ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠲᠤᠰᠬᠠᠢ ᠰᠡᠳᠦᠪᠳᠦ ᠨᠣᠮ ᠤᠩᠰᠢᠬᠤ ᠠᠩᠭᠢ ᠪᠠ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠤᠭᠤᠶᠢᠯᠠᠩ 2022 ᠣᠨ ᠤ 15 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠢᠪᠡ  ᠳ᠋ᠢᠩ ᠺᠠᠢ ᠬᠤᠷᠠᠯ ᠡᠷᠬᠢᠯᠡᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/11/17
      11 ᠰᠠᠷ᠎ᠠ ᠶᠢᠨ 13᠎ ᠤ ᠡᠳᠦᠷ ᠠᠴᠠ 15᠎ ᠤ ᠡᠳᠦᠷ ᠬᠦᠷᠲᠡᠯ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠲᠤᠰᠬᠠᠢ ᠰᠡᠳᠦᠪᠳᠦ ᠨᠣᠮ ᠤᠩᠰᠢᠬᠤ ᠠᠩᠭᠢ ᠪᠠ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠤᠭᠤᠶᠢᠯᠠᠩ 2022 ᠣᠨ ᠤ 15 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠢᠪᠡ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠡᠷᠬᠢᠯᠡᠵᠦ ᠶᠠᠷᠢᠶ᠎ᠠ ᠲᠠᠯᠪᠢᠵᠠᠢ᠃      ᠨᠣᠮ ᠤᠩᠰᠢᠬᠤ ᠠᠩᠭᠢ ᠬᠤᠪᠢ ᠬᠦᠮᠦᠨ ᠦᠪᠡᠷ ᠢᠶᠠᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠲᠠᠨᠢᠯᠲᠠ ᠪᠠᠨ ᠰᠤᠯᠢᠯᠴᠠᠬᠤ ᠶᠢ ᠤᠶᠠᠯᠳᠤᠭᠤᠯᠤᠭᠰᠠᠨ ᠬᠡᠯᠪᠡᠷᠢ ᠪᠠᠷ ᠶᠠᠪᠤᠭᠳᠠᠵᠠᠢ᠃ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠤᠭᠤᠶᠢᠯᠠᠩ ᠤᠨ ᠪᠦᠬᠦ ᠭᠡᠰᠢᠭᠦᠳ ᠬᠤᠶᠠᠷ ᠡᠳᠦᠷ ᠤᠨ ᠬᠤᠭᠤᠴᠠᠭ᠎ᠠ ᠵᠠᠷᠤᠴᠠᠭᠤᠯᠤᠨ᠂ ᠰᠡᠳᠬᠢᠯ ᠲᠠᠯᠪᠢᠨ ᠰᠣᠳᠤᠯᠵᠤ᠂ ᠬᠦᠨᠵᠡᠭᠡᠢ ᠰᠡᠳᠬᠢᠵᠤ᠂ ᠰᠤᠷᠤᠯᠴᠠᠯᠭ᠎ᠠ ᠶᠢᠨ ᠲᠦᠷᠦᠭᠳᠡᠯ ᠢᠶᠠᠨ ᠨᠠᠷᠢᠨ ᠬᠢᠨᠠᠮᠠᠭᠠᠢ ᠪᠢᠴᠢᠵᠡᠢ᠃ ᠬᠠᠮᠳᠤ ᠶᠢᠨ ᠰᠤᠷᠤᠯᠴᠠᠯᠭ᠎ᠠ ᠶᠢᠨ ᠬᠤᠷᠠᠯ  ᠳᠤ᠂ ᠳ᠋ᠢᠩ ᠺᠠᠢ ᠵᠠᠩ ᠰᠢᠶᠤᠤ ᠫᠦ᠋ ᠶᠢᠨ《 ᠰᠢᠨ᠎ᠡ ᠬᠦᠭᠵᠢᠯᠳᠡ ᠶᠢᠨ ᠱᠠᠳᠤᠨ ᠳᠤ ᠠᠵᠤ ᠠᠬᠤᠢ ᠶᠢᠨ ᠠᠵᠢᠯ ᠢ ᠬᠡᠷᠭᠡᠨ ᠬᠢᠭᠦ —  ᠰᠢ ᠶᠢᠨ ᠫᠢᠩ ᠨᠦᠭᠦᠷ ᠡᠾᠧᠪᠸᠢ᠂ ᠹᠦᠵᠢᠶᠠᠨ ᠳᠠᠬᠢ ᠠᠵᠤ ᠠᠬᠤᠢ ᠶᠢᠨ ᠠᠵᠢᠯ ᠤᠨ ᠦᠢᠯᠡᠳᠦᠯᠭᠡ ᠪᠠ ᠰᠡᠩᠭᠡᠷᠡᠭᠦᠯᠦᠯ》᠎ ᠶᠢ ᠲᠠᠭᠠᠭᠤᠯᠤᠨ ᠰᠤᠷᠤᠯᠴᠠᠵᠤ᠂ ᠪᠠᠢ ᠶᠦᠨ ᠰᠢ᠂ ᠭᠤᠤ ᠶᠢᠨ ᠮᠢᠩ᠂ ᠯᠢ ᠬᠠᠢ ᠯᠢᠶᠠᠩ᠂ ᠷᠧᠨ ᠬᠠᠢ ᠰᠢᠨ᠂ ᠵᠸᠤ ᠰᠢᠤᠸᠡᠢ ᠯᠢᠶᠠᠩ᠂ ᠵᠢᠶᠠᠩ ᠲᠢᠶᠠᠨ ᠴᠧᠩ ᠲᠤᠰ ᠲᠤᠰ ᠰᠠᠨᠠᠯ ᠢᠶᠠᠨ ᠰᠤᠯᠢᠯᠴᠠᠬᠤ ᠶᠠᠷᠢᠶ᠎ᠠ ᠲᠠᠯᠪᠢᠵᠠᠢ᠂ ᠪᠣᠰᠤᠳ ᠨᠦᠭᠦᠳ ᠪᠢᠴᠢᠭ ᠤᠨ ᠭᠡᠯᠪᠡᠷᠢ ᠎ ᠪᠠᠷ ᠰᠤᠯᠢᠯᠴᠠᠭ᠎ᠠ ᠬᠢᠵᠡᠢ᠃ ᠤᠯᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠲᠠᠨᠢᠯᠲᠠ  ᠲᠦᠷᠦᠭᠳᠡᠯ ᠢᠶᠠᠨ ᠶᠠᠷᠢᠵᠤ᠂ ᠨᠠᠶᠢᠳᠠᠪᠤᠷᠢᠵᠢᠭᠤᠯᠤᠯᠳᠠ ᠪᠠᠨ ᠶᠠᠷᠢᠵᠤ᠂ ᠦᠵᠡᠯ ᠰᠠᠨᠠᠭᠠᠨ ᠤ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠡᠳᠬᠢᠴᠡ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠤᠳᠤᠷᠬᠠᠶᠢᠯᠠᠪᠠ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠨ᠂ ᠪᠦᠬᠦ ᠲᠤᠭᠤᠷᠢᠭ ᠤᠨ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ  ᠬᠦᠳᠦᠯᠦᠨ ᠲᠠᠭᠠᠭᠤᠯᠵᠤ ᠵᠢᠱᠢᠶ᠎ᠡ ᠦᠵᠡᠭᠦᠯᠵᠦ᠂ ᠨᠡᠪᠳᠡᠷᠡᠳᠡᠯ᠎ᠡ ᠤᠶᠢᠯᠠᠭᠠᠵᠤ ᠪᠤᠳᠠᠳᠠᠶᠢᠵᠢᠭᠤᠯᠬᠤ ᠳᠤ ᠦᠷᠭᠦᠯᠵᠢᠯᠡᠨ ᠬᠦᠴᠦ ᠪᠠᠨ ᠲᠠᠯᠪᠢᠵᠤ᠂ ᠰᠤᠷᠤᠯᠴᠠᠯᠭ᠎ᠠ ᠶᠢᠨ ᠦᠷ᠎ᠡ ᠪᠦᠳᠦᠭᠡᠯ ᠢᠶᠠᠨ ᠠᠵᠢᠯ ᠢ ᠠᠬᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠪᠤᠯᠭᠠᠨ ᠬᠤᠪᠢᠷᠠᠭᠤᠯᠬᠤ ᠪᠠᠷ ᠴᠢᠷᠮᠠᠶᠢᠨ᠎ᠠ ᠭᠡᠵᠡᠭᠡᠵᠡᠢ᠃      ᠳ᠋ᠢᠩ ᠺᠠᠢ᠂ ᠪᠢᠳᠡ ᠡᠷᠭᠡᠪᠰᠢ ᠤᠯᠤᠰ ᠲᠦᠷᠦ᠂ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠵᠤᠭᠰᠤᠴᠠ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠭᠤᠤᠯ ᠴᠢᠮᠦᠭᠡ᠂ ᠭᠤᠤᠯ ᠤᠳᠬ᠎ᠠ ᠰᠠᠨᠠᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ‌‍ᠶᠢ ᠬᠦᠨᠵᠡᠭᠡᠢ ᠰᠤᠷᠤᠯᠴᠠᠨ ᠤᠬᠠᠵᠤ᠂ ᠰᠢ ᠶᠢᠨ ᠫᠢᠩ ᠶᠡᠷᠦᠩᠬᠡᠢ ᠱᠦᠵᠢ ᠦᠪᠦᠷ ᠮᠤᠩᠭᠤᠯ ᠳᠠᠬᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠤᠤᠯ ᠪᠦᠳᠦᠭᠡᠯ ᠢ ᠪᠦᠬᠦᠨ ᠢ ᠤᠩᠰᠢᠵᠤ᠂ ᠦᠭᠡ ᠦᠭᠦᠯᠡᠪᠦᠷᠢ ᠲᠠᠷᠠᠭᠠᠯᠠᠨ ᠨᠠᠷᠢᠨ ᠤᠩᠰᠢᠵᠤ᠂ ᠪᠤᠳᠠᠳᠠᠢ ᠲᠠᠢ ᠤᠶᠠᠯᠳᠤᠭᠤᠯᠤᠨ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠬᠦᠯᠦᠨ᠎ᠡ ᠭᠡᠵᠦ ᠬᠡᠯᠡᠪᠡ᠃      ᠳ᠋ᠢᠩ ᠺᠠᠢ᠂ ᠪᠢᠳᠡ‌ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠲᠤᠰᠬᠠᠢ ᠰᠡᠳᠦᠪᠳᠦ ᠨᠣᠮ ᠤᠩᠰᠢᠬᠤ ᠠᠩᠭᠢ ᠪᠠ ᠬᠤᠳᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠤᠭᠤᠶᠢᠯᠠᠩ ᠤᠨ 2022 ᠣᠨ ᠤ 10 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ︵ᠦᠷᠭᠡᠳᠭᠡᠭᠰᠡᠨ︶ ᠬᠤᠷᠠᠯ  ‍ᠤᠨ‌ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ᠂ ᠬᠤᠳᠠ ᠶᠢᠨ ᠨᠠᠮ ᠤᠨ ᠬᠤᠷᠢᠶ᠎ᠠ ᠠᠴᠠ ᠲᠤᠷᠠᠳᠤᠨ ᠭᠠᠷᠭᠠᠭᠰᠠᠨ《 ᠮᠠᠨ ᠤ ᠬᠤᠳᠠ ᠶᠢᠨ ᠢᠷᠡᠭᠡᠳᠦᠢ ᠶᠢᠨ ᠬᠦᠭᠵᠢᠯᠳᠡ ᠳᠤ ᠬᠤᠯᠪᠤᠭᠳᠠᠬᠤ 19 ᠴᠢᠬᠤᠯᠠ ᠶᠡᠭᠡ ᠠᠰᠠᠭᠤᠳᠠᠯ》᠎ ᠲᠠᠢ ᠬᠠᠷᠭᠤᠭᠤᠯᠤᠨ᠂ ᠵᠤᠷᠪᠤᠰ ᠲᠠᠷᠠᠭᠠᠯᠠᠨ ᠬᠦᠨᠵᠡᠭᠡᠢ ᠰᠤᠳᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠤᠳᠠᠳᠠᠢ  ᠪᠦᠭᠡᠳ‌ᠨᠠᠷᠢᠯᠢᠭ ᠨᠠᠶᠢᠳᠠᠪᠤᠷᠢᠵᠢᠭᠤᠯᠤᠨ᠂ ᠪᠤᠳᠠᠳᠤ ᠠᠵᠢᠯᠯᠠᠭ᠎ᠠ ᠪᠠᠷ ᠢᠶᠠᠨ ᠠᠰᠠᠭᠤᠳᠠᠯ ᠢ ᠰᠢᠢᠳᠪᠦᠷᠢᠯᠡᠨ᠎ᠡ᠃ ᠮᠠᠨ ᠤ ᠲᠤᠭᠤᠷᠢᠭ《 ᠲᠤᠯᠤᠭᠠᠨ ᠰᠢᠨ᠎ᠡ ᠴᠢᠩᠱᠠᠨ》ᠭᠡᠬᠦ ᠪᠦᠳᠦᠭᠡᠨ ᠪᠠᠶᠢᠭᠤᠯᠤᠯᠳᠠ ᠶᠢᠨ ᠲᠡᠮᠡᠴᠡᠬᠦ ᠬᠠᠷᠠᠯᠳᠠ ᠶᠢᠨ ᠲᠤᠭᠤᠷᠢᠨ ᠳᠤ᠂ ᠠᠵᠢᠯ ᠤᠨ ᠠᠷᠭ᠎ᠠ ᠵᠠᠮ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂ ᠲᠡᠮᠡᠴᠡᠯ ᠤᠨ ᠬᠠᠷᠠᠯᠳᠠ ᠪᠠᠨ ᠪᠤᠳᠠᠳᠠᠢ ᠪᠠᠶᠢᠳᠠᠯ ᠪᠤᠯᠭᠠᠨ ᠬᠤᠪᠢᠷᠠᠭᠤᠯᠬᠤ ᠪᠠᠷ ᠴᠢᠷᠮᠠᠶᠢᠵᠤ᠂ ᠪᠤᠳᠠᠳᠤ ᠦᠷ᠎ᠡ ᠪᠦᠳᠦᠮᠵᠢ ᠪᠠᠷ ᠪᠤᠭᠤᠳᠤ ᠳᠤ ᠢᠷᠠᠭᠤ ᠠᠯᠳᠠᠷ ᠢ ᠲᠡᠮᠡᠴᠡᠨ ᠣᠯᠭᠤᠵᠤ᠂ ᠬᠤᠪᠢ ᠨᠡᠮᠡᠷᠢ ᠦᠵᠡᠭᠦᠯᠦᠨ᠎ᠡ ᠬᠡᠵᠦ ᠬᠡᠯᠡᠵᠡᠢ᠃                                                        ᠤᠷᠴᠢᠭᠤᠯᠤᠭᠴᠢ᠄ ᠠᠯᠢᠮ᠎ᠠ                                                       ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号