ᠴᠢᠩᠱᠠᠨ ᠲᠣᠭᠤᠷᠢᠭ ᠤᠨ ᠬᠢᠨ ᠤᠯᠠᠨ ᠠᠷᠭ᠎ᠠ ᠬᠡᠯᠪᠡᠷᠢ ᠪᠠᠷ ᠤᠷᠤᠭ ᠤᠨ ᠵᠠᠩᠰᠢᠯ ᠤᠨ ᠥᠭᠡᠷᠡᠴᠢᠯᠡᠯᠲᠡ ᠢ ᠲᠦᠯᠬᠢᠨ ᠠᠬᠢᠭᠤᠯᠵᠠᠢ
ᠨᠡᠶᠢᠲᠡᠯᠡᠭᠰᠡᠨ ᠴᠠᠭ᠄
2022/11/16
      ᠤᠶᠢᠷ᠎ᠠ ᠶᠢᠨ ᠵᠢᠯ ᠳᠤ᠂ ᠴᠢᠩᠱᠠᠨ ᠲᠣᠭᠤᠷᠢᠭ ᠤᠨ ᠬᠢᠨ ᠤᠯᠠᠨ ᠠᠷᠭ᠎ᠠ ᠬᠡᠯᠪᠡᠷᠢ ᠪᠠᠷ ᠤᠷᠤᠭ ᠤᠨ ᠵᠠᠩᠰᠢᠯ ᠤᠨ ᠥᠭᠡᠷᠡᠴᠢᠯᠡᠯᠲᠡ ᠢ ᠲᠦᠯᠬᠢᠨ ᠠᠬᠢᠭᠤᠯᠵᠠᠢ᠃  ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ︽ᠨᠢᠭᠡ ᠲᠢᠩᠬᠢᠮ ᠨᠢᠭᠡ ᠴᠡᠴᠡᠷᠯᠢᠭ︾ ︵ᠳᠠᠷᠤᠢ᠄ ᠴᠡᠴᠡᠷᠯᠢᠭ ᠮᠠᠶ᠋ᠢᠭ ᠤᠨ ᠣᠷᠤᠭ ᠤᠨ ᠪᠦᠷᠢᠳᠬᠡᠯ ᠤᠨ ᠶᠡᠭᠡ ᠲᠢᠩᠬᠢᠮ᠂ ᠣᠷᠤᠭ ᠤᠨ ᠰᠣᠶᠣᠯ ᠤᠨ ᠭᠤᠣᠯ ᠰᠡᠳᠦᠪᠲᠦ ᠴᠡᠴᠡᠷᠯᠢᠭ︶ ᠢ ᠪᠣᠶ ᠪᠤᠯᠭᠠᠵᠠᠢ᠂ ᠤᠯᠠᠨ ᠤᠳᠠᠭ᠎ᠠ ᠶᠢᠨ ᠲᠤᠬᠠᠢ ᠶᠢᠨ ᠭᠠᠵᠠᠷ ᠤᠨ ᠬᠠᠶᠢᠨ ᠰᠢᠯᠭᠠᠯᠲᠠ᠂ ᠤᠯᠠᠨ ᠡᠭᠡᠯᠵᠢ ᠶᠢᠨ ᠵᠢᠷᠤᠭ ᠲᠥᠯᠥᠪᠯᠡᠭᠡ ᠶᠢᠨ ᠬᠢᠨᠠᠨ ᠰᠢᠯᠭᠠᠷᠠᠭᠤᠯᠤᠯᠲᠠ᠂ ᠤᠯᠠᠨ ᠲᠠᠯ᠎ᠠ ᠶᠢᠨ ᠵᠢᠷᠤᠭ ᠲᠥᠯᠥᠪᠯᠡᠭᠡ ᠶᠢᠨ ᠶᠠᠷᠢᠯᠴᠠᠭ᠎ᠠ ᠪᠠᠷ ᠳᠠᠮᠵᠢᠨ᠂ ᠪᠤᠭᠤᠲᠤ ᠬᠤᠳᠠ ᠶᠢᠨ ᠣᠯᠢᠮᠫᠢᠺ ᠴᠡᠴᠡᠷᠯᠢᠭ ᠲᠤ ᠪᠠᠶᠢᠷᠢᠯᠠᠵᠤ ᠪᠠᠶᠢᠭ᠎ᠠ ᠴᠢᠩᠱᠠᠨ ᠲᠣᠭᠤᠷᠢᠭ ᠤᠨ ᠤᠷᠤᠭ ᠤᠨ ᠪᠦᠷᠢᠳᠬᠡᠯ ᠤᠨ ᠭᠠᠵᠠᠷ 2022 ᠣᠨ ᠤ ᠡᠬᠢᠨ ᠵᠶ᠋ᠡᠷ‌ᠨᠢᠭᠡᠨᠲᠡ ᠠᠰᠢᠭᠯᠠᠯᠲᠠ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︿ᠡᠷᠡᠭᠦᠯ ᠡᠩᠬᠡ ᠣᠷᠤᠭ﹀ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ︾ ᠶᠢ ᠪᠠᠶᠢᠭᠤᠯᠵᠤ᠂ ᠰᠠᠶᠢᠨ ᠳᠤᠷᠠᠴᠤᠤᠯ ᠣᠷᠤᠭ ᠭᠡᠷ ᠪᠦᠯᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠳᠤ 300 ᠭᠠᠷᠤᠢ ᠤᠳᠠᠭ᠎ᠠ ᠣᠷᠣᠯᠴᠠᠪᠠ︔ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠳᠠᠪᠬᠤᠷᠭ᠎ᠠ ᠳᠤ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠠᠵᠢᠯ ᠢ ᠨᠡᠶᠢᠭᠡᠮ ᠲᠣᠭᠤᠷᠢᠭ ᠲᠤ ᠠᠭᠤᠰᠬᠠᠨ ᠣᠷᠣᠭᠤᠯᠵᠤ᠂ ᠭᠡᠷ ᠤᠨ ᠡᠭᠦᠳᠡᠨ ᠳᠠᠬᠢ ᠦᠢᠯᠡᠴᠢᠯᠡᠭᠡ ᠶᠢ ᠬᠡᠷᠡᠭᠵᠢᠭᠦᠯᠵᠡᠢ᠃      ᠡᠨᠡ ᠵᠢᠯ ᠤᠨ 3 ᠰᠠᠷ᠎ᠠ ᠳᠤ ᠨᠢᠭᠡ ᠵᠢᠯ ᠤᠨ ᠬᠤᠭᠤᠴᠠᠭ᠎ᠠ ᠲᠠᠢ ︽ᠤᠷᠤᠭ ᠬᠤᠷᠢᠮ ᠤᠨ ᠰᠢᠨ᠎ᠡ ᠬᠡᠪ ᠰᠤᠷᠲᠠᠯ ᠢ ᠲᠦᠮᠡᠨ ᠡᠷᠦᠬᠡ ᠳᠤ ᠬᠦᠷᠭᠡᠵᠦ᠂ ᠨᠡᠶᠢᠭᠡᠮ ᠲᠣᠭᠤᠷᠢᠭ ᠬᠤᠯᠪᠤᠭᠠᠯᠠᠨ ᠬᠥᠳᠡᠯᠦᠯᠴᠡᠵᠦ ᠪᠦᠬᠦᠨ ᠢ ᠬᠠᠮᠤᠷᠬᠤ︾ ᠲᠤᠰᠬᠠᠢ ᠠᠵᠢᠯᠯᠠᠭ᠎ᠠ ᠶᠢ ᠡᠬᠢᠯᠡᠭᠦᠯᠪᠡ᠃ ᠨᠡᠶᠢᠭᠡᠮ ᠲᠣᠭᠤᠷᠢᠭ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠤᠬᠠᠭᠤᠯᠤᠨ ᠲᠠᠶᠢᠯᠪᠤᠷᠢᠯᠠᠬᠤ ᠪᠠ ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠳᠤᠭᠤᠶᠢᠯᠠᠩ ᠤᠨ ᠠᠵᠢᠯᠯᠠᠭ᠎ᠠ ᠶᠢ ᠨᠢᠭᠡᠨᠲᠡ ᠲᠠᠪᠤᠨ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠵᠠᠭᠤ ᠭᠠᠷᠤᠢ ᠡᠷᠤᠭᠡ ᠳᠤ ᠬᠦᠷᠴᠦ ᠰᠤᠷᠪᠤᠯᠵᠢᠯᠠᠨ᠂ ᠥᠷᠭᠡᠨ ᠤᠯᠠᠨ ᠬᠤᠳᠠ ᠶᠢᠨ ᠠᠷᠠᠳ᠂ ᠤᠷᠤᠭ ᠪᠠᠷᠢᠯᠳᠤᠬᠤ ᠪᠠᠷ ᠪᠦᠷᠢᠳᠬᠡᠭᠦᠯᠦᠭᠰᠡᠨ ᠰᠢᠨ᠎ᠡ ᠬᠥᠮᠥᠰ ᠲᠤ ︽ᠠᠷᠪᠢᠴᠢ ᠭᠠᠮᠲᠠᠢ ᠬᠤᠷᠢᠮ  ᠪᠣᠯᠪᠠᠰᠤᠨ ᠰᠢᠨ᠎ᠡ ᠤᠷᠤᠭ ᠤᠨ ᠵᠠᠩ ᠳᠠᠳᠬᠠᠯ︾ ᠭᠡᠬᠦ ᠰᠠᠨᠠᠭᠠᠴᠢᠯᠠᠭ᠎ᠠ ᠶᠢᠨ ᠪᠢᠴᠢᠭ ᠢ 5000 ᠬᠤᠪᠢ ᠲᠠᠷᠬᠠᠭᠠᠪᠠ᠃ ᠡᠭᠦᠨ ᠤ ᠬᠠᠮᠲᠤ ᠣᠷᠤᠭ ᠭᠡᠷ ᠪᠦᠯᠢ ᠶᠢᠨ ᠪᠠᠶᠢᠭᠤᠯᠤᠯᠲᠠ ᠶᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠠᠮᠤᠭ ᠤᠨ ᠭᠤᠶᠣ ᠭᠡᠷ ᠪᠦᠯᠢ᠂ ᠪᠣᠯᠪᠠᠰᠤᠨ ᠭᠡᠷ ᠪᠦᠯᠢ ᠶᠢ ᠰᠢᠯᠭᠠᠷᠠᠭᠤᠯᠬᠤ ᠠᠵᠢᠯ ᠳᠤ ᠤᠷᠤᠭᠤᠯᠪᠠ᠃ ᠤᠷᠢᠳ ᠬᠤᠵᠢᠳ ︽ᠭᠡᠷ ᠪᠦᠯᠢ ᠶᠢᠨ ᠦᠯᠢᠭᠡᠷ ᠢ ᠶᠠᠷᠢᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ︾᠂ ︽ᠤᠷᠤᠭᠤᠳᠠᠯ ᠨᠠᠰᠤᠲᠠᠨ ᠢ ᠬᠠᠯᠠᠮᠵᠢᠯᠠᠨ ᠬᠠᠶᠢᠷᠠᠯᠠᠵᠤ᠂ ᠵᠣᠯ ᠵᠢᠷᠭᠠᠯᠲᠤ ᠠᠯᠲᠠᠨ ᠤᠷᠤᠭ ᠢ ᠭᠡᠷᠡᠴᠢᠯᠡᠨ᠎ᠡ︾᠂ ︽ᠤᠷᠤᠭ ᠬᠤᠷᠢᠮ ᠤᠨ  ᠵᠠᠩᠰᠢᠯ ᠤᠨ ᠰᠢᠨ᠎ᠡ ᠬᠡᠪ ᠵᠢᠱᠢᠶᠡᠴᠢ ᠭᠡᠷ ᠪᠦᠯᠢ︾ ᠶᠢ ᠬᠥᠬᠢᠭᠦᠯᠦᠨ ᠰᠠᠶᠢᠰᠢᠶᠠᠬᠤ᠂ ︽ᠬᠤᠷᠢᠮ ᠤᠨ ᠵᠠᠩᠰᠢᠯ ᠤᠨ ᠰᠢᠨ᠎ᠡ ᠬᠡᠪ ᠪᠣᠯᠪᠠᠰᠤᠨ ᠢᠳᠡᠭᠡᠨ ᠤᠮᠳᠠᠭᠠᠨ ᠤ ᠵᠢᠱᠢᠶ᠎ᠡ ᠦᠵᠡᠭᠦᠯᠬᠦ ᠳᠡᠯᠭᠡᠭᠦᠷ︾ ᠢ ᠰᠢᠯᠭᠠᠷᠠᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ  ᠢᠶᠠᠨ ᠬᠥᠮᠥᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠰᠤᠷᠲᠠᠯ ᠢ ᠰᠠᠬᠢᠭᠤᠯᠵᠤ᠂ ᠭᠡᠷ ᠪᠦᠯᠢ ᠶᠢᠨ ᠪᠠᠶᠢᠭᠤᠯᠤᠯᠲᠠ ᠶᠢ ᠴᠢᠬᠤᠯᠠᠴᠢᠯᠠᠵᠠᠢ᠃ ᠣᠳᠣᠬᠠᠨ ᠳᠤ᠂ ᠣᠷᠤᠭ ᠤᠨ ᠳᠠᠩᠰᠠᠯᠠᠯᠲᠠ ᠶᠢ ᠪᠥᠬᠦ ᠬᠤᠲᠠ ᠳᠤ ᠨᠡᠶᠢᠳᠡᠮ ᠭᠦᠢᠴᠡᠳᠬᠡᠵᠦ᠂ ᠣᠷᠤᠭ ᠤᠨ ᠳᠠᠩᠰᠠᠯᠠᠯᠲᠠ ᠭᠠᠷᠠᠭ ᠤᠨ ᠰᠡᠭᠦᠯᠴᠢ ᠳᠤ ᠠᠮᠠᠷᠠᠯᠲᠠ ᠦᠭᠡᠢ ᠪᠠᠷ ᠪᠦᠷᠢᠳᠬᠡᠭᠦᠯᠬᠦ ᠶᠢ ᠬᠡᠷᠡᠭᠵᠢᠭᠦᠯᠵᠦ᠂ ᠡᠭᠦᠨ ᠠᠴᠠ ᠭᠠᠳᠠᠨ᠎ᠠ ᠪᠤᠭᠤᠲᠤ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠲᠠᠪᠤᠨ ᠠᠶᠢᠮᠠᠭ ᠬᠤᠲᠠ ᠶᠢᠨ ᠭᠠᠳᠠᠭᠠᠳᠤ ᠳᠤ ᠬᠤᠯᠪᠣᠭᠳᠠᠬᠤ ᠣᠷᠤᠭ ᠤᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠳᠠᠭᠠᠭᠠᠨ ᠠᠪᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠴᠢᠩᠱᠠᠨ ᠲᠤᠭᠤᠷᠢᠭ ᠤᠨ ᠬᠢᠨ ᠤᠷᠤᠭ ᠤᠨ ᠵᠠᠩᠰᠢᠯ ᠤᠨ ᠦᠭᠡᠷᠡᠴᠢᠯᠡᠯᠳᠡ ᠶᠢᠨ ᠠᠷᠭ᠎ᠠ ᠭᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠨ ᠰᠠᠶᠢᠵᠢᠷᠠᠭᠤᠯᠵᠤ᠂ ᠪᠦᠬᠦ ᠬᠤᠳᠠ ᠶᠢᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠳᠤ  ᠵᠤᠷᠢᠨ᠎ᠠ᠃                                                  ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号