【ᠰᠤᠷᠤᠯᠴᠠᠯᠭ᠎ᠠ ᠶᠢᠨ ᠲᠢᠩᠬᠢᠮ】᠄ ᠬᠤᠷᠢᠳᠤᠭᠠᠷ ᠶᠡᠭᠡ ᠬᠤᠷᠠᠯ ᠤᠨ ᠢᠯᠡᠳᠭᠡᠯ
ᠨᠡᠶᠢᠲᠡᠯᠡᠭᠰᠡᠨ ᠴᠠᠭ᠄
2022/10/23
      2035 ᠣᠨ ᠪᠤᠯᠬᠤ ᠳᠤ᠂ ᠮᠠᠨ ᠤ ᠤᠯᠤᠰ ᠤᠨ ᠬᠥᠭᠵᠢᠯᠲᠡ ᠶᠢᠨ ᠶᠡᠷᠦᠩᠬᠡᠢ ᠬᠠᠷᠠᠯᠲᠠ ᠪᠣᠯ᠄ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠶᠡᠭᠡ ᠪᠠᠷ ᠳᠡᠭᠡᠭᠰᠢᠯᠡᠵᠦ᠂ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠰᠢᠨ᠎ᠡ ᠶᠡᠭᠡ ᠳᠡᠭᠲᠡᠷ ᠲᠤ ᠭᠠᠷᠴᠤ᠂ ᠳᠤᠮᠳᠠ ᠵᠡᠷᠭᠡ ᠶᠢᠨ ᠬᠥᠭᠵᠢᠭᠰᠡᠨ ᠤᠯᠤᠰ ᠤᠨ ᠲᠦᠪᠰᠢᠨ ᠳᠤ ᠭᠦᠷᠦᠨ᠎ᠡ︔ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨ᠎ᠡ ᠶᠢ ᠡᠭᠦᠳᠭᠦ ᠭᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠨ᠎ᠠ︔ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠢ ᠨᠡᠩ ᠪᠦᠷᠢᠨᠰᠢᠭᠦᠯᠦᠨ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠡ︔ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ︔ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠪᠤᠯᠭᠠᠵᠤ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠠᠭᠢᠨ ᠰᠢᠨ᠎ᠡ ᠳᠡᠭᠲᠡᠷ ᠲᠤ ᠭᠠᠷᠭᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠤᠪᠢ ᠶᠢᠨ ᠵᠢᠩ ᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠵᠦ᠂ ᠨᠡᠶᠢᠭᠡᠮ ᠢ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠵᠤ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ᠂ ᠪᠦᠭᠦ ᠠᠷᠠᠳ ᠲᠦᠮᠡᠨ ᠬᠠᠮᠲᠤ ᠪᠠᠷ ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠨ᠎ᠠ︔ ᠪᠣᠬᠢᠷᠳᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠲᠠᠷᠠᠭ᠎ᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ —— ᠬᠤᠷᠢᠳᠤᠭᠠᠷ ᠶᠡᠭᠡ ᠬᠤᠷᠠᠯ ᠤᠨ ᠢᠯᠡᠳᠭᠡᠯ ᠠᠴᠠ ᠰᠤᠩᠭᠤᠵᠠᠢ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号