| ᠵᠤᠯ ᠵᠢᠷᠭᠠᠯᠳᠤ ᠵᠠᠮ ᠤᠨ ᠵᠡᠭᠡᠯᠢ ᠭᠤᠳᠤᠮᠵᠢ ᠠᠳᠠᠯᠢ ᠪᠤᠰᠤ ᠲᠦᠷᠦᠯ ᠤᠨ ᠰᠠᠭᠤᠭᠠᠯᠢ ᠲᠤᠭᠤᠷᠢᠭ᠂ | ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠰᠠᠭᠤᠭᠠᠯᠢ ᠠᠷᠠᠳ ᠤᠨ ᠰᠠᠨᠠᠯ ᠢ ᠬᠤᠷᠢᠶᠠᠭᠰᠠᠨ | ᠰᠠᠭᠤᠷᠢᠨ ᠲᠡᠭᠡᠷ᠎ᠡ᠂ ᠦᠭᠡᠷᠡᠴᠢᠯᠡᠯᠳᠡ ᠶᠢᠨ ᠭᠤᠤᠯᠳᠠᠯᠭ᠎ᠠ ᠪᠠᠨ ᠲᠤᠭᠳᠠᠭᠠᠵᠤ᠂ ᠰᠠᠭᠤᠬᠤ ᠳᠤ ᠲᠠᠭᠠᠯᠠᠮᠵᠢᠳᠠᠢ ᠤᠷᠴᠢᠨ | ᠲᠤᠭᠤᠷᠢᠨ ᠪᠡ ᠰᠠᠭᠤᠭᠠᠯᠢ ᠠᠷᠠᠳ ᠲᠤ ᠦᠢᠯᠡᠴᠢᠯᠡᠭᠦ ᠶᠢ ᠲᠡᠭᠡᠭᠰᠢᠯᠡᠭᠦᠯᠭᠦ ᠠᠵᠢᠯ ᠢ ᠰᠠᠭᠤᠭᠠᠯᠢ ᠠᠷᠠᠳ ᠤᠨ | ᠬᠠᠭᠤᠴᠢᠨ ᠲᠤᠭᠤᠷᠢᠭ ᠤᠨ ᠦᠭᠡᠷᠡᠴᠢᠯᠡᠯᠳᠡ ᠶᠢᠨ ᠪᠦᠬᠦ ᠶᠠᠪᠤᠴᠠ ᠳᠤ ᠤᠷᠤᠭᠤᠯᠵᠠᠢ᠃ ᠵᠢᠱᠢᠶᠡᠯᠡᠪᠡᠯ᠂ ᠰᠠᠶᠢᠨ 5 | ᠳ᠋ᠤᠭᠠᠷ ᠰᠠᠭᠤᠭᠠᠯᠢ ᠲᠤᠭᠤᠷᠢᠭ ᠲᠤ 14 ᠦᠮᠴᠢᠯᠡᠯ ᠤᠨ ᠡᠷᠭᠡ ᠶᠢᠨ ᠪᠠᠶᠢᠭᠤᠯᠭ᠎ᠠ ᠪᠠᠶᠢᠵᠤ᠂ ᠬᠤᠭᠤᠯᠠᠢ ᠶᠢᠨ | ᠲᠤᠤᠷ ᠤᠨ ᠴᠢᠭᠯᠡᠯ᠂ ᠲᠡᠷᠭᠡᠨ ᠰᠠᠷᠠᠪᠴᠢᠨ ᠤ ᠦᠮᠴᠢᠯᠡᠯ ᠤᠨ ᠡᠷᠭᠡ ᠵᠡᠷᠭᠡ ᠠᠰᠠᠭᠤᠳᠠᠯ ᠤᠳ ᠪᠦᠷ ᠦᠭᠡᠷᠡᠴᠢᠯᠡᠯᠳᠡ | ᠶᠢᠨ ᠬᠦᠴᠢᠷ ᠠᠰᠠᠭᠤᠳᠠᠯ ᠪᠤᠯᠵᠠᠢ᠂ ᠰᠠᠭᠤᠭᠠᠯᠢ ᠠᠷᠠᠳ ᠤᠨ ᠰᠠᠨᠠᠯ ᠢ ᠬᠦᠢᠴᠡᠳ ᠬᠤᠷᠢᠶᠠᠭᠰᠠᠨ ᠤ ᠰᠠᠭᠤᠷᠢᠨ | ᠲᠡᠭᠡᠷ᠎ᠡ᠂ ᠵᠡᠭᠡᠯᠢ ᠭᠤᠳᠤᠮᠵᠢ ᠶᠢᠨ ᠬᠢᠨ ᠡᠯ᠎ᠡ ᠦᠮᠴᠢᠯᠡᠯ ᠤᠨ ᠡᠷᠭᠡ ᠶᠢᠨ ᠨᠢᠭᠡᠴᠡ ᠶᠢ ᠵᠤᠭᠢᠴᠠᠭᠤᠯᠤᠨ᠂ ᠬᠦᠷᠢᠶᠡᠨ | ᠲᠤᠮᠳᠠᠭᠢ ᠬᠦᠷᠢᠶᠡᠨ ᠤ ᠬᠠᠰᠢᠶ᠎ᠠ ᠶᠢ ᠨᠤᠷᠠᠭᠠᠵᠤ᠂ ᠪᠠᠭ᠎ᠠ ᠬᠦᠷᠢᠶ᠎ᠡ ᠶᠢ ᠨᠡᠶᠢᠯᠡᠭᠦᠯᠦᠨ ᠪᠦᠳᠦᠭᠦᠨ ᠬᠦᠷᠢᠶ᠎ᠡ ᠪᠤᠯᠭᠠᠵᠤ᠂ | 5 ᠪᠠᠭ᠎ᠠ ᠬᠦᠷᠢᠶ᠎ᠡ ᠶᠢ ᠨᠡᠶᠢᠯᠡᠭᠦᠯᠵᠦ᠂ 4 ᠬᠦᠷᠢᠶᠡᠨ ᠲᠤᠳᠤᠷᠠᠬᠢ ᠬᠦᠷᠢᠶ᠎ᠡ ᠶᠢ ᠨᠡᠶᠢᠯᠡᠭᠦᠯᠵᠦ᠂ ᠰᠡᠷᠢᠭᠦᠨ ᠮᠤᠬᠤᠯᠠᠭ᠂ | ᠰᠡᠯᠡᠭᠦᠴᠡᠬᠦ ᠬᠤᠩᠬᠢᠯ ᠪᠠᠶᠢᠭᠤᠯᠵᠤ᠂ ᠰᠠᠭᠤᠭᠠᠯᠢ ᠠᠷᠠᠳ ᠤᠨ ᠬᠡᠷᠡᠭᠴᠡᠭᠡ ᠶᠢ ᠬᠠᠩᠭᠠᠵᠠᠢ᠃ | ᠵᠤᠩᠭᠢᠯᠠᠬᠤ ᠤᠯᠠᠨ ᠲᠤᠭᠠᠨ ᠤ ᠰᠠᠭᠤᠭᠠᠯᠢ ᠠᠷᠠᠳ ᠤᠨ ᠭᠡᠷᠡᠭᠴᠡᠭᠡ ᠶᠢ ᠬᠠᠩᠭᠠᠬᠤ ᠶᠢᠨ ᠲᠦᠯᠦᠭᠡ᠂ ᠵᠡᠭᠡᠯᠢ | ᠭᠤᠳᠤᠮᠵᠢ ᠶᠢᠨ ᠬᠢᠨ ᠤᠯᠠᠨ ᠲᠦᠮᠡᠨ ᠢ《ᠪᠦᠬᠦ ᠶᠠᠪᠤᠴᠠ ᠳᠤ ᠤᠷᠤᠯᠴᠠᠭᠤᠯᠬᠤ》ᠠᠷᠭ᠎ᠠ ᠪᠠᠷ ᠬᠠᠮᠢᠶ᠎ᠠ ᠪᠦᠭᠦᠢ | ᠠᠵᠢᠯ ᠢ ᠦᠷᠨᠢᠭᠦᠯᠵᠦ᠂ ᠰᠠᠭᠤᠭᠠᠯᠢ ᠠᠷᠠᠳ ᠤᠨ ᠬᠢᠨᠠᠯᠳᠠ ᠶᠢᠨ ᠲᠤᠭᠤᠶᠢᠯᠠᠩ ᠪᠠᠶᠢᠭᠤᠯᠵᠤ᠂ ᠰᠠᠭᠤᠭᠠᠯᠢ ᠠᠷᠠᠳ ᠢ | ᠠᠵᠢᠯ ᠤᠨ ᠡᠮᠦᠨ᠎ᠡ ᠲᠦᠯᠦᠪᠯᠡᠭᠡ ᠬᠢᠭᠦ᠂ ᠠᠵᠢᠯ ᠤᠨ ᠲᠤᠮᠳᠠ ᠬᠢᠨᠠᠯᠳᠠ ᠲᠠᠯᠪᠢᠬᠤ᠂ ᠠᠵᠢᠯ ᠤᠨ ᠲᠠᠷᠠᠭ᠎ᠠ ᠰᠢᠯᠭᠠᠨ | ᠠᠪᠬᠤ ᠡᠯ᠎ᠡ ᠭᠤᠭᠴᠤᠭᠠᠨ ᠳᠤ ᠦᠷᠭᠡᠨ ᠢᠶᠠᠷ ᠤᠷᠤᠯᠴᠠᠬᠤ ᠶᠢ ᠲᠠᠶᠢᠴᠢᠯᠠᠨ ᠲᠠᠭᠠᠭᠤᠯᠵᠤ᠂ ᠬᠠᠭᠤᠴᠢᠨ | ᠲᠤᠭᠤᠷᠢᠭ ᠤᠨ ᠦᠭᠡᠷᠡᠴᠢᠯᠡᠯᠳᠡ ᠶᠢᠨ ᠴᠢᠬᠤᠯᠠ ᠲᠦᠷᠦ ᠶᠢᠨ ᠪᠤᠳᠤᠯᠭ᠎ᠠ᠂ ᠰᠢᠨ᠎ᠡ ᠶᠢ ᠡᠭᠦᠳᠦᠭᠰᠡᠨ ᠠᠷᠭ᠎ᠠ ᠪᠠᠷᠢᠯ | ᠵᠡᠷᠭᠡ ᠶᠢ ᠪᠤᠰᠤᠳᠴᠢ ᠪᠠᠷ᠂ ᠴᠠᠭ ᠲᠤᠬᠠᠢ ᠳᠤᠨᠢ ᠲᠠᠮᠵᠢᠭᠤᠯᠵᠤ᠂ ᠠᠵᠢᠯ ᠤᠨ ᠢᠯᠡ ᠲᠤᠳᠤ ᠴᠢᠨᠠᠷ ᠢ | ᠲᠡᠭᠡᠭᠰᠢᠯᠡᠬᠦᠯᠵᠤ᠂ ᠤᠯᠠᠨ ᠲᠦᠮᠡᠨ ᠤ ᠤᠶᠢᠯᠠᠭᠠᠯᠳᠠ ᠪᠠ ᠲᠡᠮᠵᠢᠯᠭᠡ ᠶᠢ ᠬᠠᠮᠤᠭ ᠤᠨ ᠶᠡᠭᠡ ᠭᠡᠮᠵᠢᠶ᠎ᠡ ᠪᠠᠷ ᠤᠯᠪᠠ᠃ | ᠭᠤᠷᠪᠠ ᠳᠤ᠂ ᠴᠠᠭ ᠲᠤᠬᠠᠢ ᠳᠤᠨᠢ ᠰᠠᠭᠤᠭᠠᠯᠢ ᠠᠷᠠᠳ ᠲᠠᠢ ᠬᠠᠷᠢᠯᠴᠠᠵᠤ᠂ ᠰᠠᠭᠤᠭᠠᠯᠢ ᠠᠷᠠᠳ ᠤᠨ ᠵᠦᠪᠯᠡᠯ᠂ | ᠰᠠᠭᠤᠭᠠᠯᠢ ᠠᠷᠠᠳ ᠤᠨ ᠲᠦᠯᠦᠭᠡᠯᠡᠭᠴᠢ ᠪᠠᠷ ᠲᠠᠮᠵᠢᠨ᠂ ᠰᠠᠭᠤᠭᠠᠯᠢ ᠠᠷᠠᠳ ᠤᠨ ᠠᠶᠤᠯᠭᠦᠢ᠂ ᠪᠤᠯᠪᠠᠰᠤᠨ ᠢᠶᠠᠷ | ᠪᠠᠷᠢᠯᠭ᠎ᠠ ᠶᠢᠨ ᠠᠵᠢᠯ ᠬᠢᠭᠦ ᠵᠢᠴᠢ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭᠠᠨ ᠤ ᠲᠠᠯ᠎ᠠ ᠶᠢᠨ ᠰᠠᠨᠠᠯ ᠢ ᠰᠤᠨᠤᠰᠴᠤ᠂ | ᠪᠠᠷᠢᠯᠭ᠎ᠠ ᠶᠢᠨ ᠠᠵᠢᠯ ᠤᠨ ᠲᠤᠮᠳᠠᠬᠢ ᠵᠤᠬᠢᠰ ᠦᠭᠡᠢ ᠲᠠᠯ᠎ᠠ ᠶᠢ ᠲᠠᠷᠤᠢ ᠳᠤᠨᠢ ᠵᠠᠯᠠᠷᠠᠭᠤᠯᠵᠠᠢ᠃ | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | | | |