ᠴᠢᠩᠱᠠᠨ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠢ ᠰᠡᠳᠦᠪᠳᠦ ᠰᠦᠯᠵᠢᠶᠡᠨ ᠲᠡᠭᠡᠷᠡᠭᠢ ᠪᠤᠯᠪᠠᠰᠤᠷᠠᠯ ᠤᠨ ᠬᠤᠷᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/11/15
      11 ᠰᠠᠷ᠎ᠠ ᠶᠢᠨ 7 ᠤ ᠦᠳᠡ ᠶᠢᠨ ᠬᠤᠶᠢᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ ᠴᠢᠩᠱᠠᠨ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ《 ᠮᠠᠷᠺᠡᠰ ᠤᠨ ᠦᠵᠡᠯ ᠢᠶᠠᠷ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ ᠰᠠᠭᠤᠷᠢ ᠶᠢ ᠪᠠᠷᠢᠮᠳᠠᠯᠠᠵᠤ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ  ᠢ ᠰᠠᠶᠢᠳᠤᠷ ᠬᠢᠭᠦ》ᠬᠡᠭᠦ ᠲᠤᠰᠬᠠᠢ ᠰᠡᠳᠦᠪᠳᠦ ᠰᠦᠯᠵᠢᠶᠡᠨ ᠲᠡᠭᠡᠷᠡᠭᠢ ᠪᠤᠯᠪᠠᠰᠤᠷᠠᠯ ᠤᠨ ᠬᠤᠷᠠᠯ ᠶᠠᠪᠤᠭᠳᠠᠭᠤᠯᠪᠠ᠃  ᠪᠤᠭᠤᠳᠤ ᠬᠤᠳᠠ ᠶᠢᠨ ᠨᠠᠮ‌‍ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠤᠬᠠᠭᠠᠨ ᠤ ᠵᠢᠭᠠᠨ ᠵᠢᠯᠤᠭᠤᠳᠬᠤ ᠲᠠᠰᠤᠭ ᠤᠨ ᠡᠷᠬᠢᠯᠡᠭᠴᠢ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠭᠡ ᠶᠢᠨ ᠰᠤᠷᠭᠠᠨ ᠬᠦᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠼᠦᠢ ᠰᠢᠶᠤᠤ ᠬᠤᠢ ᠪᠤᠯᠪᠠᠰᠤᠷᠠᠯ ᠤᠨ ᠬᠤᠷᠠᠯ ᠳᠤ ᠲᠠᠶᠢᠯᠤᠮᠵᠢ ᠬᠢᠪᠡ᠂ ᠪᠦᠬᠦ ᠲᠤᠭᠤᠷᠢᠭ ᠤᠨ ᠡᠯ᠎ᠡ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠠᠵᠢᠯᠳᠠᠳ ᠪᠤᠯᠪᠠᠰᠤᠷᠠᠯ ᠳᠤ ᠤᠷᠤᠯᠴᠠᠵᠤ᠂ ᠴᠢᠩᠱᠠᠨ ᠲᠤᠭᠤᠷᠢᠭ ᠤᠨ ᠨᠠᠮ ᠤᠨ ᠤᠬᠠᠭᠤᠯᠬᠤ ᠬᠡᠯᠲᠡᠰ ᠤᠨ ᠪᠠᠶᠢᠩᠭᠤ ᠶᠢᠨ ᠲᠡᠳ᠋ ᠬᠡᠯᠲᠡᠰ ᠤᠨ ᠲᠠᠷᠤᠭ᠎ᠠ ᠰᠢᠤᠢ ᠰᠢᠶᠤᠤ ᠶᠢᠩ ᠬᠤᠷᠠᠯ ᠢ ᠡᠷᠬᠢᠯᠡᠵᠡᠢ᠃      ᠬᠤᠷᠠᠯ ᠳᠤ᠂ ᠼᠦᠢ ᠪᠠᠭᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠲᠠᠢ ᠤᠶᠠᠯᠳᠤᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠨᠠᠮ ᠪᠠ ᠤᠯᠤᠰ ᠤᠨ ᠢᠷᠡᠭᠡᠳᠦᠢ ᠶᠢᠨ ᠬᠤᠪᠢ ᠵᠢᠶᠠᠭ᠎ᠠ᠂ ᠰᠢᠨ᠎ᠡ ᠴᠠᠭ ᠦᠶ᠎ᠡ ᠳᠤ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠤᠨ ᠪᠠᠶᠢᠳᠠᠯ ᠪᠤᠯᠤᠨ ᠤᠨᠴᠠᠯᠢᠭ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠬᠦ᠂ ᠰᠢᠨ᠎ᠡ ᠴᠠᠭ ᠦᠶ᠎ᠡ ᠳᠤ ᠡᠷᠡᠯᠭᠡᠭᠯᠡᠨ ᠤᠷᠤᠭᠰᠢᠯᠠᠬᠤ ᠭᠤᠤᠯ ᠦᠵᠡᠯ ᠰᠠᠨᠠᠭ᠎ᠠ ᠶᠢ ᠪᠠᠬᠢᠵᠢᠭᠦᠯᠦᠨ ᠪᠤᠵᠠᠭᠠᠶᠢᠷᠠᠭᠤᠯᠬᠤ ᠵᠡᠷᠭᠡ ᠭᠤᠷᠪᠠᠨ ᠲᠠᠯ᠎ᠠ ᠠᠴᠠ ᠭᠦᠨᠵᠡᠭᠡᠢ ᠪᠦᠭᠡᠳ ᠤᠶᠢᠯᠠᠭᠠᠮᠵᠢᠳᠠᠢ ᠲᠠᠶᠢᠯᠪᠤᠷᠢᠯᠠᠯᠳᠠ ᠬᠢᠵᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ  ᠤᠨ ᠤᠳᠤᠬᠠᠨ ᠤ ᠤᠨᠴᠠᠯᠢᠭ᠂ ᠪᠠᠶᠢᠳᠠᠯ᠂ ᠡᠭᠦᠷᠭᠡ᠂ ᠲᠠᠷᠠᠭᠠᠴᠢ ᠶᠢᠨ ᠠᠯᠬᠤᠮ ᠳᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠤᠷ ᠬᠢᠭᠦ ᠳᠤ ᠢᠯᠡ ᠲᠤᠳᠤ ᠰᠡᠳᠬᠢᠴᠡ ᠪᠠ ᠠᠷᠭ᠎ᠠ ᠶᠢ ᠵᠢᠭᠠᠵᠤ ᠭᠠᠷᠭᠠᠵᠠᠢ᠃      ᠬᠤᠷᠠᠯ ᠳᠤ ᠤᠷᠤᠯᠴᠠᠭᠰᠠᠳ ᠪᠤᠯᠪᠠᠰᠤᠷᠠᠯ ᠤᠨ ᠬᠤᠷᠠᠯ ᠳᠤ ᠨᠢᠭᠡᠳᠦᠯᠳᠡᠢ ᠰᠠᠶᠢᠨ ᠦᠨᠡᠯᠡᠯᠳᠡ ᠦᠭᠴᠡᠢ᠃ ᠲᠠᠷᠠᠭᠠᠴᠢ ᠶᠢᠨ ᠠᠯᠬᠤᠮ ᠳᠤ᠂ ᠴᠢᠩᠱᠠᠨ ᠲᠤᠭᠤᠷᠢᠭ ᠤᠨ ᠨᠠᠮ ᠤᠨ ᠤᠬᠠᠭᠤᠯᠬᠤ ᠬᠡᠯᠲᠡᠰ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠰᠠᠨᠠᠭᠠᠴᠢᠯᠭᠠᠳᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠵᠦ᠂  ᠤᠯᠤᠰ ᠲᠦᠷᠦ ᠶᠢᠨ ᠪᠠᠶᠢᠭᠤᠯᠤᠯᠳᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠦᠷᠢᠶᠡᠨ ᠤ ᠪᠠᠶᠢᠭᠤᠯᠤᠯᠳᠠ ᠶᠢᠨ ᠡᠭᠦᠷᠭᠡ ᠪᠠ ᠱᠠᠭᠠᠷᠳᠠᠯᠭ᠎ᠠ ᠶᠢ ᠰᠠᠶᠢᠳᠤᠷ ᠲᠤᠭᠤᠰᠢᠯᠠᠭᠤᠯᠵᠤ᠂ ᠴᠢᠩᠱᠠᠨ ᠲᠤᠭᠤᠷᠢᠭ ᠤᠨ ᠴᠢᠨᠠᠷ ᠰᠠᠶᠢᠲᠠᠢ ᠬᠦᠭᠵᠢᠯᠳᠡ ᠳᠤ ᠬᠠᠮᠳᠤ ᠶᠢᠨ ᠲᠠᠨᠢᠯᠲᠠ ᠪᠠ ᠬᠦᠴᠦᠨ ᠢᠶᠠᠨ ᠨᠢᠭᠳᠠᠷᠠᠭᠤᠯᠤᠨ᠎ᠠ᠃                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号