| | 11 ᠰᠠᠷ᠎ᠠ ᠶᠢᠨ 13 ᠤ ᠡᠳᠦᠷ ᠠᠴᠠ 15 ᠤ ᠡᠳᠦᠷ ᠬᠦᠷᠲᠡᠯ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠤᠷᠢᠭ ᠰᠠᠨᠠᠭᠠᠨ ᠤ ᠲᠤᠰᠬᠠᠢ ᠰᠡᠳᠦᠪᠳᠦ ᠨᠣᠮ ᠤᠩᠰᠢᠬᠤ ᠠᠩᠭᠢ ᠪᠠ ᠲᠤᠭᠤᠷᠢᠭ ᠤᠨ ᠨᠠᠮ ᠤᠨ ᠬᠤᠷᠢᠶᠠᠨ ᠤ | ᠣᠨᠣᠯ ᠰᠤᠷᠤᠯᠴᠠᠬᠤ ᠲᠤᠭᠤᠶᠢᠯᠠᠩ 2022 ᠣᠨ ᠤ 15 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ | ᠬᠤᠷᠠᠯ ᠬᠢᠪᠡ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠡᠷᠬᠢᠯᠡᠵᠦ ᠶᠠᠷᠢᠶ᠎ᠠ ᠲᠠᠯᠪᠢᠵᠠᠢ᠃ | ᠨᠣᠮ ᠤᠩᠰᠢᠬᠤ ᠠᠩᠭᠢ ᠬᠤᠪᠢ ᠬᠦᠮᠦᠨ ᠦᠪᠡᠷ ᠢᠶᠠᠨ ᠰᠤᠷᠤᠯᠴᠠᠬᠤ ᠪᠠ ᠰᠤᠳᠤᠯᠤᠨ ᠶᠠᠷᠢᠯᠴᠠᠵᠤ | ᠲᠠᠨᠢᠯᠲᠠ ᠪᠠᠨ ᠰᠤᠯᠢᠯᠴᠠᠬᠤ ᠶᠢ ᠤᠶᠠᠯᠳᠤᠭᠤᠯᠤᠭᠰᠠᠨ ᠬᠡᠯᠪᠡᠷᠢ ᠪᠠᠷ ᠶᠠᠪᠤᠭᠳᠠᠵᠠᠢ᠃ ᠲᠤᠭᠤᠷᠢᠭ ᠤᠨ ᠨᠠᠮ ᠤᠨ | ᠬᠤᠷᠢᠶᠠᠨ ᠤ ᠣᠨᠣᠯ ᠰᠤᠷᠤᠯᠴᠠᠬᠤ ᠲᠤᠭᠤᠶᠢᠯᠠᠩ ᠤᠨ ᠪᠦᠬᠦ ᠭᠡᠰᠢᠭᠦᠳ ᠬᠤᠶᠠᠷ ᠡᠳᠦᠷ ᠤᠨ ᠬᠤᠭᠤᠴᠠᠭ᠎ᠠ | ᠵᠠᠷᠤᠴᠠᠭᠤᠯᠤᠨ᠂ ᠰᠡᠳᠬᠢᠯ ᠲᠠᠯᠪᠢᠨ ᠰᠣᠳᠤᠯᠵᠤ᠂ ᠬᠦᠨᠵᠡᠭᠡᠢ ᠰᠡᠳᠬᠢᠵᠤ᠂ ᠰᠤᠷᠤᠯᠴᠠᠯᠭ᠎ᠠ ᠶᠢᠨ ᠲᠦᠷᠦᠭᠳᠡᠯ ᠢᠶᠠᠨ | ᠨᠠᠷᠢᠨ ᠬᠢᠨᠠᠮᠠᠭᠠᠢ ᠪᠢᠴᠢᠵᠡᠢ᠃ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠳᠤ᠂ ᠳ᠋ᠢᠩ ᠺᠠᠢ ᠵᠠᠩ ᠰᠢᠶᠤᠤ ᠫᠦ᠋ ᠶᠢᠨ《 | ᠰᠢᠨ᠎ᠡ ᠬᠦᠭᠵᠢᠯᠳᠡ ᠶᠢᠨ ᠱᠠᠳᠤᠨ ᠳᠤ ᠠᠵᠤ ᠠᠬᠤᠢ ᠶᠢᠨ ᠠᠵᠢᠯ ᠢ ᠬᠡᠷᠭᠡᠨ ᠬᠢᠭᠦ — ᠰᠢ ᠶᠢᠨ ᠫᠢᠩ ᠨᠦᠭᠦᠷ | ᠡᠾᠧᠪᠸᠢ᠂ ᠹᠦᠵᠢᠶᠠᠨ ᠳᠠᠬᠢ ᠠᠵᠤ ᠠᠬᠤᠢ ᠶᠢᠨ ᠠᠵᠢᠯ ᠤᠨ ᠦᠢᠯᠡᠳᠦᠯᠭᠡ ᠪᠠ ᠰᠡᠩᠭᠡᠷᠡᠭᠦᠯᠦᠯ》 ᠶᠢ ᠲᠠᠭᠠᠭᠤᠯᠤᠨ | ᠰᠤᠷᠤᠯᠴᠠᠵᠤ᠂ ᠪᠠᠢ ᠶᠦᠨ ᠰᠢ᠂ ᠭᠤᠤ ᠶᠢᠨ ᠮᠢᠩ᠂ ᠯᠢ ᠬᠠᠢ ᠯᠢᠶᠠᠩ᠂ ᠷᠧᠨ ᠬᠠᠢ ᠰᠢᠨ᠂ ᠵᠸᠤ ᠰᠢᠤᠸᠡᠢ ᠯᠢᠶᠠᠩ᠂ | ᠵᠢᠶᠠᠩ ᠲᠢᠶᠠᠨ ᠴᠧᠩ ᠲᠤᠰ ᠲᠤᠰ ᠰᠠᠨᠠᠯ ᠢᠶᠠᠨ ᠰᠤᠯᠢᠯᠴᠠᠬᠤ ᠶᠠᠷᠢᠶ᠎ᠠ ᠲᠠᠯᠪᠢᠵᠠᠢ᠂ ᠪᠣᠰᠤᠳ ᠨᠦᠭᠦᠳ ᠪᠢᠴᠢᠭ ᠤᠨ | ᠭᠡᠯᠪᠡᠷᠢ ᠪᠠᠷ ᠰᠤᠯᠢᠯᠴᠠᠭ᠎ᠠ ᠬᠢᠵᠡᠢ᠃ ᠤᠯᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠠᠵᠢᠯ ᠤᠨ ᠪᠤᠳᠠᠳᠠᠢ ᠲᠠᠢ ᠪᠠᠨ | ᠤᠶᠠᠯᠳᠤᠭᠤᠯᠵᠤ᠂ ᠲᠠᠨᠢᠯᠲᠠ ᠲᠦᠷᠦᠭᠳᠡᠯ ᠢᠶᠠᠨ ᠶᠠᠷᠢᠵᠤ᠂ ᠨᠠᠶᠢᠳᠠᠪᠤᠷᠢᠵᠢᠭᠤᠯᠤᠯᠳᠠ ᠪᠠᠨ ᠶᠠᠷᠢᠵᠤ᠂ ᠦᠵᠡᠯ | ᠰᠠᠨᠠᠭᠠᠨ ᠤ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠡᠳᠬᠢᠴᠡ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠲᠤᠳᠤᠷᠬᠠᠶᠢᠯᠠᠪᠠ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠨ᠂ ᠪᠦᠬᠦ ᠲᠤᠭᠤᠷᠢᠭ ᠤᠨ ᠡᠯ᠎ᠡ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ | ᠲᠠᠭᠠᠭᠤᠯᠵᠤ ᠵᠢᠱᠢᠶ᠎ᠡ ᠦᠵᠡᠭᠦᠯᠵᠦ᠂ ᠨᠡᠪᠳᠡᠷᠡᠳᠡᠯ᠎ᠡ ᠤᠶᠢᠯᠠᠭᠠᠵᠤ ᠪᠤᠳᠠᠳᠠᠶᠢᠵᠢᠭᠤᠯᠬᠤ ᠳᠤ ᠦᠷᠭᠦᠯᠵᠢᠯᠡᠨ ᠬᠦᠴᠦ ᠪᠠᠨ | ᠲᠠᠯᠪᠢᠵᠤ᠂ ᠰᠤᠷᠤᠯᠴᠠᠯᠭ᠎ᠠ ᠶᠢᠨ ᠦᠷ᠎ᠡ ᠪᠦᠳᠦᠭᠡᠯ ᠢᠶᠠᠨ ᠠᠵᠢᠯ ᠢ ᠠᠬᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ | ᠪᠤᠯᠭᠠᠨ ᠬᠤᠪᠢᠷᠠᠭᠤᠯᠬᠤ ᠪᠠᠷ ᠴᠢᠷᠮᠠᠶᠢᠨ᠎ᠠ ᠭᠡᠵᠡᠭᠡᠵᠡᠢ᠃ | ᠳ᠋ᠢᠩ ᠺᠠᠢ᠂ ᠪᠢᠳᠡ ᠡᠷᠭᠡᠪᠰᠢ ᠤᠯᠤᠰ ᠲᠦᠷᠦ᠂ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠵᠤᠭᠰᠤᠴᠠ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠭᠤᠤᠯ ᠴᠢᠮᠦᠭᠡ᠂ ᠭᠤᠤᠯ ᠤᠳᠬ᠎ᠠ | ᠰᠠᠨᠠᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠᠶᠢ ᠬᠦᠨᠵᠡᠭᠡᠢ ᠰᠤᠷᠤᠯᠴᠠᠨ ᠤᠬᠠᠵᠤ᠂ ᠰᠢ ᠶᠢᠨ ᠫᠢᠩ ᠶᠡᠷᠦᠩᠬᠡᠢ | ᠱᠦᠵᠢ ᠦᠪᠦᠷ ᠮᠤᠩᠭᠤᠯ ᠳᠠᠬᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠠᠢ ᠤᠶᠠᠯᠳᠤᠭᠤᠯᠤᠨ᠂ ᠤᠤᠯ ᠪᠦᠳᠦᠭᠡᠯ ᠢ ᠪᠦᠬᠦᠨ ᠢ ᠤᠩᠰᠢᠵᠤ᠂ ᠦᠭᠡ ᠦᠭᠦᠯᠡᠪᠦᠷᠢ | ᠲᠠᠷᠠᠭᠠᠯᠠᠨ ᠨᠠᠷᠢᠨ ᠤᠩᠰᠢᠵᠤ᠂ ᠪᠤᠳᠠᠳᠠᠢ ᠲᠠᠢ ᠤᠶᠠᠯᠳᠤᠭᠤᠯᠤᠨ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ | ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠬᠦᠯᠦᠨ᠎ᠡ ᠭᠡᠵᠦ ᠬᠡᠯᠡᠪᠡ᠃ | ᠳ᠋ᠢᠩ ᠺᠠᠢ᠂ ᠪᠢᠳᠡᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠲᠤᠰᠬᠠᠢ ᠰᠡᠳᠦᠪᠳᠦ ᠨᠣᠮ | ᠤᠩᠰᠢᠬᠤ ᠠᠩᠭᠢ ᠪᠠ ᠬᠤᠳᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠤᠭᠤᠶᠢᠯᠠᠩ ᠤᠨ 2022 | ᠣᠨ ᠤ 10 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ︵ᠦᠷᠭᠡᠳᠭᠡᠭᠰᠡᠨ︶ ᠬᠤᠷᠠᠯ ᠤᠨᠵᠤᠷᠢᠭ | ᠰᠠᠨᠠᠭ᠎ᠠ ᠶᠢ ᠬᠢᠨᠠᠮᠠᠭᠠᠢ ᠰᠤᠷᠤᠯᠴᠠᠨ᠂ ᠬᠤᠳᠠ ᠶᠢᠨ ᠨᠠᠮ ᠤᠨ ᠬᠤᠷᠢᠶ᠎ᠠ ᠠᠴᠠ ᠲᠤᠷᠠᠳᠤᠨ ᠭᠠᠷᠭᠠᠭᠰᠠᠨ《 ᠮᠠᠨ ᠤ | ᠬᠤᠳᠠ ᠶᠢᠨ ᠢᠷᠡᠭᠡᠳᠦᠢ ᠶᠢᠨ ᠬᠦᠭᠵᠢᠯᠳᠡ ᠳᠤ ᠬᠤᠯᠪᠤᠭᠳᠠᠬᠤ 19 ᠴᠢᠬᠤᠯᠠ ᠶᠡᠭᠡ ᠠᠰᠠᠭᠤᠳᠠᠯ》 ᠲᠠᠢ | ᠬᠠᠷᠭᠤᠭᠤᠯᠤᠨ᠂ ᠵᠤᠷᠪᠤᠰ ᠲᠠᠷᠠᠭᠠᠯᠠᠨ ᠬᠦᠨᠵᠡᠭᠡᠢ ᠰᠤᠳᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠪᠤᠳᠠᠳᠠᠢ ᠪᠦᠭᠡᠳᠨᠠᠷᠢᠯᠢᠭ ᠨᠠᠶᠢᠳᠠᠪᠤᠷᠢᠵᠢᠭᠤᠯᠤᠨ᠂ ᠪᠤᠳᠠᠳᠤ ᠠᠵᠢᠯᠯᠠᠭ᠎ᠠ ᠪᠠᠷ ᠢᠶᠠᠨ ᠠᠰᠠᠭᠤᠳᠠᠯ ᠢ ᠰᠢᠢᠳᠪᠦᠷᠢᠯᠡᠨ᠎ᠡ᠃ | ᠮᠠᠨ ᠤ ᠲᠤᠭᠤᠷᠢᠭ《 ᠲᠤᠯᠤᠭᠠᠨ ᠰᠢᠨ᠎ᠡ ᠴᠢᠩᠱᠠᠨ》ᠭᠡᠬᠦ ᠪᠦᠳᠦᠭᠡᠨ ᠪᠠᠶᠢᠭᠤᠯᠤᠯᠳᠠ ᠶᠢᠨ ᠲᠡᠮᠡᠴᠡᠬᠦ | ᠬᠠᠷᠠᠯᠳᠠ ᠶᠢᠨ ᠲᠤᠭᠤᠷᠢᠨ ᠳᠤ᠂ ᠠᠵᠢᠯ ᠤᠨ ᠠᠷᠭ᠎ᠠ ᠵᠠᠮ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ | ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂ ᠲᠡᠮᠡᠴᠡᠯ ᠤᠨ ᠬᠠᠷᠠᠯᠳᠠ ᠪᠠᠨ ᠪᠤᠳᠠᠳᠠᠢ ᠪᠠᠶᠢᠳᠠᠯ ᠪᠤᠯᠭᠠᠨ | ᠬᠤᠪᠢᠷᠠᠭᠤᠯᠬᠤ ᠪᠠᠷ ᠴᠢᠷᠮᠠᠶᠢᠵᠤ᠂ ᠪᠤᠳᠠᠳᠤ ᠦᠷ᠎ᠡ ᠪᠦᠳᠦᠮᠵᠢ ᠪᠠᠷ ᠪᠤᠭᠤᠳᠤ ᠳᠤ ᠢᠷᠠᠭᠤ ᠠᠯᠳᠠᠷ ᠢ ᠲᠡᠮᠡᠴᠡᠨ | ᠣᠯᠭᠤᠵᠤ᠂ ᠬᠤᠪᠢ ᠨᠡᠮᠡᠷᠢ ᠦᠵᠡᠭᠦᠯᠦᠨ᠎ᠡ ᠬᠡᠵᠦ ᠬᠡᠯᠡᠵᠡᠢ᠃ | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | |