11 ᠰᠠᠷ᠎ᠠ ᠶᠢᠨ 12 ᠤ ᠡᠳᠦᠷ᠂ ᠴᠢᠩᠱᠠᠨ ᠲᠤᠭᠤᠷᠢᠭ ᠤᠨ ᠬᠢᠨ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ | ᠡᠷᠬᠢᠯᠡᠪᠡ᠃ | | | | | | | ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠳᠤ ᠪᠠᠶᠢᠷᠢᠯᠠᠭᠤᠯᠤᠯᠳᠠ ᠬᠢᠪᠡ᠃ ᠬᠤᠷᠠᠯ ᠠᠴᠠ᠂ ᠰᠡᠷᠭᠡᠶᠢᠯᠡᠨ ᠡᠵᠡᠮᠳᠡᠬᠦ ᠠᠵᠢᠯ ᠤᠨ | ᠬᠤᠷᠢᠨ ᠵᠤᠷᠪᠤᠰ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠨᠢ ᠨᠠᠮ ᠤᠨ ᠲᠥᠪ ᠬᠤᠷᠢᠶ᠎ᠠ | ᠣᠳᠣᠬᠠᠨ ᠤ ᠨᠠᠷᠢᠨ ᠪᠤᠳᠤᠯᠢᠶᠠᠨᠳᠠᠢ ᠪᠦᠭᠡᠳ ᠬᠦᠨᠳᠦ ᠬᠡᠴᠡᠭᠦᠦ ᠬᠢᠵᠢᠭ ᠤᠨ ᠪᠠᠶᠢᠳᠠᠯ ᠢ ᠦᠨᠳᠦᠰᠦᠯᠡᠨ ᠴᠠᠭ | ᠬᠤᠭᠤᠴᠠᠭ᠎ᠠ ᠪᠠ ᠤᠴᠢᠷ ᠰᠢᠯᠳᠠᠭᠠᠨ ᠢ ᠦᠨᠳᠦᠰᠦᠯᠡᠨ ᠭᠠᠷᠭᠠᠭᠰᠠᠨ ᠴᠢᠬᠤᠯᠠ ᠪᠠᠶᠢᠷᠢᠯᠠᠭᠤᠯᠤᠯᠳᠠ ᠮᠦᠨ᠃ ᠤᠯᠤᠰ | ᠲᠦᠷᠦ ᠶᠢᠨ ᠵᠤᠭᠰᠤᠯᠳᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ | ᠰᠢᠢᠳᠪᠦᠷᠢᠳᠤ ᠪᠤᠳᠣᠯᠭ᠎ᠠ ᠪᠠᠶᠢᠷᠢᠯᠠᠭᠤᠯᠤᠯᠳᠠ ᠶᠢ ᠪᠦᠷᠢᠨ ᠪᠦᠳᠦᠨ᠂ ᠤᠨᠤᠪᠴᠢᠳᠠᠢ᠂ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠭᠡᠨ᠂ ᠣᠨᠣᠪᠴᠢᠳᠠᠢ᠂ ᠴᠢᠩᠭ᠎ᠠ︾ ᠪᠠᠶᠢᠬᠤ ᠶᠢ ᠦᠨᠡᠨᠬᠦ | ᠪᠡᠶᠡᠯᠡᠭᠦᠯᠵᠦ᠂ ︽ᠲᠦᠷᠪᠡᠨ ᠡᠷᠲᠡ︾ ᠭᠡᠮᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠨᠣᠴᠢᠳᠠᠢ ᠪᠠᠷ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠤ | ᠪᠠᠳᠤᠯᠠᠭ᠎ᠠ ᠶᠢ ᠰᠠᠶᠢᠳᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠢᠯᠡᠯᠳᠠ ᠶᠢ ᠵᠠᠪᠠᠯ ᠣᠯᠬᠤ ᠬᠡᠷᠡᠭᠳᠡᠢ ᠬᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠢ ᠲᠤᠭᠤᠷᠢᠨ ᠦᠵᠡᠵᠦ ᠠᠬᠢᠭᠤᠯᠬᠤ | ᠬᠤᠷᠠᠯ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠲᠤᠭᠤᠷᠢᠭ ᠤᠨ ᠪᠦᠳᠦᠭᠡᠨ | ᠪᠠᠶᠢᠭᠤᠯᠤᠯᠳᠠ ᠶᠢᠨ ᠲᠦᠷᠦᠯ ᠵᠦᠢᠯ ᠤᠨ 2022 ᠣᠨ ᠤ ᠬᠡᠷᠡᠭᠵᠢᠭᠦᠯᠦᠭᠰᠡᠨ ᠪᠠᠶᠢᠳᠠᠯ ᠪᠠ 2023 ᠣᠨ ᠤ | ᠠᠵᠢᠯ ᠤᠨ ᠲᠤᠬᠢᠷᠠᠭᠤᠯᠤᠯᠳᠠ ᠶᠢ ᠰᠤᠨᠤᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠶᠢᠷᠢᠯᠠᠭᠤᠯᠤᠯᠳᠠ | ᠬᠢᠪᠡ᠃ ᠬᠤᠷᠠᠯ ᠠᠴᠠ᠂ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠡᠨᠡ ᠵᠢᠯ ᠤᠨ ᠬᠤᠳᠠ ᠶᠢᠨ | ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠰᠡᠭᠦᠯ ᠬᠤᠷᠢᠶᠠᠬᠤ ᠠᠵᠢᠯ ᠢ ᠱᠠᠯᠠᠪᠳᠠᠨ ᠠᠳᠬᠤᠵᠤ᠂ ᠢᠷᠡᠬᠦ | ᠵᠢᠯ ᠤᠨ ᠡᠯ᠎ᠡ ᠵᠦᠢᠯ ᠤᠨ ᠠᠵᠢᠯ ᠢᠶᠠᠨ ᠡᠷᠲᠡ ᠠᠴᠠ ᠰᠠᠶᠢᠳᠤᠷ ᠲᠦᠰᠦᠪᠯᠡᠨ᠎ᠡ᠃ ᠵᠠᠬ᠎ᠠ ᠲᠡᠯᠭᠡᠭᠦᠷ ᠤᠨ ᠦᠵᠡᠯᠳᠡ | ᠪᠠ ᠡᠵᠡᠩᠨᠡᠯᠳᠡ ᠶᠢᠨ ᠤᠶᠢᠯᠠᠭᠠᠭᠳᠠᠬᠤᠨ ᠢᠶᠠᠨ ᠴᠢᠩᠭᠠᠳᠬᠠᠵᠤ᠂ ︽ᠰᠣᠳᠣᠨ ᠪᠦᠳᠦᠭᠡᠯ︾ ᠤᠨ ᠤᠬᠠᠮᠰᠠᠷ ᠢᠶᠠᠨ | ᠲᠤᠪᠤᠶᠢᠯᠭᠠᠵᠤ᠂ ᠪᠠᠷᠢᠯᠭ᠎ᠠ ᠶᠢᠨ ᠬᠢᠨᠠᠯᠳᠠ ᠬᠠᠮᠢᠶᠠᠷᠤᠯᠳᠠ ᠶᠢ ᠴᠢᠩᠭ᠎ᠠ ᠠᠳᠬᠤᠵᠤ᠂ ᠬᠤᠳᠠ ᠶᠢᠨ ᠲᠤᠭᠤᠷᠢᠭ ᠤᠨ | ᠪᠦᠳᠦᠭᠡᠨ ᠪᠠᠶᠢᠭᠤᠯᠤᠯᠳᠠ᠂ ᠰᠠᠭᠤᠷᠢ ᠢᠵᠢ ᠪᠦᠷᠢᠳᠦᠭᠦᠯᠦᠯᠳᠡ ᠶᠢ ᠲᠡᠭᠦᠯᠳᠡᠷᠵᠢᠭᠦᠯᠵᠦ᠂ ᠤᠯᠠᠨ ᠲᠦᠮᠡᠨ ᠳᠤ ᠨᠡᠩ | ᠤᠯᠠᠨ ᠵᠣᠯ ᠵᠢᠷᠭᠠᠯᠳᠤ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠢ ᠤᠯᠭᠤᠨ᠎ᠠ᠃ ᠲᠤᠳᠠᠭᠤᠳᠠᠯ᠂ ᠬᠦᠷᠦᠯᠴᠡᠬᠦ | ᠦᠭᠡᠢ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ︽ᠬᠤᠶᠠᠷ ᠰᠢᠨ᠎ᠡ︾ ᠤᠳᠤᠷᠢᠳᠤᠮᠵᠢ ᠶᠢ ᠲᠤᠪᠤᠶᠢᠯᠭᠠᠵᠤ᠂ | ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠢᠷᠡᠬᠦ ᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ | ᠪᠠ ᠬᠤᠳᠠᠯᠳᠤᠭᠠᠨᠴᠢᠨ ᠤᠷᠢᠵᠤ ᠪᠡᠯᠡ ᠤᠷᠤᠭᠤᠯᠬᠤ ᠠᠵᠢᠯ ᠢ ᠦᠨᠳᠦᠷ ᠲᠦᠪᠰᠢᠨ ᠢᠶᠠᠷ ᠲᠤᠭᠳᠠᠭᠠᠵᠤ᠂ | ᠰᠠᠭᠤᠷᠢ ᠪᠠᠨ ᠰᠠᠶᠢᠳᠤᠷ ᠲᠠᠯᠪᠢᠵᠤ᠂ ᠰᠠᠨᠠᠭᠠᠴᠢᠯᠭᠠᠳᠤ ᠴᠢᠨᠠᠷ ᠢ ᠲᠡᠮᠡᠴᠡᠨ ᠤᠯᠤᠨ᠎ᠠ ᠬᠡᠵᠦ ᠱᠠᠭᠠᠷᠳᠠᠵᠠᠢ᠃ | ᠬᠤᠷᠠᠯ ᠠᠴᠠ ︽ᠴᠢᠩᠱᠠᠨ ᠲᠤᠭᠤᠷᠢᠭ ᠤᠨ ᠣᠳᠤ ᠦᠶ᠎ᠡ ᠶᠢᠨ ᠤᠷᠴᠢᠨ ᠲᠤᠭᠤᠷᠢᠨ ᠤ ᠵᠠᠰᠠᠯᠲᠠ ᠶᠢᠨ | ᠰᠢᠰᠲ᠋ᠧᠮ ᠢ ᠪᠠᠶᠢᠭᠤᠯᠬᠤ ᠰᠢᠷᠢᠰ ᠠᠷᠭ᠎ᠠ︾ ᠵᠡᠷᠭᠡ ᠮᠠᠲ᠋ᠧᠷᠢᠶᠠᠯ ᠤᠳ ᠢ ᠰᠤᠳᠤᠯᠠᠨ ᠵᠦᠪᠯᠡᠵᠡᠢ᠃ ᠬᠤᠷᠠᠯ ᠠᠴᠠ | ᠪᠠᠰᠠ ᠪᠤᠰᠤᠳ ᠵᠦᠢᠯ ᠤᠳ ᠢ ᠰᠤᠳᠤᠯᠪᠠ᠃ | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | | |