ᠴᠢᠩᠱᠠᠨ ᠲᠤᠭᠤᠷᠢᠭ ᠤᠨ ᠬᠢᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/15
      11 ᠰᠠᠷ᠎ᠠ ᠶᠢᠨ 12 ᠤ ᠡᠳᠦᠷ᠂ ᠴᠢᠩᠱᠠᠨ ᠲᠤᠭᠤᠷᠢᠭ ᠤᠨ ᠬᠢᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ‌‍ᠳᠢᠩ ᠺᠠᠢ ᠬᠤᠷᠠᠯ ᠡᠷᠬᠢᠯᠡᠪᠡ᠃ 
mtxx05.png
      ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ ᠪᠠᠶᠢᠷᠢᠯᠠᠭᠤᠯᠤᠯᠳᠠ ᠬᠢᠪᠡ᠃ ᠬᠤᠷᠠᠯ ᠠᠴᠠ᠂ ᠰᠡᠷᠭᠡᠶᠢᠯᠡᠨ ᠡᠵᠡᠮᠳᠡᠬᠦ ᠠᠵᠢᠯ ᠤᠨ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠨᠢ ᠨᠠᠮ ᠤᠨ ᠲᠥᠪ ᠬᠤᠷᠢᠶ᠎ᠠ ᠣᠳᠣᠬᠠᠨ ᠤ ᠨᠠᠷᠢᠨ ᠪᠤᠳᠤᠯᠢᠶᠠᠨᠳᠠᠢ ᠪᠦᠭᠡᠳ ᠬᠦᠨᠳᠦ ᠬᠡᠴᠡᠭᠦᠦ ᠬᠢᠵᠢᠭ ᠤᠨ ᠪᠠᠶᠢᠳᠠᠯ ᠢ ᠦᠨᠳᠦᠰᠦᠯᠡᠨ ᠴᠠᠭ ᠬᠤᠭᠤᠴᠠᠭ᠎ᠠ ᠪᠠ ᠤᠴᠢᠷ ᠰᠢᠯᠳᠠᠭᠠᠨ ᠢ ᠦᠨᠳᠦᠰᠦᠯᠡᠨ ᠭᠠᠷᠭᠠᠭᠰᠠᠨ ᠴᠢᠬᠤᠯᠠ ᠪᠠᠶᠢᠷᠢᠯᠠᠭᠤᠯᠤᠯᠳᠠ ᠮᠦᠨ᠃ ᠤᠯᠤᠰ ᠲᠦᠷᠦ ᠶᠢᠨ ᠵᠤᠭᠰᠤᠯᠳᠠ  ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂  ᠨᠠᠮ ᠤᠨ ᠲᠥᠪ ᠬᠤᠷᠢᠶᠠᠨ ᠤ ᠰᠢᠢᠳᠪᠦᠷᠢᠳᠤ ᠪᠤᠳᠣᠯᠭ᠎ᠠ ᠪᠠᠶᠢᠷᠢᠯᠠᠭᠤᠯᠤᠯᠳᠠ ᠶᠢ ᠪᠦᠷᠢᠨ ᠪᠦᠳᠦᠨ᠂ ᠤᠨᠤᠪᠴᠢᠳᠠᠢ᠂ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂《 ᠲᠦᠷᠭᠡᠨ᠂ ᠣᠨᠣᠪᠴᠢᠳᠠᠢ᠂ ᠴᠢᠩᠭ᠎ᠠ》ᠪᠠᠶᠢᠬᠤ ᠶᠢ ᠦᠨᠡᠨᠬᠦ ᠪᠡᠶᠡᠯᠡᠭᠦᠯᠵᠦ᠂《 ᠲᠦᠷᠪᠡᠨ ᠡᠷᠲᠡ》 ᠭᠡᠮᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠨᠣᠴᠢᠳᠠᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠤ ᠪᠠᠳᠤᠯᠠᠭ᠎ᠠ ᠶᠢ ᠰᠠᠶᠢᠳᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠠ ᠶᠢ ᠵᠠᠪᠠᠯ ᠣᠯᠬᠤ ᠬᠡᠷᠡᠭᠳᠡᠢ ᠬᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠢ ᠲᠤᠭᠤᠷᠢᠨ ᠦᠵᠡᠵᠦ ᠠᠬᠢᠭᠤᠯᠬᠤ ᠬᠤᠷᠠᠯ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ 2022 ᠣᠨ ᠤ ᠬᠡᠷᠡᠭᠵᠢᠭᠦᠯᠦᠭᠰᠡᠨ ᠪᠠᠶᠢᠳᠠᠯ ᠪᠠ 2023 ᠣᠨ ᠤ ᠠᠵᠢᠯ ᠤᠨ ᠲᠤᠬᠢᠷᠠᠭᠤᠯᠤᠯᠳᠠ ᠶᠢ ᠰᠤᠨᠤᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠶᠢᠷᠢᠯᠠᠭᠤᠯᠤᠯᠳᠠ ᠬᠢᠪᠡ᠃ ᠬᠤᠷᠠᠯ ᠠᠴᠠ᠂ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠡᠨᠡ ᠵᠢᠯ ᠤᠨ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠰᠡᠭᠦᠯ ᠬᠤᠷᠢᠶᠠᠬᠤ ᠠᠵᠢᠯ ᠢ ᠱᠠᠯᠠᠪᠳᠠᠨ ᠠᠳᠬᠤᠵᠤ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢᠶᠠᠨ ᠡᠷᠲᠡ ᠠᠴᠠ ᠰᠠᠶᠢᠳᠤᠷ ᠲᠦᠰᠦᠪᠯᠡᠨ᠎ᠡ᠃ ᠵᠠᠬ᠎ᠠ ᠲᠡᠯᠭᠡᠭᠦᠷ ᠤᠨ ᠦᠵᠡᠯᠳᠡ ᠪᠠ ᠡᠵᠡᠩᠨᠡᠯᠳᠡ ᠶᠢᠨ ᠤᠶᠢᠯᠠᠭᠠᠭᠳᠠᠬᠤᠨ ᠢᠶᠠᠨ ᠴᠢᠩᠭᠠᠳᠬᠠᠵᠤ᠂《 ᠰᠣᠳᠣᠨ ᠪᠦᠳᠦᠭᠡᠯ》 ᠤᠨ ᠤᠬᠠᠮᠰᠠᠷ ᠢᠶᠠᠨ ᠲᠤᠪᠤᠶᠢᠯᠭᠠᠵᠤ᠂ ᠪᠠᠷᠢᠯᠭ᠎ᠠ ᠶᠢᠨ ᠬᠢᠨᠠᠯᠳᠠ ᠬᠠᠮᠢᠶᠠᠷᠤᠯᠳᠠ ᠶᠢ ᠴᠢᠩᠭ᠎ᠠ ᠠᠳᠬᠤᠵᠤ᠂ ᠬᠤᠳᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ᠂ ᠰᠠᠭᠤᠷᠢ ᠢᠵᠢ ᠪᠦᠷᠢᠳᠦᠭᠦᠯᠦᠯᠳᠡ ᠶᠢ ᠲᠡᠭᠦᠯᠳᠡᠷᠵᠢᠭᠦᠯᠵᠦ᠂ ᠤᠯᠠᠨ ᠲᠦᠮᠡᠨ ᠳᠤ ᠨᠡᠩ ᠤᠯᠠᠨ ᠵᠣᠯ ᠵᠢᠷᠭᠠᠯᠳᠤ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠢ ᠤᠯᠭᠤᠨ᠎ᠠ᠃ ᠲᠤᠳᠠᠭᠤᠳᠠᠯ᠂ ᠬᠦᠷᠦᠯᠴᠡᠬᠦ ᠦᠭᠡᠢ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠵᠦ᠂《 ᠬᠤᠶᠠᠷ ᠰᠢᠨ᠎ᠡ》ᠤᠳᠤᠷᠢᠳᠤᠮᠵᠢ ᠶᠢ ᠲᠤᠪᠤᠶᠢᠯᠭᠠᠵᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠢᠷᠡᠬᠦ ᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠ ᠬᠤᠳᠠᠯᠳᠤᠭᠠᠨᠴᠢᠨ ᠤᠷᠢᠵᠤ ᠪᠡᠯᠡ ᠤᠷᠤᠭᠤᠯᠬᠤ ᠠᠵᠢᠯ ᠢ ᠦᠨᠳᠦᠷ ᠲᠦᠪᠰᠢᠨ ᠢᠶᠠᠷ ᠲᠤᠭᠳᠠᠭᠠᠵᠤ᠂ ᠰᠠᠭᠤᠷᠢ ᠪᠠᠨ ᠰᠠᠶᠢᠳᠤᠷ ᠲᠠᠯᠪᠢᠵᠤ᠂ ᠰᠠᠨᠠᠭᠠᠴᠢᠯᠭᠠᠳᠤ ᠴᠢᠨᠠᠷ ᠢ ᠲᠡᠮᠡᠴᠡᠨ ᠤᠯᠤᠨ᠎ᠠ‌‍ᠬᠡᠵᠦ ᠱᠠᠭᠠᠷᠳᠠᠵᠠᠢ᠃      ᠬᠤᠷᠠᠯ ᠠᠴᠠ《 ᠴᠢᠩᠱᠠᠨ ᠲᠤᠭᠤᠷᠢᠭ ᠤᠨ ᠣᠳᠤ ᠦᠶ᠎ᠡ ᠶᠢᠨ ᠤᠷᠴᠢᠨ ᠲᠤᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠰᠢᠷᠢᠰ ᠠᠷᠭ᠎ᠠ》ᠵᠡᠷᠭᠡ ᠮᠠᠲ᠋ᠧᠷᠢᠶᠠᠯ ᠤᠳ ᠢ ᠰᠤᠳᠤᠯᠠᠨ ᠵᠦᠪᠯᠡᠵᠡᠢ᠃      ᠬᠤᠷᠠᠯ ᠠᠴᠠ ᠪᠠᠰᠠ ᠪᠤᠰᠤᠳ ᠵᠦᠢᠯ  ᠤᠳ ᠢ ᠰᠤᠳᠤᠯᠪᠠ᠃                                          ᠤᠷᠴᠢᠭᠤᠯᠤᠭᠴᠢ᠄ ᠠᠯᠢᠮ᠎ᠠ                                      ᠬᠢᠨᠠᠭᠴᠢ᠄ ᠪᠠᠢ ᠢᠦᠢ ᠰᠢᠶᠠ  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号