2022 ᠤᠨ᠂ ᠵᠤᠯ ᠵᠢᠷᠭᠠᠯᠳᠤ ᠵᠠᠮ ᠤᠨ ᠵᠡᠭᠡᠯᠢ ᠭᠤᠳᠤᠮᠵᠢ ᠶᠢᠨ ᠵᠤᠯ ᠵᠢᠷᠭᠠᠯᠳᠤ 4 ᠳ᠋ᠤᠭᠡᠷ ᠲᠤᠭᠤᠷᠢᠭ᠂ | ᠰᠠᠶᠢᠨ 5 ᠳ᠋ᠤᠭᠠᠷ ᠲᠤᠭᠤᠷᠢᠭ᠂ ᠬᠦᠳᠡᠯᠮᠦᠷᠢ 11 ᠳ᠋ᠣᠭᠡᠷ ᠲᠤᠭᠤᠷᠢᠭ᠂ ᠰᠠᠶᠢᠨ 6 ᠳ᠋ᠤᠭᠠᠷ ᠲᠤᠭᠤᠷᠢᠭ ᠵᠡᠷᠭᠡ 4 | ᠰᠠᠭᠤᠭᠠᠯᠢ ᠠᠷᠠᠳ ᠤᠨ ᠲᠤᠭᠤᠷᠢᠭ 2022 ᠤᠨ ᠤ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ | ᠵᠠᠰᠠᠯᠳᠠ ᠶᠢᠨ ᠲᠦᠷᠦᠯ ᠵᠦᠢᠯ ᠳᠤ ᠰᠤᠩᠭᠤᠭᠳᠠᠵᠤ᠂ ᠨᠡᠶᠢᠳᠡ 74 ᠰᠠᠭᠤᠷᠢ ᠠᠰᠠᠷ᠂ 3507 ᠡᠷᠦᠭᠡ ᠰᠠᠭᠤᠭᠠᠯᠢ | ᠠᠷᠠᠳ ᠲᠤ ᠬᠤᠯᠪᠤᠭᠳᠠᠵᠤ᠂ ᠪᠠᠷᠢᠯᠭ᠎ᠠ ᠶᠢᠨ ᠲᠠᠯᠠᠪᠠᠢ 31.0614 ᠲᠦᠮᠡᠨ ᠺᠦᠸᠧᠲ ᠮᠧᠲᠷ ᠪᠤᠢ᠃ ᠡᠨᠡ ᠵᠢᠯ | ᠵᠤᠯ ᠵᠢᠷᠭᠠᠯᠳᠤ ᠵᠠᠮ ᠤᠨ ᠵᠡᠭᠡᠯᠢ ᠭᠤᠳᠤᠮᠵᠢ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠵᠠᠰᠠᠯᠳᠠ ᠶᠢᠨ | ᠭᠡᠷᠡᠭᠵᠢᠭᠦᠯᠭᠦ ᠭᠤᠤᠯ ᠴᠤᠭᠴᠠ ᠶᠢᠨ ᠨᠢᠭᠡᠴᠡ ᠪᠤᠯᠤᠭᠰᠠᠨ ᠤ ᠬᠤᠪᠢ ᠳᠤ᠂ ᠡᠮᠦᠨ᠎ᠡ ᠬᠤᠭᠤᠴᠠᠭᠠᠨ ᠳᠤ᠂ ᠲᠤᠬᠠᠢ | ᠶᠢᠨ ᠭᠠᠵᠠᠷ ᠤᠨ ᠪᠠᠶᠢᠴᠠᠭᠠᠯᠳᠠ᠂ ᠰᠤᠳᠤᠯᠵᠤ ᠪᠤᠯᠬᠤ ᠤᠷᠤᠨ ᠲᠤᠭ᠎ᠠ᠂ ᠲᠦᠰᠦᠯ ᠲᠦᠰᠦᠪᠯᠡᠬᠦ ᠠᠵᠢᠯ ᠢ ᠨᠠᠷᠢᠨ | ᠨᠢᠭᠳᠠ ᠵᠤᠬᠢᠶᠠᠨ ᠪᠠᠶᠢᠭᠤᠯᠵᠤ᠂ ᠲᠦᠷᠦᠯ ᠵᠦᠢᠯ ᠲᠤᠭᠳᠠᠭᠠᠬᠤ ᠪᠠ ᠲᠦᠷᠦᠯ ᠵᠦᠢᠯ ᠤᠨ ᠪᠡᠯᠡ ᠮᠦᠩᠭᠦ ᠶᠢᠨ | ᠭᠤᠶᠤᠴᠢᠯᠠᠯ ᠪᠡᠮᠡᠳᠡᠭᠦᠯᠦᠯᠳᠡ ᠬᠢᠬᠦ ᠠᠵᠢᠯ ᠢ ᠰᠠᠶᠢᠳᠤᠷ ᠬᠢᠵᠦ᠂ ᠠᠷᠠᠳ ᠤᠨ ᠰᠠᠨᠠᠨᠭᠠᠨ ᠤ ᠪᠠᠶᠢᠴᠠᠭᠠᠯᠳᠠ᠂ | ᠤᠯᠠᠨ ᠡᠰᠢᠳᠦ ᠵᠦᠪᠳᠡᠯᠴᠡᠭᠡ᠂ ᠲᠤᠰᠬᠠᠢ ᠮᠡᠷᠭᠡᠵᠢᠯᠳᠡᠨ ᠤ ᠰᠢᠯᠭᠠᠷᠠᠭᠤᠯᠤᠯᠳᠠ ᠵᠡᠷᠭᠡ ᠭᠡᠯᠪᠡᠷᠢ ᠪᠠᠷ ᠲᠠᠮᠵᠢᠨ᠂ | ᠦᠭᠡᠷᠡᠴᠢᠯᠡᠯᠳᠡ ᠶᠢᠨ ᠲᠦᠰᠦᠯ ᠢᠶᠠᠨ ᠲᠤᠭᠳᠠᠭᠠᠵᠠᠢ᠃ ᠰᠠᠭᠤᠭᠠᠯᠢ ᠠᠷᠠᠳ ᠤᠨ ᠬᠠᠯᠠᠮᠰᠢᠵᠤ ᠪᠠᠶᠢᠭ᠎ᠠ ᠠᠰᠠᠭᠤᠳᠠᠯ | ᠤᠳ ᠢ ᠪᠦᠭᠦ ᠲᠠᠯ᠎ᠠ ᠪᠠᠷ ᠬᠦᠨᠵᠡᠭᠡᠢ ᠤᠶᠢᠯᠠᠭᠠᠵᠤ᠂ ᠲᠤᠬᠠᠢ ᠶᠢᠨ ᠲᠠᠯᠠᠪᠤᠷ ᠲᠤ ᠲᠤᠳᠤᠷᠬᠠᠢ ᠨᠠᠶᠢᠳᠠᠪᠤᠷᠢᠵᠢᠭᠤᠯᠵᠤ᠂ | ᠠᠰᠠᠭᠤᠳᠠᠯ ᠢ ᠲᠤᠶᠢᠯᠪᠤᠷᠢᠳᠠᠢ ᠵᠠᠳᠠᠯᠵᠤ᠂ ᠲᠦᠰᠦᠯ ᠢ ᠬᠦᠢᠴᠡᠳ ᠶᠠᠷᠢᠯᠴᠠᠵᠠᠢ᠃ ᠰᠠᠭᠤᠭᠠᠯᠢ ᠠᠷᠠᠳ ᠤᠨ | ᠬᠠᠭᠤᠴᠢᠨ ᠲᠤᠭᠤᠷᠢᠭ ᠤᠨ ᠵᠠᠰᠠᠯᠳᠠ ᠶᠢᠨ ᠲᠤᠮᠳᠠᠭᠢ ᠬᠦᠴᠢᠷᠳᠤ ᠠᠰᠠᠭᠤᠳᠠᠯ᠂ ᠵᠢᠱᠢᠶᠡᠯᠡᠪᠡᠯ᠂ ᠲᠤᠷ᠎ᠠ ᠪᠠᠷ | ᠪᠠᠷᠢᠭᠰᠠᠨ ᠪᠠᠷᠢᠯᠭ᠎ᠠ᠂ ᠪᠢᠴᠢᠯ ᠰᠡᠷᠢᠭᠦᠨ ᠭᠡᠷ ᠵᠡᠷᠭᠡ ᠤᠳ ᠢ ᠵᠡᠭᠡᠯᠢ ᠭᠤᠳᠤᠮᠵᠢ ᠶᠢᠨ ᠬᠢᠨ ᠡᠮᠦᠨ᠎ᠡ ᠬᠤᠭᠤᠴᠠᠭᠠᠨ | ᠳᠠᠭᠠᠨ ᠪᠠᠶᠢᠳᠠᠯ ᠢ ᠤᠶᠢᠯᠠᠭᠠᠵᠤ᠂ ᠤᠬᠠᠭᠤᠯᠭ᠎ᠠ ᠬᠢᠵᠦ᠂ ᠨᠤᠷᠠᠭᠠᠨ ᠨᠡᠭᠦᠯᠭᠡᠭᠦ ᠵᠠᠷ ᠨᠠᠭᠠᠵᠤ ᠤᠷᠢᠳᠴᠢᠯᠠᠨ | ᠮᠡᠳᠡᠭᠳᠡᠵᠦ᠂ ᠪᠠᠷᠢᠯᠭ᠎ᠠ ᠶᠢᠨ ᠬᠠᠷᠢᠶᠠᠯᠠᠯ ᠤᠨ ᠡᠷᠭᠡ ᠶᠢ ᠮᠠᠭᠠᠳᠯᠠᠨ ᠲᠤᠳᠤᠳᠬᠠᠬᠤ ᠠᠵᠢᠯ ᠢ ᠬᠢᠭᠰᠡᠨ ᠪᠠᠶᠢᠨ᠎ᠠ᠃ | ᠵᠡᠭᠡᠯᠢ ᠭᠤᠳᠤᠮᠵᠢ ᠬᠠᠤᠯᠢ ᠭᠡᠷᠡᠭᠵᠢᠭᠦᠯᠬᠦ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ᠂ | ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ᠵᠡᠷᠭᠡ ᠲᠠᠢ ᠬᠠᠮᠳᠤᠷᠠᠨ | 22 ᠤᠳᠠᠭᠠᠨ ᠤ ᠬᠠᠤᠯᠢ ᠭᠡᠷᠡᠭᠵᠢᠬᠦᠯᠬᠦ ᠠᠵᠢᠯᠯᠠᠭ᠎ᠠ ᠶᠠᠪᠤᠭᠤᠯᠵᠠᠢ᠃ ᠬᠠᠶᠠᠭᠳᠠᠮᠠᠯ ᠬᠠᠭᠤᠴᠢᠨ ᠲᠡᠷᠭᠡᠨ ᠤ | ᠰᠠᠷᠠᠪᠴᠢ᠂ ᠪᠢᠴᠢᠯ ᠰᠡᠷᠢᠭᠦᠨ ᠭᠡᠷ᠂ ᠨᠤᠭᠤᠭᠠᠨ ᠤ ᠵᠤᠭᠤᠷᠢ᠂ ᠵᠢᠵᠢᠭ ᠰᠠᠵᠢᠭ ᠶᠠᠭᠤᠮ᠎ᠠ ᠶᠢᠨ ᠭᠡᠷ᠂ ᠲᠤᠭᠳᠠᠭᠠᠯ | ᠠᠴᠠ ᠵᠦᠷᠢᠴᠡᠨ ᠪᠠᠶᠢᠭᠤᠯᠤᠭᠰᠠᠨ ᠲᠡᠷᠭᠡᠨ ᠬᠦᠮᠦᠷᠭᠡ᠂ ᠲᠠᠭᠳᠠᠭ᠎ᠠ ᠶᠢᠨ ᠰᠠᠷᠠᠪᠴᠢ ᠵᠡᠷᠭᠡ 363 ᠭᠠᠵᠠᠷ ᠢ | ᠨᠤᠷᠠᠭᠠᠨ ᠨᠡᠭᠦᠯᠭᠡᠵᠦ᠂ 3633 ᠺᠦᠸᠧᠲ ᠮᠧᠲᠷ ᠤᠨ ᠨᠡᠶᠢᠳᠡ ᠶᠢᠨ ᠤᠷᠤᠨ ᠵᠠᠢ ᠶᠢ ᠰᠤᠯᠠᠯᠠᠨ ᠭᠠᠷᠭᠠᠵᠤ᠂ | ᠬᠤᠶᠢᠰᠢᠳᠠ ᠶᠢᠨ ᠦᠭᠡᠷᠡᠴᠢᠯᠡᠯᠳᠡ ᠶᠢᠨ ᠠᠵᠢᠯ ᠳᠤ ᠰᠠᠭᠤᠷᠢ ᠲᠠᠯᠪᠢᠪᠠ᠃ ᠤᠳᠤᠬᠠᠨ ᠳᠤ᠂ ᠲᠦᠷᠪᠡᠨ | ᠦᠭᠡᠷᠡᠴᠢᠯᠡᠯᠳᠡ ᠶᠢᠨ ᠰᠠᠭᠤᠭᠠᠯᠢ ᠲᠤᠭᠤᠷᠢᠭ ᠤᠨ ᠭᠠᠵᠠᠷ ᠲᠤᠤᠷᠠᠬᠢ ᠭᠡᠰᠡᠭ ᠲᠡᠭᠰᠢᠳᠭᠡᠭᠡᠳ 90% ᠶᠢ | ᠪᠡᠶᠡᠯᠡᠭᠦᠯᠵᠦ᠂ ᠭᠠᠵᠠᠷ ᠲᠡᠭᠡᠷᠡᠭᠢ ᠭᠡᠰᠡᠭ ᠲᠡᠭᠰᠢᠳᠭᠡᠭᠡᠳ 80% ᠶᠢ ᠪᠡᠶᠡᠯᠡᠭᠦᠯᠵᠦ᠂ ᠪᠦᠭᠦ ᠢᠨᠵᠧᠨᠧᠷᠢᠩ ᠤᠨ | 85% ᠤᠨ ᠠᠵᠢᠯ ᠢ ᠪᠡᠶᠡᠯᠡᠭᠦᠯᠦᠭᠰᠡᠨ ᠪᠠᠶᠢᠨ᠎ᠠ᠃ | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | |