【 ᠴᠢᠩᠱᠠᠨ ᠲᠤᠭᠤᠷᠢᠭ  ᠤᠨ ᠰᠤᠶᠤᠯ】ᠭᠤᠯᠢᠷ ᠤᠨ ᠱᠤᠭᠤᠮᠠᠯ ᠤᠨ ᠰᠤᠶᠤᠯ
ᠨᠡᠶᠢᠲᠡᠯᠡᠭᠰᠡᠨ ᠴᠠᠭ᠄
2022/10/20
      ᠭᠤᠯᠢᠷ ᠤᠨ ᠱᠤᠭᠤᠮᠠᠯ ᠢ ᠪᠠᠰᠠ ᠭᠤᠯᠢᠷ ᠢᠶᠠᠷ ᠬᠦᠮᠦᠨ ᠱᠤᠭᠤᠬᠤ ᠭᠡᠳᠡᠭ᠂ ᠭᠤᠯᠢᠷ ᠤᠨ ᠱᠤᠭᠤᠮᠠᠯ ᠤᠨ ᠤᠷᠠᠯᠢᠭ ᠨᠢ ᠮᠠᠨ ᠤ ᠤᠯᠤᠰ ᠤᠨ ᠠᠷᠠᠳ ᠤᠨ ᠲᠤᠮᠳᠠ ᠦᠷᠭᠡᠨ ᠢᠶᠠᠷ ᠤᠯᠠᠮᠵᠢᠯᠠᠭᠳᠠᠵᠤ ᠲᠡᠯᠭᠡᠷᠡᠭᠰᠡᠨ ᠮᠢᠩᠭ᠎ᠠ ᠭᠠᠷᠤᠢ ᠵᠢᠯ ᠤᠨ ᠲᠡᠦᠭᠡ ᠲᠠᠢ ᠪᠠᠶᠢᠵᠤ᠂ ᠦᠷᠭᠡᠨ ᠤᠯᠠᠨ ᠬᠦᠳᠡᠯᠮᠦᠷᠢᠴᠢᠨ ᠲᠦᠮᠡᠨ ᠠᠮᠢᠳᠤᠷᠠᠯ ᠲᠤᠮᠳᠠ ᠪᠠᠨ ᠬᠠᠶᠢᠨ ᠰᠦᠪᠡᠭᠴᠢᠯᠡᠵᠦ ᠡᠭᠦᠳᠦᠨ ᠪᠦᠳᠦᠭᠡᠭᠰᠡᠨ ᠨᠢᠭᠡ ᠵᠦᠢᠯ ᠤᠨ ᠠᠷᠠᠳ ᠤᠨ ᠤᠷᠠᠯᠢᠭ ᠪᠠᠶᠢᠵᠤ᠂ ᠡᠯ᠎ᠡ ᠭᠠᠵᠠᠷ ᠤᠷᠤᠨ ᠤ ᠵᠠᠩ ᠦᠢᠯᠡ ᠲᠠᠢ ᠨᠢᠭᠳᠠ ᠬᠤᠯᠪᠤᠯᠳᠤᠵᠤ᠂ ᠬᠦᠮᠦᠰ ᠪᠠᠶᠠᠷ ᠬᠦᠷᠭᠡᠬᠦ ᠪᠤᠶᠤ ᠲᠠᠬᠢᠯᠭ᠎ᠠ ᠬᠢᠬᠦ ᠳᠡᠭᠡᠨ ᠭᠤᠯᠢᠷ ᠢᠶᠠᠷ ᠦᠯᠵᠡᠢ᠂ ᠢᠷᠦᠭᠡᠯ᠂ ᠪᠠᠶᠠᠷ ᠤᠨ ᠠᠭᠤᠯᠤᠭᠰᠠᠨ ᠰᠠᠨᠠᠭ᠎ᠠ ᠲᠠᠢ ᠭᠤᠯᠢᠷ ᠤᠨ ᠱᠤᠭᠤᠮᠠᠯ ᠤᠨ ᠢᠳᠡᠭᠡᠨ ᠢ ᠬᠢᠳᠡᠭ᠃ ᠭᠤᠯᠢᠷ ᠤᠨ ᠱᠤᠭᠤᠮᠠᠯ ᠤᠨ ᠤᠷᠠᠯᠢᠭ ᠤᠨ ᠪᠦᠳᠦᠭᠡᠯ ᠨᠢ ᠴᠠᠭᠠᠨ ᠭᠤᠯᠢᠷ ᠢᠶᠠᠷ ᠭᠤᠤᠯ ᠮᠠᠲ᠋ᠧᠷᠢᠶᠠᠯ ᠪᠤᠯᠭᠠᠨ᠂ ᠰᠢᠯᠦᠭᠡᠢ ᠲᠤᠳᠤᠷᠭᠠᠨ ᠭᠤᠯᠢᠷ᠂ ᠠᠮᠳᠠᠯᠢᠭ ᠲᠤᠰᠤ᠂ ᠬᠦᠨᠵᠢᠳ ᠤᠨ ᠲᠤᠰᠤ᠂ ᠲᠠᠪᠤᠰᠤ᠂ ᠲᠦᠭᠦᠭᠡᠢ ᠮᠠᠲ᠋ᠧᠷᠢᠶᠠᠯ ᠤᠨ ᠢᠯᠵᠢᠷᠡᠭᠦ ᠶᠢ ᠰᠡᠷᠭᠡᠶᠢᠯᠡᠬᠦ ᠡᠮ᠂ ᠵᠠᠷ ‍ᠤᠨ‌ᠦᠩᠭᠡ ᠵᠡᠷᠭᠡ ᠶᠢ ᠨᠡᠮᠡᠵᠦ ᠬᠢᠳᠡᠭ᠃
20200522171136643001.png
20200522171136381002.png
20200522171137415006.png
      ᠴᠢᠩᠱᠠᠨ ᠲᠤᠭᠤᠷᠢᠭ ᠤᠨ ᠠᠷᠠᠳ ᠤᠨ ᠤᠷᠠᠯᠢᠭᠴᠢᠨ ᠸᠠᠩ ᠹᠦ᠋ ᠷᠦᠩ 1995 ᠤᠨ ᠠᠴᠠ ᠡᠬᠢᠯᠡᠵᠤ᠂ ᠭᠤᠯᠢᠷ ᠤᠨ ᠱᠤᠭᠤᠮᠠᠯ ᠦᠢᠯᠡᠳᠬᠦ ᠳᠤ ᠰᠢᠨᠤᠵᠤ᠂ ᠪᠡᠭᠡᠵᠢᠩ ᠳᠤ 5 ᠤᠳᠠᠭ᠎ᠠ ᠬᠦᠷᠴᠦ ᠪᠠᠭᠰᠢ ᠪᠠᠷᠢᠵᠤ᠂ ᠪᠦᠬᠦ ᠪᠡᠶ᠎ᠡ ᠰᠡᠳᠬᠢᠯ ᠢᠶᠠᠷ ᠢᠶᠠᠨ ᠭᠤᠯᠢᠷ ᠱᠤᠭᠤᠮᠠᠯ ᠤᠨ ᠤᠷᠠᠯᠢᠭ ᠢ ᠰᠢᠮᠳᠠᠵᠤ ᠰᠤᠳᠤᠯᠤᠨ ᠲᠠᠬᠢᠨ ᠲᠠᠪᠳᠠᠨ ᠦᠢᠯᠡᠳᠦᠯᠭᠡ ᠪᠠᠷ ᠲᠠᠮᠵᠢᠨ᠂ ᠤᠯᠠᠮᠵᠢᠯᠠᠯᠳᠤ ᠰᠤᠶᠤᠯ ᠤᠨ ᠡᠯᠧᠮᠧᠨ᠋ᠲ ᠢ ᠵᠠᠯᠭᠠᠮᠵᠢᠯᠠᠨ᠂ ᠬᠢᠯᠪᠠᠷᠬᠠᠨ ᠢᠯᠵᠡᠷᠡᠵᠦ ᠬᠠᠭᠠᠷᠠᠵᠤ ᠤᠷᠳᠤ ᠬᠤᠭᠤᠴᠠᠭ᠎ᠠ ᠪᠠᠷ ᠬᠠᠳᠠᠭᠠᠯᠠᠵᠤ ᠲᠡᠶᠢᠯᠬᠦ ᠦᠭᠡᠢ ᠬᠦᠴᠢᠷ ᠪᠠᠶᠢᠳᠠᠯ ᠢ ᠢᠯᠠᠨ ᠲᠠᠪᠠᠵᠤ᠂ ᠵᠤᠷᠢᠭᠳᠠᠢ ᠪᠠᠷ ᠰᠢᠨ᠎ᠡ ᠶᠢ ᠡᠭᠦᠳᠴᠦ᠂ ᠦᠪᠦᠷ ᠮᠤᠩᠭᠤᠯ ᠤᠨ ᠠᠷᠠᠳ ᠎ ᠤᠨ ᠪᠦᠵᠢᠭ᠂ ᠵᠢᠷᠤᠭ ᠵᠡᠷᠭᠡ ᠤᠷᠠᠯᠢᠭ ᠤᠳ ᠢ ᠭᠤᠯᠢᠷ ᠤᠨ ᠱᠤᠭᠤᠮᠠᠯ ᠎ ᠤᠨ ᠤᠷᠠᠯᠢᠭ ᠲᠤ ᠠᠭᠤᠰᠤᠯᠴᠠᠭᠤᠯᠤᠨ᠂  ᠭᠤᠯᠢᠷ ᠤᠨ ᠱᠤᠭᠤᠮᠠᠯ ᠤᠨ ᠢᠯᠡᠳᠬᠡᠬᠦ ᠭᠡᠯᠪᠡᠷᠢ ᠶᠢ ᠦᠷᠭᠡᠳᠭᠡᠭᠰᠡᠨ ᠪᠠᠶᠢᠨ᠎ᠠ᠃ ᠸᠠᠩ ᠹᠦ᠋ ᠷᠦᠩ ᠤᠨ ᠵᠤᠬᠢᠶᠠᠭᠰᠠᠨ ᠪᠤᠭᠤᠳᠤ ᠶᠢᠨ ᠭᠤᠯᠢᠷ ᠤᠨ ᠱᠤᠭᠤᠮᠠᠯ ᠤᠨ ᠪᠦᠳᠦᠭᠡᠯ ᠳᠤ ᠪᠤᠭᠤᠳᠤ ᠎ ᠶᠢᠨ《ᠪᠠᠳᠺᠡᠷ ᠰᠦᠮ᠎ᠡ》᠎ ᠶᠢᠨ ᠪᠤᠷᠬᠠᠨ ᠤ ᠬᠦᠷᠦᠭ ᠤᠨ ᠰᠢᠷᠢᠰ ᠪᠠᠶᠢᠵᠤ᠂ ᠰᠢᠭᠤᠶᠢᠳᠤ ᠲᠤᠭᠤᠷᠢᠭ᠂ ᠭᠦᠶᠠᠩ ᠵᠡᠷᠭᠡ ᠭᠠᠵᠠᠷ ᠤᠷᠤᠨ ᠤ ᠬᠡᠪ ᠵᠠᠩᠰᠢᠯ ᠤᠨ ᠬᠦᠮᠦᠰ ᠤᠨ《ᠬᠤᠶᠢᠳᠤ ᠠᠭᠤᠯᠠ ᠶᠢᠨ ᠦᠳᠡᠭᠦᠰ》ᠰᠢᠷᠢᠰ ᠪᠤᠢ᠃                                              ᠤᠷᠴᠢᠭᠤᠯᠤᠭᠴᠢ᠄ ᠠᠯᠢᠮ᠎ᠠ                                             ᠬᠢᠨᠠᠭᠴᠢ᠄ ᠪᠠᠢ ᠢᠦᠢ ᠰᠢᠶᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号