ᠬᠦᠴᠦᠷᠭᠡᠭᠯᠡᠯ ᠵᠠᠮ ᠤᠨ ᠵᠡᠭᠡᠯᠢ ᠭᠤᠳᠤᠮᠵᠢ ᠶᠢᠨ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠰᠠᠭᠤᠭᠠᠯᠢ ᠠᠷᠠᠳ ᠤᠨ《ᠬᠠᠮᠳᠤᠪᠡᠷ ᠪᠠᠶᠢᠭᠤᠯᠬᠤ᠂ ᠬᠠᠮᠳᠤᠪᠡᠷ ᠵᠠᠰᠠᠬᠤ᠂ ᠬᠠᠮᠳᠤᠪᠡᠷ ᠡᠳ᠋ᠯᠡᠭᠦ》 ᠳᠤ ᠤᠷᠤᠯᠴᠬᠠᠤ ᠶᠢᠨ ᠪᠤᠳᠠᠳᠤ ᠦᠢᠯᠡᠳᠦᠯᠡᠭᠡ ᠪᠤᠯᠵᠠᠢ
ᠨᠡᠶᠢᠲᠡᠯᠡᠭᠰᠡᠨ ᠴᠠᠭ᠄
2022/11/3
      2021 ᠤᠨ ᠳᠤ᠂ ᠬᠦᠴᠦᠷᠭᠡᠭᠯᠡᠯ ᠵᠠᠮ ᠤᠨ ᠵᠡᠭᠡᠯᠢ ᠭᠤᠳᠤᠮᠵᠢ ᠶᠢᠨ ᠬᠢᠨ ᠪᠦᠬᠦ ᠬᠤᠳᠠ ᠳᠤ 《ᠨᠠᠷᠢᠨ ᠭᠤᠳᠤᠮᠵᠢ  ᠶᠢᠨ ᠬᠠᠮᠢᠶᠠᠷᠤᠭᠴᠢ》ᠭᠡᠭᠦ ᠰᠠᠶᠢᠨ ᠲᠤᠷᠠᠴᠤᠤᠯ  ᠤᠨ ᠦᠢᠯᠡᠴᠢᠯᠡᠭᠡᠨ ᠤ ᠠᠩᠬᠢ ᠶᠢ ᠤᠷᠢᠳ ᠢᠶᠠᠷ ᠲᠤᠷᠰᠢᠨ  ᠪᠠᠶᠢᠭᠤᠯᠵᠤ᠂ ᠰᠠᠭᠤᠭᠠᠯᠢ ᠠᠷᠠᠳ ᠤᠨ《ᠬᠠᠮᠳᠤᠪᠡᠷ ᠪᠠᠶᠢᠭᠤᠯᠬᠤ᠂ ᠬᠠᠮᠳᠤᠪᠡᠷ ᠵᠠᠰᠠᠬᠤ᠂ ᠬᠠᠮᠳᠤᠪᠡᠷ ᠡᠳ᠋ᠯᠡᠭᠦ》 ᠳᠤ ᠤᠷᠤᠯᠴᠬᠠᠤ  ᠶᠢᠨ ᠪᠤᠳᠠᠳᠤ ᠦᠢᠯᠡᠳᠦᠯᠡᠭᠡ ᠪᠤᠯᠵᠠᠢ᠃    《ᠨᠠᠷᠢᠨ ᠭᠤᠳᠤᠮᠵᠢ ᠶᠢᠨ ᠬᠠᠮᠢᠶᠠᠷᠤᠭᠴᠢ》ᠨᠡᠶᠢᠭᠡᠮ ᠲᠤᠭᠤᠷᠢᠭ ᠤᠨ ᠦᠢᠯᠡᠴᠢᠯᠡᠭᠡᠨ ᠳᠤ ᠢᠳᠡᠪᠬᠢᠳᠡᠢ ᠤᠷᠤᠯᠴᠠᠵᠤ᠂ ᠨᠠᠮ ᠤᠨ ᠲᠦᠷᠦ ᠶᠢᠨ ᠪᠤᠳᠤᠯᠭ᠎ᠠ ᠶᠢ ᠤᠯᠠᠮᠵᠢᠯᠠᠵᠤ᠂ ᠨᠡᠶᠢᠭᠡᠮ ᠲᠤᠭᠤᠷᠢᠭ  ᠤᠨ ᠡᠷᠡᠭᠦᠯ ᠬᠠᠮᠠᠭᠠᠯᠠᠯ ᠵᠢᠴᠢ ᠠᠮᠤᠷ ᠲᠦᠪᠰᠢᠨ ᠤ ᠪᠠᠶᠢᠴᠠᠭᠠᠯᠳᠠ ᠳᠤ ᠤᠷᠤᠯᠴᠠᠵᠤ᠂ ᠲᠤᠤᠷᠵᠢᠭᠤᠯᠤᠯᠳᠠ ᠶᠢᠨ ᠠᠵᠢᠯᠳᠠᠳ ᠲᠠᠢ ᠬᠠᠮᠵᠢᠨ ᠡᠷᠦᠭᠡ ᠳᠤ ᠤᠷᠤᠳᠠᠭ᠃ 2021 ᠤᠨ ᠤ 6 ᠰᠠᠷ᠎ᠠ ᠶᠢᠨ 25 ᠤ ᠡᠳᠦᠷ ᠬᠦᠴᠦᠷᠭᠡᠭᠵᠢᠯ ᠵᠠᠮ ᠵᠡᠭᠡᠯᠢ ᠭᠤᠳᠤᠮᠵᠢ  ᠶᠢᠨ《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠲᠦᠷᠦᠯ ᠵᠦᠢᠯ ᠢ ᠡᠬᠢᠯᠡᠭᠦᠯᠦᠭᠰᠡᠨ ᠠᠴᠠ ᠨᠠᠰᠢ᠂《ᠨᠠᠷᠢᠨ ᠭᠤᠳᠤᠮᠵᠢ ᠶᠢᠨ ᠬᠠᠮᠢᠶᠠᠷᠤᠭᠴᠢ》 ᠶᠢᠨ ᠦᠢᠯᠡᠴᠢᠯᠡᠭᠡᠨ ᠤ ᠴᠠᠭ ᠨᠢᠭᠡᠨᠳᠡ 3000 ᠴᠠᠭ  ᠠᠴᠠ ᠲᠠᠪᠠᠵᠠᠢ᠃《ᠨᠠᠷᠢᠨ ᠭᠤᠳᠤᠮᠵᠢ  ᠶᠢᠨ ᠬᠠᠮᠢᠶᠠᠷᠤᠭᠴᠢ》 ᠶᠢᠨ ᠦᠪᠡᠰᠦᠪᠡᠨ ᠵᠢᠯᠤᠭᠤᠳᠴᠤ ᠦᠪᠡᠰᠦᠪᠡᠨ ᠲᠤᠭᠯᠠᠭᠰᠠᠨ ᠬᠤᠸᠠᠷ ᠫᠤᠤᠵᠢᠩ ᠨᠤᠴᠤᠭᠠᠬᠤ  ᠶᠢ ᠴᠠᠭᠠᠵᠠᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠲᠤᠬᠠᠢ ᠤᠬᠠᠭᠤᠯᠭ᠎ᠠ ᠶᠢᠨ《ᠭᠤᠷᠪᠠᠨ ᠦᠭᠦᠯᠡᠪᠦᠷᠢ ᠬᠠᠭᠠᠰ》ᠤᠬᠤᠷ ᠬᠠᠷᠠᠭᠠᠨ ᠲᠠᠪᠳᠠᠮᠵᠢ ᠨᠢ ᠰᠠᠭᠤᠭᠠᠯᠢ ᠠᠷᠠᠳ ᠪᠠ ᠬᠤᠯᠪᠤᠭᠳᠠᠯ ᠪᠦᠬᠦᠢ ᠵᠠᠭᠤᠴᠢᠯᠠᠭᠤᠷ  ᠤᠨ ᠠᠩᠬᠠᠷᠤᠯ ᠢ ᠲᠠᠳᠠᠵᠠᠢ᠃     ᠪᠤᠯᠪᠠᠰᠤᠨ ᠬᠤᠳᠠ ᠶᠢ ᠪᠠᠶᠢᠭᠤᠯᠬᠤ ᠶᠠᠪᠤᠴᠠ ᠳᠤ᠂《ᠨᠠᠷᠢᠨ ᠭᠤᠳᠤᠮᠵᠢ ᠶᠢᠨ ᠬᠠᠮᠢᠶᠠᠷᠤᠭᠴᠢ》ᠤᠬᠠᠭᠤᠯᠭ᠎ᠠ ᠪᠠ ᠬᠦᠳᠦᠯᠦᠨ ᠵᠢᠯᠤᠭᠤᠳᠬᠤ ᠵᠢᠴᠢ ᠰᠠᠶᠢᠨ ᠲᠤᠷ᠎ᠠ  ᠶᠢᠨ ᠦᠢᠯᠡᠴᠢᠯᠡᠭᠡ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠲᠤᠭᠤᠷᠢᠭ ᠤᠨ ᠠᠷᠠᠳ ᠤᠯᠠᠨ ᠤ ᠪᠤᠯᠪᠠᠰᠤᠨ ᠤ ᠤᠬᠠᠮᠰᠠᠷ ᠢ ᠴᠢᠩᠭᠠᠳᠬᠠᠬᠤ ᠶᠢ ᠠᠬᠢᠭᠤᠯᠵᠤ᠂ ᠵᠡᠭᠡᠯᠢ ᠭᠤᠳᠤᠮᠵᠢ ᠠᠶᠢᠯ ᠡᠷᠦᠭᠡ ᠪᠠᠷ ᠰᠤᠷᠪᠤᠯᠵᠢᠯᠠᠬᠤ ᠶᠠᠪᠤᠴᠠ ᠳᠤ᠂ ᠲᠡᠳᠡ ᠬᠤᠭ ᠤᠨ ᠰᠠᠪᠠ  ᠶᠢ ᠭᠠᠷ ᠤᠨ ᠠᠶ᠎ᠠ ᠪᠠᠷ ᠪᠦᠳᠡᠭᠡᠵᠦ᠂ ᠭᠠᠵᠠᠷ ᠤᠨᠠᠭᠰᠠᠨ ᠲᠤᠭᠤᠢ  ᠶᠢ ᠪᠤᠰᠬᠠᠵᠤ᠂ ᠨᠤᠬᠠᠢ ᠶᠢᠨ ᠤᠭᠤᠰᠤᠷ ᠵᠡᠭᠦᠭᠰᠡᠨ ᠦᠭᠡᠢ ᠪᠠᠷ ᠨᠤᠬᠠᠢ ᠬᠦᠳᠦᠯᠵᠦ ᠪᠠᠶᠢᠭ᠎ᠠ ᠬᠦᠮᠦᠰ  ᠢ ᠨᠤᠬᠠᠢ ᠪᠠᠨ ᠰᠠᠶᠢᠨ ᠬᠠᠷᠠᠬᠤ ᠶᠢ ᠰᠠᠨᠠᠭᠤᠯᠵᠤ᠂ ᠵᠠᠷᠢᠮ《ᠨᠠᠷᠢᠨ ᠭᠤᠳᠤᠮᠵᠢ ᠶᠢᠨ ᠬᠠᠮᠢᠶᠠᠷᠤᠭᠴᠢ》ᠪᠠᠰᠡ ᠰᠠᠭᠤᠭᠠᠯᠢ ᠲᠤᠭᠤᠷᠢᠭ ᠤᠨ ᠬᠤᠭ ᠨᠤᠪᠰᠢ ᠶᠢ ᠰᠠᠨᠠᠭᠠᠴᠢᠯᠠᠭ᠎ᠠ ᠠᠴᠠ ᠪᠠᠨ ᠴᠡᠪᠡᠷᠯᠡᠵᠦ᠂ ᠦᠪᠡᠷ ᠢᠶᠠᠨ ᠴᠡᠪᠡᠷᠯᠡᠵᠦ ᠲᠡᠶᠢᠯᠬᠦ ᠦᠭᠡᠢ ᠶᠢ ᠲᠤᠤᠷᠵᠢᠭᠤᠯᠤᠯᠳᠠ ᠶᠢᠨ ᠠᠵᠢᠯᠳᠠᠨ ᠳᠤ ᠮᠡᠳᠡᠭᠦᠯᠵᠦ᠂ ᠦᠨᠡᠨᠬᠦ ᠠᠷᠢᠭᠤᠨ ᠴᠡᠪᠡᠷ᠂ ᠪᠤᠯᠪᠠᠰᠤᠨ᠂ ᠬᠠᠯᠠᠭᠤᠮᠰᠤᠭ ᠤᠷᠴᠢᠨ ᠲᠤᠭᠤᠷᠢᠨ ᠢ ᠬᠠᠮᠠᠭᠠᠯᠠᠬᠤ ᠶᠢ ᠲᠦᠯᠬᠢᠨ ᠠᠬᠢᠭᠤᠯᠬᠤ ᠳᠤ ᠢᠳᠡᠪᠭᠢ ᠦᠢᠯᠡᠳᠦᠯ ᠪᠠᠳᠠᠷᠠᠭᠤᠯᠵᠠᠢ᠃ ᠵᠦᠩᠶᠤᠸᠠᠨ  ᠤ ᠪᠠᠶᠠᠷ ᠤᠨ ᠡᠳᠦᠷ ᠪᠠ ᠬᠦᠢᠳᠡᠨ ᠢᠳᠡᠭᠡᠨ ᠤ ᠪᠠᠶᠠᠷ ᠤᠨ ᠡᠳᠦᠷ ᠤᠨ ᠬᠤᠭᠤᠴᠠᠭᠠᠨ ᠳᠤ᠂《ᠨᠠᠷᠢᠨ ᠭᠤᠳᠤᠮᠵᠢ ᠶᠢᠨ ᠬᠠᠮᠢᠶᠠᠷᠤᠭᠴᠢ》ᠰᠠᠨᠠᠭᠠᠴᠢᠯᠠᠭ᠎ᠠ ᠠᠴᠠ ᠪᠠᠨ ᠪᠢᠴᠢᠬᠠᠨ ᠯᠠᠪᠠ ᠪᠠᠷ ᠰᠠᠭᠤᠭᠠᠯᠢ ᠠᠷᠠᠳ ᠲᠤ ᠬᠠᠭᠤᠴᠢᠨ ᠵᠠᠩ ᠲᠠᠳᠬᠠᠯ ᠢ ᠦᠭᠡᠷᠡᠴᠢᠯᠡᠬᠦ ᠵᠢᠴᠢ ᠰᠢᠨ᠎ᠡ ᠦᠵᠡᠯ ᠰᠠᠨᠠᠭ᠎ᠠ ᠶᠢ ᠤᠬᠠᠭᠤᠯᠵᠤ᠂ ᠨᠡᠶᠢᠭᠡᠮ ᠲᠤᠭᠤᠷᠢᠭ ‍ᠣᠨ‌‍ᠲ᠋ᠤᠤᠷᠵᠢᠭᠤᠯᠤᠯᠳᠠ ᠶᠢᠨ ᠠᠵᠢᠯᠳᠠᠨ ᠳᠤ ᠬᠠᠮᠵᠢᠨ ᠡᠳᠦᠷ ᠰᠦᠨᠢ ᠶᠢᠨ ᠪᠠᠶᠢᠴᠠᠭᠠᠯᠳᠠ ᠬᠢᠵᠦ᠂ ᠴᠠᠭᠠᠰᠤ ᠰᠢᠳᠠᠭᠠᠬᠤ ᠵᠡᠷᠭᠡ ᠪᠤᠯᠪᠠᠰᠤᠨ ᠪᠤᠰᠤ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠢᠳᠬᠠᠨ ᠬᠤᠷᠢᠭᠯᠠᠵᠤ᠂ ᠪᠦᠬᠦᠶᠢᠯᠡ ᠭᠤᠳᠤᠮᠵᠢ ᠶᠢᠨ ᠤᠶᠤᠨ ᠤ ᠪᠤᠯᠪᠠᠰᠤᠨ ᠤ ᠪᠠᠶᠢᠳᠠᠯ ᠢ ᠲᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠭᠠᠯ ᠤᠨ ᠠᠶᠤᠯ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠲᠤᠭᠤᠷᠢᠭ ᠤᠨ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠵᠠᠢ᠃                                                 ᠤᠷᠴᠢᠭᠤᠯᠤᠭᠴᠢ᠄ ᠠᠯᠢᠮ᠎ᠠ                                                ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号