ᠴᠢᠩᠱᠠᠨ ᠲᠤᠭᠤᠷᠢᠭ᠄《ᠬᠠᠯᠠᠮᠵᠢ ᠶᠢᠨ ᠨᠡᠭᠦᠷᠡᠰᠦ》 ᠶᠢ ᠭᠡᠷ ᠤᠨ ᠡᠭᠦᠳᠡᠨ ᠳᠤ ᠬᠦᠷᠭᠡᠵᠦ ᠲᠠᠷᠢᠶᠠᠴᠢᠨ ᠡᠷᠦᠭᠡ ᠶᠢ ᠲᠤᠯᠠᠭᠠᠬᠠᠨ ᠡᠪᠦᠯ ᠦᠩᠭᠡᠷᠡᠭᠦᠯᠬᠦ ᠪᠠᠷ ᠵᠤᠷᠢᠵᠠᠢ
ᠨᠡᠶᠢᠲᠡᠯᠡᠭᠰᠡᠨ ᠴᠠᠭ᠄
2022/11/14
      ᠤᠶᠢᠷ᠎ᠠ ᠳᠤ᠂ 《ᠬᠠᠯᠠᠮᠵᠢ ᠶᠢᠨ ᠨᠡᠭᠦᠷᠡᠰᠦ》 ᠲᠡᠭᠡᠭᠡᠭᠰᠡᠨ ᠠᠴᠢᠶᠠᠨ ᠤ ᠮᠠᠰᠢᠨ ᠴᠢᠩᠱᠠᠨ ᠲᠤᠭᠤᠷᠢᠭ ᠤᠨ ᠰᠢᠩ ᠱᠧᠩ ᠪᠠᠯᠭᠠᠰᠤᠨ ᠤ《ᠬᠠᠯᠠᠮᠵᠢ ᠶᠢᠨ ᠨᠡᠭᠦᠷᠡᠰᠦ》 ᠲᠦᠭᠡᠭᠡᠬᠦ ᠭᠠᠵᠠᠷ ᠲᠤ ᠬᠦᠷᠴᠦ᠂ ᠨᠡᠭᠦᠷᠡᠰᠦ ᠠᠪᠬᠤ ᠪᠠᠷ ᠢᠷᠡᠭᠰᠡᠨ ᠲᠤᠰᠬᠤᠨ ᠤ ᠠᠷᠠᠳ ᠤᠨ ᠨᠢᠭᠤᠷ ᠲᠤ ᠪᠠᠶᠠᠷ ᠤᠨ ᠢᠨᠢᠶᠡᠳᠦ ᠲᠤᠳᠤᠷᠠᠪᠠ᠃
mtxx03.jpg
    《ᠲᠡᠭᠷᠢ ᠤᠯᠠᠮ ᠠᠴᠠ ᠤᠯᠠᠮ ᠬᠦᠢᠳᠡᠷᠡᠵᠦ᠂ ᠵᠠᠰᠠᠭ ᠤᠨ ᠤᠷᠳᠤᠨ ᠡᠳᠡᠭᠡᠷ ᠡᠩ ᠤᠨ ᠦᠨ᠎ᠡ ᠲᠠᠢ ᠨᠡᠭᠦᠷᠡᠰᠦ ᠶᠢ ᠮᠠᠨ ᠤ ᠡᠭᠦᠳᠡᠨ ᠳᠤ ᠴᠠᠭ ᠲᠤᠬᠠᠢ ᠳᠤᠨᠢ ᠬᠦᠷᠭᠡᠵᠦ᠂ ᠮᠠᠨ ᠤ ᠭᠡᠷ ᠢ ᠲᠤᠯᠠᠭᠠᠴᠠᠭᠤᠯᠤᠭᠰᠠᠨ ᠤ ᠬᠠᠮᠳᠤ ᠪᠢᠳᠡᠨ ᠤ ᠰᠡᠳᠬᠢᠯ ᠢ ᠴᠤ ᠲᠤᠯᠠᠭᠠᠴᠠᠭᠤᠯᠵᠠᠢ᠂ ᠴᠢᠨᠠᠷ ᠰᠠᠶᠢᠲᠠᠢ ᠪᠦᠭᠡᠳ ᠦᠨ᠎ᠡ ᠲᠤᠬᠢᠷᠠᠮᠵᠢᠳᠠᠢ〈 ᠬᠠᠯᠠᠮᠵᠢ ᠶᠢᠨ ᠨᠡᠭᠦᠷᠡᠰᠦ〉 ᠨᠢ ᠪᠢᠳᠡᠨ ᠳᠤ ᠪᠠᠭ᠎ᠠ ᠪᠤᠰᠤ ᠵᠤᠭᠤᠰ ᠢ ᠠᠷᠪᠢᠯᠠᠵᠠᠢ》ᠬᠡᠵᠦ ᠲᠤᠰᠬᠤᠨ ᠤ ᠠᠷᠠᠳ ᠨᠢᠳᠦ ᠬᠢᠯᠠᠰᠤᠮ᠎ᠠ ᠬᠠᠷ᠎ᠠ ᠨᠡᠭᠦᠷᠡᠰᠦ ᠶᠢ ᠬᠠᠷᠠᠭᠠᠳ  ᠰᠡᠳᠬᠢᠯ ᠪᠠᠶᠠᠰᠤᠮ᠎ᠠ ᠶᠠᠷᠢᠵᠠᠢ᠃
mtxx01.jpg
      ᠵᠦᠭᠡᠪᠦᠷᠢᠯᠡᠬᠦ ᠶᠠᠪᠤᠴᠠ ᠳᠠᠭᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠲᠤᠯᠭᠠᠷᠠᠵᠤ᠂ ᠲᠤᠭᠤᠷᠢᠭ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠴᠠᠭ ᠲᠤᠬᠠᠢ ᠳᠤᠨᠢ ᠳᠠᠯᠠᠳ ᠬᠤᠰᠢᠭᠤᠨ ᠤ ᠬᠠᠢ ᠬᠤᠸᠠ ᠨᠡᠭᠦᠷᠡᠰᠦᠨ ᠠᠭᠤᠷᠬᠠᠢ ᠲᠠᠢ ᠵᠤᠯᠭᠠᠭᠤᠯᠵᠤ᠂ ᠲᠤᠬᠠᠢ ᠶᠢᠨ ᠭᠠᠵᠠᠷ ᠤᠨ ᠬᠢᠵᠢᠭ ᠢ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠣᠯᠭ᠎ᠠ ᠶᠢ ᠣᠶᠢᠯᠠᠭᠠᠵᠤ᠂ ᠶᠠᠰᠤ ᠴᠢᠨᠠᠷ ᠤᠨ ᠪᠤᠭᠤᠮᠳᠠ ᠶᠢ ᠴᠢᠩᠭ᠎ᠠ ᠰᠠᠬᠢᠵᠤ᠂ ᠲᠡᠭᠡᠭᠡᠪᠦᠷᠢ ᠶᠢᠨ ᠬᠡᠮᠵᠢᠶ᠎ᠡ᠂ ᠦᠨ᠎ᠡ᠂ ᠢᠯᠴᠢ ᠶᠢᠨ ᠬᠡᠮᠵᠢᠶ᠎ᠡ ᠶᠢ ᠲᠤᠭᠳᠠᠭᠠᠵᠤ᠂ ᠲᠡᠭᠡᠭᠡᠪᠤᠷᠢ ᠶᠢᠨ ᠲᠡᠷᠭᠡ  ᠬᠦᠰᠡᠭᠡ ᠦᠯᠦ ᠬᠦᠷᠦᠯᠴᠡᠬᠦ ᠪᠠᠶᠢᠳᠠᠯ ᠲᠤᠤᠷ᠎ᠠ ᠤᠷᠤᠭᠰᠢᠳᠠᠢ ᠬᠦᠷᠬᠦ ᠶᠢ ᠪᠠᠳᠤᠯᠠᠵᠤ᠂ ᠲᠠᠷᠢᠶᠠᠴᠢᠨ ᠡᠷᠦᠭᠡ ᠶᠢᠨ ᠡᠪᠦᠯ ᠤᠨ ᠲᠤᠯᠠᠭᠠᠯᠠᠭ᠎ᠠ ᠶᠢᠨ ᠨᠡᠭᠦᠷᠡᠰᠦᠨ ᠤ ᠬᠡᠷᠡᠭᠯᠡᠭᠡ ᠶᠢ  ᠪᠦᠬᠦ ᠬᠦᠴᠦᠨ ᠢᠶᠠᠷ ᠢᠶᠠᠨ ᠪᠠᠳᠤᠯᠠᠵᠠᠢ᠃
mtxx04.jpg
      ᠡᠪᠦᠯ ᠤᠨ ᠤᠯᠠᠷᠢᠯ ᠤᠨ ᠲᠤᠯᠠᠭᠠᠯᠠᠭ᠎ᠠ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠰᠡᠳᠬᠢᠯ ‍ᠦᠨ‌ᠢᠨᠵᠧᠨᠧᠷᠢᠩ ᠮᠦᠨ᠂ ᠦᠢ ᠤᠯᠠᠨ ᠠᠶᠢᠯ ᠡᠷᠦᠭᠡ ᠲᠠᠢ ᠬᠠᠮᠢᠶᠠᠳᠤᠨ᠎ᠠ᠃ ᠴᠢᠩᠱᠠᠨ ᠲᠤᠭᠤᠷᠢᠭ ᠤᠨ  ᠬᠢᠨ ᠤᠯᠠᠨ ᠲᠦᠮᠡᠨ ᠤ ᠪᠤᠳᠠᠳᠠᠢ ᠬᠦᠴᠢᠷᠳᠡᠯ ᠢ ᠰᠢᠢᠳᠪᠦᠷᠢᠯᠡᠬᠦ ᠶᠢ ᠲᠡᠷᠢᠭᠦᠨ ᠪᠠᠶᠢᠷᠢᠨ ᠳᠤ ᠲᠠᠯᠪᠢᠭᠰᠠᠭᠠᠷ ᠢᠷᠡᠵᠡᠢ᠂ ᠠᠷᠠᠳ ᠤᠨ ᠰᠡᠳᠬᠢᠯ ᠢ ᠲᠤᠯᠠᠭᠠᠴᠠᠭᠤᠯᠬᠤ᠂ ᠠᠷᠠᠳ ᠲᠤ ᠠᠰᠢᠭ ᠬᠦᠷᠳᠡᠭᠡᠬᠦ ᠡᠯ᠎ᠡ ᠵᠦᠢᠯ ᠤᠨ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠦᠯᠡᠵᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠳᠤᠯᠠᠬᠤ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠣᠯ ᠵᠢᠷᠭᠠᠯᠳᠤ ᠲᠦᠷᠦᠭᠳᠡᠯ ᠢ ᠲᠠᠰᠤᠷᠠᠯᠳᠠ ᠦᠭᠡᠢ ᠲᠡᠭᠡᠭᠰᠢᠯᠡᠭᠦᠯᠵᠡᠢ᠃ ᠣᠳᠣᠬᠠᠨ ᠳᠤ᠂ 1800 ᠲᠤᠨ《 ᠬᠠᠯᠠᠮᠵᠢ ᠶᠢᠨ ᠨᠡᠭᠦᠷᠡᠰᠦ》 ᠶᠢ 900 ᠲᠠᠷᠢᠶᠠᠴᠢᠳ ᠤᠨ ᠡᠷᠦᠭᠡ ᠳᠤ ᠬᠦᠷᠭᠡᠵᠦ᠂ ᠲᠠᠷᠢᠶᠠᠴᠢᠳ ᠤᠨ ᠭᠡᠷ ᠢ ᠲᠤᠯᠠᠭᠠᠴᠠᠭᠤᠯᠤᠭᠰᠠᠨ ᠤ ᠬᠠᠮᠳᠤ ᠨᠡᠩ ᠴᠤ ᠰᠡᠳᠬᠢᠯ ᠢ ᠨᠢ  ᠲᠤᠯᠠᠭᠠᠴᠠᠭᠤᠯᠵᠠᠢ᠃
mtxx02.jpg
                                            ᠤᠷᠴᠢᠭᠤᠯᠤᠭᠴᠢ᠄ ᠠᠯᠢᠮ᠎ᠠ                                            ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号