ᠴᠢᠩᠱᠠᠨ ᠲᠤᠭᠤᠷᠢᠭ ᠤᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2022/10/25
      ᠴᠢᠩᠱᠠᠨ ᠲᠤᠭᠤᠷᠢᠭ ᠨᠢ ᠪᠤᠭᠤᠲᠤ ᠬᠤᠲᠠ ᠶᠢᠨ ᠲᠤᠮᠲᠠᠭᠤᠷ ᠪᠠᠶᠢᠷᠢᠰᠢᠵᠤ᠂ 48ᠲᠦᠮᠡ ᠬᠦᠮᠦᠨ ᠠᠮᠠ ᠲᠠᠢ᠂ ᠵᠠᠰᠠᠭ ᠵᠠᠬᠢᠷᠭᠠᠨ ᠤ ᠤᠷᠤᠨ ᠤ ᠲᠠᠯᠠᠪᠠᠢ ᠨᠢ 280 ᠲᠡᠭᠰᠢ ᠲᠦᠷᠪᠡᠯᠵᠢᠨ ᠺᠢᠯᠤᠮᠧᠲᠷ᠂ ᠦᠪᠦᠷ ᠮᠤᠩᠭᠤᠯ ᠤᠨ ᠠᠷᠪᠠᠨ ᠬᠦᠴᠦᠷᠬᠡᠭ ᠠᠵᠤ ᠦᠢᠯᠡᠳᠪᠦᠷᠢ ᠶᠢᠨ ᠲᠤᠭᠤᠷᠢᠭ ‍ᠦᠨ‌ᠨᠢᠬᠡ ᠨᠢ ᠪᠤᠯᠤᠨ᠎ᠠ᠃ ᠤᠳᠤᠬᠠᠨ ᠳᠤ᠂ ᠪᠦᠬᠦ ᠲᠤᠭᠤᠷᠢᠭ ᠲᠤ ᠨᠡᠶᠢᠲᠡ 600 ᠢᠯᠡᠬᠦᠦ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠᠶᠢᠵᠤ᠂ ᠲᠤᠨᠤᠭ ᠲᠦᠭᠦᠬᠡᠷᠦᠮᠵᠢ ᠦᠢᠯᠡᠳᠬᠦ᠂ ᠴᠠᠬᠢᠯᠭᠠᠨ‌‍ᠬᠦ᠋ᠴᠦᠨ᠂ ᠪᠠᠷᠢᠯᠭ᠎ᠠ ᠶᠢᠨ ᠮᠡᠲ᠋ᠧᠷᠢᠶᠠᠯ᠂ ᠰᠦᠨ ᠤ ᠦᠢᠯᠡᠰ ᠵᠡᠷᠭᠡ ᠭᠤᠤᠯ ᠴᠤᠭᠴᠠ ᠲᠠᠢ ᠪᠦᠷᠢᠨ ᠭᠦᠢᠴᠡᠳ ᠠᠵᠤ ᠦᠢᠯᠡᠳᠪᠦᠷᠢ ᠶᠢᠨ ᠰᠢᠰᠲ᠋ᠧᠮ ᠪᠦᠷᠢᠯᠳᠦᠭᠰᠡᠨ ᠪᠠᠶᠢᠨ᠎ᠠ᠃
20161019145716497.jpg
      2012 ᠤᠨ ᠳᠤ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠨᠢ 771 ᠳ᠋ᠦᠡᠭᠰᠢᠭᠤᠷ ᠲᠦᠭᠦᠷᠢᠭ ᠲᠤ ᠬᠦᠷᠴᠤ᠂ ᠡᠳ᠋ ᠤᠨ ᠵᠠᠰᠠᠭ ᠤᠨ ᠤᠷᠤᠯᠭ᠎ᠠ 44 ᠳ᠋ᠦᠡᠭᠰᠢᠭᠤᠷ ᠲᠦᠭᠦᠷᠢᠭ ᠢ ᠪᠡᠶᠡᠯᠡᠬᠦᠯᠵᠦ᠂ ᠬᠤᠲᠠ ᠪᠠᠯᠭᠠᠰᠤ ᠶᠢᠨ ᠠᠷᠠᠳ ᠲᠦᠮᠡᠨ ᠳᠤ ᠨᠤᠭᠳᠠᠬᠤ ᠡᠵᠡᠮᠰᠢᠵᠤ ᠪᠤᠯᠬᠤ ᠲᠣᠮᠳᠠᠴᠢ ᠤᠷᠤᠯᠭ᠎ᠠ 36227 ᠲᠦᠭᠦᠷᠢᠭ ᠪᠠᠶᠢᠵᠤ᠂ ᠲᠠᠷᠢᠶᠠᠴᠢᠳ ᠤᠨ ᠬᠦᠮᠦᠨ ᠪᠦᠷᠢ ᠶᠢᠨ ᠲᠡᠭᠰᠢᠳᠭᠡᠭᠰᠡᠨ ᠴᠡᠪᠡᠷ ᠤᠷᠤᠯᠭ᠎ᠠ ᠨᠢ 15531 ᠲᠦᠭᠦᠷᠢᠭ ᠲᠤ ᠬᠦᠷᠴᠡᠢ᠃ ᠠᠵᠤ ᠠᠬᠤᠢ ᠶᠢᠨ ᠡᠯ᠎ᠡ ᠬᠦᠢᠴᠡᠳᠬᠡᠭᠦ ᠲᠤᠭ᠎ᠠ ᠨᠢ ᠦᠷᠬᠦᠯᠵᠢᠯᠡᠨ ᠦᠪᠡᠷᠲᠡᠭᠡᠨ ᠵᠠᠰᠠᠬᠤ ᠤᠷᠤᠨ ᠤ ᠲᠡᠷᠢᠬᠦᠨ ᠳᠤ ᠪᠠᠶᠢᠷᠢᠰᠢᠵᠤ ᠪᠠᠶᠢᠨ᠎ᠠ᠃
20210318151421392001.jpg
      —— ᠲᠤᠮᠲᠠᠲᠤ ᠤᠯᠤᠰ ᠤᠨ ᠲᠤᠮᠲᠠ ᠪᠠᠷᠠᠭᠤᠨ ᠤᠷᠤᠨ ᠤ ᠭᠠᠵᠠᠷ ᠤᠷᠤᠨ ᠳᠠᠬᠢ ᠲᠣᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠰᠠᠭᠤᠷᠢᠨ ᠭᠠᠵᠠᠷ ᠪᠤᠯᠭᠠᠨ ᠪᠠᠶᠢᠭᠤᠯᠤᠨ᠎ᠠ᠃ ᠤᠶᠢᠷ᠎ᠠ ᠶᠢᠨ ᠬᠡᠲᠦᠨ ᠵᠢᠯ ᠳᠤ᠂ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠳᠪᠦᠷᠢ ᠶᠢᠨ ᠲᠤᠭᠤᠷᠢᠭ ᠤᠨ ᠬᠦᠭᠵᠢᠯᠲᠡ ᠶᠢᠨ ᠪᠠᠶᠢᠳᠠᠯ ᠡᠷᠴᠢᠮᠲᠠᠢ ᠪᠠᠶᠢᠭᠰᠠᠨ ᠠᠴᠠ᠂ ᠲᠤᠭᠤᠷᠢᠭ ᠲᠤ ᠨᠢᠭᠡᠨᠲᠡ 118 ᠪᠦᠲᠦᠭᠡᠨ ᠪᠠᠶᠢᠭᠤᠯᠤᠯᠲᠠ ᠶᠢᠨ ᠵᠦᠢᠯ ᠰᠠᠭᠤᠷᠢᠰᠢᠵᠤ᠂ ᠨᠡᠶᠢᠲᠡ 400 ᠳ᠋ᠦᠡᠭᠰᠢᠭᠤᠷ ᠤᠨ ᠪᠡᠯᠡ ᠤᠷᠤᠭᠤᠯᠵᠠᠢ᠃ ᠬᠦᠨᠳᠦ ᠮᠠᠰᠢᠨ ᠲᠡᠷᠭᠡᠨ ᠤ ᠲᠤᠨᠤᠭ ᠲᠦᠭᠦᠭᠡᠷᠦᠮᠵᠢ᠂ ᠰᠢᠨ᠎ᠡ ᠡᠨᠧᠷᠬᠢ ᠶᠢᠨ ᠰᠤᠷᠪᠤᠯᠵᠢ ᠶᠢᠨ ᠲᠤᠨᠤᠭ ᠲᠦᠭᠦᠭᠡᠷᠦᠮᠵᠢ᠂ ᠲᠡᠮᠦᠷ ᠵᠠᠮ ‍ᠤᠨ‌‍ᠲ᠋ᠤᠨᠤᠭ ᠲᠦᠭᠦᠭᠡᠷᠦᠮᠵᠢ᠂ ᠶᠡᠷᠦᠩᠬᠡᠢ ᠭᠠᠷᠭᠠᠬᠤ ᠲᠤᠨᠤᠭ ᠲᠦᠭᠦᠭᠡᠷᠦᠮᠵᠢ᠂ ᠪᠠᠷᠢᠯᠭ᠎ᠠ ᠶᠢᠨ ᠲᠤᠨᠤᠭ ᠲᠦᠭᠦᠭᠡᠷᠦᠮᠵᠢ᠂ ᠮᠠᠰᠢᠨ‌‍ᠴᠠᠬᠢᠯᠭᠠᠨ ᠤ ᠲᠤᠨᠤᠭ ᠲᠦᠭᠦᠭᠡᠷᠦᠮᠵᠢ ᠵᠡᠷᠭᠡ ᠵᠢᠷᠭᠤᠭᠠᠨ ᠶᠡᠭᠡ ᠭᠤᠤᠯᠯᠠᠬᠤ ᠠᠵᠤ ᠦᠢᠯᠡᠰ ᠠᠩᠬ᠎ᠠ ᠠᠯᠬᠤᠮ ᠪᠥᠷᠢᠯᠳᠤᠵᠡᠢ᠃ 2012 ᠤᠨ ᠳᠤ᠂ ᠲᠤᠭᠤᠷᠢᠭ ᠨᠢ ᠦᠪᠦᠷ ᠮᠤᠩᠭᠤᠯ ᠤᠨ ᠬᠤᠶᠠᠷ ᠭᠤᠤᠯᠳᠠᠯᠭ᠎ᠠ ᠲᠠᠢ ᠪᠠᠷ ᠪᠦᠲᠦᠭᠡᠨ ᠪᠠᠶᠢᠭᠤᠯᠤᠭᠰᠠᠨ ᠮᠢᠩᠭᠠᠨ ᠳ᠋ᠦᠡᠭᠰᠢᠭᠤᠷ ᠲᠦᠭᠦᠷᠢᠭ ᠤᠨ ᠲᠡᠰ ᠤᠨ ᠲᠤᠭᠤᠷᠢᠭ ᠤᠨ ᠨᠢᠭᠡ ᠪᠠᠷ ᠵᠢᠠᠠᠰᠠᠭᠠᠭᠲᠠᠪᠠ᠃      —— ᠪᠦᠬᠦ ᠤᠯᠤᠰ ᠤᠨ ᠴᠦᠮ᠎ᠡ ᠶᠢᠨ ᠴᠠᠬᠢᠯᠭᠠᠨ ᠲᠦᠯᠡᠰᠢ ᠶᠢᠨ ᠲᠤᠨᠤᠭ ᠦᠢᠯᠡᠳᠪᠦᠷᠢᠯᠡᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠴᠢᠩᠱᠠᠨ ᠲᠤᠭᠤᠷᠢᠭ ᠪᠦᠬᠦ ᠤᠯᠤᠰ ᠤᠨ ᠴᠦᠮ᠎ᠡ ᠶᠢᠨ ᠴᠠᠬᠢᠯᠭᠠᠨ ᠲᠦᠯᠡᠰᠢ  ᠶᠢᠨ ᠲᠤᠨᠤᠭ ᠦᠢᠯᠡᠳᠪᠦᠷᠢᠯᠡᠬᠦ ᠬᠤᠶᠠᠷ ᠰᠠᠭᠤᠷᠢᠨ ᠭᠠᠵᠠᠷ ᠤᠨ ᠨᠢᠭᠡ ᠨᠢ ᠪᠤᠯᠵᠤ᠂ ᠲᠡᠯᠡᠬᠡᠢ ᠶᠢᠨ ᠠᠩᠬᠠᠳᠠᠬᠢ ᠠᠵᠤ ᠦᠢᠯᠡᠳᠪᠦᠷᠢ ᠶᠢᠨ ᠬᠡᠪᠴᠢᠶᠡᠳᠤ ᠠᠷᠠᠯᠵᠢᠶᠠᠨ ᠤ ᠬᠡᠷᠡᠭᠴᠡᠬᠡᠳᠤ ᠪᠦᠮᠪᠦᠭᠡ ᠬᠡᠯᠪᠡᠷᠢᠲᠤ ᠲᠦᠯᠡᠰᠢ ᠲᠤᠨᠤᠭ ᠤᠨ ᠦᠢᠯᠡᠳᠪᠦᠷᠢᠯᠡᠯ ᠤᠨ ᠱᠤᠭᠤᠮ ᠬᠠᠯᠠᠭᠤᠨ ᠬᠡᠢ ᠪᠠᠷ ᠬᠥᠷᠬᠡᠬᠦ ᠣᠷᠪᠡᠯ ‍ᠣᠨ‌ᠵᠤᠬ᠎ᠠ ᠶᠢᠨ ᠴᠦᠮ᠎ᠡ ᠶᠢᠨ ᠴᠠᠬᠢᠯᠭᠠᠨ ᠦᠷᠲᠡᠭᠡ ᠶᠢᠨ ᠵᠢᠱᠢᠶ᠎ᠡ ᠦᠵᠡᠬᠦᠯᠬᠦ ᠲᠦᠯᠡᠰᠢ ᠲᠤᠨᠤᠭ ᠤᠨ ᠦᠢᠯᠡᠳᠪᠦᠷᠢᠯᠡᠯ ᠤᠨ ᠱᠤᠭᠤᠮ ᠢ ᠡᠵᠡᠮᠰᠢᠵᠤ᠂ ᠴᠦᠮ᠎ᠡ  ᠶᠢᠨ ᠴᠠᠬᠢᠯᠭᠠᠨ ᠲᠦᠯᠡᠰᠢ ᠶᠢᠨ ᠲᠤᠨᠤᠭ ᠦᠢᠯᠡᠳᠪᠦᠷᠢᠯᠡᠬᠦ ᠮᠡᠷᠭᠡᠵᠢᠯ ᠤᠨ ᠲᠡᠯ᠎ᠠ ᠪᠠᠷ ᠬᠠᠷᠢᠴᠠᠯᠰᠢ ᠦᠭᠡᠢ ᠦᠷᠢᠰᠤᠯᠳᠦᠬᠦ ᠬᠦᠴᠦᠨ ᠲᠠᠢ ᠪᠤᠯᠤᠭᠰᠠᠨ ᠪᠠᠶᠢᠨ᠎ᠠ᠃      ᠪᠤᠭᠤᠲᠤ ᠬᠤᠲᠠ ᠶᠢᠨ ᠬᠤᠲᠠ ᠪᠠᠯᠭᠠᠰᠤ ᠶᠢᠨ ᠠᠮᠢ ᠠᠬᠤᠢ ᠲᠠᠭᠠᠯᠠᠮᠵᠢᠲᠠᠢ ᠤᠷᠤᠨ ᠰᠠᠭᠤᠴᠠ ᠶᠢ ᠪᠦᠲᠦᠭᠡᠨ ᠪᠠᠶᠢᠭᠤᠯᠤᠨ᠎ᠠ᠃ ᠴᠢᠩᠱᠠᠨ ᠲᠤᠭᠤᠷᠢᠭ ᠤᠨ ᠣᠷᠣᠰᠢᠨ ᠰᠠᠭᠤᠬᠤ ᠤᠷᠴᠢᠨ ᠲᠤᠭᠤᠷᠢᠨ ᠨᠢ ᠲᠡᠷᠢᠬᠦᠨ ᠲᠡᠰ  ᠲᠤ ᠪᠠᠶᠢᠵᠤ᠂ ᠬᠦᠳᠡᠯᠮᠦᠷᠢ ᠶᠢᠨ ᠴᠡᠴᠡᠷᠯᠢᠭ᠂ ᠶᠢᠨ ᠾᠧ ᠲᠠᠯᠠᠪᠠᠢ᠂ ᠤᠮᠠᠷᠠᠲᠤ ᠵᠠᠷ ᠵᠡᠪᠰᠡᠭ ᠤᠨ ᠬᠤᠲᠠ‌ᠵᠡᠷᠭᠡ 50 ᠰᠢᠬᠠᠮ ᠴᠡᠴᠡᠷᠯᠢᠭ᠂ ᠲᠠᠯᠠᠪᠠᠢ ᠪᠠ ᠵᠤᠭᠠᠴᠠᠬᠤ ᠴᠡᠴᠡᠷᠯᠢᠭ ᠦᠵᠡᠮᠵᠢ ᠶᠢᠨ ᠭᠠᠵᠠᠷ ᠲᠠᠢ᠃ ᠬᠤᠲᠠ ᠲᠤᠭᠤᠷᠢᠭ ᠤᠨ ᠵᠠᠮ ᠤᠨ ᠶᠡᠷᠦᠩᠬᠡᠢ ᠤᠷᠲᠤ ᠨᠢ 270 ᠢᠯᠡᠬᠦᠦ ᠺᠢᠯᠦᠮᠧᠲᠷ ᠪᠠᠶᠢᠵᠤ᠂ ᠨᠤᠭᠤᠭᠠᠨ ᠭᠠᠵᠠᠷ ᠤᠨ ᠲᠠᠯᠠᠪᠠᠢ ᠨᠢ 2160 ᠡᠾᠧᠺᠲ᠋ᠡᠷ᠂ ᠬᠦᠮᠦᠨ ᠪᠦᠷᠢ ᠳᠤ ᠨᠤᠭᠳᠠᠬᠤ ᠨᠠᠶᠢᠲᠡ ᠶᠢᠨ ᠨᠤᠭᠤᠭᠠᠨ ᠭᠠᠵᠠᠷ ᠨᠢ 15.5 ᠲᠡᠭᠰᠢ ᠲᠦᠷᠪᠡᠯᠵᠢᠨ ᠮᠧᠲᠷ ᠪᠤᠯᠤᠨ᠎ᠠ᠃      ᠪᠦᠬᠦ ᠤᠯᠤᠰ ᠤᠨ ᠨᠠᠶᠢᠭᠡᠮ ᠤᠨ ᠬᠠᠮᠢᠶᠠᠷᠤᠯᠲᠠ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠵᠢᠱᠢᠶᠡᠴᠢ ᠲᠤᠭᠤᠷᠢᠭ ᠢ ᠪᠦᠲᠦᠭᠡᠨ ᠪᠠᠶᠢᠭᠤᠯᠤᠨ᠎ᠠ᠃ 2011 ᠤᠨ ᠤ 5 ᠰᠠᠷ᠎ᠠ ᠳᠤ᠂ ᠴᠢᠩᠱᠠᠨ ᠲᠤᠭᠤᠷᠢᠭ ᠨᠢ ᠪᠦᠬᠦ ᠬᠤᠲᠠ  ᠶᠢᠨ ᠵᠡᠭᠡᠯᠢ ᠭᠤᠲᠤᠮᠵᠢ ᠨᠠᠶᠢᠭᠡᠮ ᠲᠤᠭᠤᠷᠢᠭ ᠤᠨ ᠰᠢᠨ᠎ᠡ ᠶᠢ ᠡᠭᠦᠳᠬᠦ ᠨᠡᠶᠢᠭᠡᠮ ᠤᠨ ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠭᠠᠵᠠᠷ ᠤᠷᠤᠨ ᠢᠶᠠᠷ ᠲᠤᠭᠲᠠᠭᠠᠭᠳᠠᠪᠠ᠃ ᠣᠳᠤᠬᠠᠨ ᠨᠢᠭᠡᠨᠲᠡ᠂ ᠵᠤᠯ ᠵᠢᠷᠭᠠᠯᠲᠤ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ᠂ ᠤᠰᠤᠲᠤ ᠵᠡᠭᠡᠯᠢ ᠭᠤᠲᠤᠮᠵᠢ  ᠶᠢᠨ ᠬᠡᠷᠡᠭ ᠡᠷᠬᠢᠯᠡᠬᠦ ᠭᠠᠵᠠᠷ ᠵᠡᠷᠭᠡ8 ᠵᠡᠭᠡᠯᠢ ᠭᠤᠲᠤᠮᠵᠢ ᠵᠢᠨ‌ᠦᠭᠡᠷᠡᠴᠢᠯᠡᠯᠲᠡ ᠶᠢᠨ ᠲᠤᠷᠰᠢᠯᠲᠡ ᠶᠢᠨ ᠴᠢᠭ ᠤᠨ ᠠᠵᠢᠯ ᠢ ᠪᠠᠶᠡᠯᠡᠬᠦᠯᠵᠡᠢ᠃       ᠰᠢᠨ᠎ᠡ ᠡᠬᠢᠯᠡᠯᠲᠡ ᠵᠢᠨ‌‍ᠴᠢᠭ ᠲᠤ᠂ ᠰᠢᠨ᠎ᠡ ᠦᠰᠦᠷᠦᠯᠲᠡ ᠶᠢ ᠪᠡᠶᠡᠯᠡᠬᠦᠯᠦᠨ᠎ᠡ᠃ 2013 ᠤᠨ ᠳᠤ᠂ ᠴᠢᠩᠱᠠᠨ ᠲᠤᠭᠤᠷᠢᠭ ᠨᠢ ︽ᠬᠤᠶᠠᠷ ᠰᠠᠭᠤᠷᠢᠨ ᠭᠠᠵᠠᠷ︾ ᠢ ᠴᠤᠭᠴᠠᠯᠠᠬᠤ᠂ ︽ᠭᠤᠷᠪᠠᠨ ᠬᠤᠲᠠ ᠲᠤᠭᠤᠷᠢᠭ︾ ᠢ ᠪᠦᠲᠦᠭᠡᠨ ᠪᠠᠶᠢᠭᠤᠯᠠᠬᠤ ᠬᠦᠭᠵᠢᠯᠲᠡ ᠶᠢᠨ ᠪᠤᠲᠤᠯ ᠪᠠ ᠬᠠᠷᠠᠯᠲᠠ ᠪᠠᠨ ᠤᠯᠠᠮ ᠨᠢᠭᠡ ᠠᠯᠬᠤᠮ ᠲᠤᠲᠤᠷᠠᠬᠠᠢ ᠪᠤᠯᠭᠠᠨ᠂ ᠪᠦᠬᠦ ᠤᠯᠤᠰ ᠤᠨ ᠲᠤᠮᠲᠠ ᠪᠠᠷᠠᠭᠤᠨ ᠬᠡᠰᠡᠭ ᠤᠷᠤᠨ ᠤ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠰᠠᠭᠤᠷᠢᠨ ᠭᠠᠵᠠᠷ ᠪᠠ ᠪᠦᠬᠦ ᠤᠯᠤᠰ ᠤᠨ ᠴᠦᠮ᠎ᠡ ᠶᠢᠨ ᠴᠠᠬᠢᠯᠭᠠᠨ ᠲᠦᠯᠡᠰᠢ ᠶᠢᠨ ᠲᠤᠨᠤᠭ ᠦᠢᠯᠡᠳᠪᠦᠷᠢᠯᠡᠬᠦ ᠰᠠᠭᠤᠷᠢᠨ ᠭᠠᠵᠠᠷ ᠢ ᠴᠤᠭᠴᠠᠯᠠᠨ᠂ ᠪᠤᠭᠤᠲᠤ ᠬᠤᠲᠠ ᠶᠢᠨ ᠬᠤᠲᠠ ᠪᠠᠯᠭᠠᠰᠤ ᠶᠢᠨ ᠠᠮᠢ ᠠᠬᠤᠢ ᠲᠠᠭᠠᠯᠠᠮᠵᠢᠲᠠᠢ ᠤᠷᠤᠨ ᠰᠠᠭᠤᠴᠠ ᠶᠢ ᠪᠦᠲᠦᠭᠡᠨ ᠪᠠᠶᠢᠭᠤᠯᠵᠤ᠂ ᠦᠪᠡᠷᠲᠡᠭᠡᠨ ᠵᠠᠰᠠᠬᠤ ᠤᠷᠤᠨ ᠤ ᠤᠲᠤᠬᠢᠴᠢᠯᠠᠭᠰᠠᠨ ᠦᠢᠯᠡᠴᠢᠯᠡᠭᠡᠨ ᠤ ᠲᠦᠪ ᠬᠤᠲᠠ ᠲᠤᠭᠤᠷᠢᠭ᠂ ᠪᠦᠬᠦ ᠤᠯᠤᠰ ᠤᠨ ᠨᠡᠶᠢᠭᠡᠮ ᠤᠨ ᠬᠠᠮᠢᠶᠠᠷᠤᠯᠲᠠ ᠪᠠ ᠦᠢᠯᠡᠴᠢᠯᠡᠭᠡᠨ ᠤ ᠰᠢᠨ᠎ᠡ ᠶᠢ ᠡᠬᠦᠳᠦᠭᠰᠡᠨ ᠵᠢᠱᠢᠶᠡᠴᠢ ᠲᠤᠭᠤᠷᠢᠭ ᠢ ᠪᠦᠲᠦᠭᠡᠨ ᠪᠠᠶᠢᠭᠤᠯᠵᠤ᠂ ᠨᠡᠩ ᠴᠢᠨᠡᠭᠡᠯᠢᠭ᠂ ᠪᠤᠯᠪᠠᠰᠤᠨ᠂ ᠡᠶ᠎ᠡ ᠨᠠᠶᠢᠷᠠᠮᠲᠠᠭᠤ᠂ ᠭᠤᠶᠤ ᠰᠠᠶᠢᠬᠠᠨ ᠰᠢᠨ᠎ᠡ ᠴᠢᠩᠱᠠᠨ ᠢ ᠴᠢᠷᠮᠠᠶᠢᠨ ᠪᠠᠶᠢᠭᠤᠯᠵᠤ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号