| | | | | ᠰᠤᠷᠪᠤᠯᠵᠢᠯᠠᠭᠰᠠᠨ ᠭᠤᠤᠯ ᠰᠡᠳᠦᠪ᠄ ᠰᠠᠭᠤᠭᠠᠯᠢ ᠠᠷᠠᠳ ᠤᠨ ᠬᠠᠭᠤᠴᠢᠨ ᠲᠤᠭᠤᠷᠢᠭ《ᠰᠢᠨ᠎ᠡ ᠲᠦᠷᠢ | ᠲᠠᠢ ᠪᠤᠯᠵᠤ》᠂ ᠰᠠᠭᠤᠭᠠᠯᠢ ᠠᠷᠠᠳ ᠲᠤ《ᠵᠤᠯ ᠵᠢᠷᠭᠠᠯᠳᠤ ᠲᠦᠷᠦᠭᠳᠡᠯ》ᠬᠦᠷᠳᠡᠭᠡᠵᠡᠢ | ᠰᠤᠷᠪᠤᠯᠵᠢᠯᠠᠭᠰᠠᠨ ᠴᠠᠭ᠄ 2022 ᠤᠨ ᠤ 9 ᠰᠠᠷ᠎ᠠ ᠶᠢᠨ 20 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠵᠤᠯ ᠵᠢᠷᠭᠠᠯᠳᠤ ᠵᠠᠮ ᠣᠨᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶᠠᠨ ᠤ ᠱᠦᠵᠢ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠤᠨ ᠡᠷᠭᠢᠯᠡᠭᠴᠢ᠂ ᠭᠡᠷᠡᠭ | ᠡᠷᠬᠢᠯᠡᠬᠦ ᠭᠠᠵᠠᠷ ᠤᠨ ᠡᠷᠭᠢᠯᠡᠭᠴᠢ ᠹᠧᠩ ᠸᠧᠨ ᠨᠠ | ᠰᠤᠷᠪᠤᠯᠵᠢᠯᠠᠭᠰᠠᠨ ᠠᠬᠤᠢ ᠪᠠᠶᠢᠳᠠᠯ᠄ ᠬᠤᠳᠠ ᠶᠢᠨ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠶᠢᠨ | ᠲᠠᠰᠤᠷᠠᠯᠳᠠ ᠦᠭᠡᠢ ᠠᠬᠢᠬᠤ ᠶᠢ ᠲᠠᠭᠠᠯᠳᠤᠨ᠂ ᠠᠷᠠᠳ ᠲᠦᠮᠡᠨ ᠠᠮᠢᠳᠤᠷᠠᠯ ᠤᠨ ᠤᠷᠴᠢᠨ ᠲᠤᠭᠤᠷᠢᠨ ᠤ ᠶᠠᠰᠤ | ᠴᠢᠨᠠᠷ ᠤᠨ ᠱᠠᠭᠠᠷᠳᠠᠯᠭ᠎ᠠ ᠲᠠᠰᠤᠷᠠᠯᠳᠠ ᠦᠭᠡᠢ ᠨᠡᠮᠡᠭᠳᠡᠨ᠂ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ | ᠵᠠᠰᠠᠯᠳᠠ ᠨᠢ ᠵᠠᠶᠢᠯᠠᠰᠢ ᠦᠭᠡᠢ ᠪᠠᠷ᠂ ᠬᠤᠶᠢᠰᠢᠳᠠ ᠶᠢᠨ ᠤᠷᠳᠤ ᠬᠤᠭᠤᠴᠠᠭᠠᠨ ᠤ᠂ ᠪᠠᠶᠢᠩᠭᠤ ᠶᠢᠨ ᠠᠵᠢᠯ ᠪᠤᠯᠤᠭᠰᠠᠨ | ᠪᠠᠶᠢᠨ᠎ᠠ᠃ 2022 ᠤᠨ ᠳᠤ᠂ ᠵᠤᠯ ᠵᠢᠷᠭᠠᠯᠳᠤ 4 ᠳ᠋ᠤᠭᠡᠷ ᠲᠤᠭᠤᠷᠢᠭ᠂ ᠰᠠᠶᠢᠨ 5 ᠳ᠋ᠤᠭᠠᠷ ᠲᠤᠭᠤᠷᠢᠭ᠂ | ᠬᠦᠳᠡᠯᠮᠦᠷᠢ 11 ᠳ᠋ᠣᠭᠡᠷ ᠲᠤᠭᠤᠷᠢᠭ᠂ ᠰᠠᠶᠢᠨ 6 ᠳ᠋ᠤᠭᠠᠷ ᠲᠤᠭᠤᠷᠢᠭ ᠵᠡᠷᠭᠡ 4 ᠰᠠᠭᠤᠭᠠᠯᠢ ᠠᠷᠠᠳ ᠤᠨ | ᠲᠤᠭᠤᠷᠢᠭ ᠬᠠᠭᠤᠴᠢᠨ ᠲᠤᠭᠤᠷᠢᠭ ᠤᠨ ᠵᠠᠰᠠᠯᠳᠠ ᠶᠢᠨ ᠲᠦᠷᠦᠯ ᠵᠦᠢᠯ ᠢᠶᠠᠷ ᠰᠤᠩᠭᠤᠭᠳᠠᠵᠤ᠂ ᠵᠤᠯ ᠵᠢᠷᠭᠠᠯᠳᠤ | ᠵᠠᠮ ᠤᠨ ᠵᠡᠭᠡᠯᠢ ᠭᠤᠳᠤᠮᠵᠢ ᠦᠪᠡᠷ ᠤᠨ ᠪᠡᠶ᠎ᠡ ᠶᠢᠨ ᠪᠤᠳᠠᠳᠠᠢ ᠳᠤ ᠨᠡᠶᠢᠴᠡᠭᠦᠯᠦᠨ᠂ ᠨᠢᠭᠡᠳᠦᠯᠳᠡᠢ ᠲᠦᠯᠦᠪᠯᠡᠨ | ᠵᠤᠬᠢᠴᠠᠭᠤᠯᠵᠤ᠂ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠵᠠᠰᠠᠯᠳᠠ ᠳᠤ ᠪᠠᠳᠤ ᠰᠠᠭᠤᠷᠢ ᠲᠠᠯᠪᠢᠵᠤ᠂ | ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠲᠠᠭᠠᠯᠠᠮᠵᠢᠳᠠᠢ᠂ ᠠᠮᠤᠷ ᠲᠦᠪᠰᠢᠨ ᠤ ᠰᠡᠳᠭᠢᠭᠳᠡᠯ ᠪᠠ ᠵᠤᠯ | ᠵᠢᠷᠭᠠᠯᠳᠤ ᠲᠦᠷᠦᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠵᠡᠢ᠃ | 【ᠬᠦᠳᠦᠯᠦᠭᠴᠢ】 | ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠵᠠᠰᠠᠯᠳᠠ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ | ᠲᠤᠬᠠᠢ ᠲᠠᠨᠢᠯᠴᠠᠭᠤᠯᠤᠭᠠᠳ ᠦᠭᠭᠦᠨ᠎ᠡ ᠦᠦ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠹᠧᠩ ᠸᠧᠨ ᠨᠠ】 | ᠵᠤᠯ ᠵᠢᠷᠭᠠᠯᠳᠤ ᠵᠠᠮ ᠤᠨ ᠵᠡᠭᠡᠯᠢ ᠭᠤᠳᠤᠮᠵᠢ ᠶᠢᠨ ᠵᠤᠯ ᠵᠢᠷᠭᠠᠯᠳᠤ 4 ᠳ᠋ᠤᠭᠡᠷ ᠲᠤᠭᠤᠷᠢᠭ᠂ ᠰᠠᠶᠢᠨ 5 | ᠳ᠋ᠤᠭᠠᠷ ᠲᠤᠭᠤᠷᠢᠭ᠂ ᠬᠦᠳᠡᠯᠮᠦᠷᠢ 11 ᠳ᠋ᠣᠭᠡᠷ ᠲᠤᠭᠤᠷᠢᠭ᠂ ᠰᠠᠶᠢᠨ 6 ᠳ᠋ᠤᠭᠠᠷ ᠲᠤᠭᠤᠷᠢᠭ ᠵᠡᠷᠭᠡ 4 ᠰᠠᠭᠤᠭᠠᠯᠢ | ᠠᠷᠠᠳ ᠤᠨ ᠲᠤᠭᠤᠷᠢᠭ 2022 ᠤᠨ ᠤ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠵᠠᠰᠠᠯᠳᠠ ᠶᠢᠨ | ᠲᠦᠷᠦᠯ ᠵᠦᠢᠯ ᠢᠶᠠᠷ ᠰᠤᠩᠭᠤᠭᠳᠠᠵᠤ᠂ ᠨᠡᠶᠢᠳᠡ 74 ᠰᠠᠭᠤᠷᠢ ᠠᠰᠠᠷ᠂ 3507 ᠡᠷᠦᠭᠡ ᠰᠠᠭᠤᠭᠠᠯᠢ ᠠᠷᠠᠳ ᠲᠤ | ᠬᠤᠯᠪᠤᠭᠳᠠᠵᠤ᠂ ᠪᠠᠷᠢᠯᠭ᠎ᠠ ᠶᠢᠨ ᠲᠠᠯᠠᠪᠠᠢ 31.0614 ᠲᠦᠮᠡᠨ ᠺᠦᠸᠧᠲ ᠮᠧᠲᠷ ᠪᠤᠢ᠃ ᠡᠨᠡ ᠵᠢᠯ ᠮᠠᠨ ᠤ ᠵᠡᠭᠡᠯᠢ | ᠭᠤᠳᠤᠮᠵᠢ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠵᠠᠰᠠᠯᠳᠠ ᠶᠢ ᠭᠡᠷᠡᠭᠵᠢᠭᠦᠯᠭᠦ ᠭᠤᠤᠯ ᠴᠤᠭᠴᠠ ᠶᠢᠨ | ᠨᠢᠭᠡᠴᠡ ᠪᠤᠯᠤᠭᠰᠠᠨ ᠤ ᠬᠤᠪᠢ ᠳᠤ᠂ ᠡᠮᠦᠨ᠎ᠡ ᠬᠤᠭᠤᠴᠠᠭᠠᠨ ᠳᠤ᠂ ᠲᠤᠬᠠᠢ ᠶᠢᠨ ᠭᠠᠵᠠᠷ ᠤᠨ ᠪᠠᠶᠢᠴᠠᠭᠠᠯᠳᠠ᠂ | ᠰᠤᠳᠤᠯᠵᠤ ᠪᠤᠯᠬᠤ ᠤᠷᠤᠨ ᠲᠤᠭ᠎ᠠ᠂ ᠲᠦᠰᠦᠯ ᠲᠦᠰᠦᠪᠯᠡᠬᠦ ᠠᠵᠢᠯ ᠢ ᠨᠠᠷᠢᠨ ᠨᠢᠭᠳᠠ ᠵᠤᠬᠢᠶᠠᠨ ᠪᠠᠶᠢᠭᠤᠯᠵᠤ᠂ | ᠲᠦᠷᠦᠯ ᠵᠦᠢᠯ ᠲᠤᠭᠳᠠᠭᠠᠬᠤ ᠪᠠ ᠲᠦᠷᠦᠯ ᠵᠦᠢᠯ ᠤᠨ ᠪᠡᠯᠡ ᠮᠦᠩᠭᠦ ᠶᠢᠨ ᠭᠤᠶᠤᠴᠢᠯᠠᠯ ᠪᠡ ᠮᠡᠳᠡᠭᠦᠯᠦᠯᠳᠡ ᠬᠢᠬᠦ | ᠠᠵᠢᠯ ᠢ ᠰᠠᠶᠢᠳᠤᠷ ᠬᠢᠵᠦ᠂ ᠠᠷᠠᠳ ᠤᠨ ᠰᠠᠨᠠᠨᠭᠠᠨ ᠤ ᠪᠠᠶᠢᠴᠠᠭᠠᠯᠳᠠ᠂ ᠤᠯᠠᠨ ᠡᠰᠢᠳᠦ ᠵᠦᠪᠳᠡᠯᠴᠡᠭᠡ᠂ ᠲᠤᠰᠬᠠᠢ | ᠮᠡᠷᠭᠡᠵᠢᠯᠳᠡᠨ ᠤ ᠰᠢᠯᠭᠠᠷᠠᠭᠤᠯᠤᠯᠳᠠ ᠵᠡᠷᠭᠡ ᠭᠡᠯᠪᠡᠷᠢ ᠪᠠᠷ ᠲᠠᠮᠵᠢᠨ᠂ ᠦᠭᠡᠷᠡᠴᠢᠯᠡᠯᠳᠡ ᠶᠢᠨ ᠲᠦᠰᠦᠯ ᠢᠶᠠᠨ | ᠲᠤᠭᠳᠠᠭᠠᠵᠠᠢ᠃ ᠰᠠᠭᠤᠭᠠᠯᠢ ᠠᠷᠠᠳ ᠤᠨ ᠬᠠᠯᠠᠮᠰᠢᠵᠤ ᠪᠠᠶᠢᠭ᠎ᠠ ᠠᠰᠠᠭᠤᠳᠠᠯ ᠤᠳ ᠢ ᠪᠦᠭᠦ ᠲᠠᠯ᠎ᠠ ᠪᠠᠷ ᠬᠦᠨᠵᠡᠭᠡᠢ | ᠤᠶᠢᠯᠠᠭᠠᠵᠤ᠂ ᠲᠤᠬᠠᠢ ᠶᠢᠨ ᠲᠠᠯᠠᠪᠤᠷ ᠲᠤ ᠲᠤᠳᠤᠷᠬᠠᠢ ᠨᠠᠶᠢᠳᠠᠪᠤᠷᠢᠵᠢᠭᠤᠯᠵᠤ᠂ ᠠᠰᠠᠭᠤᠳᠠᠯ ᠢ ᠲᠤᠶᠢᠯᠪᠤᠷᠢᠳᠠᠢ | ᠵᠠᠳᠠᠯᠵᠤ᠂ ᠲᠦᠰᠦᠯ ᠢ ᠬᠦᠢᠴᠡᠳ ᠶᠠᠷᠢᠯᠴᠠᠵᠠᠢ᠃ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ | ᠵᠠᠰᠠᠯᠳᠠ ᠶᠢᠨ ᠲᠤᠮᠳᠠᠭᠢ ᠬᠦᠴᠢᠷᠳᠤ ᠠᠰᠠᠭᠤᠳᠠᠯ᠂ ᠵᠢᠱᠢᠶᠡᠯᠡᠪᠡᠯ᠂ ᠲᠤᠷ᠎ᠠ ᠪᠠᠷ ᠪᠠᠷᠢᠭᠰᠠᠨ ᠪᠠᠷᠢᠯᠭ᠎ᠠ᠂ ᠪᠢᠴᠢᠯ | ᠰᠡᠷᠢᠭᠦᠨ ᠭᠡᠷ ᠵᠡᠷᠭᠡ ᠤᠳ ᠢ᠂ ᠪᠢᠳᠡ ᠡᠮᠦᠨ᠎ᠡ ᠬᠤᠭᠤᠴᠠᠭᠠᠨ ᠳᠠᠭᠠᠨ ᠪᠠᠶᠢᠳᠠᠯ ᠢ ᠤᠶᠢᠯᠠᠭᠠᠵᠤ᠂ ᠤᠬᠠᠭᠤᠯᠭ᠎ᠠ ᠬᠢᠵᠦ᠂ | ᠨᠤᠷᠠᠭᠠᠨ ᠨᠡᠭᠦᠯᠭᠡᠭᠦ ᠵᠠᠷ ᠨᠠᠭᠠᠵᠤ ᠤᠷᠢᠳᠴᠢᠯᠠᠨ ᠮᠡᠳᠡᠭᠳᠡᠵᠦ᠂ ᠪᠠᠷᠢᠯᠭ᠎ᠠ ᠶᠢᠨ ᠬᠠᠷᠢᠶᠠᠯᠠᠯ ᠤᠨ ᠡᠷᠭᠡ ᠶᠢ ᠮᠠᠭᠠᠳᠯᠠᠨ | ᠲᠤᠳᠤᠳᠬᠠᠬᠤ ᠠᠵᠢᠯ ᠢ ᠬᠢᠭᠰᠡᠨ ᠪᠠᠶᠢᠨ᠎ᠠ᠃ ᠵᠡᠭᠡᠯᠢ ᠭᠤᠳᠤᠮᠵᠢ ᠬᠠᠤᠯᠢ ᠭᠡᠷᠡᠭᠵᠢᠭᠦᠯᠬᠦ ᠲᠤᠪᠴᠢᠶ᠎ᠠ᠂ | ᠲᠤᠳᠤᠭᠠᠳᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ | ᠪᠠᠶᠢᠭᠤᠯᠤᠯᠳᠠ ᠶᠢᠨ ᠲᠤᠪᠴᠢᠶ᠎ᠠ ᠵᠡᠷᠭᠡ ᠲᠠᠢ ᠬᠠᠮᠳᠤᠷᠠᠨ 22 ᠤᠳᠠᠭᠠᠨ ᠤ ᠬᠠᠤᠯᠢ ᠭᠡᠷᠡᠭᠵᠢᠬᠦᠯᠬᠦ ᠠᠵᠢᠯᠯᠠᠭ᠎ᠠ | ᠶᠠᠪᠤᠭᠤᠯᠵᠠᠢ᠃ ᠬᠠᠶᠠᠭᠳᠠᠮᠠᠯ ᠬᠠᠭᠤᠴᠢᠨ ᠲᠡᠷᠭᠡᠨ ᠤ ᠰᠠᠷᠠᠪᠴᠢ᠂ ᠪᠢᠴᠢᠯ ᠰᠡᠷᠢᠭᠦᠨ ᠭᠡᠷ᠂ ᠨᠤᠭᠤᠭᠠᠨ ᠤ ᠵᠤᠭᠤᠷᠢ᠂ | ᠵᠢᠵᠢᠭ ᠰᠠᠵᠢᠭ ᠶᠠᠭᠤᠮ᠎ᠠ ᠶᠢᠨ ᠭᠡᠷ᠂ ᠲᠤᠭᠳᠠᠭᠠᠯ ᠠᠴᠠ ᠵᠦᠷᠢᠴᠡᠨ ᠪᠠᠶᠢᠭᠤᠯᠤᠭᠰᠠᠨ ᠲᠡᠷᠭᠡᠨ ᠬᠦᠮᠦᠷᠭᠡ᠂ | ᠲᠠᠭᠳᠠᠭ᠎ᠠ ᠶᠢᠨ ᠰᠠᠷᠠᠪᠴᠢ ᠵᠡᠷᠭᠡ 363 ᠭᠠᠵᠠᠷ ᠢ ᠨᠤᠷᠠᠭᠠᠨ ᠨᠡᠭᠦᠯᠭᠡᠵᠦ᠂ 3633 ᠺᠦᠸᠧᠲ ᠮᠧᠲᠷ ᠤᠨ ᠨᠡᠶᠢᠳᠡ | ᠶᠢᠨ ᠤᠷᠤᠨ ᠵᠠᠢ ᠶᠢ ᠰᠤᠯᠠᠯᠠᠨ ᠭᠠᠷᠭᠠᠵᠤ᠂ ᠬᠤᠶᠢᠰᠢᠳᠠ ᠶᠢᠨ ᠦᠭᠡᠷᠡᠴᠢᠯᠡᠯᠳᠡ ᠶᠢᠨ ᠠᠵᠢᠯ ᠳᠤ ᠰᠠᠭᠤᠷᠢ ᠲᠠᠯᠪᠢᠪᠠ᠃ | ᠤᠳᠤᠬᠠᠨ ᠳᠤ᠂ ᠲᠦᠷᠪᠡᠨ ᠦᠭᠡᠷᠡᠴᠢᠯᠡᠯᠳᠡ ᠶᠢᠨ ᠰᠠᠭᠤᠭᠠᠯᠢ ᠲᠤᠭᠤᠷᠢᠭ ᠤᠨ ᠭᠠᠵᠠᠷ ᠲᠤᠤᠷᠠᠬᠢ ᠭᠡᠰᠡᠭ | ᠲᠡᠭᠰᠢᠳᠭᠡᠭᠡᠳ 90% ᠶᠢ ᠪᠡᠶᠡᠯᠡᠭᠦᠯᠵᠦ᠂ ᠭᠠᠵᠠᠷ ᠲᠡᠭᠡᠷᠡᠭᠢ ᠭᠡᠰᠡᠭ ᠲᠡᠭᠰᠢᠳᠭᠡᠭᠡᠳ 80% ᠶᠢ ᠪᠡᠶᠡᠯᠡᠭᠦᠯᠵᠦ᠂ | ᠪᠦᠭᠦ ᠢᠨᠵᠧᠨᠧᠷᠢᠩ ᠤᠨ ᠠᠵᠢᠯ ᠤᠨ 85% ᠶᠢ ᠪᠡᠶᠡᠯᠡᠭᠦᠯᠦᠭᠰᠡᠨ ᠪᠠᠶᠢᠨ᠎ᠠ᠃ | 【ᠬᠦᠳᠦᠯᠦᠭᠴᠢ】 | ᠤᠯᠠᠨ ᠲᠦᠮᠡᠨ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠵᠠᠰᠠᠯᠳᠠ ᠳᠤ ᠤᠷᠤᠯᠴᠠᠬᠤ ᠳᠤ | ᠶᠠᠮᠠᠷᠬᠦ ᠠᠷᠭ᠎ᠠ ᠪᠠᠷᠢᠯ ᠪᠠᠶᠢᠬᠤ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠹᠧᠩ ᠸᠧᠨ ᠨᠠ】 | ᠠᠳᠠᠯᠢ ᠪᠤᠰᠤ ᠲᠦᠷᠦᠯ ᠤᠨ ᠰᠠᠭᠤᠭᠠᠯᠢ ᠲᠤᠭᠤᠷᠢᠭ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠳᠤ | ᠴᠢᠭᠯᠡᠭᠦᠯᠦᠨ᠂ ᠰᠠᠭᠤᠭᠠᠯᠢ ᠠᠷᠠᠳ ᠤᠨ ᠰᠠᠨᠠᠯ ᠢ ᠬᠤᠷᠢᠶᠠᠭᠰᠠᠨ ᠰᠠᠭᠤᠷᠢᠨ ᠲᠡᠭᠡᠷ᠎ᠡ᠂ ᠦᠭᠡᠷᠡᠴᠢᠯᠡᠯᠳᠡ ᠶᠢᠨ | ᠭᠤᠤᠯᠳᠠᠯᠭ᠎ᠠ ᠪᠠᠨ ᠲᠤᠭᠳᠠᠭᠠᠵᠤ᠂ ᠰᠠᠭᠤᠬᠤ ᠳᠤ ᠲᠠᠭᠠᠯᠠᠮᠵᠢᠳᠠᠢ ᠤᠷᠴᠢᠨ ᠲᠤᠭᠤᠷᠢᠨ ᠪᠡ ᠰᠠᠭᠤᠭᠠᠯᠢ ᠠᠷᠠᠳ ᠲᠤ | ᠦᠢᠯᠡᠴᠢᠯᠡᠭᠦ ᠶᠢ ᠲᠡᠭᠡᠭᠰᠢᠯᠡᠭᠦᠯᠭᠦ ᠠᠵᠢᠯ ᠢ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ | ᠦᠭᠡᠷᠡᠴᠢᠯᠡᠯᠳᠡ ᠶᠢᠨ ᠪᠦᠬᠦ ᠶᠠᠪᠤᠴᠠ ᠳᠤ ᠤᠷᠤᠭᠤᠯᠵᠠᠢ᠃ ᠵᠢᠱᠢᠶᠡᠯᠡᠪᠡᠯ᠂ ᠰᠠᠶᠢᠨ 5 ᠳ᠋ᠤᠭᠠᠷ ᠰᠠᠭᠤᠭᠠᠯᠢ ᠲᠤᠭᠤᠷᠢᠭ | ᠲᠤ 14 ᠦᠮᠴᠢᠯᠡᠯ ᠤᠨ ᠡᠷᠭᠡ ᠶᠢᠨ ᠪᠠᠶᠢᠭᠤᠯᠭ᠎ᠠ ᠪᠠᠶᠢᠵᠤ᠂ ᠬᠤᠭᠤᠯᠠᠢ ᠶᠢᠨ ᠲᠤᠤᠷ ᠤᠨ ᠴᠢᠭᠯᠡᠯ᠂ ᠲᠡᠷᠭᠡᠨ | ᠰᠠᠷᠠᠪᠴᠢᠨ ᠤ ᠦᠮᠴᠢᠯᠡᠯ ᠤᠨ ᠡᠷᠭᠡ ᠵᠡᠷᠭᠡ ᠠᠰᠠᠭᠤᠳᠠᠯ ᠤᠳ ᠪᠦᠷ ᠦᠭᠡᠷᠡᠴᠢᠯᠡᠯᠳᠡ ᠶᠢᠨ ᠬᠦᠴᠢᠷ ᠠᠰᠠᠭᠤᠳᠠᠯ | ᠪᠤᠯᠵᠠᠢ᠂ ᠰᠠᠭᠤᠭᠠᠯᠢ ᠠᠷᠠᠳ ᠤᠨ ᠰᠠᠨᠠᠯ ᠢ ᠬᠦᠢᠴᠡᠳ ᠬᠤᠷᠢᠶᠠᠭᠰᠠᠨ ᠤ ᠰᠠᠭᠤᠷᠢᠨ ᠲᠡᠭᠡᠷ᠎ᠡ᠂ ᠪᠢᠳᠡ ᠡᠯ᠎ᠡ ᠦᠮᠴᠢᠯᠡᠯ | ᠤᠨ ᠡᠷᠭᠡ ᠶᠢᠨ ᠨᠢᠭᠡᠴᠡ ᠶᠢ ᠵᠤᠭᠢᠴᠠᠭᠤᠯᠤᠨ᠂ ᠬᠦᠷᠢᠶᠡᠨ ᠲᠤᠮᠳᠠᠭᠢ ᠬᠦᠷᠢᠶᠡᠨ ᠤ ᠬᠠᠰᠢᠶ᠎ᠠ ᠶᠢ ᠨᠤᠷᠠᠭᠠᠵᠤ᠂ ᠪᠠᠭ᠎ᠠ | ᠬᠦᠷᠢᠶ᠎ᠡ ᠶᠢ ᠨᠡᠶᠢᠯᠡᠭᠦᠯᠦᠨ ᠪᠦᠳᠦᠭᠦᠨ ᠬᠦᠷᠢᠶ᠎ᠡ ᠪᠤᠯᠭᠠᠵᠤ᠂ 5 ᠪᠠᠭ᠎ᠠ ᠬᠦᠷᠢᠶ᠎ᠡ ᠶᠢ ᠨᠡᠶᠢᠯᠡᠭᠦᠯᠵᠦ᠂ 4 ᠬᠦᠷᠢᠶᠡᠨ | ᠲᠤᠳᠤᠷᠠᠬᠢ ᠬᠦᠷᠢᠶ᠎ᠡ ᠶᠢ ᠨᠡᠶᠢᠯᠡᠭᠦᠯᠵᠦ᠂ ᠰᠡᠷᠢᠭᠦᠨ ᠮᠤᠬᠤᠯᠠᠭ᠂ ᠰᠡᠯᠡᠭᠦᠴᠡᠬᠦ ᠬᠤᠩᠬᠢᠯ ᠪᠠᠶᠢᠭᠤᠯᠵᠤ᠂ ᠰᠠᠭᠤᠭᠠᠯᠢ | ᠠᠷᠠᠳ ᠤᠨ ᠬᠡᠷᠡᠭᠴᠡᠭᠡ ᠶᠢ ᠬᠠᠩᠭᠠᠵᠠᠢ᠃ | ᠵᠤᠩᠭᠢᠯᠠᠬᠤ ᠤᠯᠠᠨ ᠲᠤᠭᠠᠨ ᠤ ᠰᠠᠭᠤᠭᠠᠯᠢ ᠠᠷᠠᠳ ᠤᠨ ᠭᠡᠷᠡᠭᠴᠡᠭᠡ ᠶᠢ ᠬᠠᠩᠭᠠᠬᠤ ᠶᠢᠨ ᠲᠦᠯᠦᠭᠡ᠂ ᠪᠢᠳᠡ ᠤᠯᠠᠨ | ᠲᠦᠮᠡᠨ ᠢ《ᠪᠦᠬᠦ ᠶᠠᠪᠤᠴᠠ ᠳᠤ ᠤᠷᠤᠯᠴᠠᠭᠤᠯᠬᠤ》ᠠᠷᠭ᠎ᠠ ᠪᠠᠷ ᠬᠠᠮᠢᠶ᠎ᠠ ᠪᠦᠭᠦᠢ ᠠᠵᠢᠯ ᠢ ᠦᠷᠨᠢᠭᠦᠯᠵᠦ᠂ | ᠰᠠᠭᠤᠭᠠᠯᠢ ᠠᠷᠠᠳ ᠤᠨ ᠬᠢᠨᠠᠯᠳᠠ ᠶᠢᠨ ᠲᠤᠭᠤᠶᠢᠯᠠᠩ ᠪᠠᠶᠢᠭᠤᠯᠵᠤ᠂ ᠰᠠᠭᠤᠭᠠᠯᠢ ᠠᠷᠠᠳ ᠢ ᠠᠵᠢᠯ ᠤᠨ ᠡᠮᠦᠨ᠎ᠡ | ᠲᠦᠯᠦᠪᠯᠡᠭᠡ ᠬᠢᠭᠦ᠂ ᠠᠵᠢᠯ ᠤᠨ ᠲᠤᠮᠳᠠ ᠬᠢᠨᠠᠯᠳᠠ ᠲᠠᠯᠪᠢᠬᠤ᠂ ᠠᠵᠢᠯ ᠤᠨ ᠲᠠᠷᠠᠭ᠎ᠠ ᠰᠢᠯᠭᠠᠨ ᠠᠪᠬᠤ ᠡᠯ᠎ᠡ | ᠭᠤᠭᠴᠤᠭᠠᠨ ᠳᠤ ᠦᠷᠭᠡᠨ ᠢᠶᠠᠷ ᠤᠷᠤᠯᠴᠠᠬᠤ ᠶᠢ ᠲᠠᠶᠢᠴᠢᠯᠠᠨ ᠲᠠᠭᠠᠭᠤᠯᠵᠤ᠂ ᠬᠠᠭᠤᠴᠢᠨ ᠲᠤᠭᠤᠷᠢᠭ ᠤᠨ | ᠦᠭᠡᠷᠡᠴᠢᠯᠡᠯᠳᠡ ᠶᠢᠨ ᠴᠢᠬᠤᠯᠠ ᠲᠦᠷᠦ ᠶᠢᠨ ᠪᠤᠳᠤᠯᠭ᠎ᠠ᠂ ᠰᠢᠨ᠎ᠡ ᠶᠢ ᠡᠭᠦᠳᠦᠭᠰᠡᠨ ᠠᠷᠭ᠎ᠠ ᠪᠠᠷᠢᠯ ᠵᠡᠷᠭᠡ ᠶᠢ | ᠪᠤᠰᠤᠳᠴᠢ ᠪᠠᠷ᠂ ᠴᠠᠭ ᠲᠤᠬᠠᠢ ᠳᠤᠨᠢ ᠲᠠᠮᠵᠢᠭᠤᠯᠵᠤ᠂ ᠠᠵᠢᠯ ᠤᠨ ᠢᠯᠡ ᠲᠤᠳᠤ ᠴᠢᠨᠠᠷ ᠢ ᠲᠡᠭᠡᠭᠰᠢᠯᠡᠬᠦᠯᠵᠤ᠂ ᠤᠯᠠᠨ | ᠲᠦᠮᠡᠨ ᠤ ᠤᠶᠢᠯᠠᠭᠠᠯᠳᠠ ᠪᠠ ᠲᠡᠮᠵᠢᠯᠭᠡ ᠶᠢ ᠬᠠᠮᠤᠭ ᠭᠡᠮᠵᠢᠶ᠎ᠡ ᠪᠠᠷ ᠤᠯᠪᠠ᠃ ᠭᠤᠷᠪᠠ ᠳᠤ᠂ ᠴᠠᠭ ᠲᠤᠬᠠᠢ ᠳᠤᠨᠢ | ᠰᠠᠭᠤᠭᠠᠯᠢ ᠠᠷᠠᠳ ᠲᠠᠢ ᠬᠠᠷᠢᠯᠴᠠᠵᠤ᠂ ᠰᠠᠭᠤᠭᠠᠯᠢ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠲᠦᠯᠦᠭᠡᠯᠡᠭᠴᠢ | ᠪᠠᠷ ᠲᠠᠮᠵᠢᠨ᠂ ᠰᠠᠭᠤᠭᠠᠯᠢ ᠠᠷᠠᠳ ᠤᠨ ᠠᠶᠤᠯᠭᠦᠢ᠂ ᠪᠤᠯᠪᠠᠰᠤᠨ ᠢᠶᠠᠷ ᠪᠠᠷᠢᠯᠭ᠎ᠠ ᠶᠢᠨ ᠠᠵᠢᠯ ᠬᠢᠭᠦ ᠵᠢᠴᠢ ᠪᠠᠷᠢᠯᠭ᠎ᠠ | ᠶᠢᠨ ᠠᠵᠢᠯ ᠤᠨ ᠴᠢᠨᠠᠷ ᠴᠢᠨᠰᠠᠭᠠᠨ ᠤ ᠲᠠᠯ᠎ᠠ ᠶᠢᠨ ᠰᠠᠨᠠᠯ ᠢ ᠰᠤᠨᠤᠰᠴᠤ᠂ ᠪᠠᠷᠢᠯᠭ᠎ᠠ ᠶᠢᠨ ᠠᠵᠢᠯ ᠤᠨ ᠲᠤᠮᠳᠠᠬᠢ | ᠵᠤᠬᠢᠰ ᠦᠭᠡᠢ ᠲᠠᠯ᠎ᠠ ᠶᠢ ᠲᠠᠷᠤᠢ ᠳᠤᠨᠢ ᠵᠠᠯᠠᠷᠠᠭᠤᠯᠵᠠᠢ᠃ | 【ᠬᠦᠳᠦᠯᠦᠭᠴᠢ】 | ᠨᠠᠮ ᠤᠨ ᠪᠠᠶᠢᠭᠤᠯᠤᠯᠳᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠤᠳᠤᠷᠢᠳᠤᠨ | ᠲᠠᠭᠠᠭᠤᠯᠬᠤ ᠲᠠᠯ᠎ᠠ ᠳᠤ ᠶᠠᠮᠠᠷᠭᠦ ᠲᠠᠪᠰᠢᠯᠳᠠ ᠪᠠᠶᠢᠭ᠎ᠠ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠹᠧᠩ ᠸᠧᠨ ᠨᠠ】 | ᠴᠢᠩᠱᠠᠨ ᠲᠤᠭᠤᠷᠢᠭ ᠤᠨ ᠵᠤᠯ ᠵᠢᠷᠭᠠᠯᠳᠤ ᠵᠡᠭᠡᠯᠢ ᠭᠤᠳᠤᠮᠵᠢ《ᠨᠠᠮ ᠤᠨ ᠪᠠᠶᠢᠭᠤᠯᠤᠯᠳᠠ+ | ᠨᠡᠶᠢᠯᠡᠯ》 ᠤᠨ ᠰᠢᠨ᠎ᠡ ᠬᠡᠯᠪᠡᠷᠢ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠵᠦ᠂《ᠬᠤᠪᠢᠰᠬᠠᠯᠳᠤ ᠪᠠᠷᠢᠯᠭ᠎ᠠ ᠶᠢᠨ | ᠭᠠᠵᠠᠷ》 ᠤᠨ ᠪᠦᠳᠦᠭᠡᠨ ᠪᠠᠶᠢᠭᠤᠯᠤᠯᠳᠠ ᠶᠢ ᠬᠦᠨᠵᠡᠭᠡᠢ ᠲᠦᠯᠭᠢᠨ ᠠᠬᠢᠭᠤᠯᠵᠤ᠂ ᠰᠠᠶᠢᠨ ᠵᠠᠮ ᠤᠨ 6 ᠳ᠋ᠤᠭᠠᠷ | ᠬᠦᠷᠰᠢ ᠵᠡᠷᠭᠡᠯᠡᠳᠡᠭᠡ ᠶᠢᠨ ᠬᠠᠭᠤᠴᠢᠨ ᠲᠤᠭᠤᠷᠢᠭ ᠤᠨ ᠦᠭᠡᠷᠡᠴᠢᠯᠡᠯᠳᠡ ᠶᠢᠨ ᠲᠦᠷᠦᠯ ᠵᠦᠢᠯ ᠢᠶᠠᠷ ᠲᠦᠰᠢᠭ | ᠪᠤᠯᠭᠠᠵᠤ᠂ ᠦᠪᠦᠷ ᠮᠤᠩᠭᠤᠯ ᠤᠨ ᠭᠤᠷᠪᠠᠳᠤᠭᠠᠷ ᠴᠠᠬᠢᠯᠭᠠᠨ ᠬᠦᠴᠦᠨ ᠤ ᠪᠦᠳᠦᠭᠡᠨ ᠪᠠᠶᠢᠭᠤᠯᠤᠯᠳᠠ ᠶᠢᠨ | ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠮᠠᠰᠢᠨ ᠴᠠᠬᠢᠯᠭᠠᠨ ᠤᠭᠰᠠᠷᠠᠬᠤ ᠬᠤᠪᠢᠶᠠᠷᠢ ᠺᠤᠮᠫᠠᠨᠢ ᠶᠢᠨ ᠨᠠᠮ ᠤᠨ | ᠡᠭᠦᠷ ᠲᠦᠷᠦᠭᠦᠯᠡᠨ ᠲᠠᠭᠠᠭᠤᠯᠵᠤ᠂ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠦᠭᠡᠷᠡᠴᠢᠯᠡᠯᠳᠡ ᠶᠢᠨ | ᠢᠨᠵᠧᠨᠧᠷᠢᠩ ᠤᠨ ᠵᠦᠢᠯ ᠤᠨ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠠᠢ᠃ ᠵᠤᠭᠢᠶᠠᠨ ᠪᠠᠶᠢᠭᠤᠯᠤᠯᠳᠠ ᠶᠢᠨ | ᠪᠠᠶᠢᠭᠤᠯᠤᠯᠳᠠ ᠶᠢ ᠢᠨᠵᠧᠨᠧᠷᠢᠩ ᠤᠨ ᠵᠦᠢᠯ ᠤᠨ ᠬᠠᠮᠢᠶᠠᠷᠤᠯᠳᠠ ᠲᠠᠢ ᠤᠶᠠᠯᠳᠤᠭᠤᠯᠬᠤ ᠪᠠᠷ ᠲᠠᠮᠵᠢᠨ᠂ ᠨᠠᠮ ᠤᠨ | ᠡᠭᠦᠷ ᠪᠡ ᠲᠦᠷᠦᠯ ᠵᠦᠢᠯ ᠤᠨ ᠬᠡᠯᠳᠡᠰ ᠵᠡᠷᠭᠡᠪᠡᠷ ᠪᠠᠶᠢᠭᠤᠯᠤᠭᠳᠠᠵᠤ᠂ ᠨᠠᠮ ᠤᠨ ᠪᠠᠶᠢᠭᠤᠯᠤᠯᠳᠠ ᠶᠢᠨ ᠠᠵᠢᠯ ᠢ | ᠢᠨᠵᠧᠨᠧᠷᠢᠩ ᠤᠨ ᠵᠦᠢᠯ ᠤᠨ ᠡᠮᠦᠨ᠎ᠡ ᠹᠷᠤᠨᠲ ᠲᠡᠰᠢ ᠬᠦᠨᠵᠡᠭᠡᠶᠢᠷᠡᠭᠦᠯᠵᠦ᠂ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠡᠢ᠃ ᠨᠢᠭᠡ ᠳᠤ᠂《ᠨᠠᠮ ᠤᠨ ᠪᠠᠶᠢᠭᠤᠯᠤᠯᠳᠠ+ ᠦᠵᠡᠯ | ᠰᠠᠨᠠᠭᠠᠨ ᠤ ᠪᠦᠳᠦᠭᠡᠨ ᠪᠠᠶᠢᠭᠤᠯᠤᠯᠳᠠ》᠃ ᠲᠦᠷᠦᠯ ᠵᠦᠢᠯ ᠣᠨᠪᠦ᠋ᠳᠦᠭᠡᠨ ᠪᠠᠶᠢᠭᠤᠯᠤᠯᠳᠠ ᠶᠢᠨ ᠨᠢᠭᠡᠳᠦᠭᠡᠷ | ᠹᠷᠤᠨᠲ ᠲᠤ ᠠᠵᠢᠯᠯᠠᠵᠤ ᠪᠠᠶᠢᠭ᠎ᠠ ᠨᠠᠮ ᠤᠨ ᠭᠡᠰᠢᠭᠦᠳ ᠲᠤ ᠪᠠᠷᠢᠯᠭ᠎ᠠ ᠶᠢᠨ ᠭᠠᠵᠠᠷ ᠤᠨ ᠲᠤᠬᠠᠢ ᠶᠢᠨ ᠲᠠᠯᠠᠪᠤᠷ | ᠲᠤ《ᠬᠤᠪᠢᠰᠬᠠᠯᠳᠤ ᠪᠠᠷᠢᠯᠭ᠎ᠠ ᠶᠢᠨ ᠭᠠᠵᠠᠷ》 ᠤᠨ ᠠᠯᠪᠠᠨ ᠭᠡᠷ ᠪᠠᠶᠢᠭᠤᠯᠵᠤ᠂ ᠪᠤᠳᠠᠳᠠᠢ ᠳᠤ ᠨᠡᠶᠢᠴᠡᠭᠦᠯᠦᠨ | ᠲᠤᠰᠬᠠᠢ ᠰᠡᠳᠦᠪᠳᠦ ᠰᠤᠷᠤᠯᠴᠠᠯᠭ᠎ᠠ᠂ ᠰᠦᠯᠵᠢᠶᠡᠨ ᠲᠡᠭᠡᠷ᠎ᠡ ᠦᠪᠡᠷ ᠢᠶᠠᠨ ᠰᠤᠷᠤᠯᠴᠠᠬᠤ ᠵᠡᠷᠭᠡ ᠭᠡᠯᠪᠡᠷᠢ ᠪᠠᠷ | ᠲᠠᠮᠵᠢᠨ᠂ ᠨᠠᠮ ᠤᠨ ᠭᠡᠰᠢᠭᠦᠳ ᠤᠨ ᠰᠤᠷᠦᠯᠴᠠᠯᠭ᠎ᠠ ᠶᠢ ᠴᠢᠩᠭᠠᠳᠬᠠᠵᠠᠢ᠃ ᠬᠤᠶᠠᠷ ᠲᠤ᠂ ᠨᠠᠮ ᠤᠨ ᠪᠠᠶᠢᠭᠤᠯᠤᠯᠳᠠ+ | ᠠᠮᠤᠷ ᠲᠦᠪᠰᠢᠨ ᠤ ᠬᠠᠮᠢᠶᠠᠷᠤᠯᠳᠠ》᠃ ᠠᠶᠤᠯᠬᠦᠢ ᠦᠢᠯᠡᠳᠪᠦᠷᠢᠯᠡᠯ ᠪᠤᠯ ᠢᠨᠵᠧᠨᠧᠷᠢᠩ ᠤᠨ ᠲᠦᠷᠦᠯ ᠵᠦᠢᠯ ᠤᠨ | ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠠᠶᠢᠵᠤ᠂ ᠠᠶᠤᠯᠭᠦᠢ ᠶᠢᠨ ᠵᠢᠱᠢᠶ᠎ᠡ ᠦᠵᠡᠭᠦᠯᠬᠦ ᠬᠦᠮᠦᠵᠢᠯ ᠢ | ᠢᠳᠡᠪᠬᠢᠳᠡᠢ ᠦᠷᠨᠢᠭᠦᠯᠵᠦ᠂ ᠲᠤᠬᠠᠢ ᠶᠢᠨ ᠲᠠᠯᠠᠪᠤᠷ ᠤᠨ ᠬᠦᠨᠵᠠᠭᠡᠢ ᠪᠠᠶᠢᠴᠠᠭᠠᠯᠳᠠ ᠬᠢᠵᠦ᠂ ᠪᠦᠭᠦ ᠪᠠᠷᠢᠯᠭ᠎ᠠ ᠶᠢᠨ ᠪᠦᠬᠦ | ᠶᠠᠪᠤᠴᠠ ᠳᠠᠭᠠᠨ ᠦᠨᠢᠳᠡ ᠠᠵᠢᠯᠴᠢ ᠪᠠᠶᠢᠵᠤ᠂ ᠲᠤᠬᠠᠢ ᠶᠢᠨ ᠲᠠᠯᠠᠪᠤᠷ ᠤᠨ ᠠᠰᠠᠭᠤᠳᠠᠯ ᠢ ᠰᠢᠢᠳᠪᠦᠷᠢᠯᠡᠬᠦ ᠳᠤ | ᠲᠦᠷᠭᠡᠨ᠂ ᠪᠠᠷᠢᠯᠭ᠎ᠠ ᠶᠢᠨ ᠶᠠᠰᠤ ᠴᠢᠨᠠᠷ ᠢ ᠡᠵᠡᠮᠳᠡᠬᠦ ᠪᠠᠷ ᠴᠢᠩᠭ᠎ᠠ᠂ ᠪᠤᠯᠪᠠᠰᠤᠨ ᠢᠶᠠᠷ ᠪᠠᠷᠢᠯᠭ᠎ᠠ ᠬᠢᠭᠦ ᠶᠢᠨ ᠬᠢᠨᠠᠯᠳᠠ | ᠰᠠᠶᠢᠨ ᠪᠠᠶᠢᠬᠤ ᠶᠢ ᠪᠠᠳᠤᠯᠠᠵᠠᠢ᠃《ᠨᠠᠮ ᠤᠨ ᠪᠠᠶᠢᠭᠤᠯᠤᠯᠳᠠ+ ᠶᠠᠰᠤ ᠴᠢᠨᠠᠷ ᠤᠨ ᠬᠠᠮᠢᠶᠠᠷᠤᠯᠳᠠ》᠃ | ᠢᠨᠵᠧᠨᠧᠷᠢᠩ ᠤᠨ ᠶᠠᠰᠤ ᠴᠢᠨᠠᠷ ᠤᠨ ᠲᠠᠨᠢᠯᠳᠠ ᠪᠠᠨ ᠬᠦᠨᠵᠡᠭᠡᠶᠢᠷᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠤᠨ | ᠬᠠᠮᠢᠶᠠᠷᠤᠯᠳᠠ ᠶᠢ ᠰᠠᠶᠢᠳᠤᠷ ᠬᠢᠵᠦ᠂ ᠢᠨᠵᠧᠨᠧᠷᠢᠩ ᠤᠨ ᠶᠠᠰᠤ ᠴᠢᠨᠠᠷ ᠤᠨ ᠡᠵᠡᠮᠳᠡᠯ ᠬᠠᠮᠢᠶᠠᠷᠤᠯᠳᠠ ᠳᠤ ᠬᠦᠴᠦᠳᠡᠢ | ᠲᠤᠯᠭᠠᠭᠤᠷᠢᠯᠠᠯ ᠢ ᠬᠠᠩᠭᠠᠵᠠᠢ᠃《ᠨᠠᠮ ᠤᠨ ᠪᠠᠶᠢᠭᠤᠯᠤᠯᠳᠠ+ ᠬᠦᠴᠢᠷ ᠪᠡᠷᠭᠡᠰᠢᠶᠡᠯ ᠢ ᠢᠯᠠᠨ ᠲᠠᠪᠠᠭ᠋ᠤ》᠃ | ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠳᠤ ᠤᠷᠤᠰᠢᠵᠦ ᠪᠠᠶᠢᠭ᠎ᠠ ᠡᠯ᠎ᠡ ᠵᠦᠢᠯ ᠤᠨ ᠬᠦᠴᠢᠷ ᠪᠡᠷᠭᠡᠰᠢᠶᠡᠯ ᠳᠤ | ᠬᠠᠨᠳᠤᠬᠤ ᠳᠠᠭᠠᠨ᠂ ᠨᠠᠮ ᠣᠨᠵᠤᠭᠢᠶᠠᠨ ᠪᠠᠶᠢᠭᠤᠯᠤᠯᠳᠠ ᠶᠢᠨ ᠲᠠᠶᠢᠴᠢᠨ ᠪᠠᠭᠢᠯᠡᠯᠳᠡ ᠶᠢᠨ ᠦᠢᠯᠡᠳᠦᠯ ᠪᠠ ᠨᠠᠮ ᠤᠨ | ᠬᠡᠰᠢᠭᠦᠳ ᠤᠨ ᠬᠤᠰᠢᠭᠤᠴᠦ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠳᠠ ᠶᠢᠨ | ᠤᠳᠤᠷᠢᠳᠤᠨ ᠲᠠᠭᠠᠭᠤᠯᠬᠤ ᠪᠠ ᠬᠦᠴᠢᠷ ᠪᠡᠷᠭᠡᠰᠢᠶᠡᠯ ᠢ ᠢᠯᠠᠨ ᠲᠠᠪᠠᠭ᠋ᠤ ᠶᠢ ᠤᠶᠠᠯᠳᠤᠭᠤᠯᠬᠤ ᠪᠠᠷ ᠲᠠᠮᠵᠢᠨ᠂ | ᠬᠤᠰᠢᠭᠤᠴᠢ ᠵᠢᠱᠢᠶᠡᠴᠢ ᠪᠠ ᠲᠦᠷᠦᠯ ᠵᠦᠢᠯ ᠢ ᠬᠠᠮᠳᠤᠪᠡᠷ ᠬᠦᠴᠦᠯᠡᠬᠦ ᠶᠢ ᠪᠡᠶᠡᠯᠡᠭᠦᠯᠵᠡᠢ᠃ | | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | |