢᠳᠡᠪᠬᠢᠵᠢᠯ ᠢ ᠬᠦᠭᠵᠢᠭᠡᠵᠡᠢ᠃《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠡᠩᠨᠡᠭᠡ ᠶᠢᠨ ᠢᠮᠠᠭᠳᠠ ᠠᠮᠢᠵᠢᠷᠠᠯ ᠤᠨ ᠬᠦᠴᠦᠨ ᠢᠶᠠᠨ ᠪᠠᠳᠤᠯᠠᠭᠤᠯᠬᠤ ᠶᠢᠨ ᠲᠦᠯᠦᠭᠡ᠂ ᠵᠠᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ《〈ᠨᠠᠷᠢᠨ ᠭᠤᠳᠤᠮᠵᠢ ᠶᠢᠨ ᠬᠠᠮᠢᠶᠠᠷᠤᠭᠴᠢ》〉ᠬᠤᠪᠢ ᠬᠤᠷᠠᠮᠳᠤᠭᠤᠯᠵᠤ ᠡᠳ᠋ ᠰᠤᠯᠢᠬᠤ ᠠᠵᠢᠯ ᠤᠨ ᠲᠦᠰᠦᠯ》 ᠢ ᠲᠤᠭᠳᠠᠭᠠᠵᠠᠢ᠃ ᠲᠠᠷᠤᠢ ᠨᠡᠶᠢᠭᠡᠮ ᠲᠤᠭᠤᠷᠢᠭ  ᠲᠤ《ᠶᠡᠷᠦᠩᠭᠡᠶᠢᠯᠡᠨ ᠬᠠᠮᠢᠶᠠᠷᠬᠤ᠂ ᠨᠡᠶᠢᠭᠡᠮ ᠲᠤᠭᠤᠷᠢᠭ ᠤᠨ ᠤᠷᠴᠢᠨ ᠲᠤᠭᠤᠷᠢᠨ᠂ ᠨᠡᠶᠢᠭᠡᠮ ᠲᠤᠭᠤᠷᠢᠭ ᠤᠨ ᠰᠤᠶᠤᠯ᠂ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ》ᠵᠡᠷᠭᠡ 5 ᠲᠡᠯ᠎ᠠ ᠳᠤ ᠦᠵᠡᠭᠦᠯᠦᠭᠰᠡᠨ ᠬᠤᠪᠢ ᠨᠡᠮᠡᠷᠢ  ᠶᠢ ᠲᠡᠮᠳᠡᠭᠯᠡᠵᠦ᠂ ᠡᠯ᠎ᠡ ᠨᠡᠶᠢᠭᠡᠮ ᠲᠤᠭᠤᠷᠢᠭ  ᠤᠨ ᠬᠢᠨ ᠪᠠᠰᠠ《ᠬᠤᠪᠢ ᠬᠤᠷᠠᠮᠳᠤᠭᠤᠯᠬᠤ ᠬᠤᠪᠢᠰᠬᠠᠯᠳᠤ ᠬᠡᠳᠦ ᠲᠡᠯᠭᠡᠭᠦᠷ》 ᠢ ᠪᠠᠶᠢᠭᠤᠯᠤᠭᠰᠠᠨ ᠪᠠᠶᠢᠨ᠎ᠠ᠃ 《ᠨᠠᠷᠢᠨ ᠭᠤᠳᠤᠮᠵᠢ ᠶᠢᠨ ᠬᠠᠮᠢᠶᠠᠷᠤᠭᠴᠢ》ᠰᠠᠶᠢᠨ᠋ ᠲᠤᠷ᠎ᠠ ᠶᠢᠨ ᠦᠢᠯᠡᠴᠢᠯᠡᠭᠡ ᠳᠤ ᠤᠷᠤᠯᠴᠠᠭᠰᠠᠨ ᠲᠦᠷᠦᠯ ᠵᠦᠢᠯ ᠪᠠ ᠤᠳᠠᠭ᠎ᠠ ᠪᠠᠷ ᠬᠤᠪᠢ ᠬᠤᠷᠠᠮᠳᠤᠭᠤᠯᠤᠨ ᠲᠡᠮᠳᠡᠭᠯᠡᠵᠦ᠂ ᠬᠤᠪᠢ ᠬᠤᠷᠠᠮᠳᠤᠭᠤᠯᠵᠤ ᠡᠳ᠋ ᠰᠤᠯᠢᠬᠤ ᠠᠵᠢᠯ ᠤᠨ ᠠᠷᠭ᠎ᠠ ᠶᠢ ᠦᠨᠳᠦᠰᠦᠯᠡᠨ᠂《ᠬᠤᠪᠢ ᠬᠤᠷᠠᠮᠳᠤᠭᠤᠯᠬᠤ ᠬᠤᠪᠢᠰᠬᠠᠯᠳᠤ ᠬᠡᠳᠦ ᠲᠡᠯᠭᠡᠭᠦᠷ》 ᠠᠴᠠ ᠦᠪᠡᠷ ᠤᠨ ᠬᠡᠷᠡᠭᠴᠡᠭᠡᠳᠡᠢ ᠵᠦᠢᠯᠡᠰ ᠢᠶᠠᠨ ᠰᠤᠯᠢᠵᠤ ᠪᠤᠯᠳᠠᠭ᠃      ᠲᠠᠪᠤ ᠳᠤ᠂ ᠦᠷᠭᠦᠯᠵᠢ ᠰᠤᠷᠪᠤᠯᠵᠢᠯᠠᠵᠤ᠂ ᠬᠠᠶᠢᠷ᠎ᠠ ᠬᠠᠯᠠᠮᠵᠢ ᠶᠢ ᠬᠦᠷᠭᠡᠵᠦ᠂ ᠬᠠᠯᠠᠮᠰᠢᠨ ᠬᠠᠶᠢᠷᠠᠯᠠᠬᠤ ᠪᠡ ᠦᠢᠯᠡᠴᠢᠯᠡᠭᠡ ᠪᠠᠷ ᠠᠷᠠᠳ ᠤᠨ ᠰᠡᠳᠬᠢᠯ  ᠢ ᠨᠢᠭᠳᠠᠷᠠᠭᠤᠯᠤᠨ᠎ᠠ᠃《 ᠲᠠᠪᠤ ᠶᠢ ᠵᠠᠪᠠᠯ ᠰᠤᠷᠪᠤᠯᠵᠢᠯᠠᠬᠤ》ᠵᠠᠷᠴᠢᠮ ᠶᠤᠰᠤᠭᠠᠷ ︵ᠲᠠᠷᠤᠢ ᠡᠪᠡᠳᠴᠢᠯᠡᠭᠰᠡᠨ ᠦᠶ᠎ᠡ ᠳᠤ ᠵᠠᠪᠠᠯ ᠠᠶᠢᠯᠴᠢᠯᠠᠨ ᠤᠴᠢᠵᠤ ᠬᠠᠯᠠᠮᠵᠢᠯ ᠬᠦᠷᠭᠡᠨ᠎ᠡ᠂ ᠭᠡᠷ ᠲᠤᠨᠢ ᠪᠠᠶᠠᠷ ᠤᠨ ᠤᠴᠢᠷ ᠪᠠᠶᠢᠪᠠᠯ ᠵᠠᠪᠠᠯ ᠠᠶᠢᠯᠴᠢᠯᠠᠨ ᠪᠡᠯᠭᠡᠯᠡᠨ᠎ᠡ᠃ ᠤᠨᠴᠠᠭᠠᠢ ᠬᠦᠴᠢᠷᠳᠡᠯ ᠲᠠᠢ ᠦᠶ᠎ᠡ ᠳᠤ ᠵᠠᠪᠠᠯ ᠰᠤᠷᠪᠤᠯᠵᠢᠯᠠᠵᠤ᠂ ᠬᠠᠪᠰᠤᠷᠤᠮᠵᠢ ᠦᠭᠬᠦᠨ᠎ᠡ᠃ ᠭᠡᠷ ᠪᠦᠯᠢ ᠳᠤᠨᠢ ᠬᠡᠨᠡᠳᠳᠡ ᠶᠢᠨ ᠵᠤᠯ ᠪᠤᠰᠤ ᠬᠤᠪᠢᠷᠠᠯᠳᠠ ᠳᠤ ᠤᠴᠠᠷᠠᠪᠠᠯ ᠵᠠᠪᠠᠯ ᠰᠤᠷᠪᠤᠯᠵᠢᠯᠠᠵᠤ ᠬᠠᠯᠠᠮᠵᠢᠯ ᠬᠦᠷᠭᠡᠨ᠎ᠡ᠂ ᠨᠠᠰᠤ ᠪᠠᠷᠠᠬᠤ ᠶᠢᠨ ᠦᠶ᠎ᠡ ᠳᠤ᠂ ᠨᠠᠰᠤ ᠨᠦᠭᠴᠢᠬᠦ ᠦᠶ᠎ᠡ ᠶᠢᠨ ᠬᠠᠯᠠᠮᠵᠢᠯ ᠬᠦᠷᠭᠡᠨ᠎ᠡ︶《ᠨᠠᠷᠢᠨ ᠭᠤᠳᠤᠮᠵᠢ ᠶᠢᠨ ᠬᠠᠮᠢᠶᠠᠷᠤᠭᠴᠢ》 ᠳᠤ ᠡᠳᠦᠷ ᠲᠤᠳᠤᠮ ᠤᠨ ᠬᠠᠯᠠᠮᠵᠢᠯᠠᠯ ᠬᠦᠷᠳᠡᠭᠡᠨ᠎ᠡ᠂ 2021ᠤᠨ ᠠᠴᠠ ᠨᠠᠰᠢ ᠪᠦᠭᠦᠳᠡ 67《ᠨᠠᠷᠢᠨ ᠭᠤᠳᠤᠮᠵᠢ  ᠶᠢᠨ ᠬᠠᠮᠢᠶᠠᠷᠤᠭᠴᠢ》 ᠶᠢ ᠲᠤᠬᠤᠨᠢᠭᠤᠯᠵᠠᠢ᠃    【ᠬᠦᠳᠦᠯᠦᠭᠴᠢ】    《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠤᠳᠤ ᠪᠤᠯᠳᠠᠯ᠎ᠠ ᠠᠵᠢᠯᠯᠠᠭᠠᠳ ᠶᠠᠮᠠᠷ ᠶᠠᠮᠠᠷ ᠦᠷ᠎ᠡ ᠪᠦᠳᠦᠮᠵᠢ ᠤᠯᠤᠭᠰᠠᠨ ᠪᠤᠢ︖    【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠤᠤ ᠵᠦ】    《ᠨᠠᠷᠢᠨ ᠭᠤᠳᠤᠮᠵᠢ ᠶᠢᠨ ᠬᠠᠮᠢᠶᠠᠷᠤᠭᠴᠢ》ᠨᠡᠶᠢᠭᠡᠮ ᠲᠤᠭᠤᠷᠢᠭ ᠤᠨ ᠦᠢᠯᠡᠴᠢᠯᠡᠭᠡᠨ ᠳᠤ ᠢᠳᠡᠪᠬᠢᠳᠡᠢ ᠤᠷᠤᠯᠴᠠᠵᠤ᠂ ᠨᠠᠮ ᠤᠨ ᠲᠦᠷᠦ ᠶᠢᠨ ᠪᠤᠳᠤᠯᠭ᠎ᠠ ᠶᠢ ᠤᠯᠠᠮᠵᠢᠯᠠᠵᠤ᠂ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠵᠢᠴᠢ ᠠᠮᠤᠷ ᠲᠦᠪᠰᠢᠨ ᠤ ᠪᠠᠶᠢᠴᠠᠭᠠᠯᠳᠠ ᠳᠤ ᠤᠷᠤᠯᠴᠠᠵᠤ᠂ ᠲᠤᠤᠷᠵᠢᠭᠤᠯᠤᠯᠳᠠ ᠶᠢᠨ ᠠᠵᠢᠯᠳᠠᠳ ᠲᠠᠢ ᠬᠠᠮᠵᠢᠨ ᠡᠷᠦᠭᠡ ᠳᠤ ᠤᠷᠤᠳᠠᠭ᠃ 2021 ᠤᠨ ᠤ 6 ᠰᠠᠷ᠎ᠠ ᠶᠢᠨ 25 ᠤ ᠡᠳᠦᠷ ᠬᠦᠴᠦᠷᠭᠡᠭᠵᠢᠯ ᠵᠠᠮ ᠵᠡᠭᠡᠯᠢ ᠭᠤᠳᠤᠮᠵᠢ  ᠶᠢᠨ《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠲᠦᠷᠦᠯ ᠵᠦᠢᠯ ᠢ ᠡᠬᠢᠯᠡᠭᠦᠯᠦᠭᠰᠡᠨ ᠠᠴᠠ ᠨᠠᠰᠢ᠂《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠦᠢᠯᠡᠴᠢᠯᠡᠭᠡᠨ ᠤ ᠴᠠᠭ ᠨᠢᠭᠡᠨᠳᠡ 3000 ᠴᠠᠭ  ᠠᠴᠠ ᠲᠠᠪᠠᠵᠠᠢ᠃《ᠨᠠᠷᠢᠨ ᠭᠤᠳᠤᠮᠵᠢ  ᠶᠢᠨ ᠬᠠᠮᠢᠶᠠᠷᠤᠭᠴᠢ》 ᠶᠢᠨ ᠦᠪᠡᠰᠦᠪᠡᠨ ᠵᠢᠯᠤᠭᠤᠳᠴᠤ ᠦᠪᠡᠰᠦᠪᠡᠨ ᠲᠤᠭᠯᠠᠭᠰᠠᠨ ᠬᠤᠸᠠᠷ ᠫᠤᠤᠵᠢᠩ ᠨᠤᠴᠤᠭᠠᠬᠤ  ᠶᠢ ᠴᠠᠭᠠᠵᠠᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠲᠤᠬᠠᠢ ᠤᠬᠠᠭᠤᠯᠭ᠎ᠠ ᠶᠢᠨ《ᠭᠤᠷᠪᠠᠨ ᠦᠭᠦᠯᠡᠪᠦᠷᠢ ᠬᠠᠭᠠᠰ》ᠤᠬᠤᠷ ᠬᠠᠷᠠᠭᠠᠨ ᠲᠠᠪᠳᠠᠮᠵᠢ  ᠨᠢ ᠰᠠᠭᠤᠭᠠᠯᠢ ᠠᠷᠠᠳ ᠪᠠ ᠬᠤᠯᠪᠤᠭᠳᠠᠯ ᠪᠦᠬᠦᠢ ᠵᠠᠭᠤᠴᠢᠯᠠᠭᠤᠷ  ᠤᠨ ᠠᠩᠬᠠᠷᠤᠯ ᠢ ᠲᠠᠳᠠᠵᠠᠢ᠃      ᠪᠤᠯᠪᠠᠰᠤᠨ ᠬᠤᠳᠠ ᠶᠢ ᠪᠠᠶᠢᠭᠤᠯᠬᠤ ᠶᠠᠪᠤᠴᠠ ᠳᠤ᠂《ᠨᠠᠷᠢᠨ ᠭᠤᠳᠤᠮᠵᠢ ᠶᠢᠨ ᠬᠠᠮᠢᠶᠠᠷᠤᠭᠴᠢ》ᠤᠬᠠᠭᠤᠯᠭ᠎ᠠ ᠪᠠ ᠬᠦᠳᠦᠯᠦᠨ ᠵᠢᠯᠤᠭᠤᠳᠬᠤ ᠵᠢᠴᠢ ᠰᠠᠶᠢᠨ ᠲᠤᠷ᠎ᠠ  ᠶᠢᠨ ᠦᠢᠯᠡᠴᠢᠯᠡᠭᠡ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠲᠤᠭᠤᠷᠢᠭ ᠤᠨ ᠠᠷᠠᠳ ᠤᠯᠠᠨ ᠤ ᠪᠤᠯᠪᠠᠰᠤᠨ ᠤ ᠤᠬᠠᠮᠰᠠᠷ ᠢ ᠴᠢᠩᠭᠠᠳᠬᠠᠬᠤ ᠶᠢ ᠠᠬᠢᠭᠤᠯᠵᠤ᠂ ᠵᠡᠭᠡᠯᠢ ᠭᠤᠳᠤᠮᠵᠢ ᠠᠶᠢᠯ ᠡᠷᠦᠭᠡ ᠪᠠᠷ ᠰᠤᠷᠪᠤᠯᠵᠢᠯᠠᠬᠤ ᠶᠠᠪᠤᠴᠠ ᠳᠤ᠂ ᠲᠡᠳᠡ ᠬᠤᠭ ᠤᠨ ᠰᠠᠪᠠ ᠶᠢ ᠭᠠᠷ ᠤᠨ ᠠᠶ᠎ᠠ ᠪᠠᠷ ᠪᠦᠳᠡᠭᠡᠵᠦ᠂ ᠭᠠᠵᠠᠷ ᠤᠨᠠᠭᠰᠠᠨ ᠲᠤᠭᠤᠢ  ᠶᠢ ᠪᠤᠰᠬᠠᠵᠤ᠂ ᠨᠤᠬᠠᠢ ᠶᠢᠨ ᠤᠭᠤᠰᠤᠷ ᠵᠡᠭᠦᠭᠰᠡᠨ ᠦᠭᠡᠢ ᠪᠠᠷ ᠨᠤᠬᠠᠢ ᠬᠦᠳᠦᠯᠵᠦ ᠪᠠᠶᠢᠭ᠎ᠠ ᠬᠦᠮᠦᠰ ᠢ ᠨᠤᠬᠠᠢ ᠪᠠᠨ ᠰᠠᠶᠢᠨ ᠬᠠᠷᠠᠬᠤ ᠶᠢ ᠰᠠᠨᠠᠭᠤᠯᠵᠤ᠂ ᠵᠠᠷᠢᠮ《ᠨᠠᠷᠢᠨ ᠭᠤᠳᠤᠮᠵᠢ ᠶᠢᠨ ᠬᠠᠮᠢᠶᠠᠷᠤᠭᠴᠢ》ᠪᠠᠰᠡ ᠰᠠᠭᠤᠭᠠᠯᠢ ᠲᠤᠭᠤᠷᠢᠭ ᠤᠨ ᠬᠤᠭ ᠨᠤᠪᠰᠢ ᠶᠢ ᠰᠠᠨᠠᠭᠠᠴᠢᠯᠠᠭ᠎ᠠ  ᠠᠴᠠ ᠪᠠᠨ ᠴᠡᠪᠡᠷᠯᠡᠵᠦ᠂ ᠦᠪᠡᠷ ᠢᠶᠠᠨ ᠴᠡᠪᠡᠷᠯᠡᠵᠦ ᠲᠡᠶᠢᠯᠬᠦ ᠦᠭᠡᠢ ᠶᠢ ᠲᠤᠤᠷᠵᠢᠭᠤᠯᠤᠯᠳᠠ ᠶᠢᠨ ᠠᠵᠢᠯᠳᠠᠨ ᠳᠤ ᠮᠡᠳᠡᠭᠦᠯᠵᠦ᠂ ᠦᠨᠡᠨᠬᠦ ᠠᠷᠢᠭᠤᠨ ᠴᠡᠪᠡᠷ᠂ ᠪᠤᠯᠪᠠᠰᠤᠨ᠂ ᠬᠠᠯᠠᠭᠤᠮᠰᠤᠭ ᠤᠷᠴᠢᠨ ᠲᠤᠭᠤᠷᠢᠨ ᠢ ᠬᠠᠮᠠᠭᠠᠯᠠᠬᠤ ᠶᠢ ᠲᠦᠯᠬᠢᠨ ᠠᠬᠢᠭᠤᠯᠬᠤ ᠳᠤ ᠢᠳᠡᠪᠭᠢ ᠦᠢᠯᠡᠳᠦᠯ ᠪᠠᠳᠠᠷᠠᠭᠤᠯᠵᠠᠢ᠃ ᠵᠦᠩᠶᠤᠸᠠᠨ ᠤ ᠤᠯᠤᠰ ᠤᠨ ᠪᠠᠶᠠᠷ ᠤᠨ ᠡᠳᠦᠷ ᠪᠠ ᠬᠦᠢᠳᠡᠨ ᠢᠳᠡᠭᠡᠨ  ᠤ  ᠪᠠᠶᠠᠷ ᠤᠨ ᠡᠳᠦᠷ ᠤᠨ ᠬᠤᠭᠤᠴᠠᠭᠠᠨ ᠳᠤ᠂《ᠨᠠᠷᠢᠨ ᠭᠤᠳᠤᠮᠵᠢ ᠶᠢᠨ ᠬᠠᠮᠢᠶᠠᠷᠤᠭᠴᠢ》ᠰᠠᠨᠠᠭᠠᠴᠢᠯᠠᠭ᠎ᠠ ᠠᠴᠠ ᠪᠠᠨ ᠪᠢᠴᠢᠬᠠᠨ ᠯᠠᠪᠠ ᠪᠠᠷ ᠰᠠᠭᠤᠭᠠᠯᠢ ᠠᠷᠠᠳ ᠲᠤ ᠬᠠᠭᠤᠴᠢᠨ ᠵᠠᠩ ᠲᠠᠳᠬᠠᠯ ᠢ ᠦᠭᠡᠷᠡᠴᠢᠯᠡᠬᠦ ᠵᠢᠴᠢ ᠰᠢᠨ᠎ᠡ ᠦᠵᠡᠯ ᠰᠠᠨᠠᠭ᠎ᠠ ᠶᠢ ᠤᠬᠠᠭᠤᠯᠵᠤ᠂ ᠨᠡᠶᠢᠭᠡᠮ ᠲᠤᠭᠤᠷᠢᠭ ‍ᠣᠨ‌‍ᠲ᠋ᠤᠤᠷᠵᠢᠭᠤᠯᠤᠯᠳᠠ ᠶᠢᠨ ᠠᠵᠢᠯᠳᠠᠨ ᠳᠤ ᠬᠠᠮᠵᠢᠨ ᠡᠳᠦᠷ ᠰᠦᠨᠢ ᠶᠢᠨ ᠪᠠᠶᠢᠴᠠᠭᠠᠯᠳᠠ ᠬᠢᠵᠦ᠂ ᠴᠠᠭᠠᠰᠤ ᠰᠢᠳᠠᠭᠠᠬᠤ ᠵᠡᠷᠭᠡ ᠪᠤᠯᠪᠠᠰᠤᠨ ᠪᠤᠰᠤ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠢᠳᠬᠠᠨ ᠬᠤᠷᠢᠭᠯᠠᠵᠤ᠂ ᠪᠦᠬᠦᠶᠢᠯᠡ ᠭᠤᠳᠤᠮᠵᠢ ᠶᠢᠨ ᠤᠶᠤᠨ ᠤ ᠪᠤᠯᠪᠠᠰᠤᠨ ᠤ ᠪᠠᠶᠢᠳᠠᠯ ᠢ ᠲᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠭᠠᠯ ᠤᠨ ᠠᠶᠤᠯ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠲᠤᠭᠤᠷᠢᠭ ᠤᠨ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠵᠠᠢ᠃     ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠬᠢᠵᠠᠭᠠᠷᠯᠠᠬᠤ ᠪᠠ ᠸᠠᠺᠴᠢᠨ ᠤ ᠲᠠᠷᠢᠯᠭ᠎ᠠ ᠶᠢᠨ ᠠᠵᠢᠯ ᠤᠨ ᠲᠤᠮᠳᠠ᠂ ᠡᠯ᠎ᠡ ᠨᠡᠶᠢᠭᠡᠮ ᠲᠤᠭᠤᠷᠢᠭ ᠤᠨ《ᠨᠠᠷᠢᠨ ᠭᠤᠳᠤᠮᠵᠢ ᠶᠢᠨ ᠬᠠᠮᠢᠶᠠᠷᠤᠭᠴᠢ》ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠠᠵᠢᠯᠳᠠᠳ ᠲᠠᠢ ᠨᠢᠭᠳᠠ ᠬᠠᠮᠵᠢᠯᠴᠠᠵᠠᠢ᠃ ᠡᠳᠦᠷ ᠲᠤᠳᠤᠮ ᠤᠨ ᠲᠤᠭᠤᠷᠢᠨ ᠪᠠᠶᠢᠴᠠᠭᠠᠬᠤ ᠶᠠᠪᠤᠴᠠ ᠳᠤ ᠰᠠᠭᠤᠭᠠᠯᠢ ᠠᠷᠠᠳ ᠲᠤ ᠸᠠᠺᠴᠢᠨ ᠤ ᠲᠠᠷᠢᠯᠭ᠎ᠠ ᠬᠢᠭᠦ  ᠶᠢᠨ ᠴᠢᠬᠤᠯᠠ ᠴᠢᠨᠠᠷ ᠢ ᠤᠬᠠᠭᠤᠯᠵᠤ᠂ ᠶᠠᠮᠠᠷ ᠭᠠᠵᠠᠷ ᠲᠤ ᠬᠦᠷᠴᠦ ᠸᠠᠺᠴᠢᠨ ᠤ ᠲᠠᠷᠢᠯᠭ᠎ᠠ ᠬᠢᠭᠦ ᠶᠢ ᠰᠠᠭᠤᠭᠠᠯᠢ ᠠᠷᠠᠳ ᠲᠤ ᠪᠠᠶᠢᠨ ᠲᠠᠬᠢᠨ ᠰᠠᠨᠠᠭᠤᠯᠵᠤ᠂ ᠲᠦᠷᠦ ᠶᠢᠨ ᠪᠤᠳᠤᠯᠭ᠎ᠠ ᠶᠢᠨ ᠰᠠᠶᠢᠨ ᠤᠬᠠᠭᠤᠯᠤᠭᠴᠢ ᠪᠤᠯᠵᠠᠢ᠃ ᠲᠤᠤᠷᠵᠢᠭᠤᠯᠤᠯᠳᠠ ᠶᠢᠨ ᠠᠵᠢᠯᠳᠠᠳ ᠲᠤ ᠬᠠᠮᠵᠢᠨ ᠡᠯ᠎ᠡ ᠨᠠᠰᠤᠨ ᠤ ᠬᠦᠮᠦᠰ ᠤᠨ ᠲᠠᠷᠢᠯᠭ᠎ᠠ ᠶᠢᠨ ᠪᠠᠶᠢᠳᠠᠯ ᠢ ᠪᠦᠷᠢᠳᠭᠡᠵᠡᠢ᠃ᠬᠢᠵᠢᠭ ᠡᠭᠦᠰᠬᠦ ᠪᠤᠯᠭᠠᠨ ᠳᠤ᠂ 《ᠨᠠᠷᠢᠨ ᠭᠤᠳᠤᠮᠵᠢ ᠶᠢᠨ ᠬᠠᠮᠢᠶᠠᠷᠤᠭᠴᠢ》ᠲᠤᠤᠷ᠎ᠠ ᠪᠠᠨ ᠴᠤᠤᠷᠢᠶᠠᠳᠤᠨ ᠲᠠᠭᠠᠵᠤ᠂ ᠨᠡᠶᠢᠭᠡᠮ ᠲᠤᠭᠤᠷᠢᠭ ᠲᠤ ᠤᠴᠢᠵᠤ ᠨᠡᠷ᠎ᠡ ᠮᠡᠳᠡᠭᠦᠯᠦᠨ᠂ ᠵᠢᠵᠢᠭ ᠯᠠᠪᠠ ᠪᠠᠷ ᠬᠠᠮᠤᠭ ᠰᠢᠨ᠎ᠡ ᠲᠤᠰᠭᠠᠷᠯᠠᠬᠤ ᠲᠦᠷᠦ ᠶᠢᠨ ᠪᠤᠳᠤᠯᠭ᠎ᠠ ᠶᠢ ᠰᠠᠭᠤᠭᠠᠯᠢ ᠲᠤᠭᠤᠷᠢᠭ ᠤᠨ ᠡᠷᠦᠭᠡ ᠪᠤᠯᠭᠠᠨ ᠳᠤ ᠤᠬᠠᠭᠤᠯᠵᠤ᠂ ᠲᠤᠤᠷᠵᠢᠭᠤᠯᠤᠯᠳᠠ  ᠶᠢᠨ ᠠᠵᠢᠯᠳᠠᠳ ᠢ ᠬᠠᠮᠵᠢᠨ ᠦᠨᠳᠦᠷ ᠠᠶᠤᠯ ᠲᠦᠭᠰᠢᠭᠦᠷᠢᠳᠦ ᠭᠠᠵᠠᠷ ᠠᠴᠠ ᠪᠤᠭᠤᠳᠤ ᠳᠤ ᠢᠷᠡᠭᠰᠡᠨ ᠬᠦᠮᠦᠰ ᠢ ᠪᠠᠶᠢᠴᠠᠭᠠᠨ ᠲᠤᠳᠤᠳᠬᠠᠵᠤ᠂ ᠲᠤᠤᠷᠵᠢᠭᠤᠯᠤᠯᠳᠠ ᠶᠢᠨ ᠬᠠᠮᠢᠶᠠᠷᠤᠯᠳᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ᠂ ᠤᠯᠠᠨ ᠢᠶᠠᠷ  ᠢᠶᠠᠨ ᠰᠡᠷᠭᠡᠶᠢᠯᠡᠵᠦ ᠤᠯᠠᠨ ᠢᠶᠠᠷ  ᠢᠶᠠᠨ ᠵᠠᠰᠠᠬᠤ   ᠪᠠᠳᠤ ᠴᠢᠩᠭ᠎ᠠ ᠬᠤᠯᠪᠤᠭᠠᠯᠠᠯ ᠤᠨ ᠬᠦᠴᠦᠨ ᠢ ᠪᠤᠢ ᠪᠤᠯᠭᠠᠪᠠ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂《ᠨᠠᠷᠢᠨ ᠭᠤᠳᠤᠮᠵᠢ ᠶᠢᠨ ᠬᠠᠮᠢᠶᠠᠷᠤᠭᠴᠢ》ᠦᠪᠡᠰᠦᠪᠡᠨ ᠨᠠᠶᠢᠷᠠᠭᠤᠯᠵᠤ ᠦᠪᠡᠰᠦᠪᠡᠨ ᠤᠳᠤᠷᠢᠳᠤᠭᠰᠠᠨ《ᠭᠤᠷᠪᠠᠨ ᠦᠭᠦᠯᠡᠪᠦᠷᠢ ᠬᠠᠭᠠᠰ》ᠤᠬᠤᠷ ᠬᠠᠷᠠᠭᠠᠨ ᠲᠠᠪᠳᠠᠮᠵᠢ ᠨᠢ ᠤᠯᠠᠨ ᠵᠠᠭᠤᠴᠢᠯᠠᠭᠤᠷ ᠲᠤ ᠰᠢᠯᠵᠢᠭᠦᠯᠦᠨ ᠨᠡᠶᠢᠳᠡᠯᠡᠭᠳᠡᠵᠦ᠂ ᠲᠡᠳᠡᠨ ᠤ ᠲᠤᠳᠤᠨᠤ ᠦᠭᠡ ᠶᠠᠷᠢᠶ᠎ᠠ ᠨᠢ ᠰᠠᠭᠤᠭᠠᠯᠢ ᠠᠷᠠᠳ ᠲᠤ ᠦᠷᠭᠡᠨ ᠢᠶᠠᠷ ᠬᠦᠯᠢᠶᠡᠭᠳᠡᠵᠦ᠂ ᠨᠡᠷᠡᠳᠦ ᠲᠡᠮᠳᠡᠭᠳᠦ ᠶᠢᠨ ᠲᠦᠷᠢ ᠲᠦᠷᠭᠦ ᠶᠢ ᠲᠡᠭᠡᠭᠰᠢᠯᠡᠭᠦᠯᠵᠡᠢ᠃    《ᠨᠠᠷᠢᠨ ᠭᠤᠳᠤᠮᠵᠢ ᠶᠢᠨ ᠬᠠᠮᠢᠶᠠᠷᠤᠭᠴᠢ》ᠡᠳᠦᠷ ᠲᠣᠳᠤᠮ ᠤᠨ ᠲᠤᠭᠤᠷᠢᠨ ᠪᠠᠶᠢᠴᠠᠭᠠᠬᠤ ᠶᠠᠪᠤᠴᠠ ᠳᠠᠭᠠᠨ ᠠᠮᠤᠷ ᠲᠦᠪᠰᠢᠨ ᠪᠠ ᠵᠦᠷᠢᠴᠡᠯ ᠤᠨ ᠲᠠᠯᠳᠠ ᠬᠡᠮ ᠢ ᠰᠡᠷᠡᠨ ᠮᠡᠳᠡᠵᠦ᠂ ᠰᠢᠢᠳᠪᠦᠷᠢᠯᠡᠵᠦ ᠲᠡᠶᠢᠯᠬᠦ ᠶᠢ ᠨᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠳᠡᠭ᠃ ᠲᠡᠳᠡ ᠡᠳᠦᠷ ᠲᠤᠳᠤᠮ ᠤᠨ ᠶᠠᠷᠢᠯᠴᠠᠭᠠᠨ ᠳᠠᠭᠠᠨ᠂ ᠰᠠᠭᠤᠭᠠᠯᠢ ᠠᠷᠠᠳ ᠤᠨ ᠰᠠᠨᠠᠭ᠎ᠠ ᠶᠢ ᠤᠶᠢᠯᠠᠭᠠᠵᠤ᠂ ᠰᠠᠭᠤᠭᠠᠯᠢ ᠠᠷᠠᠳ ᠤᠨ ᠰᠠᠨᠠᠯ ᠢ ᠬᠠᠪᠰᠤᠷᠤᠨ ᠬᠤᠷᠢᠶᠠᠵᠤ᠂ ᠠᠷᠠᠳ ᠤᠨ ᠪᠠᠶᠢᠳᠠᠯ ᠢ ᠶᠠᠷᠢᠯᠴᠠᠬᠤ ᠬᠤᠷᠠᠯ᠂ ᠠᠳᠠᠯ ᠠᠬᠤᠢ ᠶᠢᠨ ᠬᠠᠮᠳᠤᠷᠠᠭᠰᠠᠨ ᠬᠤᠷᠠᠯ ᠢᠶᠠᠷ ᠲᠠᠮᠵᠢᠭᠤᠯᠤᠨ ᠨᠡᠶᠢᠭᠡᠮ ᠲᠤᠭᠤᠷᠢᠭ᠂ ᠠᠳᠠᠯ ᠠᠬᠤᠢ ᠶᠢᠨ ᠡᠵᠡᠩᠨᠡᠭᠴᠢᠳ ᠲᠤ ᠤᠯᠠᠨ ᠲᠦᠮᠡᠨ ᠤ ᠱᠠᠭᠠᠷᠳᠠᠯᠭ᠎ᠠ ᠶᠢ ᠮᠡᠳᠡᠭᠦᠯᠵᠦ᠂ ᠨᠡᠶᠢᠭᠡᠮ ᠲᠤᠭᠤᠷᠢᠭ  ᠢ ᠬᠠᠪᠰᠤᠷᠤᠨ ᠠᠰᠠᠭᠤᠳᠠᠯ ᠪᠠ ᠵᠦᠷᠢᠴᠡᠯ ᠢ ᠰᠢᠢᠳᠪᠤᠷᠢᠯᠡᠵᠡᠢ᠃ ᠤᠳᠤ ᠪᠤᠯᠳᠠᠯ᠎ᠠ᠂《ᠨᠠᠷᠢᠨ ᠭᠤᠳᠤᠮᠵᠢ  ᠶᠢᠨ ᠬᠠᠮᠢᠶᠠᠷᠤᠭᠴᠢ》ᠨᠡᠶᠢᠳᠡ 200 ᠰᠢᠬᠠᠮ ᠵᠤᠷᠪᠤᠰ ᠰᠠᠭᠤᠭᠠᠯᠢ ᠠᠷᠠᠳ ᠤᠨ ᠰᠠᠨᠨᠠᠯ  ᠢ ᠲᠡᠪᠰᠢᠭᠦᠯᠵᠦ᠂ ᠨᠡᠶᠢᠭᠡᠮ ᠲᠤᠭᠤᠷᠢᠭ ᠢ ᠬᠠᠪᠰᠤᠷᠤᠨ ᠬᠦᠷᠰᠢ ᠵᠡᠷᠭᠡᠯᠡᠳᠡᠭᠡ ᠶᠢᠨ ᠬᠤᠭᠤᠷᠤᠨᠳᠤᠭᠢ ᠵᠦᠷᠢᠴᠡᠯ 130 ᠭᠠᠷᠤᠢ ᠶᠢ ᠡᠶᠡᠳᠡᠭᠦᠯᠵᠦ᠂ ᠨᠡᠶᠢᠭᠡᠮ ᠲᠤᠭᠤᠷᠢᠭ ᠢ ᠬᠠᠪᠰᠤᠷᠤᠨ ᠲᠤᠭᠤᠷᠢᠭ ᠤᠨ ᠬᠢᠨ ᠲᠤᠷ᠎ᠠ ᠪᠠᠷ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠬᠤ ᠠᠴᠠ ᠡᠮᠦᠨᠡᠭᠢ ᠠᠷᠠᠳ ᠤᠨ ᠦᠵᠡᠯ ᠰᠠᠨᠠᠭᠠᠨ ᠤ ᠠᠵᠢᠯ ᠢ 40 ᠭᠠᠷᠤᠢ ᠤᠳᠠᠭ᠎ᠠ ᠬᠢᠵᠦ᠂ ᠨᠡᠶᠢᠭᠡᠮ ᠲᠤᠭᠤᠷᠢᠭ ᠢ ᠬᠠᠪᠰᠤᠷᠤᠨ 200 ᠭᠠᠷᠤᠢ ᠠᠰᠠᠭᠤᠳᠠᠯ  ᠢ ᠰᠢᠢᠳᠪᠤᠷᠢᠯᠡᠵᠦ᠂ ᠠᠭᠠᠵᠢᠮ ᠢᠶᠠᠷ ᠨᠡᠶᠢᠭᠡᠮ ᠲᠤᠭᠤᠷᠢᠭ ᠤᠨ ᠠᠵᠢᠭᠯᠠᠭᠴᠢ᠂ ᠨᠡᠶᠢᠭᠡᠮ ᠤᠨ ᠪᠠᠶᠢᠳᠠᠯ ᠢ ᠮᠡᠳᠡᠭᠦᠯᠦᠨ ᠭᠦᠷᠭᠡᠭᠴᠢ᠂ ᠵᠦᠷᠢᠴᠡᠯ ᠤᠨ ᠰᠢᠢᠳᠪᠤᠷᠢᠯᠡᠭᠴᠢ ᠪᠤᠯᠤᠨ ᠪᠤᠶᠢᠵᠢᠵᠦ᠂ ᠤᠯᠠᠨ ᠲᠦᠮᠡᠨ ᠤ ᠨᠡᠶᠢᠭᠡᠮ ᠲᠤᠭᠤᠷᠢᠭ ᠤᠨ ᠵᠠᠰᠠᠯᠳᠠ ᠳᠤ ᠤᠷᠤᠯᠴᠠᠬᠤ ᠵᠠᠮ ᠢ ᠰᠢᠯᠤᠭᠤᠳᠬᠠᠵᠤ᠂ ᠰᠠᠭᠤᠭᠠᠯᠢ ᠠᠷᠠᠳ ᠲᠤ ᠦᠢᠯᠡᠴᠢᠯᠡᠬᠦ《ᠬᠠᠮᠤᠭ ᠰᠡᠭᠦᠯᠴᠢ ᠶᠢᠨ ᠵᠠᠭᠤᠨ ᠮᠧᠲᠷ》 ᠢ ᠨᠡᠪᠳᠡᠷᠡᠭᠦᠯᠵᠦ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠬᠠᠷᠢᠶᠠᠯᠠᠭᠳᠠᠬᠤ ᠲᠦᠷᠦᠭᠳᠡᠯ᠂ ᠠᠮᠤᠷ ᠲᠦᠪᠰᠢᠨ ᠤ  ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠢ ᠨᠡᠮᠡᠭᠳᠡᠭᠦᠯᠵᠡᠢ᠃                                                ᠤᠷᠴᠢᠭᠤᠯᠤᠭᠴᠢ᠄ ᠠᠯᠢᠮ᠎ᠠ                                               ᠬᠢᠨᠠᠭᠴᠢ᠄ ᠪᠠᠢ ᠢᠦᠢ ᠰᠢᠶᠠ   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号