ᠴᠢᠩᠱᠠᠨ ᠲᠤᠭᠤᠷᠢᠭ ᠤᠨ ᠵᠤᠯ ᠵᠢᠷᠭᠠᠯᠳᠤ ᠵᠡᠭᠡᠯᠢ ᠭᠤᠳᠤᠮᠵᠢ ᠨᠠᠮ ᠤᠨ ᠪᠠᠶᠢᠭᠤᠯᠤᠯᠳᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠤᠳᠤᠷᠢᠳᠤᠨ ᠲᠠᠭᠠᠭᠤᠯᠬᠤ ᠶᠢ ᠰᠠᠶᠢᠳᠤᠷ ᠬᠢᠵᠡᠢ
ᠨᠡᠶᠢᠲᠡᠯᠡᠭᠰᠡᠨ ᠴᠠᠭ᠄
2022/11/3
      ᠴᠢᠩᠱᠠᠨ ᠲᠤᠭᠤᠷᠢᠭ  ᠤᠨ ᠵᠤᠯ ᠵᠢᠷᠭᠠᠯᠳᠤ ᠵᠡᠭᠡᠯᠢ ᠭᠤᠳᠤᠮᠵᠢ ᠨᠠᠮ ᠤᠨ ᠪᠠᠶᠢᠭᠤᠯᠤᠯᠳᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠤᠳᠤᠷᠢᠳᠤᠨ ᠲᠠᠭᠠᠭᠤᠯᠬᠤ  ᠶᠢ ᠴᠢᠬᠤᠯᠠᠴᠢᠯᠠᠵᠤ᠂ 《ᠨᠠᠮ ᠤᠨ ᠪᠠᠶᠢᠭᠤᠯᠤᠯᠳᠠ+ ᠨᠡᠶᠢᠯᠡᠯ》 ᠤᠨ ᠰᠢᠨ᠎ᠡ ᠬᠡᠯᠪᠡᠷᠢ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠵᠦ᠂《ᠬᠤᠪᠢᠰᠬᠠᠯᠳᠤ ᠪᠠᠷᠢᠯᠭ᠎ᠠ ᠶᠢᠨ ᠭᠠᠵᠠᠷ》 ᠤᠨ ᠪᠦᠳᠦᠭᠡᠨ ᠪᠠᠶᠢᠭᠤᠯᠤᠯᠳᠠ ᠶᠢ ᠬᠦᠨᠵᠡᠭᠡᠢ ᠲᠦᠯᠭᠢᠨ ᠠᠬᠢᠭᠤᠯᠵᠤ᠂  ᠰᠠᠶᠢᠨ ᠵᠠᠮ  ᠤᠨ6 ᠳ᠋ᠤᠭᠠᠷ ᠬᠦᠷᠰᠢ ᠵᠡᠷᠭᠡᠯᠡᠳᠡᠭᠡ ᠶᠢᠨ ᠬᠠᠭᠤᠴᠢᠨ ᠲᠤᠭᠤᠷᠢᠭ ᠤᠨ ᠦᠭᠡᠷᠡᠴᠢᠯᠡᠯᠳᠡ ᠶᠢᠨ ᠲᠦᠷᠦᠯ ᠵᠦᠢᠯ ᠢᠶᠠᠷ ᠲᠦᠰᠢᠭ ᠪᠤᠯᠭᠠᠵᠤ᠂ ᠦᠪᠦᠷ ᠮᠤᠩᠭᠤᠯ ᠤᠨ ᠭᠤᠷᠪᠠᠳᠤᠭᠠᠷ ᠴᠠᠬᠢᠯᠭᠠᠨ ᠬᠦᠴᠦᠨ ᠤ ᠪᠦᠳᠦᠭᠡᠨ ᠪᠠᠶᠢᠭᠤᠯᠤᠯᠳᠠ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠮᠠᠰᠢᠨ ᠴᠠᠬᠢᠯᠭᠠᠨ ᠤᠭᠰᠠᠷᠠᠬᠤ ᠬᠤᠪᠢᠶᠠᠷᠢ ᠺᠤᠮᠫᠠᠨᠢ ᠶᠢᠨ ᠨᠠᠮ ᠤᠨ ᠡᠭᠦᠷ ᠲᠦᠷᠦᠭᠦᠯᠡᠨ ᠲᠠᠭᠠᠭᠤᠯᠵᠤ᠂ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠦᠭᠡᠷᠡᠴᠢᠯᠡᠯᠳᠡ ᠶᠢᠨ  ᠢᠨᠵᠧᠨᠧᠷᠢᠩ ᠤᠨ ᠵᠦᠢᠯ ᠤᠨ ᠲᠦᠷ ᠴᠠᠭ ᠤᠨ ᠨᠠᠮ  ᠤᠨ ᠡᠭᠦᠷ  ᠢ ᠪᠠᠶᠢᠭᠤᠯᠵᠠᠢ᠃ ᠵᠤᠭᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠢᠨᠵᠧᠨᠧᠷᠢᠩ ᠤᠨ ᠵᠦᠢᠯ ᠤᠨ ᠬᠠᠮᠢᠶᠠᠷᠤᠯᠳᠠ ᠲᠠᠢ ᠤᠶᠠᠯᠳᠤᠭᠤᠯᠬᠤ ᠪᠠᠷ ᠲᠠᠮᠵᠢᠨ᠂ ᠨᠠᠮ ᠤᠨ ᠡᠭᠦᠷ ᠪᠡ ᠲᠦᠷᠦᠯ ᠵᠦᠢᠯ ᠤᠨ ᠬᠡᠯᠳᠡᠰ ᠵᠡᠷᠭᠡᠪᠡᠷ ᠪᠠᠶᠢᠭᠤᠯᠤᠭᠳᠠᠵᠤ᠂ ᠨᠠᠮ ᠤᠨ ᠪᠠᠶᠢᠭᠤᠯᠤᠯᠳᠠ ᠶᠢᠨ ᠠᠵᠢᠯ  ᠢ ᠢᠨᠵᠧᠨᠧᠷᠢᠩ ᠤᠨ ᠵᠦᠢᠯ ᠤᠨ ᠡᠮᠦᠨ᠎ᠡ ᠹᠷᠤᠨᠲ ᠲᠡᠰᠢ ᠬᠦᠨᠵᠡᠭᠡᠶᠢᠷᠡᠭᠦᠯᠵᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠡᠢ᠃ ᠨᠢᠭᠡ ᠳᠤ᠂《ᠨᠠᠮ  ᠤᠨ ᠪᠠᠶᠢᠭᠤᠯᠤᠯᠳᠠ+ ᠦᠵᠡᠯ ᠰᠠᠨᠠᠭᠠᠨ ᠤ ᠪᠦᠳᠦᠭᠡᠨ ᠪᠠᠶᠢᠭᠤᠯᠤᠯᠳᠠ》᠃ ᠲᠦᠷᠦᠯ ᠵᠦᠢᠯ ‍ᠣᠨ‌‍ᠪᠦ᠋ᠳᠦᠭᠡᠨ ᠪᠠᠶᠢᠭᠤᠯᠤᠯᠳᠠ ᠶᠢᠨ ᠨᠢᠭᠡᠳᠦᠭᠡᠷ ᠹᠷᠤᠨᠲ ᠲᠤ ᠠᠵᠢᠯᠯᠠᠵᠤ ᠪᠠᠶᠢᠭ᠎ᠠ ᠨᠠᠮ ᠤᠨ ᠭᠡᠰᠢᠭᠦᠳ ᠲᠤ ᠪᠠᠷᠢᠯᠭ᠎ᠠ  ᠶᠢᠨ ᠭᠠᠵᠠᠷ ᠤᠨ ᠲᠤᠬᠠᠢ ᠶᠢᠨ ᠲᠠᠯᠠᠪᠤᠷ  ᠲᠤ《ᠬᠤᠪᠢᠰᠬᠠᠯᠳᠤ ᠪᠠᠷᠢᠯᠭ᠎ᠠ ᠶᠢᠨ ᠭᠠᠵᠠᠷ》  ᠤᠨ ᠠᠯᠪᠠᠨ ᠭᠡᠷ ᠪᠠᠶᠢᠭᠤᠯᠵᠤ᠂ ᠪᠤᠳᠠᠳᠠᠢ ᠳᠤ ᠨᠡᠶᠢᠴᠡᠭᠦᠯᠦᠨ ᠲᠤᠰᠬᠠᠢ ᠰᠡᠳᠦᠪᠳᠦ ᠰᠤᠷᠤᠯᠴᠠᠯᠭ᠎ᠠ᠂ ᠰᠦᠯᠵᠢᠶᠡᠨ ᠲᠡᠭᠡᠷ᠎ᠡ ᠦᠪᠡᠷ ᠢᠶᠠᠨ ᠰᠤᠷᠤᠯᠴᠠᠬᠤ ᠵᠡᠷᠭᠡ ᠭᠡᠯᠪᠡᠷᠢ ᠪᠠᠷ ᠲᠠᠮᠵᠢᠨ᠂ ᠨᠠᠮ ᠤᠨ ᠭᠡᠰᠢᠭᠦᠳ ᠤᠨ ᠰᠤᠷᠦᠯᠴᠠᠯᠭ᠎ᠠ ᠶᠢ ᠴᠢᠩᠭᠠᠳᠬᠠᠵᠠᠢ᠃ ᠬᠤᠶᠠᠷ ᠲᠤ᠂ ᠨᠠᠮ ᠤᠨ ᠪᠠᠶᠢᠭᠤᠯᠤᠯᠳᠠ+  ᠠᠮᠤᠷ ᠲᠦᠪᠰᠢᠨ ᠤ ᠬᠠᠮᠢᠶᠠᠷᠤᠯᠳᠠ》᠃ ᠠᠶᠤᠯᠬᠦᠢ ᠦᠢᠯᠡᠳᠪᠦᠷᠢᠯᠡᠯ ᠪᠤᠯ ᠢᠨᠵᠧᠨᠧᠷᠢᠩ ᠤᠨ ᠲᠦᠷᠦᠯ ᠵᠦᠢᠯ ᠤᠨ ᠭᠤᠤᠯᠳᠠᠯᠭ᠎ᠠ  ᠶᠢᠨ ᠲᠤᠳᠤᠷᠠᠬᠢ ᠭᠤᠤᠯᠳᠠᠯᠭ᠎ᠠ ᠪᠠᠶᠢᠵᠤ᠂ ᠠᠶᠤᠯᠭᠦᠢ ᠶᠢᠨ ᠵᠢᠱᠢᠶ᠎ᠡ ᠦᠵᠡᠭᠦᠯᠬᠦ ᠬᠦᠮᠦᠵᠢᠯ ᠢ ᠢᠳᠡᠪᠬᠢᠳᠡᠢ ᠦᠷᠨᠢᠭᠦᠯᠵᠦ᠂ ᠲᠤᠬᠠᠢ ᠶᠢᠨ ᠲᠠᠯᠠᠪᠤᠷ  ᠤᠨ ᠬᠦᠨᠵᠠᠭᠡᠢ ᠪᠠᠶᠢᠴᠠᠭᠠᠯᠳᠠ ᠬᠢᠵᠦ᠂ ᠪᠦᠭᠦ ᠪᠠᠷᠢᠯᠭ᠎ᠠ ᠶᠢᠨ ᠪᠦᠬᠦ ᠶᠠᠪᠤᠴᠠ ᠳᠠᠭᠠᠨ ᠦᠨᠢᠳᠡ ᠠᠵᠢᠯᠴᠢ ᠪᠠᠶᠢᠵᠤ᠂ ᠲᠤᠬᠠᠢ ᠶᠢᠨ ᠲᠠᠯᠠᠪᠤᠷ  ᠤᠨ ᠠᠰᠠᠭᠤᠳᠠᠯ ᠢ ᠰᠢᠢᠳᠪᠦᠷᠢᠯᠡᠬᠦ ᠳᠤ ᠲᠦᠷᠭᠡᠨ᠂  ᠪᠠᠷᠢᠯᠭ᠎ᠠ ᠶᠢᠨ ᠶᠠᠰᠤ ᠴᠢᠨᠠᠷ ᠢ ᠡᠵᠡᠮᠳᠡᠬᠦ ᠪᠠᠷ ᠴᠢᠩᠭ᠎ᠠ᠂ ᠪᠤᠯᠪᠠᠰᠤᠨ ᠢᠶᠠᠷ ᠪᠠᠷᠢᠯᠭ᠎ᠠ ᠬᠢᠭᠦ ᠶᠢᠨ ᠬᠢᠨᠠᠯᠳᠠ ᠰᠠᠶᠢᠨ ᠪᠠᠶᠢᠬᠤ ᠶᠢ ᠪᠠᠳᠤᠯᠠᠵᠠᠢ᠃《ᠨᠠᠮ ᠤᠨ ᠪᠠᠶᠢᠭᠤᠯᠤᠯᠳᠠ+  ᠶᠠᠰᠤ ᠴᠢᠨᠠᠷ ᠤᠨ ᠬᠠᠮᠢᠶᠠᠷᠤᠯᠳᠠ》᠃ ᠢᠨᠵᠧᠨᠧᠷᠢᠩ ‍ᠣᠨ‌‍ᠶᠠᠰᠤ ᠴᠢᠨᠠᠷ ᠤᠨ ᠲᠠᠨᠢᠯᠳᠠ ᠪᠠᠨ ᠬᠦᠨᠵᠡᠭᠡᠶᠢᠷᠡᠭᠦᠯᠵᠦ᠂  ᠪᠠᠷᠢᠯᠭ᠎ᠠ ᠵᠢᠨ‌‍ᠶᠠᠰᠤ ᠴᠢᠨᠠᠷ ᠤᠨ ᠬᠠᠮᠢᠶᠠᠷᠤᠯᠳᠠ ᠶᠢ ᠰᠠᠶᠢᠳᠤᠷ ᠬᠢᠵᠦ᠂ ᠢᠨᠵᠧᠨᠧᠷᠢᠩ ‍ᠣᠨ‌‍ᠶᠠᠰᠤ ᠴᠢᠨᠠᠷ ᠤᠨ ᠡᠵᠡᠮᠳᠡᠯ ᠬᠠᠮᠢᠶᠠᠷᠤᠯᠳᠠ ᠳᠤ ᠬᠦᠴᠦᠳᠡᠢ ᠲᠤᠯᠭᠠᠭᠤᠷᠢᠯᠠᠯ ᠢ ᠬᠠᠩᠭᠠᠵᠠᠢ᠃《ᠨᠠᠮ ᠤᠨ ᠪᠠᠶᠢᠭᠤᠯᠤᠯᠳᠠ+  ᠬᠦᠴᠢᠷ ᠪᠡᠷᠭᠡᠰᠢᠶᠡᠯ ᠢ ᠢᠯᠠᠨ ᠲᠠᠪᠠᠭ᠋ᠤ》᠃ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠳᠤ ᠤᠷᠤᠰᠢᠵᠦ ᠪᠠᠶᠢᠭ᠎ᠠ ᠡᠯ᠎ᠡ ᠵᠦᠢᠯ ᠤᠨ ᠬᠦᠴᠢᠷ ᠪᠡᠷᠭᠡᠰᠢᠶᠡᠯ ᠳᠤ ᠬᠠᠨᠳᠤᠬᠤ ᠳᠠᠭᠠᠨ᠂ ᠨᠠᠮ ‍ᠣᠨ‌ᠵᠤᠭᠢᠶᠠᠨ ᠪᠠᠶᠢᠭᠤᠯᠤᠯᠳᠠ ᠶᠢᠨ  ᠲᠠᠶᠢᠴᠢᠨ ᠪᠠᠭᠢᠯᠡᠯᠳᠡ ᠶᠢᠨ ᠦᠢᠯᠡᠳᠦᠯ ᠪᠠ ᠨᠠᠮ  ᠤᠨ ᠬᠡᠰᠢᠭᠦᠳ ᠤᠨ ᠬᠤᠰᠢᠭᠤᠴᠦ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠳᠠ ᠶᠢᠨ ᠤᠳᠤᠷᠢᠳᠤᠨ ᠲᠠᠭᠠᠭᠤᠯᠬᠤ ᠪᠠ ᠬᠦᠴᠢᠷ ᠪᠡᠷᠭᠡᠰᠢᠶᠡᠯ ᠢ ᠢᠯᠠᠨ ᠲᠠᠪᠠᠭ᠋ᠤ ᠶᠢ ᠤᠶᠠᠯᠳᠤᠭᠤᠯᠬᠤ ᠪᠠᠷ ᠲᠠᠮᠵᠢᠨ᠂ ᠬᠤᠰᠢᠭᠤᠴᠢ ᠵᠢᠱᠢᠶᠡᠴᠢ ᠪᠠ ᠲᠦᠷᠦᠯ ᠵᠦᠢᠯ ᠢ ᠬᠠᠮᠳᠤᠪᠡᠷ ᠬᠦᠴᠦᠯᠡᠬᠦ ᠶᠢ ᠪᠡᠶᠡᠯᠡᠭᠦᠯᠵᠡᠢ᠃                                                                                  ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号