298︕ ᠴᠢᠩᠱᠠᠨ ᠲᠤᠭᠤᠷᠢᠭ ᠤᠨ ᠳ᠋ᠦᠩ ᠳ᠋ᠠ ᠭᠸᠦ ᠲᠤᠰᠬᠤᠨ ᠰᠤᠶᠤᠯ ᠪᠠ ᠵᠢᠭᠤᠯᠴᠢᠯᠠᠯ ᠤᠨ ᠶᠠᠮᠤᠨ ᠠᠴᠠ ᠵᠠᠷᠯᠠᠨ ᠨᠡᠶᠢᠳᠡᠯᠡᠭᠰᠡᠨ ᠪᠦᠬᠦ ᠤᠯᠤᠰ ᠤᠨ ᠬᠦᠳᠡᠭᠡ ᠲᠤᠰᠬᠤᠨ ᠤ ᠰᠢᠨ᠎ᠡ ᠨᠢᠭᠡ ᠪᠦᠯᠦᠭ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ ︵ᠰᠢᠶᠠᠩ︶ ᠤ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2022/11/4
      ᠤᠶᠢᠷ᠎ᠠ ᠳᠤ᠂ ᠰᠤᠶᠤᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ ᠪᠦᠬᠦ ᠤᠯᠤᠰ ᠤᠨ ᠬᠦᠳᠡᠭᠡ ᠲᠤᠰᠬᠤᠨ ᠤ ᠲᠦᠷᠪᠡᠳᠦᠭᠡᠷ ᠪᠦᠯᠦᠭ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ ︵ᠰᠢᠶᠠᠩ︶  ᠤ ᠨᠡᠷᠡᠰ ᠪᠠ ᠪᠦᠬᠦ ᠤᠯᠤᠰ ᠤᠨ ᠬᠦᠳᠡᠭᠡ ᠲᠤᠰᠬᠤᠨ ᠤ ᠬᠤᠶᠠᠳᠤᠭᠠᠷ ᠪᠦᠯᠦᠭ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ ︵ᠰᠢᠶᠠᠩ︶  ᠤ ᠨᠡᠷᠡᠰ ᠢ ᠵᠠᠷᠯᠠᠨ ᠨᠡᠶᠢᠳᠡᠯᠡᠪᠡ᠂ ᠴᠢᠩᠱᠠᠨ ᠲᠤᠭᠤᠷᠢᠭ ᠤᠨ ᠳ᠋ᠦᠩ ᠳ᠋ᠠ ᠭᠸᠦ ᠲᠤᠰᠬᠤᠨ ᠨᠡᠷᠡᠰ ᠲᠤ ᠵᠢᠭᠰᠠᠭᠠᠭᠳᠠᠪᠠ᠂  ᠪᠦᠬᠦ ᠠᠭᠤᠯᠭ᠎ᠠ ᠨᠢ ᠲᠤᠤᠷᠠᠬᠢ ᠮᠡᠳᠦ᠄      ᠰᠤᠶᠤᠯ ᠪᠠ ᠵᠢᠭᠤᠯᠴᠢᠯᠠᠯ  ᠤᠨ ᠶᠠᠮᠤᠨ  ᠤ ᠠᠯᠪᠠᠨ ᠰᠦᠯᠵᠢᠶ᠎ᠡ ᠪᠦᠬᠦ ᠤᠯᠤᠰ ᠤᠨ ᠬᠦᠳᠡᠭᠡ ᠲᠤᠰᠬᠤᠨ ᠤ ᠲᠦᠷᠪᠡᠳᠦᠭᠡᠷ ᠪᠦᠯᠦᠭ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ ︵ᠰᠢᠶᠠᠩ︶ ᠤ ᠨᠡᠷᠡᠰ ᠪᠠ ᠪᠦᠬᠦ ᠤᠯᠤᠰ ᠤᠨ ᠬᠦᠳᠡᠭᠡ ᠲᠤᠰᠬᠤᠨ ᠤ ᠬᠤᠶᠠᠳᠤᠭᠠᠷ ᠪᠦᠯᠦᠭ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ ︵ᠰᠢᠶᠠᠩ︶  ᠤ ᠨᠡᠷᠡᠰ ᠤᠨ ᠵᠠᠷᠯᠠᠯ        《 ᠪᠦᠭᠦᠳᠡ ᠨᠠᠶᠢᠷᠠᠮᠳᠠᠬᠤ ᠲᠤᠮᠳᠠᠳᠤ  ᠠᠷᠠᠳ ᠤᠯᠤᠰ  ᠤᠨ ᠬᠦᠳᠡᠭᠡ ᠲᠤᠰᠬᠤᠨ  ᠢ ᠬᠦᠭᠵᠢᠭᠦᠯᠦᠨ ᠮᠠᠨᠳᠤᠭᠤᠯᠬᠤ  ᠶᠢ ᠠᠬᠢᠭᠤᠯᠬᠤ ᠬᠠᠤᠯᠢ》《〈ᠠᠷᠪᠠᠨ ᠲᠦᠷᠪᠡᠳᠦᠭᠡᠷ ᠲᠠᠪᠤᠨ ᠵᠢᠯ〉 ᠤᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ》 ᠶᠢᠨ ᠬᠠᠮᠢᠶ᠎ᠠ ᠪᠦᠭᠦᠢ ᠱᠠᠭᠠᠷᠳᠠᠯᠭ᠎ᠠ ᠶᠤᠰᠤᠭᠠᠷ᠂ ᠰᠤᠶᠤᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠶᠠᠮᠤᠨ ᠪᠦᠬᠦ ᠤᠯᠤᠰ ᠤᠨ ᠬᠦᠳᠡᠭᠡ ᠲᠤᠰᠬᠤᠨ ᠤ ᠲᠦᠷᠪᠡᠳᠦᠭᠡᠷ ᠪᠦᠯᠦᠭ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ  ᠢ ᠰᠤᠩᠭᠤᠨ ᠲᠠᠨᠢᠯᠴᠠᠭᠤᠯᠬᠤ ᠠᠵᠢᠯ ᠢ ᠬᠠᠮᠳᠤᠷᠠᠨ ᠦᠷᠨᠢᠭᠦᠯᠪᠡ᠂ ᠰᠤᠶᠤᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ ᠪᠦᠬᠦ ᠤᠯᠤᠰ ᠤᠨ ᠬᠦᠳᠡᠭᠡ ᠲᠤᠰᠬᠤᠨ ᠤ ᠲᠦᠷᠪᠡᠳᠦᠭᠡᠷ ᠪᠦᠯᠦᠭ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ ︵ᠰᠢᠶᠠᠩ︶  ᠤ ᠨᠡᠷᠡᠰ ᠪᠠ ᠪᠦᠬᠦ ᠤᠯᠤᠰ ᠤᠨ ᠬᠦᠳᠡᠭᠡ ᠲᠤᠰᠬᠤᠨ ᠤ ᠬᠤᠶᠠᠳᠤᠭᠠᠷ ᠪᠦᠯᠦᠭ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ ︵ᠰᠢᠶᠠᠩ︶  ᠤ ᠨᠡᠷᠡᠰ  ᠲᠤ ᠰᠤᠩᠭᠤᠭᠳᠠᠬᠤ ᠪᠠᠷ ᠪᠠᠶᠢᠭ᠎ᠠ ᠨᠡᠷᠡᠰ ᠢ ᠲᠤᠭᠳᠠᠭᠠᠪᠠ᠂ ᠤᠳᠤ ᠵᠠᠷᠯᠠᠨ ᠨᠡᠶᠢᠳᠡᠯᠡᠶ᠎ᠡ᠂ ᠵᠠᠷᠯᠠᠨ ᠨᠡᠶᠢᠳᠡᠯᠡᠬᠦ ᠬᠤᠭᠤᠴᠠᠭ᠎ᠠ 5 ᠡᠳᠦᠷ ᠪᠤᠯᠤᠨ᠎ᠠ᠃      ᠮᠠᠨ ᠤ ᠤᠯᠤᠰ ᠤᠨ ᠠᠷᠠᠳ ᠢᠷᠭᠡᠨ ᠪᠠ ᠬᠠᠤᠯᠢ ᠶᠢᠨ ᠡᠷᠭᠡᠳᠡᠨ ᠤ ᠪᠠᠶᠢᠭᠤᠯᠤᠮᠵᠢ ᠭᠡᠷᠪᠡ ᠰᠤᠩᠭᠤᠭᠳᠠᠰᠠᠨ ᠭᠠᠴᠠᠭ᠎ᠠ ᠪᠠᠯᠭᠠᠰᠤᠨ ᠳᠤ ᠤᠨᠳᠤᠤ ᠰᠠᠨᠠᠯ ᠲᠠᠢ ᠪᠠᠶᠢᠪᠠᠯ 2022 ᠤᠨ ᠤ 10 ᠰᠠᠷ᠎ᠠ ᠶᠢᠨ 31 ᠤ ᠡᠳᠦᠷ ᠠᠴᠠ ᠡᠮᠦᠨ᠎ᠡ᠂ ᠪᠤᠳᠠᠳᠤ ᠭᠡᠷᠡᠭ ᠤᠨ ᠤᠴᠢᠷ ᠰᠢᠯᠳᠠᠭᠠᠨ ᠪᠠ ᠬᠠᠮᠢᠶ᠎ᠠ ᠪᠦᠭᠦᠢ ᠦᠨᠳᠦᠰᠦᠯᠡᠯ᠂ ᠭᠡᠷᠡᠴᠢ ᠪᠠᠷᠢᠮᠳᠠ ᠵᠢᠴᠢ ᠲᠤᠰᠬᠠᠭᠰᠠᠨ ᠬᠦᠮᠦᠨ ᠤ ᠤᠪᠤᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ ︵ᠪᠤᠶᠤ ᠪᠠᠶᠢᠳᠠᠯ ᠢ ᠲᠤᠰᠬᠠᠭᠰᠠᠨ ᠪᠠᠶᠢᠭᠤᠯᠤᠮᠵᠢ  ᠶᠢᠨ ᠨᠡᠷᠡᠶᠢᠳᠦᠯ︶᠂ ᠪᠡᠶ᠎ᠡ  ᠶᠢᠨ ᠦᠨᠡᠮᠯᠡᠯ  ᠤᠨ ᠨᠤᠮᠧᠷ ︵ᠡᠰᠡᠭᠦᠯ᠎ᠡ ᠨᠡᠶᠢᠭᠡᠮ  ᠤᠨ ᠢᠳᠡᠭᠡᠮᠵᠢ  ᠶᠢᠨ ᠨᠢᠭᠡᠳᠦᠯᠳᠡᠢ ᠺᠤᠳ᠋︶᠂ ᠬᠠᠷᠢᠯᠴᠠᠬᠤ ᠠᠷᠭ᠎ᠠ ᠵᠡᠷᠭᠡ ᠶᠢ ᠪᠢᠴᠢᠭ ᠤᠨ ᠭᠡᠯᠪᠡᠷᠢ ᠪᠠᠷ ᠲᠡᠪᠰᠢᠭᠦᠯᠬᠦ ᠭᠡᠷᠡᠭᠳᠡᠢ᠃ ᠪᠠᠶᠢᠭᠤᠯᠭ᠎ᠠ ᠨᠢᠭᠡᠴᠡ ᠶᠢᠨ ᠨᠡᠷ᠎ᠡ ᠪᠠᠷ ᠲᠤᠰᠬᠠᠭᠰᠠᠨ ᠪᠤᠯ᠂ ᠪᠠᠶᠢᠭᠤᠯᠭ᠎ᠠ ᠶᠢᠨ ᠠᠯᠪᠠᠨ ᠲᠠᠮᠠᠭ᠎ᠠ ᠪᠠᠨ ᠲᠠᠷᠤᠵᠤ᠂ ᠬᠠᠷᠭᠤᠭᠤᠯᠤᠨ ᠪᠠᠶᠢᠴᠠᠭᠠᠬᠤ ᠳᠤ ᠲᠦᠭᠦᠮ ᠦᠵᠡᠭᠦᠯᠦᠨ᠎ᠡ᠃ ︵ᠰᠢᠤᠳᠠᠨ ᠢᠶᠠᠷ ᠶᠠᠪᠤᠭᠤᠯᠤᠭᠰᠠᠨ ᠢ ᠬᠦᠷᠦᠭᠰᠡᠨ ᠡᠳᠦᠷ ᠬᠤᠭᠤᠴᠠᠭ᠎ᠠ ᠪᠠᠷ ᠨᠢ ᠪᠠᠷᠢᠮᠵᠢᠶᠠᠯᠠᠨ᠎ᠠ︶      ᠲᠠᠭᠠᠯᠳᠤᠭᠤᠯᠤᠯ ᠮᠠᠲ᠋ᠧᠷᠢᠶᠠᠯ  ᠢ ᠲᠤᠰ ᠰᠦᠯᠵᠢᠶᠡᠨ ᠠᠴᠠ ᠦᠵᠡᠭᠡᠷᠡᠢ  ︵ᠰᠦᠯᠵᠢᠶᠡᠨ ᠬᠠᠶ᠋ᠢᠭ᠄ https://www.mct.gov.cn/︶᠃      ᠰᠢᠤᠳᠠᠨ ᠢᠶᠠᠷ ᠶᠠᠪᠤᠭᠤᠯᠬᠤ ᠬᠠᠶ᠋ᠢᠭ ᠵᠢᠴᠢ ᠰᠢᠤᠳᠠᠨ ᠨᠤᠮᠧᠷ᠄ ᠪᠡᠭᠡᠵᠢᠩ ᠬᠤᠳᠠ ᠶᠢᠨ ᠳ᠋ᠦᠩᠴᠧᠩ ᠲᠤᠭᠤᠷᠢᠭ ᠤᠨ ᠴᠤᠤ ᠶᠠᠩ ᠮᠧᠨ ᠬᠤᠶᠢᠳᠤ ᠶᠡᠭᠡ ᠵᠡᠭᠡᠯᠢ ᠶᠢᠨ 10 ᠳ᠋ᠤᠭᠠᠷ ᠨᠤᠮᠧᠷᠳᠦ ᠰᠤᠶᠤᠯ ᠪᠠ ᠵᠤᠭᠠᠴᠠᠯ ᠤᠨ ᠶᠠᠮᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠵᠤᠷᠭᠠᠨ ᠤ ᠬᠦᠳᠡᠭᠡ ᠲᠤᠰᠬᠤᠨ ᠤ ᠵᠤᠭᠠᠴᠠᠯ ᠪᠠ ᠪᠦᠳᠦᠭᠡᠯᠴᠢ ᠦᠢᠯᠡᠳᠬᠦᠨ ᠤ ᠵᠢᠯᠤᠭᠤᠳᠬᠤ ᠭᠠᠵᠠᠷ᠂ 100020᠃          ᠬᠠᠷᠢᠯᠴᠠᠬᠤ ᠤᠳᠠᠰᠤ᠄ 010 —59882584                                  ᠰᠤᠶᠤᠯ ᠪᠠ ᠵᠤᠭᠠᠴᠠᠯ ᠤᠨ ᠶᠠᠮᠤᠨ                            2022 ᠤᠨ ᠤ 10 ᠰᠠᠷ᠎ᠠ ᠶᠢᠨ 27 ᠤ ᠡᠳᠦᠷ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号