【ᠨᠠᠮ ᠤᠨ ᠬᠤᠷᠢᠳᠤᠭᠠᠷ ᠶᠡᠭᠡ ᠬᠤᠷᠠᠯ ᠤᠨ ᠴᠠᠭ ᠮᠦᠴᠡ】ᠴᠢᠩᠱᠠᠨ ᠲᠤᠭᠤᠷᠢᠭ᠄ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠲᠦᠷᠭᠡᠳᠭᠡᠬᠦ ᠤᠶᠤᠨ ᠤᠬᠠᠭᠠᠨ ᠬᠦᠴᠦ ᠴᠢᠳᠠᠯ ᠢ ᠨᠢᠭᠳᠠᠷᠠᠭᠤᠯᠵᠠᠢ
ᠨᠡᠶᠢᠲᠡᠯᠡᠭᠰᠡᠨ ᠴᠠᠭ᠄
2022/10/24
      ᠤᠶᠢᠷ᠎ᠠ ᠶᠢᠨ ᠡᠳᠦᠷ ᠤᠳ ᠲᠤ᠂ ᠴᠢᠩᠱᠠᠨ ᠲᠤᠭᠤᠷᠢᠭ ᠤᠨ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠤᠯᠠᠨ ᠲᠦᠮᠡᠨ ᠤᠯᠠᠨ ᠬᠡᠯᠪᠠᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠤᠷᠤᠯᠴᠠᠨ ᠲᠤᠤᠱᠯᠠᠭᠤᠯᠵᠤ᠂ ᠭᠠᠵᠠᠷ ᠤᠷᠤᠨ ᠤ ᠠᠵᠤ ᠠᠬᠤᠢ᠂ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠲᠦᠷᠭᠡᠳᠭᠡᠬᠦ ᠠᠤᠭ᠎ᠠ ᠬᠦᠴᠦᠨ ᠢ ᠨᠢᠭᠳᠠᠷᠠᠭᠤᠯᠵᠠᠢ᠃ ᠲᠠᠶᠠᠭᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠳᠤᠬᠠᠨ ᠤ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠪᠦᠭᠦ ᠲᠤᠭᠤᠷᠢᠭ ‍ᠣᠨ‌ᠤᠶᠤᠨ ᠤᠬᠠᠭᠠᠨ ᠬᠦᠴᠦ ᠴᠢᠳᠠᠯ ᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠤᠭᠳᠠᠭᠠᠭᠰᠠᠨ ᠡᠭᠦᠷᠭᠡ ᠬᠠᠷᠠᠯᠳᠠ ᠶᠢ ᠪᠡᠶᠡᠯᠡᠭᠦᠯᠬᠦ ᠳᠤ ᠲᠦᠪᠯᠡᠷᠡᠭᠦᠯᠵᠦ᠂ ᠨᠡᠶᠢᠭᠡᠮ ᠵᠢᠷᠤᠮ ᠤᠨ ᠤᠳᠤᠭᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠎ ᠳᠤ ᠢᠳᠡᠪᠬᠢ ᠦᠢᠯᠡᠳᠦᠯ ᠦᠵᠡᠭᠦᠯᠦᠨ᠎ᠡ ᠬᠡᠵᠦ ᠢᠯᠡᠳᠭᠡᠵᠡᠢ᠃     ᠴᠢᠩᠱᠠᠨ ᠲᠤᠭᠤᠷᠢᠭ ᠪᠤᠯ ᠮᠠᠨ ᠤ ᠬᠤᠳᠠ ᠶᠢᠨ ᠠᠵᠤ ᠦᠢᠯᠡᠳᠪᠤᠷᠢ ᠶᠢᠨ ᠴᠢᠬᠤᠯᠠ  ᠤᠷᠤᠨ᠂ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠦᠪᠦᠷ ᠮᠤᠩᠭᠤᠯ ᠳᠤ ᠤᠷᠤᠶᠢᠯᠠᠵᠤ ᠪᠤᠢ᠃《ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ᠂ ᠠᠵᠤ ᠠᠬᠤᠢ ᠵᠢᠨ‌‍ᠬᠦ᠋ᠭᠵᠢᠯᠳᠡ ᠶᠢᠨ ᠬᠦᠴᠦᠯᠡᠴᠡ ᠶᠢᠨ ᠴᠡᠭ ᠢᠶᠠᠨ ᠪᠤᠳᠠᠳᠤ ᠴᠤᠭᠴᠠ ᠶᠢᠨ ᠠᠵᠤ ᠠᠬᠤᠢ ᠲᠡᠭᠡᠷ᠎ᠡ ᠲᠠᠯᠪᠢᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠳᠡ  ᠶᠢ ᠲᠦᠯᠬᠢᠨ ᠠᠬᠢᠭᠤᠯᠬᠤ ᠭᠡᠷᠡᠭᠳᠡᠢ᠃ ᠲᠠᠷᠠᠭᠠᠴᠢ ᠶᠢᠨ ᠠᠯᠬᠤᠮ ᠳᠤ᠂ ᠪᠢᠳᠠ ᠵᠢᠷᠭᠤᠭᠠᠨ ᠵᠤᠷᠪᠤᠰ ᠲᠠᠪᠠᠭᠤᠯᠢᠭ ᠠᠵᠤ ᠦᠢᠯᠡᠰ ᠤᠨ ᠬᠡᠯᠬᠢᠵᠢᠶᠡᠯ ᠤᠨ ᠲᠤᠭᠤᠷᠢᠨ ᠳᠤ᠂ ᠦᠨᠳᠦᠷ ᠡᠭᠢᠯᠡᠯᠳᠡ ᠠᠴᠠ ᠲᠦᠰᠦᠪᠯᠡᠵᠦ᠂  ᠪᠡᠯᠡ ᠤᠷᠤᠭᠤᠯᠤᠯᠳᠠ ᠎ ᠪᠠᠷ ᠶᠡᠭᠡ᠂ ᠦᠰᠦᠯᠳᠡ ᠪᠠᠷ ᠰᠠᠶᠢᠨ ᠠᠵᠤ ᠦᠢᠯᠡᠰ ᠤᠨ ᠲᠦᠷᠦᠯ ᠵᠦᠢᠯ ᠢ ᠤᠷᠤᠭᠤᠯᠵᠤ᠂ ᠴᠢᠩᠱᠠᠨ ᠲᠤᠭᠤᠷᠢᠭ ᠤᠨ ᠡᠯ᠎ᠡ ᠠᠵᠤ ᠦᠢᠯᠡᠰ ᠤᠨ ᠬᠡᠯᠬᠢᠵᠢᠶᠡᠯ ᠲᠤᠤᠷᠠᠳᠤ ᠤᠷᠤᠰᠬᠠᠯ ᠲᠡᠰᠢ ᠬᠦᠨᠵᠡᠭᠡᠶᠢᠷᠡᠬᠦ ᠶᠢ ᠲᠦᠯᠬᠢᠨ ᠠᠬᠢᠭᠤᠯᠬᠤ ᠶᠢ ᠲᠦᠷᠭᠡᠳᠭᠡᠵᠦ᠂ ᠪᠦᠬᠦ ᠠᠵᠤ ᠦᠢᠯᠡᠰ ᠤᠨ ᠬᠡᠯᠬᠢᠵᠢᠶᠡᠯ ᠤᠨ ᠴᠢᠨᠠᠷ ᠰᠠᠶᠢᠳᠠᠢ ᠬᠦᠭᠵᠢᠯᠳᠡ ᠳᠤ ᠬᠦᠴᠦ ᠨᠡᠮᠡᠷᠢᠯᠡᠨ᠎ᠡ》ᠬᠡᠵᠦ ᠴᠢᠩᠱᠠᠨ ᠲᠤᠭᠤᠷᠢᠭ ᠎ ᠤᠨ ᠲᠡᠳ᠋ ᠲᠠᠷᠤᠭ᠎ᠠ ᠵᠢᠶᠠᠩ ᠲᠢᠶᠠᠨ ᠴᠧᠩ ᠬᠡᠯᠡᠵᠠᠢ᠃     ᠠᠵᠢᠯ ᠤᠨ ᠢᠯᠡᠳᠭᠡᠯ ᠳᠤ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠯᠤᠰ  ᠢᠶᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ᠂ ᠴᠢᠳᠠᠪᠤᠷᠢᠳᠠᠨ ᠢᠶᠠᠷ ᠤᠯᠤᠰ ᠢᠶᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠦᠷᠨᠢᠭᠦᠯᠬᠦ᠂ ᠰᠢᠨ᠎ᠡ ᠶᠢ ᠡᠭᠦᠳᠬᠦ ᠪᠠᠷ ᠬᠦᠳᠡᠯᠭᠡᠭᠦ ᠬᠦᠴᠦᠨ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠵᠡᠷᠭᠡ ᠦᠭᠦᠯᠡᠯᠳᠡ ᠨᠢ ᠰᠢᠨᠵᠢᠯᠡᠭᠡ ᠮᠡᠷᠭᠡᠵᠢᠯ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢᠨ ᠴᠢᠭᠯᠡᠯ ᠢ ᠲᠤᠳᠤᠷᠬᠠᠶᠢᠯᠠᠵᠠᠢ᠃ ᠴᠢᠩᠱᠠᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶᠠᠨ ᠎ ᠤ ᠲᠤᠪᠴᠢᠶᠠᠨ ᠲᠠᠷᠤᠭ᠎ᠠ ᠡᠤ ᠱᠧᠩ ᠴᠢᠶᠠᠩ᠄《ᠪᠢ ᠴᠢᠩᠱᠠᠨ ᠲᠤᠭᠤᠷᠢᠭ ‍ᠣᠨ‌ᠦᠷᠭᠡᠨ ᠤᠯᠠᠨ ᠰᠤᠷᠭᠠᠨ ᠬᠦᠮᠤᠵᠢᠯᠳᠡᠨ ᠢ ᠪᠦᠯᠭᠦᠮᠳᠡᠨ ᠲᠠᠭᠠᠭᠤᠯᠵᠤ ᠶᠤᠰᠤ ᠰᠤᠷᠳᠠᠬᠤᠨ ᠢ ᠪᠤᠢ ᠪᠤᠯᠭᠠᠵᠤ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠪᠠ ᠠᠷᠠᠳ ᠲᠦᠮᠡᠨ ᠢ ᠲᠡᠭᠡᠳᠦᠯᠡᠬᠦ ᠵᠤᠭᠰᠤᠴᠠ ᠶᠢ ᠪᠠᠷᠢᠮᠳᠠᠯᠠᠵᠤ᠂ ᠵᠤᠬᠢᠶᠠᠨ ᠪᠠᠶᠢᠭᠤᠯᠤᠯᠳᠠ ᠎ ᠪᠠᠨ ᠬᠦᠴᠦᠷᠭᠡᠭᠵᠢᠭᠦᠯᠬᠦ᠂ ᠦᠭᠡᠷᠡᠴᠢᠯᠡᠯᠳᠡ ᠪᠠᠨ ᠬᠦᠨᠵᠡᠭᠡᠶᠢᠷᠡᠭᠦᠯᠬᠦ᠂ ᠪᠠᠳᠤᠯᠠᠭ᠎ᠠ ᠪᠠᠨ ᠰᠢᠯᠢᠳᠡᠭᠵᠢᠭᠦᠯᠬᠦ᠂ ᠴᠢᠨᠠᠷ ᠴᠢᠨᠰᠠᠭ᠎ᠠ  ᠶᠢ ᠲᠡᠭᠡᠭᠰᠢᠯᠡᠭᠦᠯᠬᠦ ᠵᠡᠷᠭᠡ ᠲᠠᠪᠤᠨ ᠶᠡᠭᠡ ᠢᠨᠵᠧᠨᠧᠷᠢᠩ ᠳᠤ ᠬᠦᠴᠦᠯᠡᠨ᠂〈ᠴᠢᠩᠱᠠᠨ ᠳᠤ ᠰᠤᠷᠤᠯᠴᠠᠬᠤ〉ᠰᠤᠷᠭᠠᠨ ᠬᠦᠮᠦᠵᠢᠯ ᠤᠨ ᠨᠡᠷᠡᠳᠦ ᠲᠡᠮᠳᠡᠭ ᠤᠨ ᠶᠠᠰᠤ ᠴᠢᠨᠠᠷ ᠢ ᠤᠯᠠᠮ ᠰᠠᠶᠢᠵᠢᠷᠠᠭᠤᠯᠵᠤ᠂ ᠴᠢᠩᠱᠠᠨ ᠤ ᠰᠤᠷᠭᠠᠨ ᠬᠦᠮᠦᠵᠢᠯ ᠤᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠨᠡᠭᠡᠭᠡᠨ᠎ᠡ》ᠬᠡᠵᠡᠢ᠃                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号