ᠣᠶᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠢᠨ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ | ᠰᠢᠨᠡᠳᠬᠡᠨ ᠵᠠᠰᠠᠬᠤ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ ᠲᠤ ᠲᠣᠬᠢᠷᠠᠬᠤ ᠶᠢ ᠨᠢᠭᠲᠠ | ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠬᠤᠪᠢᠰᠬᠠᠯ ᠤᠨ | ᠪᠠᠷᠢᠯᠭ᠎ᠠ ᠶᠢᠨ ᠭᠠᠵᠠᠷ︾ ᠢ ᠬᠠᠮᠲᠤᠷᠠᠨ ᠬᠠᠮᠲᠤ ᠪᠠᠷ ᠪᠠᠶᠢᠭᠤᠯᠵᠤ᠂ ︽ᠤᠷᠢᠳᠠᠪᠠᠷ ᠭᠠᠵᠠᠷ ᠳᠣᠣᠷ᠎ᠠ ᠳᠠᠷᠠᠭ᠎ᠠ ᠪᠠᠷ ᠨᠢ | ᠭᠠᠵᠠᠷ ᠳᠡᠭᠡᠷ᠎ᠡ ᠭᠠᠷᠭᠠᠬᠤ︾︽ᠤᠷᠢᠳᠠᠪᠠᠷ ᠠᠷᠠᠳ ᠤᠨ ᠠᠮᠢᠳᠤᠷᠠᠯ ᠢ ᠬᠥᠭᠵᠢᠭᠦᠯᠵᠦ᠂ ᠳᠠᠷᠠᠭ᠎ᠠ ᠨᠢ ᠳᠡᠭᠡᠭᠰᠢᠯᠡᠭᠦᠯᠬᠦ︾ | ᠰᠡᠳᠬᠢᠴᠡ ᠪᠠᠷ᠂ ᠰᠠᠭᠤᠭᠠᠯᠢ ᠠᠷᠠᠳ ᠤᠨ ᠲᠣᠭᠤᠷᠢᠭ ᠤᠨ ᠬᠡᠪᠴᠢᠶ᠎ᠡ᠂ ᠰᠠᠭᠤᠷᠢ ᠲᠥᠬᠦᠭᠡᠷᠦᠮᠵᠢ ᠵᠡᠷᠭᠡ ᠪᠣᠳᠠᠲᠠᠢ | ᠪᠠᠶᠢᠳᠠᠯ ᠲᠠᠢ ᠤᠶᠠᠯᠳᠤᠭᠤᠯᠵᠤ᠂ ︽5678︾ ᠠᠵᠢᠯ ᠤᠨ ᠠᠷᠭ᠎ᠠ ᠪᠠᠷ ᠰᠠᠭᠤᠷᠢ ᠲᠦᠷᠦᠯ᠂ ᠲᠡᠭᠦᠯᠳᠡᠷᠵᠢᠭᠦᠯᠬᠦ | ᠲᠦᠷᠦᠯ᠂ ᠳᠡᠭᠡᠭᠰᠢᠯᠡᠭᠦᠯᠬᠦ ᠲᠦᠷᠦᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠵᠠᠢ᠃ | ᠲᠤᠬᠠᠶᠢᠯᠠᠪᠠᠯ᠄ 5 ᠨᠤᠷᠠᠭᠠᠬᠤ᠄ ︽ᠵᠢᠵᠢᠭ ᠰᠡᠷᠢᠭᠦᠨ ᠭᠡᠷ᠂ ᠵᠢᠵᠢᠭ ᠨᠡᠭᠦᠷᠡᠰᠦᠨ ᠬᠥᠮᠥᠷᠭᠡ᠂ ᠬᠠᠪᠴᠢᠮᠠᠯ ᠭᠡᠷ᠂ | ᠨᠣᠭᠤᠭᠠᠨ ᠤ ᠵᠣᠭᠤᠷᠢ᠂ ᠨᠣᠭᠤᠭᠠᠨ ᠲᠠᠷᠢᠶ᠎ᠠ︾ ᠶᠢ ᠨᠤᠷᠠᠭᠠᠨ᠎ᠠ︔ 6 ᠥᠭᠡᠷᠡᠴᠢᠯᠡᠯᠲᠡ᠄ ︽ᠤᠰᠤ ᠬᠠᠩᠭᠠᠬᠤ᠂ ᠤᠰᠤ | ᠵᠠᠯᠠᠬᠤ᠂ ᠢᠯᠴᠢ ᠬᠠᠩᠭᠠᠬᠤ᠂ ᠰᠢᠲᠠᠮᠠᠬᠠᠢ ᠬᠡᠢ᠂ ᠴᠠᠬᠢᠯᠭᠠᠨ ᠬᠠᠩᠭᠠᠬᠤ᠂ ᠪᠠᠭᠤᠷᠠᠢ ᠴᠠᠬᠢᠯᠭᠠᠨ︾ ᠢ ᠥᠭᠡᠷᠡᠴᠢᠯᠡᠨ᠎ᠡ︔ 7 | ᠲᠡᠭᠦᠯᠳᠡᠷᠵᠢᠭᠦᠯᠦᠯᠲᠡ᠄ ︽ᠵᠠᠮ᠂ ᠬᠢᠨᠠᠨ ᠡᠵᠡᠮᠳᠡᠬᠦ᠂ ᠡᠭᠦᠳᠡᠨ ᠬᠤᠷᠢᠭ᠎ᠠ᠂ ᠭᠡᠷ ᠤᠨ ᠣᠷᠣᠢ ᠶᠢᠨ ᠤᠰᠤ ᠶᠢ ᠰᠡᠷᠭᠡᠶᠢᠯᠡᠬᠦ᠂ | ᠠᠰᠠᠷ ᠢ ᠴᠣᠬᠤᠶᠢᠳᠠᠬᠤ᠂ ᠵᠢᠵᠢᠭ ᠲᠣᠭᠤᠷᠢᠭ ᠢ ᠪᠢᠲᠡᠭᠦᠮᠵᠢᠯᠡᠬᠦ᠂ ᠭᠡᠷᠡᠯᠲᠦᠭᠦᠯᠭᠡ ᠶᠢᠨ ᠲᠥᠬᠦᠭᠡᠷᠦᠮᠵᠢ︾ ᠶᠢ | ᠲᠡᠭᠦᠯᠳᠡᠷᠵᠢᠭᠦᠯᠦᠨ᠎ᠡ︔ 8 ᠳᠡᠭᠡᠭᠰᠢᠯᠡᠯᠲᠡ᠄ ︽ᠠᠷᠠᠳ ᠲᠤ ᠲᠥᠬᠦᠮ ᠦᠵᠡᠭᠦᠯᠬᠦ ᠬᠡᠲᠦ ᠳᠡᠯᠭᠡᠭᠦᠷ᠂ ᠰᠡᠷᠢᠭᠦᠨ | ᠲᠢᠩᠰᠡ ᠶᠢᠨ ᠰᠠᠭᠤᠳᠠᠯ᠂ ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ | ᠣᠶᠤᠨᠴᠢ ᠲᠦᠷᠭᠡᠨ ᠬᠦᠷᠭᠡᠯᠲᠡ᠂ ᠡᠮᠴᠢᠯᠡᠭᠡᠨ ᠤ ᠲᠠᠯᠠᠪᠤᠷ ᠭᠠᠵᠠᠷ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ | ᠨᠠᠰᠤᠲᠠᠶᠢᠴᠤᠳ ᠲᠤ ᠬᠡᠦᠬᠡᠳ ᠰᠠᠭᠠᠲᠠᠭᠤᠯᠬᠤ︾ ᠶᠢ ᠨᠡᠮᠡᠨ᠎ᠡ᠃ | ᠴᠢᠩᠱᠠᠨ ᠲᠣᠭᠤᠷᠢᠭ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠤᠳᠠ ᠶᠢᠨ ᠳᠤᠲᠠᠭᠤᠳᠠᠯ | ᠪᠠᠭᠤᠷᠠᠢ ᠲᠠᠯ᠎ᠠ ᠶᠢ ᠴᠢᠷᠮᠠᠶᠢᠨ ᠨᠥᠬᠦᠪᠦᠷᠢᠯᠡᠵᠦ᠂ ᠬᠤᠳᠠ ᠶᠢᠨ ᠴᠢᠳᠠᠪᠬᠢ ᠶᠢ ᠴᠢᠩᠭᠠᠳᠬᠠᠵᠤ᠂ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠦᠬᠦ | ᠬᠤᠳᠠ ᠶᠢᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ᠂ ᠵᠣᠯ ᠵᠢᠷᠭᠠᠯᠲᠤ ᠠᠮᠤᠷ | ᠠᠮᠤᠭᠤᠯᠠᠩ ᠬᠤᠳᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠳᠤ ᠬᠦᠴᠦᠯᠡᠵᠡᠢ᠃ | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | | | |